︽2018 ᠤᠨ ᠤ ︿ᠵᠠᠰᠠᠭ ᠤᠨ ᠤᠷᠳᠤᠨ ᠤ ᠠᠵᠢᠯ ᠤᠨ ᠢᠯᠡᠳᠭᠡᠯ﹀ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠵᠠᠳᠠᠯᠤᠨ ᠳᠠᠶᠢᠯᠪᠤᠷᠢᠯᠠᠬᠤ ᠲᠦᠰᠦᠯ︾ ᠢ ᠳᠠᠷᠤᠮᠠᠯᠯᠠᠨ ᠳᠠᠷᠬᠠᠭᠠᠬᠤ ᠮᠡᠳᠡᠭᠳᠡᠯ
ᠨᠡᠶᠢᠲᠡᠯᠡᠭᠰᠡᠨ ᠴᠠᠭ᠄
2018-04-27
ᠬᠦᠶᠠᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ︽2018 ᠤᠨ ᠤ ︿ᠵᠠᠰᠠᠭ ᠤᠨ ᠤᠷᠳᠤᠨ ᠤ ᠠᠵᠢᠯ ᠤᠨ ᠢᠯᠡᠳᠭᠡᠯ﹀ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠵᠠᠳᠠᠯᠤᠨ ᠳᠠᠶᠢᠯᠪᠤᠷᠢᠯᠠᠬᠤ ᠲᠦᠰᠦᠯ︾ ᠢ ᠳᠠᠷᠤᠮᠠᠯᠯᠠᠨ ᠳᠠᠷᠬᠠᠭᠠᠬᠤ ᠮᠡᠳᠡᠭᠳᠡᠯ     ᠬᠦᠶᠠᠩ ᠰᠢᠶᠠᠨ ᠤ ᠵᠠᠰᠠᠭ ᠤᠨ ᠤᠷᠳᠤᠨ ᠤ ᠠᠯᠪᠠᠨ ᠭᠡᠷ ᠠᠴᠠ ᠳᠠᠷᠬᠠᠭᠠᠭᠰᠠᠨ ︹2018︺10 ᠳᠤᠭᠠᠳᠤᠡᠯ᠎ᠠ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ ᠤᠨ ᠬᠠᠮᠢᠶᠠᠷᠤᠯᠳᠠ ᠶᠢᠨ ᠵᠦᠪᠯᠡᠯ᠂ ᠰᠢᠶᠠᠨ ᠤ ᠰᠢᠭᠤᠳ ᠬᠠᠷᠢᠶ᠎ᠠ ᠡᠯ᠎ᠠ ᠰᠠᠯᠠᠭ᠎ᠠ ᠮᠦᠴᠢᠷ᠂ ᠰᠢᠶᠠᠨ ᠳᠤ ᠰᠠᠭᠤᠭ᠎ᠠ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠡ᠄    ᠵᠠᠰᠠᠭ ᠤᠨ ᠤᠷᠳᠤᠨ ᠠᠴᠠ ᠰᠤᠳᠤᠯᠤᠨ ᠶᠠᠷᠢᠯᠴᠬᠠᠤ ᠪᠠᠷ ᠳᠠᠮᠵᠢᠨ᠂ ᠤᠳᠤᠬᠠᠨ ᠳᠤ ︽2018 ᠤᠨ ᠤ ︿ᠵᠠᠰᠠᠭ ᠤᠨ ᠤᠷᠳᠤᠨ ᠤ ᠠᠵᠢᠯ ᠤᠨ ᠢᠯᠡᠳᠭᠡᠯ﹀ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠵᠠᠳᠠᠯᠤᠨ ᠳᠠᠶᠢᠯᠪᠤᠷᠢᠯᠠᠬᠤ ᠲᠦᠰᠦᠯ︾ ᠢ ᠳᠠᠷᠤᠮᠠᠯᠯᠠᠨ ᠳᠠᠷᠬᠠᠭᠠᠵᠤ ᠦᠭᠭᠦᠶ᠎ᠠ᠂ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠢ ᠳᠤᠤᠱᠯᠠᠭᠤᠯᠤᠨ ᠬᠡᠷᠡᠭᠵᠢᠭᠦᠯᠵᠤ᠂ ᠰᠠᠶᠢᠳᠤᠷ ᠨᠠᠶᠢᠳᠠᠪᠤᠷᠢᠵᠢᠭᠤᠯᠳᠤᠭᠠᠢ᠃                                2018 ᠤᠨ ᠤ 2 ᠰᠠᠷ᠎ᠠ ᠶᠢᠨ 5 ᠤ ᠡᠳᠦᠷ2018 ᠤᠨ ᠤ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠵᠠᠳᠠᠯᠤᠨ ᠳᠠᠶᠢᠯᠪᠤᠷᠢᠯᠠᠬᠤ ᠲᠦᠰᠦᠯ    ᠰᠢᠶᠠᠨ ᠤ ᠠᠷᠪᠠᠨ ᠳᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠢ ᠬᠢᠨᠠᠨ ᠵᠦᠪᠯᠡᠨ ᠪᠠᠳᠤᠯᠠᠵᠤ᠂ ᠡᠭᠦᠨ ᠠᠴᠠ ᠬᠤᠶᠢᠰᠢᠳᠠ ᠶᠢᠨ ᠳᠠᠪᠤᠨ ᠵᠢᠯ ᠪᠤᠯᠤᠨ 2018 ᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠳᠡᠮᠡᠴᠡᠭᠦ ᠬᠠᠷᠠᠯᠳᠠ᠂ ᠶᠡᠷᠦᠩᠬᠡᠢ ᠱᠠᠭᠠᠷᠳᠠᠯᠭ᠎ᠠ ᠪᠤᠯᠤᠨ ᠭᠤᠤᠯ ᠡᠭᠦᠷᠭᠡ ᠶᠢ ᠳᠤᠳᠤᠷᠬᠠᠢᠢᠯᠠᠪᠠ᠂ ᠡᠨᠡ ᠪᠤᠯ ᠳᠠᠷᠠᠭᠠᠴᠢ ᠶᠢᠨ ᠳᠠᠪᠤᠨ ᠵᠢᠯ ᠪᠤᠯᠤᠨ 2018 ᠤᠨ ᠤ ᠵᠠᠰᠠᠭ ᠤᠨ ᠤᠷᠳᠤᠨ ᠤ ᠠᠵᠢᠯ ᠤᠨ ᠠᠵᠢᠯᠯᠠᠭᠠᠨ ᠤ ᠬᠦᠳᠦᠯᠪᠦᠷᠢ ᠪᠤᠯᠤᠨ᠎ᠠ᠃ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠦᠳᠦᠮᠵᠢᠳᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠦᠯᠦᠭᠡ᠂ ᠳᠤᠰ ᠲᠦᠰᠦᠯ ᠢ ᠳᠤᠭᠳᠠᠭᠠᠪᠠ᠃    ᠨᠢᠭᠡ᠂ ᠪᠤᠳᠠᠳᠠᠢ ᠡᠭᠦᠷᠭᠡ ᠪᠤᠯᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯᠳᠠ    ︵ᠨᠢᠭᠡ︶ ᠪᠤᠳᠠᠳᠤ ᠴᠤᠭᠴᠠ ᠶᠢᠨ ᠠᠵᠤ ᠠᠬᠤᠢ ᠶᠢ ᠬᠦᠭᠵᠢᠭᠦᠯᠵᠤ᠂ ᠪᠤᠳᠠᠳᠦ ᠬᠦᠴᠦᠨ ᠨᠡᠯᠢᠶᠡᠳ ᠬᠦᠴᠦᠷᠭᠡᠭ ᠰᠢᠨ᠎ᠠ ᠬᠦᠶᠠᠩ ᠢ ᠬᠦᠴᠦᠯᠠᠨ ᠪᠦᠳᠦᠭᠡᠨ ᠪᠠᠶᠢᠭᠤᠯᠤᠨ᠎ᠠ    1. ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠭᠦᠯᠬᠦ ᠶᠢ ᠦᠷᠭᠦᠯᠵᠢᠯᠡᠨ ᠠᠬᠢᠭᠤᠯᠤᠨ᠎ᠠ    — ᠤᠯᠠᠮᠵᠢᠯᠠᠯᠳᠤ ᠠᠵᠤ ᠦᠢᠯᠡᠰ ᠢ ᠳᠡᠰ ᠳᠡᠪᠰᠢᠭᠦᠯᠭᠦ ᠶᠢ ᠠᠬᠢᠭᠤᠯᠤᠨ᠎ᠠ᠃ ᠪᠤᠭᠤᠳᠤ ᠶᠢᠨ ᠪᠤᠯᠤᠳ ᠳᠡᠮᠤᠷ ᠤᠨ ᠪᠦᠯᠦᠭᠯᠡᠯ ᠺᠤᠮᠫᠠᠨᠢ ᠶᠢᠨ ᠪᠦᠮᠪᠦᠭᠡᠯᠢᠭ ᠤᠨ ᠦᠢᠯᠡᠳᠪᠦᠷᠢ ᠤᠨ ᠦᠢᠯᠡᠳᠪᠦᠷᠢᠯᠡᠯ ᠢ ᠰᠡᠷᠭᠦᠭᠡᠵᠤ᠂ ᠠᠵᠤ ᠠᠬᠤᠢᠢᠯᠠᠯ ᠤᠨ ᠦᠢᠯᠡᠳᠪᠦᠷᠢᠯᠡᠯ ᠡᠵᠡᠩᠨᠡᠯᠳᠡ ᠶᠢᠨ ᠡᠮᠬᠢ ᠵᠢᠷᠤᠮ ᠢ ᠳᠠᠰᠤᠷᠠᠯᠳᠠ ᠦᠭᠡᠢ ᠵᠢᠷᠤᠮᠵᠢᠭᠤᠯᠤᠨ᠎ᠠ᠃    ᠳᠠᠭᠠᠭᠤᠯᠬᠤ ᠤᠳᠤᠷᠢᠳᠤᠯᠭ᠎ᠠ᠄ ᠯᠢᠦ ᠵᠢᠶᠠᠨ ᠴᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠠᠵᠤ ᠠᠬᠤᠢ ᠪᠠ ᠮᠡᠳᠡᠭᠡ ᠵᠠᠩᠬᠢᠵᠢᠯᠳᠠ ᠶᠢᠨ ᠳᠤᠪᠴᠢᠶ᠎ᠠ᠂ ᠤᠷᠴᠢᠨ ᠳᠤᠭᠤᠷᠢᠨ ᠤ ᠬᠠᠮᠠᠭᠠᠯᠠᠯᠳᠠ ᠶᠢᠨ ᠳᠤᠪᠴᠢᠶ᠎ᠠ᠂ ᠤᠢ ᠰᠢᠭᠤᠢ ᠶᠢᠨ ᠳᠤᠪᠴᠢᠶ᠎ᠠ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠳᠤᠪᠴᠢᠶ᠎ᠠ᠂ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠳᠤᠪᠴᠢᠶ᠎ᠠ᠂ ᠡᠯ᠎ᠠ ᠪᠠᠯᠭᠠᠰᠤ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ    — ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠤᠨᠴᠠ ᠬᠦᠴᠦᠳᠡᠯ ᠦᠭᠡᠷᠡᠴᠢᠯᠡᠭᠴᠢ ᠴᠠᠬᠢᠯᠭᠠᠨ ᠤ ᠠᠵᠤ ᠦᠢᠯᠡᠳᠪᠦᠷᠢ ᠶᠢᠨ ᠬᠦᠶᠠᠩ ᠳᠠᠬᠢ ᠠᠵᠤ ᠦᠢᠯᠡᠰ ᠤᠨ ᠬᠦᠷᠢᠶᠡᠯᠡᠩ᠂ ᠴᠢᠩ ᠶᠤᠸᠠᠨ ᠰᠢᠨᠵᠢᠯᠡᠭᠦ ᠤᠬᠠᠭᠠᠨ ᠮᠠᠷᠭᠡᠵᠢᠯ ᠤᠨ 2GW ᠭᠡᠷᠡᠯᠴᠢ ᠴᠡᠨᠡᠭ ᠤᠨ ᠳᠤᠯᠭᠠᠭᠤᠷᠢᠯᠠᠯ ᠤᠨ ᠲᠦᠷᠦᠯ ᠵᠦᠢᠯ ᠢ ᠠᠰᠢᠬᠯᠠᠯᠳᠠ ᠳᠤ ᠤᠷᠤᠭᠤᠯᠤᠨ᠎ᠠ᠃ 50 ᠲᠦᠮᠡᠨ ᠳᠤᠨ ᠤ ᠬᠦᠩᠬᠡᠨ ᠳᠡᠮᠦᠷᠯᠢᠭ ᠤᠨ ᠮᠠᠲ᠋ᠧᠷᠢᠶᠠᠯ ᠢ ᠡᠳ᠋ᠰᠢᠭᠦᠯᠦᠨ ᠪᠤᠯᠪᠠᠰᠤᠷᠠᠭᠤᠯᠬᠤ ᠲᠦᠷᠦᠯ ᠵᠦᠢᠯ ᠢ 7 ᠰᠠᠷ᠎ᠠ ᠳᠤ ᠠᠰᠢᠬᠯᠠᠯᠳᠠ ᠳᠤ ᠤᠷᠤᠭᠤᠯᠵᠤ᠂ 2 × 35 ᠲᠦᠮᠡᠨ ᠺᠢᠯᠦᠸᠠᠲ ᠢᠯᠴᠢ ᠴᠠᠬᠢᠯᠭᠠᠨ ᠤ ᠲᠦᠷᠦᠯ ᠵᠦᠢᠯ ᠢ 9 ᠰᠠᠷ᠎ᠠ ᠳᠤ ᠠᠰᠢᠬᠯᠠᠯᠳᠠ ᠳᠤ ᠤᠷᠤᠭᠤᠯᠤᠨ᠎ᠠ᠃ ᠬᠤᠢ ᠬᠤᠤ 9 ᠲᠦᠮᠡᠨ ᠳᠤᠨ ᠮᠠᠭᠨᠢ ᠶᠢᠨ ᠠᠯᠺᠧᠨ ᠤ ᠰᠢᠨ᠎ᠠ ᠮᠠᠲ᠋ᠧᠷᠢᠶᠠᠯ ᠢ ᠶᠡᠷᠦᠩᠬᠡᠶᠢᠯᠡᠨ ᠠᠰᠢᠬᠯᠠᠬᠤ ᠲᠦᠷᠦᠯ ᠵᠦᠢᠯ ᠢ ᠠᠰᠢᠬᠯᠠᠯᠳᠠ ᠳᠤ ᠤᠷᠤᠭᠤᠯᠵᠤ᠂ ᠬᠦᠩᠬᠡᠨᠴᠠᠭᠠᠨ ᠢ ᠡᠳ᠋ᠰᠢᠭᠦᠯᠦᠨ ᠪᠤᠯᠪᠠᠰᠤᠷᠠᠭᠤᠯᠬᠤ ᠬᠦᠷᠢᠶᠡᠯᠡᠩ ᠳᠤᠭᠤᠷᠢᠭ ᠢ ᠲᠦᠯᠦᠪᠵᠢᠭᠦᠯᠦᠨ ᠪᠦᠳᠦᠭᠡᠨ ᠪᠠᠶᠢᠭᠤᠯᠤᠨ᠎ᠠ᠃ ᠪᠠᠯ ᠴᠢᠯᠠᠭᠤᠯᠢᠭ ᠠᠯᠺᠧᠨ ᠤ ᠰᠢᠨ᠎ᠠ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠰᠤᠳᠤᠯᠭᠠᠨ ᠤ ᠳᠠᠪᠴᠠᠩ ᠢ ᠪᠦᠷᠢᠯᠳᠦᠭᠦᠯᠦᠨ᠎ᠡ᠃ 15 ᠲᠦᠮᠡᠨ ᠺᠢᠯᠦᠸᠠᠲ ᠭᠡᠷᠡᠯᠴᠢ ᠴᠡᠨᠡᠭ ᠤᠨ ᠳᠠᠭᠠᠭᠤᠯᠤᠭᠴᠢ ᠶᠢᠨ ᠲᠦᠯᠦᠪᠯᠡᠭᠡ ᠶᠢᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ 1 GW ᠭᠡᠷᠡᠯᠴᠢ ᠴᠡᠨᠡᠭ ᠤᠨ ᠳᠠᠭᠠᠭᠤᠯᠤᠭᠴᠢ ᠶᠢᠨ ᠲᠦᠯᠦᠪᠯᠡᠭᠡ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠳᠡᠮᠡᠴᠡᠨ ᠤᠯᠤᠨ᠎ᠠ᠃    ᠳᠠᠭᠠᠭᠤᠯᠬᠤ ᠤᠳᠤᠷᠢᠳᠤᠯᠭ᠎ᠠ᠄ ᠯᠢᠦ ᠵᠢᠶᠠᠨ ᠴᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ᠂ ᠰᠢᠨ᠎ᠡ ᠡᠨᠧᠷᠬᠢ ᠶᠢᠨ ᠠᠯᠪᠠᠨ ᠬᠡᠷ᠂ ᠬᠠᠮᠢᠶ᠎ᠠ ᠪᠦᠬᠦᠢ ᠪᠠᠯᠭᠠᠰᠤ    — ᠰᠤᠳᠤᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ ᠢ ᠪᠦᠳᠦᠭᠡᠨ ᠪᠠᠶᠢᠭᠤᠯᠤᠨ᠎ᠠ᠃ ᠤᠰᠤ ᠳᠠᠮᠵᠢᠭᠤᠯᠬᠤ ᠪᠠ ᠬᠠᠩᠭᠠᠬᠤ ᠭᠤᠤᠷᠰᠤ ᠬᠤᠭᠤᠯᠠᠢ ᠶᠢᠨ ᠢᠨᠵᠧᠨᠧᠷᠢᠩ ᠢ ᠪᠦᠬᠦ ᠳᠠᠯ᠎ᠠ ᠪᠠᠷ ᠶᠠᠪᠤᠭᠳᠠᠭᠤᠯᠵᠤ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ ᠤᠨ ᠳᠡᠮᠦᠷ ᠵᠠᠮ ᠤᠨ ᠳᠤᠰᠬᠠᠢ ᠱᠤᠭᠤᠮ ᠢ ᠪᠦᠳᠦᠭᠡᠨ ᠪᠠᠶᠢᠭᠤᠯᠵᠤ᠂ ᠪᠤᠬᠢᠷ ᠤᠰᠤᠨ ᠤ ᠡᠬᠢ ᠪᠠᠶᠠᠯᠢᠬᠵᠢᠭᠤᠯᠤᠨ ᠠᠰᠢᠬᠯᠠᠬᠤ ᠢᠨᠵᠧᠨᠧᠷᠢᠩ ᠢ ᠠᠰᠢᠬᠯᠠᠯᠳᠠ ᠳᠤ ᠤᠷᠤᠭᠤᠯᠤᠨ᠎ᠠ᠃ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ ᠤᠨ ᠳᠤᠳᠤᠭᠠᠳᠤ ᠳᠠᠬᠢ ᠳᠡᠮᠦᠷ ᠵᠠᠮ ᠂ ᠤᠰᠤ ᠬᠠᠩᠭᠠᠬᠤ ᠪᠠ ᠭᠠᠳᠠᠭᠰᠢᠯᠠᠭᠤᠯᠬᠤ ᠭᠤᠤᠷᠰᠤ ᠬᠤᠭᠤᠯᠠᠢ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠭᠤᠤᠷᠰᠤ ᠱᠤᠭᠤᠮ ᠬᠢᠭᠡᠳ ᠬᠦᠷᠢᠶᠡᠯᠡᠩ ᠳᠤᠭᠤᠷᠢᠭ ᠲᠤ ᠤᠷᠤᠬᠰᠠᠨ ᠠᠵᠤ ᠠᠬᠤᠢᠢᠯᠠᠯ ᠲᠠᠢ ᠪᠦᠳᠦᠮᠵᠢᠳᠠᠢ ᠵᠤᠯᠭᠠᠭᠤᠯᠤᠨ᠎ᠠ᠃ ᠨᠤᠭᠤᠭᠠᠷᠠᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ︽ᠴᠡᠴᠡᠷᠯᠢᠭᠵᠢᠭᠦᠯᠦᠭᠰᠡᠨ︾ ᠬᠦᠷᠢᠶᠡᠯᠡᠩ ᠳᠤᠭᠤᠷᠢᠭ ᠢ ᠪᠦᠷᠢᠯᠳᠦᠭᠦᠯᠤᠨ᠎ᠡ᠃ ᠴᠠᠬᠢᠯᠭᠠᠨ ᠤᠭᠰᠠᠷᠠᠬᠤ ᠪᠠ ᠬᠤᠳᠠᠯᠳᠤᠬᠤ ᠦᠭᠡᠷᠡᠴᠢᠯᠡᠯᠳᠡ ᠶᠢ ᠠᠬᠢᠭᠤᠯᠤᠨ᠎ᠠ᠃    ᠳᠠᠭᠠᠭᠤᠯᠬᠤ ᠤᠳᠤᠷᠢᠳᠤᠯᠭ᠎ᠠ᠄ ᠯᠢᠦ ᠵᠢᠶᠠᠨ ᠴᠢᠩ ᠯᠢᠦ ᠱᠢ ᠮᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ᠂ ᠳᠡᠮᠦᠷ ᠵᠠᠮ ᠤᠨ ᠠᠯᠪᠠᠨ ᠬᠡᠷ᠂ ᠤᠰᠤᠨ ᠤ ᠶᠠᠪᠤᠳᠠᠯ ᠤᠨ ᠳᠤᠪᠴᠢᠶ᠎ᠠ᠂ ᠬᠦᠭᠵᠢᠭᠦᠯᠦᠯᠳᠡ ᠦᠭᠡᠷᠡᠴᠢᠯᠡᠯᠳᠡ ᠶᠢᠨ ᠳᠤᠪᠴᠢᠶ᠎ᠠ ᠂ ᠴᠠᠬᠢᠯᠭᠠᠨ ᠬᠠᠩᠭᠠᠬᠤ ᠬᠤᠪᠢᠶᠠᠷᠢ ᠳᠤᠪᠴᠢᠶ᠎ᠠ᠂ ᠬᠠᠮᠢᠶ᠎ᠠ ᠪᠦᠬᠦᠢ ᠪᠠᠯᠭᠠᠰᠤ    2. ᠪᠦᠬᠦ ᠤᠷᠤᠨ ᠪᠦᠰᠡ ᠶᠢᠨ ᠵᠤᠭᠠᠴᠠᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ    — ᠴᠢᠬ ᠱᠤᠭᠤᠮ ᠪᠦᠬᠦ ᠳᠠᠯ᠎ᠠ ᠶᠢ ᠵᠡᠷᠭᠡᠪᠡᠷ ᠬᠦᠴᠦᠯᠡᠭᠦ ᠶᠢ ᠪᠠᠷᠢᠮᠳᠠᠯᠠᠨ᠎ᠠ᠃ ᠭᠤᠤᠯᠳᠠᠯᠭ᠎ᠠ ᠲᠠᠢ ᠦᠵᠡᠮᠵᠢ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢᠨ ᠲᠦᠪᠰᠢᠨ ᠪᠤᠯᠤᠨ ᠲᠦᠭᠦᠷᠵᠢᠭᠰᠡᠨ ᠴᠢᠳᠠᠪᠬᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠤ᠂ ᠴᠦᠨ ᠺᠦᠨ ᠱᠠᠨ ᠢ 4A ᠳᠡᠰ ᠤᠨ ᠦᠵᠡᠮᠵᠢ ᠶᠢᠨ ᠤᠷᠤᠨ ᠪᠤᠯᠭᠠᠨ ᠪᠠᠶᠢᠭᠤᠯᠵᠤ᠂ ᠴᠢᠨ ᠤᠯᠤᠰ ᠤᠨ ᠤᠷᠳᠤ ᠴᠠᠭᠠᠨ ᠬᠡᠷᠡᠮ᠂ ᠮᠠ ᠠᠨ ᠱᠠᠨ᠂ ᠳ᠋ᠠ ᠰᠢᠶᠠᠨ ᠱᠠᠨ ᠢ A ᠳᠡᠰ ᠤᠨ ᠦᠵᠡᠮᠵᠢ ᠶᠢᠨ ᠤᠷᠤᠨ ᠪᠤᠯᠭᠠᠨ ᠴᠢᠷᠮᠠᠶᠢᠨ ᠪᠠᠶᠢᠭᠤᠯᠤᠨ᠎ᠠ᠃ 10 ᠵᠤᠭᠠᠴᠠᠯ ᠤᠨ ᠤᠯᠠᠭ᠎ᠠ ᠦᠷᠳᠡᠭᠡ ᠶᠢᠨ ᠡᠵᠡᠩᠨᠡᠯᠳᠡ ᠶᠢᠨ ᠵᠠᠭᠪᠤᠷ ᠤᠨ ᠰᠢᠨ᠎ᠠ ᠶᠢ ᠡᠭᠦᠳᠴᠦ᠂ ᠵᠤᠭᠠᠴᠠᠯ ᠤᠨ ᠦᠵᠡᠮᠵᠢ ᠶᠢᠨ ᠤᠷᠤᠨ ᠤ ᠤᠢᠢᠷ᠎ᠠ ᠬᠠᠪᠢ ᠵᠢᠴᠢ ᠵᠤᠭᠠᠴᠠᠯ ᠤᠨ ᠵᠠᠰᠠᠮᠠᠯ ᠵᠠᠮ ᠳᠠᠭᠠᠤ ᠶᠢᠨ ᠤᠷᠴᠢᠨ ᠳᠤᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠨ᠎ᠠ᠃    ᠳᠠᠭᠠᠭᠤᠯᠬᠤ ᠤᠳᠤᠷᠢᠳᠤᠯᠭ᠎ᠠ᠄ ᠯᠢ ᠴᠦ᠋    ᠬᠠᠷᠢᠭᠤᠴᠠᠯᠭᠠᠳᠤ ᠰᠠᠯᠠᠭ᠎ᠠ ᠮᠦᠴᠢᠷ᠄ ᠰᠤᠶᠤᠯ ᠷᠠᠳᠢᠣ᠋ ᠲᠧᠯᠧᠢᠰ ᠵᠤᠭᠠᠴᠠᠯ ᠤᠨ ᠳᠤᠪᠴᠢᠶ᠎ᠠ᠂ ᠰᠤᠶᠤᠯ ᠤᠨ ᠪᠡᠯᠡ ᠤᠷᠤᠭᠤᠯᠤᠯᠳᠠ ᠶᠢᠨ ᠺᠤᠮᠫᠠᠨᠢ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠳᠤᠪᠴᠢᠶ᠎ᠠ᠂ ᠤᠷᠴᠢᠨ ᠳᠤᠭᠤᠷᠢᠨ ᠤ ᠬᠠᠮᠢᠶᠠᠷᠤᠯᠳᠠ ᠶᠢᠨ ᠳᠤᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠳᠤᠪᠴᠢᠶ᠎ᠠ᠂ ᠬᠠᠮᠢᠶ᠎ᠠ ᠪᠦᠬᠦᠢ ᠪᠠᠯᠭᠠᠰᠤ    — ᠰᠤᠶᠤᠯ ᠤᠨ ᠳᠤᠳᠤᠭᠠᠳᠤ ᠠᠭᠤᠯᠬᠤᠨ ᠢ ᠠᠭᠤᠳᠠᠯᠤᠨ᠎ᠠ᠃ ᠴᠢᠨ ᠤᠯᠤᠰ ᠤᠨ ᠤᠷᠳᠤ ᠴᠠᠭᠠᠨ ᠬᠡᠷᠡᠮ ᠤᠨ ᠰᠤᠶᠤᠯ ᠵᠤᠭᠠᠴᠠᠯ ᠤᠨ ᠨᠠᠶᠢᠷ᠂ ᠮᠦᠰᠦ ᠴᠠᠰᠤᠨ ᠤ ᠵᠤᠭᠠᠴᠠᠯ ᠤᠨ ᠨᠠᠶᠢᠷ᠂ ᠰᠤᠶᠤᠯ ᠤᠨ ᠰᠤᠳᠤᠯᠭᠠᠨ ᠤ ᠬᠤᠷᠠᠯ ᠵᠡᠷᠭᠡ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠤ᠂ ᠬᠤᠸᠠᠢ ᠱᠦᠸᠧ ᠡᠷᠳᠡᠨ ᠤ ᠪᠠᠯᠭᠠᠰᠤ ᠶᠢ ᠬᠠᠮᠠᠭᠠᠯᠠᠯᠳᠠ ᠶᠢᠨ ᠴᠢᠨᠠᠷᠳᠠᠢ ᠨᠡᠭᠡᠭᠡᠨ ᠬᠦᠭᠵᠢᠭᠦᠯᠵᠤ ᠰᠦᠪᠡᠭᠴᠢᠯᠡᠨ᠎ᠡ᠃    ᠳᠠᠭᠠᠭᠤᠯᠬᠤ ᠤᠳᠤᠷᠢᠳᠤᠯᠭ᠎ᠠ᠄ ᠯᠢ ᠴᠦ᠋    ᠬᠠᠷᠢᠭᠤᠴᠠᠯᠭᠠᠳᠤ ᠰᠠᠯᠠᠭ᠎ᠠ ᠮᠦᠴᠢᠷ᠄ ᠰᠤᠶᠤᠯ ᠷᠠᠳᠢᠣ᠋ ᠲᠧᠯᠧᠢᠰ ᠵᠤᠭᠠᠴᠠᠯ ᠤᠨ ᠳᠤᠪᠴᠢᠶ᠎ᠠ᠂ ᠰᠤᠶᠤᠯ ᠤᠨ ᠪᠡᠯᠡ ᠤᠷᠤᠭᠤᠯᠤᠯᠳᠠ ᠶᠢᠨ ᠺᠤᠮᠫᠠᠨᠢ᠂ ᠰᠢᠶᠠᠨ ᠤ ᠤᠳᠬ᠎ᠠ ᠤᠷᠠᠯᠢᠭ ᠤᠨ ᠬᠤᠯᠪᠤᠭ᠎ᠠ᠂ ᠬᠠᠮᠢᠶ᠎ᠠ ᠪᠦᠬᠦᠢ ᠪᠠᠯᠭᠠᠰᠤ    — ᠭᠠᠳᠠᠭᠰᠢ ᠪᠠᠨ ᠨᠡᠭᠡᠭᠡᠨ ᠦᠷᠭᠡᠳᠭᠡᠬᠦ ᠶᠢ ᠬᠦᠴᠦᠯᠡᠨ᠎ᠡ᠃ ᠳᠠᠷᠢᠶᠠᠴᠢᠨ ᠠᠶᠢᠯ ᠤᠨ ᠪᠠᠶᠠᠰᠤᠯ ᠤᠨ ᠬᠦᠭᠵᠢᠯᠳᠡ ᠶᠢ ᠲᠦᠷᠢᠮᠵᠢᠭᠦᠯᠦᠨ ᠬᠦᠳᠦᠯᠦᠨ ᠳᠠᠭᠠᠭᠤᠯᠵᠤ᠂ ᠵᠤᠴᠢᠨ ᠬᠦᠯᠢᠶᠡᠭᠦ ᠴᠢᠳᠠᠪᠤᠷᠢ ᠶᠢᠨ ᠪᠠᠶᠢᠭᠤᠯᠤᠯᠳᠠ ᠪᠠᠨ ᠴᠢᠩᠭᠠᠳᠬᠠᠨ᠎ᠠ᠃ ᠳᠠᠷᠢᠶᠠᠯᠠᠩ ᠤᠨ ᠤᠨᠴᠠ ᠪᠦᠳᠦᠭᠡᠭᠳᠡᠭᠦᠨ᠂ ᠭᠠᠷ ᠤᠷᠠᠯᠠᠯ ᠤᠨ ᠪᠦᠳᠦᠭᠡᠭᠳᠡᠭᠦᠨ᠂ ᠤᠷᠤᠨ ᠨᠤᠳᠤᠭ ᠤᠨ ᠠᠮᠳᠠᠳᠤ ᠢᠳᠡᠭᠡᠨ ᠵᠡᠷᠭᠡ ᠰᠢᠷᠢᠰ ᠪᠠᠷᠠᠭ᠎ᠠ ᠲᠠᠸᠠᠷ ᠢ ᠨᠡᠭᠡᠭᠡᠨ ᠬᠦᠭᠵᠢᠭᠦᠯᠵᠤ᠂ ᠵᠤᠭᠠᠴᠠᠯ ᠤᠨ ᠦᠢᠯᠡᠰ ᠢ ᠠᠷᠠᠳ ᠢ ᠪᠠᠶᠠᠵᠢᠭᠤᠯᠬᠤ ᠠᠵᠤ ᠦᠢᠯᠡᠰ ᠪᠤᠯᠭᠠᠨ᠎ᠠ᠃ ᠪᠦᠬᠦ ᠵᠢᠯ ᠤᠨ ᠵᠤᠭᠠᠴᠠᠭᠰᠠᠳ ᠢ ᠬᠦᠯᠢᠶᠡᠭᠦ ᠬᠦᠮᠦᠨ ᠤ ᠳᠤᠭ᠎ᠠ ᠶᠢ 120 ᠲᠦᠮᠡᠨ ᠬᠦᠮᠦᠨ ᠤᠳᠠᠭ᠎ᠠ ᠳᠤ ᠬᠦᠷᠭᠡᠵᠤ᠂ ᠵᠤᠭᠠᠴᠠᠯ ᠤᠨ ᠶᠡᠷᠦᠩᠬᠡᠢ ᠤᠷᠤᠯᠭ᠎ᠠ ᠶᠢ 6 ᠳ᠋ᠦᠩᠰᠢᠭᠤᠷ ᠲᠦᠭᠦᠷᠢᠭ ᠢ ᠳᠠᠪᠠᠭᠤᠯᠵᠤ᠂ ᠦᠪᠡᠷᠳᠡᠭᠡᠨ ᠵᠠᠰᠠᠬᠤ ᠤᠷᠤᠨ ᠤ ᠪᠦᠬᠦ ᠤᠷᠤᠨ ᠪᠦᠰᠡ ᠶᠢᠨ ᠵᠤᠭᠠᠴᠠᠯ ᠤᠨ ᠵᠢᠱᠢᠶ᠎ᠠ ᠦᠵᠡᠭᠦᠯᠬᠦ ᠤᠷᠤᠨ ᠢ ᠡᠭᠦᠳᠦᠨ ᠪᠠᠶᠢᠭᠤᠯᠵᠤ᠂ ᠤᠯᠤᠰ ᠤᠨ ᠪᠦᠬᠦ ᠤᠷᠤᠨ ᠪᠦᠰᠡ ᠶᠢᠨ ᠵᠤᠭᠠᠴᠠᠯ ᠤᠨ ᠵᠢᠱᠢᠶ᠎ᠠ ᠦᠵᠡᠭᠦᠯᠬᠦ ᠤᠷᠤᠨ ᠢ ᠡᠭᠦᠳᠤᠨ ᠪᠠᠶᠢᠭᠤᠯᠬᠤ ᠪᠠᠷ ᠴᠢᠷᠮᠠᠶᠢᠨ᠎ᠠ᠃    ᠳᠠᠭᠠᠭᠤᠯᠬᠤ ᠤᠳᠤᠷᠢᠳᠤᠯᠭ᠎ᠠ᠄ ᠯᠢ ᠴᠦ᠋    ᠬᠠᠷᠢᠭᠤᠴᠠᠯᠭᠠᠳᠤ ᠰᠠᠯᠠᠭ᠎ᠠ ᠮᠦᠴᠢᠷ᠄ ᠰᠤᠶᠤᠯ ᠷᠠᠳᠢᠣ᠋ ᠲᠧᠯᠧᠢᠰ ᠵᠤᠭᠠᠴᠠᠯ ᠤᠨ ᠳᠤᠪᠴᠢᠶ᠎ᠠ᠂ ᠰᠤᠶᠤᠯ ᠤᠨ ᠪᠡᠯᠡ ᠤᠷᠤᠭᠤᠯᠤᠯᠳᠠ ᠶᠢᠨ ᠺᠤᠮᠫᠠᠨᠢ    — ᠤᠯᠤᠰ ᠤᠨ ᠳᠡᠰ ᠤᠨ ᠡᠯᠧᠺᠳ᠋ᠷᠤᠨ ᠬᠤᠳᠠᠯᠳᠤᠭᠠᠨ ᠤ ᠬᠦᠳᠡᠭᠡ ᠳᠤᠰᠬᠤᠨ ᠤ ᠵᠢᠱᠢᠶ᠎ᠠ ᠦᠵᠡᠭᠦᠯᠬᠦ ᠰᠢᠶᠠᠨ ᠢ ᠪᠦᠬᠦ ᠬᠦᠴᠦᠨ ᠢᠶᠠᠷ ᠡᠭᠦᠳᠦᠨ ᠪᠠᠶᠢᠭᠤᠯᠤᠨ᠎ᠠ᠃ ᠡᠯᠧᠺᠳ᠋ᠷᠤᠨ ᠬᠤᠳᠠᠯᠳᠤᠭ᠎ᠠ ᠬᠢᠭᠡᠳ ᠪᠤᠳᠠᠳᠤ ᠴᠤᠭᠴᠠ ᠶᠢᠨ ᠠᠵᠤ ᠠᠬᠤᠢ ᠶᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠤ᠂ ᠬᠦᠳᠡᠭᠡ ᠳᠤᠰᠬᠤᠨ ᠤ ᠡᠯᠧᠺᠳ᠋ᠷᠤᠨ ᠬᠤᠳᠠᠯᠳᠤᠭᠠᠨ ᠤ ᠵᠠᠬ᠎ᠠ ᠳᠡᠯᠭᠡᠭᠦᠷ ᠢ ᠭᠤᠤᠯᠳᠠᠯᠭ᠎ᠠ ᠲᠠᠢ ᠦᠷᠭᠡᠳᠭᠡᠵᠤ᠂ ᠬᠤᠳᠠ ᠬᠢᠭᠡᠳ ᠬᠦᠳᠡᠭᠡ ᠳᠤᠰᠬᠤᠨ ᠤ ᠵᠠᠬ᠎ᠠ ᠳᠡᠯᠭᠡᠭᠦᠷ ᠬᠠᠷᠢᠯᠴᠠᠨ ᠬᠤᠯᠪᠤᠯᠳᠤᠨ ᠬᠠᠷᠢᠯᠴᠠᠨ ᠨᠡᠪᠳᠡᠷᠡᠯᠴᠡᠭᠦ ᠶᠢ ᠪᠠᠶᠡᠯᠡᠭᠦᠯᠵᠤ᠂ ᠤᠯᠤᠰ ᠤᠨ ᠳᠡᠰ ᠤᠨ ᠡᠯᠧᠺᠳ᠋ᠷᠤᠨ ᠬᠤᠳᠠᠯᠳᠤᠭᠠᠨ ᠤ ᠬᠦᠳᠡᠭᠡ ᠳᠤᠰᠬᠤᠨ ᠤ ᠵᠢᠱᠢᠶ᠎ᠠ ᠦᠵᠡᠭᠦᠯᠬᠦ ᠰᠢᠶᠠᠨ ᠢ ᠢᠳᠡᠪᠬᠢᠳᠠᠢ ᠪᠠᠷ ᠡᠭᠦᠳᠦᠨ ᠪᠠᠶᠢᠭᠤᠯᠤᠨ᠎ᠠ᠃    ᠳᠠᠭᠠᠭᠤᠯᠬᠤ ᠤᠳᠤᠷᠢᠳᠤᠯᠭ᠎ᠠ᠄ ᠯᠢᠦ ᠵᠢᠶᠠᠨ ᠴᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠠᠵᠤ ᠠᠬᠤᠢ ᠪᠠ ᠮᠡᠳᠡᠭᠡ ᠵᠠᠩᠬᠢᠵᠢᠯᠳᠠ ᠶᠢᠨ ᠳᠤᠪᠴᠢᠶ᠎ᠠ᠂ ᠬᠠᠩᠭᠠᠨ ᠪᠤᠷᠤᠯᠠᠭᠤᠯᠬᠤ ᠬᠤᠷᠰᠢᠶ᠎ᠠ    3. ᠠᠵᠤ ᠠᠬᠤᠢ ᠶᠢᠨ ᠡᠷᠬᠢᠯᠳᠡ ᠳᠤᠬᠢᠷᠠᠭᠤᠯᠤᠯᠳᠠ ᠶᠢ ᠪᠦᠬᠦ ᠳᠠᠯ᠎ᠠ ᠪᠠᠷ ᠴᠢᠩᠭᠠᠳᠬᠠᠨ᠎ᠠ    — ᠴᠢᠬᠤᠯᠠ ᠶᠡᠭᠡ ᠲᠦᠷᠦᠯ ᠵᠦᠢᠯ᠂ ᠴᠢᠬᠤᠯᠠ ᠲᠦᠷᠦ ᠶᠢᠨ ᠪᠤᠳᠤᠯᠭ᠎ᠠ᠂ ᠭᠤᠤᠯᠳᠠᠯᠭ᠎ᠠ ᠲᠠᠢ ᠠᠵᠢᠯ ᠢ ᠶᠡᠷᠦᠩᠬᠡᠶᠢᠯᠡᠨ ᠳᠤᠬᠢᠷᠠᠭᠤᠯᠬᠤ ᠶᠢ ᠴᠢᠩᠭᠠᠳᠬᠠᠨ᠎ᠠ᠃ ᠰᠢᠶᠠᠨ ᠤ ᠤᠳᠤᠷᠢᠳᠤᠯᠭ᠎ᠠ ᠴᠢᠬᠤᠯᠠ ᠶᠡᠭᠡ ᠲᠦᠷᠦᠯ ᠵᠦᠢᠯ ᠢ ᠳᠠᠭᠠᠭᠠᠴᠢᠯᠠᠬᠤ ᠪᠠ ᠬᠠᠷᠢᠯᠴᠠᠬᠤ ᠲᠦᠷᠢᠮ ᠢ ᠬᠡᠷᠡᠭᠵᠢᠭᠦᠯᠵᠤ᠂ ︽ᠭᠠᠷᠠᠭ ᠤᠨ ᠳᠤᠬᠢᠷᠠᠭᠤᠯᠭ᠎ᠠ᠂ ᠰᠠᠷ᠎ᠠ ᠶᠢᠨ ᠮᠡᠳᠡᠭᠳᠡᠯ᠂ ᠤᠯᠠᠷᠠᠯ ᠤᠨ ᠵᠠᠳᠠᠯᠤᠯᠳᠠ᠂ ᠬᠠᠭᠠᠰ ᠵᠢᠯ ᠤᠨ ᠪᠠᠭ᠎ᠠ ᠳ᠋ᠦᠩᠨᠡᠯᠳᠡ᠂ ᠳᠤᠭᠳᠠᠮᠠᠯ ᠪᠤᠰᠤ ᠬᠤᠭᠤᠴᠠᠭᠠᠳᠤ ᠱᠠᠯᠠᠪᠳᠠᠨ ᠪᠠᠶᠢᠴᠠᠭᠠᠬᠤ᠂ ᠪᠦᠬᠦ ᠵᠢᠯ ᠤᠨ ᠰᠢᠯᠭᠠᠨ ᠦᠨᠡᠯᠡᠯᠳᠡ︾ ᠵᠢᠷᠭᠤᠭᠠᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠠ ᠶᠢ ᠳᠠᠰᠤᠷᠠᠯᠳᠠ ᠦᠭᠡᠢ ᠳᠡᠭᠦᠯᠳᠡᠷᠵᠢᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠠᠵᠢᠯ ᠢ ᠪᠦᠬᠦ ᠳᠠᠯ᠎ᠠ ᠪᠠᠷ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠶᠢᠨ ᠤᠷᠴᠢᠨ ᠳᠤᠭᠤᠷᠢᠨ ᠤ ᠪᠠᠶᠢᠭᠤᠯᠤᠯᠳᠠ ᠶᠢ ᠬᠦᠨᠳᠦᠳᠭᠡᠵᠤ᠂ ᠤᠷᠢᠳᠠᠴᠢ ᠬᠤᠭᠤᠴᠠᠭᠠᠨ ᠤ ᠵᠦᠪᠳᠡᠯᠴᠡᠭᠡᠷ ᠬᠢᠭᠦ᠂ ᠭᠠᠷ ᠤᠨ ᠦᠰᠦᠭ ᠵᠢᠷᠤᠵᠤ ᠨᠠᠶᠢᠳᠠᠪᠤᠷᠢᠵᠢᠭᠤᠯᠬᠤ᠂ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠤᠨ ᠠᠰᠢᠬᠯᠠᠯᠳᠠ ᠳᠤ ᠤᠷᠤᠭᠤᠯᠬᠤ ᠪᠦᠬᠦ ᠶᠠᠪᠤᠴᠠ ᠳᠤ ᠮᠦᠷᠳᠡᠨ ᠦᠢᠯᠡᠴᠢᠯᠡᠵᠤ᠂ ᠬᠤᠳᠠᠯᠳᠤᠭᠠᠴᠢᠨ ᠳᠤ ᠨᠠᠶᠢᠷᠳᠠᠢ ᠬᠤᠳᠠᠯᠳᠤᠭᠠᠴᠢᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠪᠤᠢ ᠪᠤᠯᠭᠠᠨ᠎ᠠ᠃    ᠳᠠᠭᠠᠭᠤᠯᠬᠤ ᠤᠳᠤᠷᠢᠳᠤᠯᠭ᠎ᠠ᠄ ᠯᠢᠦ ᠵᠢᠶᠠᠨ ᠴᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠬᠦᠭᠵᠢᠭᠦᠯᠦᠯᠳᠡ ᠦᠭᠡᠷᠡᠴᠢᠯᠡᠯᠳᠡ ᠶᠢᠨ ᠳᠤᠪᠴᠢᠶ᠎ᠠ᠂ ᠡᠯ᠎ᠠ ᠪᠠᠯᠭᠠᠰᠤ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ᠂ ᠡᠯ᠎ᠠ ᠰᠠᠯᠠᠭ᠎ᠠ ᠮᠦᠴᠢᠷ᠂ ᠡᠯ᠎ᠠ ᠪᠠᠶᠢᠭᠤᠯᠤᠯᠭ᠎ᠠ ᠨᠢᠭᠡᠴᠡ    — ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠪᠠᠶᠢᠭᠤᠯᠤᠮᠵᠢ ᠶᠢᠨ ᠪᠠᠶᠢᠭᠤᠯᠤᠯᠳᠠ ᠶᠢ ᠪᠦᠬᠦ ᠳᠠᠯ᠎ᠠ ᠪᠠᠷ ᠴᠢᠩᠭᠠᠳᠬᠠᠨ᠎ᠠ᠃ ᠤᠷᠤᠯᠭ᠎ᠠ ᠪᠠᠨ ᠨᠡᠮᠡᠭᠳᠡᠭᠦᠯᠵᠤ ᠵᠠᠷᠤᠯᠭ᠎ᠠ ᠪᠠᠨ ᠠᠷᠪᠢᠯᠠᠬᠤ ᠶᠢ ᠬᠠᠮᠳᠤ ᠳᠤᠨᠢ ᠪᠠᠷᠢᠮᠳᠠᠯᠠᠵᠤ᠂ ᠭᠠᠶᠢᠯᠢ ᠳᠠᠳᠠᠪᠤᠷᠢ ᠶᠢᠨ ᠬᠠᠮᠢᠶᠠᠷᠤᠯᠳᠠ ᠶᠢ ᠴᠢᠩᠭᠠᠳᠬᠠᠵᠤ᠂ ᠠᠭᠤᠷᠬᠠᠢ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠵᠤ᠂ ᠠᠵᠢᠯ ᠤᠨ ᠠᠯᠳᠠᠭᠳᠠᠯ ᠢ ᠡᠷᠡᠰ ᠳᠡᠪᠴᠢᠨ᠂ ᠬᠤᠷᠢᠶᠠᠬᠤ ᠴᠢᠬᠤᠯᠠᠳᠠᠢ ᠭᠠᠶᠢᠯᠢ ᠰᠦᠢᠳᠭᠡᠯ ᠪᠦᠬᠦᠨ ᠢ ᠬᠤᠷᠢᠶᠠᠬᠤ ᠶᠢ ᠪᠠᠳᠤᠯᠠᠨ᠎ᠠ᠃ ᠡᠳ᠋ ᠤᠨ ᠵᠠᠰᠠᠭ ᠢ ᠲᠦᠷᠢᠮᠵᠢᠭᠦᠯᠦᠨ ᠬᠠᠮᠢᠶᠠᠷᠬᠤ ᠶᠢ ᠴᠢᠩᠭᠠᠳᠬᠠᠵᠤ᠂ ︽ᠪᠠᠯᠭᠠᠰᠤᠨ ᠤ ᠡᠳ᠋ ᠤᠨ ᠵᠠᠰᠠᠭ ᠢ ᠰᠢᠶᠠᠨ ᠠᠴᠠ ᠬᠠᠮᠢᠶᠠᠷᠬᠤ︾ ᠶᠢ ᠠᠬᠢᠭᠤᠯᠵᠤ᠂ ᠰᠢᠶᠠᠨ ᠪᠠᠯᠭᠠᠰᠤᠨ ᠤ ᠡᠳ᠋ ᠤᠨ ᠵᠠᠰᠠᠭ ᠤᠨ ᠠᠵᠢᠯ ᠤᠨ ᠦᠷ᠎ᠠ ᠪᠦᠳᠦᠮᠵᠢ ᠶᠢᠨ ᠬᠠᠮᠢᠶᠠᠷᠤᠯᠳᠠ ᠶᠢ ᠴᠢᠩᠭᠠᠳᠬᠠᠨ᠎ᠠ᠃ ᠪᠡᠯᠡ ᠮᠦᠩᠭᠦ ᠶᠢ ᠳᠤᠬᠢᠷᠠᠭᠤᠯᠬᠤ ᠪᠠ ᠪᠡᠯᠡ ᠬᠤᠷᠠᠮᠳᠤᠭᠤᠯᠬᠤ ᠠᠵᠢᠯ ᠢ ᠴᠢᠩᠭᠠᠳᠬᠠᠵᠤ᠂ ᠡᠯ᠎ᠠ ᠲᠦᠷᠦᠯ ᠤᠨ ᠰᠢᠯᠵᠢᠭᠡ ᠳᠤᠭᠤᠴᠠᠭ᠎ᠠ ᠬᠢᠭᠦ ᠪᠠ ᠵᠢᠭᠡᠯᠡᠯᠭᠡ ᠶᠢᠨ ᠳᠡᠮᠳᠡᠭᠳᠦ ᠶᠢ ᠰᠤᠯᠢᠬᠤ ᠠᠵᠢᠯ ᠢ ᠴᠢᠷᠮᠠᠶᠢᠨ ᠪᠡᠶᠡᠯᠡᠭᠦᠯᠦᠨ᠎ᠡ᠃    ᠳᠠᠭᠠᠭᠤᠯᠬᠤ ᠤᠳᠤᠷᠢᠳᠤᠯᠭ᠎ᠠ᠄ ᠸᠠᠩ ᠢᠤᠢ ᠮᠢᠩ ᠯᠢᠦ ᠱᠢ ᠮᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠡᠳ᠋ ᠤᠨ ᠵᠠᠰᠠᠭ ᠤᠨ ᠳᠤᠪᠴᠢᠶ᠎ᠠ᠂ ᠠᠵᠤ ᠠᠬᠤᠢ ᠪᠠ ᠮᠡᠳᠡᠭᠡ ᠵᠠᠩᠬᠢᠵᠢᠯᠳᠠ ᠶᠢᠨ ᠳᠤᠪᠴᠢᠶ᠎ᠠ᠂ ᠮᠦᠩᠭᠦᠨ ᠬᠦᠢᠯᠭᠡᠭᠡᠨ ᠤ ᠠᠯᠪᠠᠨ ᠬᠡᠷ᠂ ᠤᠯᠤᠰ ᠤᠨ ᠭᠠᠶᠢᠯᠢ ᠶᠢᠨ ᠶᠠᠪᠤᠳᠠᠯ ᠤᠨ ᠳᠤᠪᠴᠢᠶ᠎ᠠ᠂ ᠤᠷᠤᠨ ᠨᠤᠳᠤᠭ ᠤᠨ ᠭᠠᠶᠢᠯᠢ ᠶᠢᠨ ᠶᠠᠪᠤᠳᠠᠯ ᠤᠨ ᠳᠤᠪᠴᠢᠶ᠎ᠠ᠂ ᠡᠯ᠎ᠠ ᠪᠠᠯᠭᠠᠰᠤ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ    ︵ᠬᠤᠶᠠᠷ︶ ᠨᠠᠷᠢᠯᠢᠭ ᠬᠠᠮᠢᠶᠠᠷᠤᠯᠳᠠ ᠶᠢ ᠳᠤᠪᠤᠶᠢᠯᠭᠠᠵᠤ᠂ ᠤᠷᠤᠰᠢᠨ ᠰᠠᠭᠤᠷᠢᠰᠢᠬᠤ ᠳᠤ ᠳᠤᠬᠢᠷᠠᠮᠵᠢᠳᠠᠢ ᠦᠢᠯᠡᠰ ᠪᠦᠳᠦᠭᠡᠭᠦ ᠳᠤ ᠳᠤᠬᠢᠳᠠᠢ ᠰᠢᠨ᠎ᠠ ᠬᠦᠶᠠᠩ ᠢ ᠬᠦᠴᠦᠯᠡᠨ ᠪᠠᠶᠢᠭᠤᠯᠤᠨ᠎ᠠ    4. ᠴᠡᠴᠡᠷᠯᠢᠭᠵᠢᠭᠦᠯᠦᠭᠰᠡᠨ ᠰᠢᠶᠠᠨ ᠤ ᠬᠤᠳᠠ ᠶᠢ ᠪᠦᠭᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃    — ᠬᠤᠳᠠ ᠶᠢᠨ ᠪᠦᠳᠦᠭᠡᠨ ᠪᠠᠶᠢᠭᠤᠯᠤᠯᠳᠠ ᠶᠢ ᠰᠢᠯᠢᠳᠡᠭᠵᠢᠭᠦᠯᠬᠦ ᠶᠢ ᠪᠠᠷᠢᠮᠳᠠᠯᠠᠨ᠎ᠠ᠃ ᠬᠤᠳᠠ ᠶᠢᠨ ᠲᠦᠯᠦᠪᠯᠡᠭᠡ ᠶᠢ ᠳᠡᠭᠦᠯᠳᠡᠷᠵᠢᠭᠦᠯᠵᠤ᠂ ᠨᠤᠷᠠᠭᠠᠨ ᠰᠢᠯᠵᠢᠭᠦᠯᠦᠭᠰᠡᠨ ᠬᠤᠭᠤᠰᠤᠨ ᠭᠠᠵᠠᠷ ᠤᠷᠤᠨ ᠢ ᠪᠦᠬᠦ᠋ᠢᠯᠡ ᠴᠤᠭᠴᠠ ᠠᠴᠠ ᠲᠦᠯᠦᠪᠵᠢᠭᠦᠯᠤᠨ᠎ᠡ᠃ ᠬᠤᠳᠠ ᠶᠢᠨ ᠨᠤᠭᠤᠭᠠᠷᠠᠭᠤᠯᠤᠯᠳᠠ ᠶᠢᠨ ᠭᠠᠵᠠᠷ ᠢ ᠰᠢᠰᠲ᠋ᠧᠮ ᠲᠠᠢ ᠪᠦᠳᠦᠭᠡᠨ ᠪᠠᠶᠢᠭᠤᠯᠵᠤ᠂ ᠨᠤᠭᠤᠭᠠᠷᠠᠭᠤᠯᠤᠯᠳᠠ ᠬᠢᠭᠦ ᠪᠠᠷ ᠭᠤᠤᠯ ᠪᠤᠯᠭᠠᠨ᠂ ᠵᠠᠰᠠᠨ ᠴᠢᠮᠡᠭᠯᠡᠭᠦ ᠪᠠᠷ ᠨᠦᠭᠦᠪᠦᠷᠢᠯᠡᠵᠤ᠂ ᠮᠤᠷᠢᠳᠤ ᠴᠡᠷᠢᠭ ᠤᠨ ᠲᠦᠷᠪᠡᠳᠦᠭᠡᠷ ᠳ᠋ᠢᠸᠢᠽᠢ ᠶᠢᠨ ᠳᠤᠷᠠᠰᠬᠠᠯ ᠤᠨ ᠴᠡᠴᠡᠷᠯᠢᠭ ᠢ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠵᠤ᠂ ᠤᠷᠤᠨ ᠨᠤᠳᠤᠭ ᠤᠨ ᠤᠨᠴᠠᠯᠢᠭᠳᠤ ᠬᠤᠪᠢᠰᠬᠠᠯ ᠤᠨ ᠰᠤᠷᠭᠠᠨ ᠬᠦᠮᠦᠵᠢᠯ ᠤᠨ ᠰᠠᠭᠤᠷᠢᠨ ᠢ ᠴᠤᠭᠴᠠᠯᠠᠨ᠎ᠠ᠃ ᡁᠢ ᠰᠢᠩ ᠴᠡᠴᠡᠷᠯᠢᠭ ᠤᠨ ᠵᠠᠮ᠂ ᠨᠤᠭᠤᠭᠠᠷᠠᠭᠤᠯᠤᠯᠳᠠ᠂ ᠦᠵᠡᠮᠵᠢ ᠵᠢᠴᠢ ᠪᠤᠰᠤᠳ ᠳᠠᠭᠠᠯᠳᠠ ᠲᠦᠭᠦᠭᠡᠷᠦᠮᠵᠢ ᠶᠢ ᠳᠡᠭᠦᠯᠳᠡᠷᠵᠢᠭᠦᠯᠵᠤ᠂ ᠭᠤᠤᠯ ᠴᠢᠳᠠᠮᠵᠢᠳᠤ ᠤᠷᠤᠨ ᠢ ᠠᠰᠢᠬᠯᠠᠯᠳᠠ ᠳᠤ ᠤᠷᠤᠭᠤᠯᠤᠨ᠎ᠠ᠃ ᠦᠯᠡᠳᠡᠭᠰᠡᠨ ᠲᠦᠭᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠳᠤᠭᠳᠠᠭᠤᠨ ᠢᠶᠠᠷ ᠠᠬᠢᠭᠤᠯᠵᠤ᠂ 1.2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠵᠢᠶᠠᠨ ᠱᠧ ᠵᠠᠮ ᠤᠨ ᠵᠡᠭᠦᠨ ᠬᠡᠰᠡᠭ ᠤᠷᠤᠨ ᠤ 300 ᠡᠷᠦᠭᠡ ᠳᠦᠭᠦᠮ ᠪᠦᠳᠦᠴᠡᠳᠤ ᠤᠷᠤᠨ ᠰᠠᠭᠤᠴᠠ ᠶᠢ ᠨᠤᠷᠠᠭᠠᠨ ᠦᠭᠡᠷᠡᠴᠢᠯᠡᠨ ᠪᠠᠶᠢᠭᠤᠯᠤᠨ᠎ᠠ᠃    ᠳᠠᠭᠠᠭᠤᠯᠬᠤ ᠤᠳᠤᠷᠢᠳᠤᠯᠭ᠎ᠠ᠄ ᠯᠢ ᠴᠦ᠋    ᠬᠠᠷᠢᠭᠤᠴᠠᠯᠭᠠᠳᠤ ᠰᠠᠯᠠᠭ᠎ᠠ ᠮᠦᠴᠢᠷ᠄ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠳᠤᠪᠴᠢᠶ᠎ᠠ᠂ ᠠᠷᠠᠳ ᠤᠨ ᠶᠠᠪᠤᠳᠠᠯ ᠤᠨ ᠳᠤᠪᠴᠢᠶ᠎ᠠ    — ᠬᠤᠳᠠ ᠶᠢᠨ ᠬᠠᠮᠢᠶᠠᠷᠤᠯᠳᠠ ᠶᠢ ᠨᠠᠷᠢᠯᠢᠬᠵᠢᠭᠤᠯᠬᠤ ᠶᠢ ᠪᠠᠷᠢᠮᠳᠠᠯᠠᠨ᠎ᠠ᠃ ᠠᠯᠳᠠ ᠶᠡᠭᠡ ᠵᠡᠭᠡᠯᠢ ᠪᠤᠯᠤᠨ ᠪᠧᠢ ᠸᠧᠢ ᠶᠡᠭᠡ ᠵᠡᠬᠡᠯᠢ ᠶᠢᠨ ᠦᠵᠡᠮᠵᠢ ᠶᠢ ᠦᠭᠡᠷᠡᠴᠢᠯᠡᠨ ᠰᠠᠶᠢᠵᠢᠷᠠᠭᠤᠯᠬᠤ ᠪᠠᠷ ᠬᠦᠳᠦᠯᠦᠨ ᠳᠠᠭᠠᠭᠤᠯᠵᠤ᠂ ᠬᠤᠳᠠ ᠶᠢᠨ ᠬᠠᠮᠢᠶᠠᠷᠤᠯᠳᠠ ᠶᠢ ᠳᠡᠰ ᠳᠡᠪᠰᠢᠭᠦᠯᠦᠨ ᠳᠠᠶᠢᠴᠢᠯᠠᠨ᠎ᠠ᠃ ᠤᠳᠠᠭᠠᠨ ᠤᠨ ᠤ ᠬᠠᠭᠤᠴᠢᠨ ᠤᠷᠤᠨ ᠰᠠᠭᠤᠴᠠ ᠶᠢᠨ ᠳᠤᠭᠤᠷᠢᠭ ᠢ ᠶᠡᠷᠦᠩᠬᠡᠶᠢᠯᠡᠨ ᠵᠠᠰᠠᠨ ᠰᠠᠶᠢᠵᠢᠷᠠᠭᠤᠯᠵᠤ᠂ ᠤᠷᠤᠨ ᠰᠠᠭᠤᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠤᠷᠤᠨ ᠰᠠᠭᠤᠴᠠ ᠶᠢᠨ ᠪᠠᠭ᠎ᠠ ᠳᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠳᠠ ᠶᠢ ᠳᠡᠰ ᠳᠡᠪᠰᠢᠭᠦᠯᠭᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠡᠬᠢᠯᠡᠭᠦᠯᠵᠤ᠂ ᠠᠳᠠᠯ ᠠᠬᠤᠢ ᠶᠢᠨ ᠬᠠᠮᠢᠶᠠᠷᠤᠯᠳᠠ ᠦᠭᠡᠢ ᠤᠷᠤᠨ ᠰᠠᠭᠤᠴᠠ ᠶᠢᠨ ᠪᠠᠭ᠎ᠠ ᠳᠤᠭᠤᠷᠢᠭ ᠲᠤ ᠠᠳᠠᠯ ᠠᠬᠤᠢ ᠶᠢᠨ ᠬᠠᠮᠢᠶᠠᠷᠤᠯᠳᠠ ᠬᠢᠨ᠎ᠡ᠃ ᠬᠤᠳᠠ ᠳᠤᠭᠤᠷᠢᠭ ᠤᠨ ᠤᠰᠤ ᠬᠠᠩᠭᠠᠬᠤ ᠴᠡᠪᠡᠷᠰᠢᠭᠦᠯᠬᠦ ᠶᠢ ᠵᠦᠭᠡᠯᠡᠷᠡᠭᠦᠯᠦᠨ᠎ᠡ᠃ ᠬᠤᠳᠠ ᠶᠢᠨ ᠵᠡᠭᠦᠨ ᠭᠠᠷᠬᠤ ᠵᠠᠮ ᠢ ᠵᠠᠰᠠᠨ ᠰᠠᠶᠢᠵᠢᠷᠠᠭᠤᠯᠤᠨ᠎ᠠ᠃ ᠬᠦᠶᠠᠩ ᠠᠴᠠ ᠪᠤᠭᠤᠳᠤ ᠬᠦᠷᠭᠦ ᠤᠯᠠᠨ ᠨᠡᠶᠢᠳᠡ ᠶᠢᠨ ᠮᠠᠰᠢᠨ ᠳᠡᠷᠭᠡ ᠶᠢ ᠨᠡᠪᠳᠡᠷᠡᠭᠦᠯᠦᠨ᠎ᠡ᠃    ᠳᠠᠭᠠᠭᠤᠯᠬᠤ ᠤᠳᠤᠷᠢᠳᠤᠯᠭ᠎ᠠ᠄ ᠯᠢ ᠴᠦ᠋ ᠯᠢᠦ ᡁᠢ ᠭᠠᠩ ᠯᠢᠦ ᠱᠢ ᠮᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠳᠤᠪᠴᠢᠶ᠎ᠠ᠂ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠭᠦᠯᠦᠯᠳᠡ ᠶᠢᠨ ᠶᠡᠭᠡ ᠠᠩᠬᠢ᠂ ᠤᠰᠤᠨ ᠤ ᠶᠠᠪᠤᠳᠠᠯ ᠤᠨ ᠳᠤᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠳᠤᠪᠴᠢᠶ᠎ᠠ᠂ ᠤᠷᠴᠢᠨ ᠳᠤᠭᠤᠷᠢᠨ ᠤ ᠡᠷᠡᠭᠦᠯ ᠬᠠᠮᠠᠭᠠᠯᠠᠯ ᠤᠨ ᠲᠦᠪ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ    5. ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠡᠬᠢᠯᠡᠭᠦᠯᠦᠨ᠎ᠡ    — ᠮᠠᠯ ᠠᠵᠤ ᠠᠬᠤᠢ ᠳᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠮᠠᠯ ᠠᠵᠤ ᠠᠬᠤᠢ ᠳᠠᠷᠢᠶᠠᠯᠠᠩ ᠤᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠤ᠂ ᠲᠦᠮᠦᠰᠤ ᠳᠠᠷᠢᠬᠤ ᠳᠠᠯᠠᠪᠠᠢ ᠶᠢ 35 ᠲᠦᠮᠡᠨ ᠮᠦ ᠳᠤ ᠳᠤᠭᠳᠠᠪᠤᠷᠢᠵᠢᠭᠤᠯᠵᠤ᠂ ᠲᠦᠮᠤᠰᠤᠨ ᠤ ᠬᠡᠷᠡᠭᠯᠡᠭᠡ ᠶᠢ 95% ᠠᠴᠠ ᠳᠡᠭᠡᠭᠰᠢ ᠪᠠᠶᠢᠯᠭᠠᠬᠤ ᠶᠢ ᠳᠤᠭᠳᠠᠪᠤᠷᠢᠵᠢᠭᠤᠯᠤᠨ᠎ᠠ᠃ 10 ᠲᠦᠮᠡᠨ ᠮᠢᠬᠠᠨ ᠬᠤᠨᠢ ᠶᠢ ᠡᠭᠦᠯᠳᠡᠷ ᠰᠠᠶᠢᠵᠢᠷᠠᠭᠤᠯᠬᠤ ᠶᠢ ᠪᠡᠶᠡᠯᠡᠭᠦᠯᠵᠤ᠂ ᠡᠭᠦᠯᠳᠡᠷ ᠰᠠᠶᠢᠵᠢᠷᠠᠭᠤᠯᠤᠭᠰᠠᠨ ᠨᠤᠷᠮ᠎ᠠ ᠶᠢ 60% ᠠᠴᠠ ᠳᠡᠭᠡᠭᠰᠢ ᠪᠤᠯᠭᠠᠨ᠎ᠠ᠃ ᠬᠠᠭᠤᠷᠠᠢ ᠳᠠᠷᠢᠶᠠᠨ ᠳᠤ ᠰᠦᠯᠢᠶᠤᠤ ᠪᠦᠷᠭᠦᠪᠴᠢ ᠳᠠᠷᠤᠬᠤ ᠳᠠᠯᠠᠪᠠᠢ ᠶᠢ 22 ᠲᠦᠮᠡᠨ ᠮᠦ ᠳᠤ ᠬᠦᠷᠭᠡᠵᠤ᠂ ᠵᠤᠵᠠᠭᠠᠨ ᠰᠦᠯᠢᠶᠤᠤ ᠪᠦᠷᠭᠦᠪᠴᠢ ᠳᠠᠷᠤᠬᠤ ᠶᠢ 5 ᠲᠦᠮᠡᠨ ᠮᠦ ᠳᠡᠯᠭᠡᠷᠡᠭᠦᠯᠵᠤ᠂ ᠤᠰᠤ ᠠᠷᠪᠢᠯᠠᠬᠤ ᠤᠰᠤᠯᠠᠯᠳᠠ ᠶᠢᠨ ᠳᠠᠯᠠᠪᠠᠢ ᠶᠢ 3 ᠲᠦᠮᠡᠨ ᠮᠦ ᠰᠢᠨ᠎ᠠ ᠪᠠᠷ ᠨᠡᠮᠡᠭᠳᠡᠭᠦᠯᠵᠤ᠂ ᠭᠠᠵᠠᠷ ᠰᠢᠷᠤᠢ ᠶᠢ ᠰᠢᠯᠵᠢᠭᠦᠯᠦᠨ ᠲᠦᠷᠢᠶᠡᠰᠦᠯᠡᠭᠦᠯᠬᠦ ᠶᠢ 8 ᠲᠦᠮᠡᠨ ᠮᠦ ᠰᠢᠨ᠎ᠠ ᠪᠠᠷ ᠨᠡᠮᠡᠭᠳᠡᠭᠦᠯᠦᠨ᠎ᠡ᠃ ᠠᠮᠤ ᠪᠤᠳᠠᠭᠠᠨ ᠤ ᠳᠠᠷᠢᠮᠠᠯ ᠤᠨ ᠳᠠᠯᠠᠪᠠᠢ ᠶᠢ ᠳᠤᠭᠳᠠᠪᠤᠷᠢᠵᠢᠭᠤᠯᠵᠤ᠂ ᠡᠮ ᠤᠨ ᠮᠠᠲ᠋ᠧᠷᠢᠶᠠᠯ ᠤᠨ ᠳᠠᠯᠠᠪᠠᠢ ᠶᠢ ᠦᠷᠭᠡᠳᠭᠡᠵᠤ᠂ ᠤᠨᠴᠠᠯᠢᠭᠳᠤ ᠳᠠᠷᠢᠮᠠᠯ ᠳᠡᠵᠢᠭᠡᠪᠦᠷᠢ ᠶᠢ ᠵᠤᠷᠢᠬᠵᠢᠭᠤᠯᠤᠨ᠎ᠠ᠃ ᠮᠠᠯ ᠠᠵᠤ ᠠᠬᠤᠢ ᠳᠠᠷᠢᠶᠠᠯᠠᠩ ᠤᠨ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠪᠤᠶᠢᠵᠢᠭᠤᠯᠵᠤ᠂ ᠮᠠᠯ ᠠᠵᠤ ᠠᠬᠤᠢ ᠳᠠᠷᠢᠶᠠᠯᠩ ᠤᠨ ᠳᠤᠰᠬᠠᠢ ᠬᠤᠷᠰᠢᠶ᠎ᠠ᠂ ᠠᠵᠤ ᠠᠬᠤᠢᠢᠴᠢᠨ ᠤ ᠡᠩᠨᠡᠭᠡ᠂ ᠠᠵᠢᠯᠴᠢ ᠬᠦᠳᠡᠯᠮᠤᠷᠢᠴᠢ ᠪᠠᠶᠠᠵᠢᠯ ᠤᠨ ᠭᠦᠳᠦᠯᠦᠭᠴᠢ ᠶᠢ ᠳᠡᠮᠵᠢᠭᠦ ᠬᠦᠴᠦᠯᠡᠴᠡ ᠪᠠᠨ ᠦᠷᠭᠡᠳᠭᠡᠵᠤ᠂ ᠤᠳᠤᠬᠠᠨ ᠤ ᠪᠠᠶᠢᠭ᠎ᠠ ᠳᠠᠭᠠᠭᠤᠯᠤᠭᠴᠢ ᠠᠵᠤ ᠠᠬᠤᠢᠢᠯᠠᠯ ᠢ ᠳᠤᠰᠠᠯᠠᠨ ᠦᠷ᠎ᠠ ᠠᠰᠢᠭ ᠢ ᠨᠢ ᠳᠡᠭᠡᠭᠰᠢᠯᠡᠭᠦᠯᠦᠨ᠎ᠡ᠃ ᠲᠦᠷᠦᠯ ᠳᠡᠮᠳᠡᠭ ᠤᠨ ᠪᠠᠶᠢᠯᠳᠤᠬᠤ ᠪᠤᠳᠤᠯᠭ᠎ᠠ ᠪᠠ ᠶᠠᠰᠤ ᠴᠢᠨᠠᠷ ᠢᠶᠠᠷ ᠰᠢᠶᠠᠨ ᠢᠶᠠᠨ ᠬᠦᠴᠦᠷᠭᠡᠭᠵᠢᠭᠦᠯᠬᠦ ᠢᠨᠵᠧᠨᠧᠷᠢᠩ ᠢ ᠬᠡᠷᠡᠭᠵᠢᠭᠦᠯᠵᠤ᠂ ︽ᠬᠤᠤᠷᠳᠠᠯ ᠦᠭᠡᠢ ᠳᠠᠷᠢᠶᠠᠯᠠᠩ ᠤᠨ ᠪᠦᠳᠦᠭᠡᠭᠳᠡᠭᠦᠨ ᠪᠤᠬᠢᠷᠳᠦᠯ ᠦᠭᠡᠢ ᠢᠳᠡᠭᠡᠨ ᠤᠷᠭᠠᠨᠢᠭ ᠢᠳᠡᠭᠡᠨ ᠪᠠ ᠨᠢᠭᠡ ᠪᠠᠷᠢᠮᠵᠢᠶ᠎ᠠ︾ ᠶᠢᠨ ᠬᠡᠷᠡᠴᠢᠯᠡᠯᠳᠡ ᠶᠢᠨ ᠪᠦᠳᠦᠭᠡᠭᠳᠡᠭᠦᠨ ᠢ 5 ᠨᠡᠮᠡᠭᠳᠡᠭᠦᠯᠦᠨ᠎ᠡ᠃    ᠳᠠᠭᠠᠭᠤᠯᠬᠤ ᠤᠳᠤᠷᠢᠳᠤᠯᠭ᠎ᠠ᠄ ᠼᠠᠢ ᠵᠢᠶᠧ ᠯᠢᠦ ᠱᠢ ᠮᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠳᠠᠷᠢᠶᠠᠯᠠᠩ ᠮᠠᠯ ᠠᠵᠤ ᠠᠬᠤᠢ ᠶᠢᠨ ᠳᠤᠪᠴᠢᠶ᠎ᠠ᠂ ᠤᠰᠤᠨ ᠤ ᠶᠠᠪᠤᠳᠠᠯ ᠤᠨ ᠳᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠳᠤᠪᠴᠢᠶ᠎ᠠ᠂ ᠡᠯ᠎ᠠ ᠪᠠᠯᠭᠠᠰᠤ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ    — ᠤᠷᠤᠰᠢᠨ ᠰᠠᠭᠤᠷᠢᠰᠢᠬᠤ ᠳᠤ ᠳᠤᠬᠢᠷᠠᠮᠵᠢᠳᠠᠢ ᠬᠦᠳᠡᠭᠡ ᠳᠤᠰᠬᠤᠨ ᠢ ᠪᠦᠳᠦᠭᠡᠨ ᠪᠠᠶᠢᠭᠤᠯᠤᠨ᠎ᠠ᠃ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠦᠰᠦᠯ ᠢ ᠳᠤᠭᠳᠠᠭᠠᠨ᠎ᠠ᠃ ᠬᠦᠳᠡᠭᠡ ᠳᠤᠰᠬᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠡᠬᠢᠯᠡᠭᠦᠯᠵᠤ᠂ ᠬᠦᠳᠡᠭᠡ ᠳᠤᠰᠬᠤᠨ ᠤ ᠤᠷᠴᠢᠨ ᠳᠤᠭᠤᠷᠢᠨ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠤᠷᠳᠤ ᠬᠤᠭᠤᠴᠠᠭᠠᠨ ᠤ ᠬᠠᠮᠢᠶᠠᠷᠤᠯᠳᠠ ᠶᠢᠨ ᠳᠤᠭᠳᠠᠴᠠ ᠶᠢ ᠦᠷᠭᠦᠯᠵᠢᠯᠡᠨ ᠳᠡᠭᠦᠯᠳᠡᠷᠵᠢᠭᠦᠯᠦᠨ᠎ᠡ᠃ ᠤᠨᠴᠠᠯᠢᠭᠳᠤ ᠵᠢᠵᠢᠭ ᠪᠠᠯᠭᠠᠰᠤ ᠪᠤᠯᠤᠨ ᠵᠢᠱᠢᠶ᠎ᠠ ᠦᠵᠡᠭᠦᠯᠬᠦ ᠳᠤᠰᠬᠤᠨ ᠤ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠸᠠᠨ ᠱᠧᠩ ᠬᠤᠤ ᠳᠠᠷᠢᠶᠠᠯᠠᠩ ᠤᠨ ᠤᠨᠴᠠᠯᠢᠭᠳᠤ ᠵᠢᠵᠢᠭ ᠪᠠᠯᠭᠠᠰᠤ ᠶᠢ ᠪᠡᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠵᠤ᠂ ᠦᠪᠡᠷᠳᠡᠭᠡᠨ ᠵᠠᠰᠠᠬᠤ ᠤᠷᠤᠨ ᠤ ᠨᠢᠭᠡ ᠪᠦᠯᠦᠭ ᠬᠦᠳᠡᠭᠡ ᠳᠤᠰᠬᠤᠨ ᠤ ᠵᠢᠱᠢᠶ᠎ᠠ ᠦᠵᠡᠭᠦᠯᠬᠦ ᠳᠤᠰᠬᠤᠨ ᠢ ᠴᠢᠷᠮᠠᠶᠢᠨ ᠡᠭᠦᠳᠦᠨ ᠪᠠᠶᠢᠭᠤᠯᠤᠨ᠎ᠠ᠃ ︽ᠲᠦᠷᠪᠠᠨ ᠰᠠᠶᠢᠨᠳᠠᠢ ᠬᠦᠳᠡᠭᠡ ᠳᠤᠰᠬᠤᠨ ᠤ ᠵᠠᠮ︾ ᠤᠨ ᠪᠦᠬᠦ ᠤᠯᠤᠰ ᠤᠨ ᠵᠢᠱᠢᠶ᠎ᠠ ᠦᠵᠡᠭᠦᠯᠬᠦ ᠰᠢᠶᠠᠨ ᠢ ᠡᠭᠦᠳᠦᠨ ᠪᠠᠶᠢᠭᠤᠯᠵᠤ᠂ ᠭᠤᠤᠯ ᠤᠨ ᠠᠷᠠᠯ ᠠᠶᠤᠯᠳᠠᠢ ᠬᠦᠭᠦᠷᠭᠡ ᠶᠢ ᠦᠭᠡᠷᠡᠴᠢᠯᠡᠨ ᠵᠠᠰᠠᠬᠤ ᠪᠠ ᠬᠦᠳᠡᠭᠡ ᠳᠤᠰᠬᠤᠨ ᠤ ᠵᠠᠮ ᠤᠨ ᠠᠮᠤᠷ ᠲᠦᠪᠰᠢᠨ ᠠᠮᠢ ᠨᠠᠰᠤᠨ ᠤ ᠢᠨᠵᠧᠨᠧᠷᠢᠩ ᠢ ᠬᠡᠷᠡᠭᠵᠢᠭᠦᠯᠦᠨ᠎ᠡ᠃    ᠳᠠᠭᠠᠭᠤᠯᠬᠤ ᠤᠳᠤᠷᠢᠳᠤᠯᠭ᠎ᠠ᠄ ᠯᠢᠦ ᠱᠢ ᠮᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠮᠠᠯ ᠠᠵᠤ ᠠᠬᠤᠢ ᠳᠠᠷᠢᠶᠠᠯᠠᠩ ᠮᠠᠯᠵᠢᠬᠤ ᠳᠠᠷᠢᠶᠠᠯᠠᠬᠤ ᠤᠷᠤᠨ ᠮᠠᠯᠴᠢᠨ ᠳᠠᠷᠢᠶᠠᠴᠢᠨ ᠤ ᠠᠵᠢᠯ ᠤᠨ ᠬᠡᠯᠳᠡᠰ᠂ ᠮᠠᠯ ᠠᠵᠤ ᠠᠬᠤᠢ ᠳᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤᠭᠤᠷᠢᠭ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠳᠤᠪᠴᠢᠶ᠎ᠠ᠂ ᠡᠯ᠎ᠠ ᠪᠠᠯᠭᠠᠰᠤ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ    ︵ᠭᠤᠷᠪᠠ︶ ᠪᠦᠳᠦᠭᠡᠨ ᠪᠠᠶᠢᠭᠤᠯᠬᠤ ᠪᠠ ᠬᠠᠮᠢᠶᠠᠷᠤᠯᠳᠠ ᠬᠢᠭᠦ ᠶᠢ ᠬᠠᠮᠳᠤ ᠳᠤᠨᠢ ᠬᠦᠨᠳᠦᠳᠭᠡᠭᠦ ᠶᠢ ᠪᠠᠷᠢᠮᠳᠠᠯᠠᠵᠤ᠂ ᠪᠤᠬᠢᠷᠳᠦᠯ ᠦᠭᠡᠢ ᠦᠵᠡᠰᠭᠦᠯᠡᠩᠳᠤ ᠰᠠᠶᠢᠬᠠᠨ ᠰᠢᠨ᠎ᠠ ᠬᠦᠶᠠᠩ ᠢ ᠬᠦᠴᠦᠯᠡᠨ ᠪᠦᠳᠦᠭᠡᠨ ᠪᠠᠶᠢᠭᠤᠯᠤᠨ᠎ᠠ    6. ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠶᠡᠭᠡᠪᠡᠷ ᠠᠬᠢᠭᠤᠯᠤᠨ᠎ᠠ᠃    ᠰᠢᠨ᠎ᠠ ᠨᠢᠭᠡ ᠡᠭᠡᠯᠵᠢ ᠶᠢᠨ ᠳᠠᠷᠢᠶᠠᠯᠠᠬᠤ ᠪᠠᠨ ᠵᠤᠭᠰᠤᠵᠤ ᠤᠢ ᠮᠤᠳᠤ ᠶᠢ ᠰᠡᠷᠭᠦᠭᠡᠭᠦ᠂ ᠪᠠᠶᠢᠭᠠᠯᠢᠯᠢᠭ ᠤᠢ ᠮᠤᠳᠤ ᠶᠢ ᠬᠠᠮᠠᠭᠠᠯᠠᠬᠤ᠂ ᠪᠡᠭᠡᠵᠢᠩ ᠳᠢᠶᠠᠨᠵᠢᠨ ᠤ ᠰᠠᠯᠬᠢ ᠡᠯᠡᠰᠤᠨ ᠤ ᠡᠬᠢ ᠶᠢ ᠵᠠᠰᠠᠬᠤ ᠵᠡᠷᠭᠡ 35 ᠲᠦᠮᠡᠨ ᠮᠦ ᠭᠤᠤᠯᠳᠠᠯᠭ᠎ᠠ ᠲᠠᠢ ᠤᠢ ᠰᠢᠭᠤᠢ ᠶᠢᠨ ᠦᠢᠯᠡᠰ ᠤᠨ ᠢᠨᠵᠧᠨᠧᠷᠢᠩ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ 5000 ᠮᠦ ᠭᠤᠤᠯᠳᠠᠯᠭ᠎ᠠ ᠲᠠᠢ ᠤᠷᠤᠨ ᠪᠦᠰᠡ ᠶᠢᠨ ᠨᠤᠭᠤᠭᠠᠷᠠᠭᠤᠯᠤᠯᠳᠠ ᠶᠢ ᠬᠡᠷᠡᠭᠵᠢᠭᠦᠯᠦᠨ᠎ᠡ᠃ ᠤᠯᠠᠨ ᠲᠦᠮᠡᠨ ᠢ ᠳᠠᠶᠢᠴᠢᠯᠠᠬᠤ ᠶᠢ ᠬᠦᠳᠦᠯᠦᠨ ᠵᠢᠯᠤᠭᠤᠳᠴᠦ᠂ ᠭᠠᠵᠠᠷ ᠤᠷᠤᠨ ᠳᠤᠨᠢ ᠵᠤᠬᠢᠴᠠᠬᠤ ᠠᠵᠤ ᠠᠬᠤᠢ ᠶᠢᠨ ᠤᠢ ᠮᠤᠳᠤ ᠶᠢ ᠳᠡᠯᠭᠡᠷᠡᠭᠦᠯᠦᠨ᠎ᠡ᠃ ᠤᠢ ᠮᠤᠳᠤᠨ ᠳᠤᠳᠤᠷᠠᠬᠢ ᠠᠵᠤ ᠠᠬᠤᠢ ᠶᠢ ᠬᠦᠭᠵᠢᠭᠦᠯᠵᠤ᠂ ᠠᠵᠤ ᠠᠬᠤᠢ ᠶᠢᠨ ᠤᠢ ᠮᠤᠳᠤᠨ ᠤ ᠵᠢᠱᠢᠶ᠎ᠠ ᠦᠵᠡᠭᠦᠯᠬᠦ ᠰᠠᠭᠤᠷᠢᠨ ᠢ 2 ᠪᠠᠶᠢᠭᠤᠯᠵᠤ᠂ ᠠᠮᠢ ᠠᠬᠤᠢ ᠶᠢᠨ ᠦᠷ᠎ᠠ ᠠᠰᠢᠭ ᠬᠢᠭᠡᠳ ᠠᠵᠤ ᠠᠬᠤᠢ ᠶᠢᠨ ᠦᠷ᠎ᠠ ᠠᠰᠢᠭ ᠬᠤᠶᠠᠷ ᠡᠯᠪᠡᠭ ᠬᠤᠷᠢᠶᠠᠯᠳᠠ ᠤᠯᠬᠤ ᠶᠢ ᠪᠡᠶᠡᠯᠡᠭᠦᠯᠤᠨ᠎ᠡ᠃ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠤᠨ ᠤᠢᠢᠳᠤ ᠭᠠᠵᠠᠷ ᠲᠤ ᠬᠠᠮᠤᠭ ᠴᠢᠩᠭ᠎ᠠ ᠪᠢᠳᠡᠭᠦᠮᠵᠢᠯᠡᠨ ᠪᠡᠯᠴᠢᠭᠡᠷᠯᠡᠭᠦᠯᠬᠦ ᠶᠢ ᠵᠤᠭᠰᠤᠭᠠᠬᠤ ᠶᠢ ᠬᠡᠷᠡᠭᠵᠢᠭᠦᠯᠵᠤ᠂ ᠤᠢ ᠮᠤᠳᠤ ᠶᠢ ᠡᠪᠳᠡᠭᠦ ᠠᠵᠢᠯᠯᠭ᠎ᠠ ᠳᠤ ᠡᠷᠡᠰ ᠴᠢᠩᠭ᠎ᠠ ᠴᠤᠬᠢᠯᠳᠠ ᠦᠭᠴᠦ᠂ ᠴᠢᠬᠢ ᠮᠤᠳᠤᠨ ᠤ ᠡᠳᠡᠭᠡᠷᠡᠯᠳᠡ ᠶᠢᠨ ᠨᠤᠷᠮ᠎ᠠ᠂ ᠬᠠᠳᠠᠭᠠᠯᠠᠯᠳᠠ ᠶᠢᠨ ᠨᠤᠷᠮ᠎ᠠ ᠶᠢ ᠪᠠᠳᠤᠯᠠᠨ᠎ᠠ᠃    ᠳᠠᠭᠠᠭᠤᠯᠬᠤ ᠤᠳᠤᠷᠢᠳᠤᠯᠭ᠎ᠠ᠄ ᠯᠢᠦ ᠱᠢ ᠮᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠤᠢ ᠰᠢᠭᠤᠢ ᠶᠢᠨ ᠳᠤᠪᠴᠢᠶ᠎ᠠ᠂ ᠡᠯ᠎ᠠ ᠪᠠᠯᠭᠠᠰᠤ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ    7. ᠠᠮᠤᠢ ᠠᠬᠤᠢ ᠶᠢᠨ ᠤᠷᠴᠢᠨ ᠳᠤᠭᠤᠷᠢᠨ ᠤ ᠵᠠᠰᠠᠯᠳᠠ ᠪᠠᠨ ᠦᠷᠭᠦᠯᠵᠢᠯᠡᠨ ᠴᠢᠩᠭᠠᠳᠬᠠᠨ᠎ᠠ    ᠠᠭᠤᠷᠬᠠᠢ ᠶᠢᠨ ᠭᠠᠵᠠᠷ ᠤᠷᠤᠨ ᠤ ᠭᠠᠵᠠᠷ ᠰᠢᠨᠵᠢᠯᠡᠭᠡᠨ ᠤ ᠤᠷᠴᠢᠨ ᠳᠤᠭᠤᠷᠢᠨ ᠤ ᠵᠠᠰᠠᠯᠳᠠ ᠪᠤᠯᠤᠨ ᠭᠤᠤᠯ ᠤᠨ ᠠᠷᠠᠯ ᠤᠨ ᠵᠠᠰᠠᠯᠳᠠ ᠶᠢᠨ ᠢᠨᠵᠧᠨᠧᠷᠢᠩ ᠢᠶᠠᠷ ᠭᠤᠤᠯᠳᠠᠯᠭ᠎ᠠ ᠪᠤᠯᠭᠠᠨ᠂ ᠦᠩᠭᠡᠴᠢ ᠠᠭᠤᠷᠬᠠᠢ ᠶᠢᠨ ᠤᠷᠤᠨ ᠢ ᠳᠤᠬᠢᠷᠠᠭᠤᠯᠤᠨ ᠰᠢᠯᠵᠢᠭᠦᠯᠦᠨ ᠲᠦᠷᠢᠶᠡᠰᠦᠯᠡᠭᠦᠯᠦᠨ᠎ᠠ᠃ ᠬᠠᠶᠢᠷ ᠴᠢᠯᠠᠭᠤ ᠮᠠᠯᠳᠠᠬᠤ ᠠᠵᠢᠯᠯᠠᠭ᠎ᠠ ᠶᠢ ᠴᠡᠪᠡᠷᠯᠡᠨ ᠲᠦᠷᠢᠮᠵᠢᠭᠦᠯᠵᠤ᠂ ᠬᠤᠪᠢ ᠪᠠᠷ ᠢᠶᠠᠨ ᠮᠠᠯᠳᠠᠬᠤ ᠬᠤᠯᠠᠭᠠᠢᠢᠯᠠᠨ ᠮᠠᠯᠳᠠᠬᠤ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠡᠷᠡᠰ ᠴᠤᠬᠢᠯᠳᠠ ᠦᠭᠭᠦᠨ ᠴᠢᠩᠭ᠎ᠠ ᠳᠠᠷᠤᠯᠳᠠ ᠦᠭᠴᠦ᠂ ᠠᠮᠢ ᠠᠬᠤᠢ ᠶᠢᠨ ᠤᠷᠴᠢᠨ ᠳᠤᠭᠤᠷᠢᠨ ᠢ ᠡᠪᠳᠡᠭᠦ ᠠᠵᠢᠯᠯᠠᠭ᠎ᠠ ᠶᠢ ᠡᠷᠡᠰ ᠳᠡᠪᠴᠢᠨ᠎ᠠ᠃ ᠭᠤᠤᠯᠳᠠᠭᠤ ᠪᠤᠬᠢᠷ ᠡᠳ᠋ ᠭᠠᠳᠠᠭᠰᠢᠯᠠᠭᠤᠯᠬᠤ ᠶᠢ ᠪᠠᠭᠠᠰᠬᠠᠵᠤ᠂ ᠨᠡᠷᠡᠭᠦᠰᠤᠨ ᠤ ᠬᠡᠷᠡᠭᠯᠡᠭᠡᠨ ᠤ ᠶᠡᠷᠦᠩᠬᠡᠢ ᠬᠡᠮᠵᠢᠶ᠎ᠠ ᠶᠢ ᠴᠢᠩᠭ᠎ᠠ ᠡᠵᠡᠮᠰᠢᠨᠤ᠂ ᠨᠡᠭᠦᠷᠡᠰᠤ ᠰᠢᠳᠠᠭᠠᠬᠤ ᠪᠠᠭ᠎ᠠ ᠬᠦᠧᠧᠯᠦ ᠶᠢ ᠨᠤᠷᠠᠭᠠᠬᠤ ᠡᠭᠦᠷᠭᠡ ᠶᠢ ᠪᠡᠶᠡᠯᠡᠭᠦᠯᠦᠨ᠎ᠡ᠃ ᠬᠠᠮᠤᠭ ᠤᠨ ᠴᠢᠩᠭ᠎ᠠ ᠭᠠᠵᠠᠷ ᠳᠤᠤᠷᠠᠬᠢ ᠤᠰᠤ ᠶᠢ ᠨᠡᠭᠡᠭᠡᠨ ᠮᠠᠯᠳᠠᠬᠤ ᠲᠦᠷᠢᠮ ᠢ ᠬᠡᠷᠡᠭᠵᠢᠭᠦᠯᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠠᠮᠢ ᠠᠬᠤᠢ ᠶᠢ ᠰᠡᠷᠭᠦᠭᠡᠭᠦ ᠪᠠᠳᠤᠯᠠᠭ᠎ᠠ ᠶᠢᠨ ᠮᠦᠩᠭᠦᠨ ᠤ ᠲᠦᠷᠢᠮ ᠢ ᠬᠠᠶᠢᠨ ᠰᠦᠪᠡᠭᠴᠢᠯᠡᠨ ᠪᠠᠶᠢᠭᠤᠯᠤᠨ᠎ᠠ᠃    ᠳᠠᠭᠠᠭᠤᠯᠬᠤ ᠤᠳᠤᠷᠢᠳᠤᠯᠭ᠎ᠠ᠄ ᠸᠠᠩ ᠢᠤᠢ ᠮᠢᠩ ᠯᠢ ᠴᠦ᠋ ᠯᠢᠦ ᠵᠢᠶᠠᠨ ᠴᠢᠩ ᠯᠢᠦ ᠱᠢ ᠮᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠳᠤᠪᠴᠢᠶ᠎ᠠ᠂ ᠤᠰᠤᠨ ᠤ ᠶᠠᠪᠤᠳᠠᠯ ᠤᠨ ᠳᠤᠪᠴᠢᠶ᠎ᠠ᠂ ᠠᠵᠤ ᠠᠬᠤᠢ ᠪᠠ ᠮᠡᠳᠡᠭᠡ ᠵᠠᠩᠬᠢᠵᠢᠯᠳᠠ ᠶᠢᠨ ᠳᠤᠪᠴᠢᠶ᠎ᠠ᠂ ᠤᠷᠴᠢᠨ ᠳᠤᠭᠤᠷᠢᠨ ᠤ ᠬᠠᠮᠠᠭᠠᠯᠠᠯᠳᠠ ᠶᠢᠨ ᠳᠤᠪᠴᠢᠶ᠎ᠠ᠂ ᠤᠢ ᠰᠢᠭᠤᠢ ᠶᠢᠨ ᠳᠤᠪᠴᠢᠶ᠎ᠠ᠂ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠳᠤᠪᠴᠢᠶ᠎ᠠ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠳᠤᠪᠴᠢᠶ᠎ᠠ᠂ ᠡᠳ᠋ ᠤᠨ ᠵᠠᠰᠠᠭ ᠤᠨ ᠳᠤᠪᠴᠢᠶ᠎ᠠ᠂ ᠡᠯ᠎ᠠ ᠪᠠᠯᠭᠠᠰᠤ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ    ︵ᠲᠦᠷᠪᠡ︶ ᠤᠨᠢᠨ ᠳᠡᠭᠡᠷ᠎ᠠ ᠨᠢ ᠦᠷᠭᠦᠯᠵᠢᠯᠡᠨ ᠬᠦᠴᠦᠯᠡᠵᠤ᠂ ᠵᠤᠯ ᠵᠢᠷᠭᠠᠯᠳᠤ ᠡᠶ᠎ᠡ ᠵᠤᠬᠢᠴᠠᠩᠭᠤᠢ ᠰᠢᠨ᠎ᠠ ᠬᠦᠶᠠᠩ ᠢ ᠬᠦᠴᠦᠯᠡᠨ ᠪᠦᠳᠦᠭᠡᠨ ᠪᠠᠶᠢᠭᠤᠯᠤᠨ᠎ᠠ    8. ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠦᠴᠦᠯᠡᠴᠡ ᠪᠠᠨ ᠪᠠᠭᠤᠷᠠᠭᠤᠯᠬᠤ ᠦᠭᠡᠢ ᠪᠠᠶᠢᠬᠤ ᠶᠢ ᠪᠠᠷᠢᠮᠳᠠᠯᠠᠨ᠎ᠠ    ᠶᠠᠳᠠᠭᠤ ᠬᠦᠴᠢᠷᠳᠡᠯᠳᠠᠢ ᠬᠦᠮᠦᠨ ᠠᠮᠠ ᠶᠢ ᠬᠦᠳᠡᠯᠦᠩᠭᠦᠢ ᠳᠤᠬᠢᠷᠠᠭᠤᠯᠬᠤ ᠶᠢ ᠰᠠᠶᠢᠳᠤᠷ ᠬᠢᠵᠤ᠂ ︽ᠬᠦᠪᠡᠭᠡ ᠵᠠᠭᠠᠭ ᠤᠨ ᠬᠦᠮᠦᠨ︾ ᠤ ᠳᠠᠬᠢᠨᠳᠠ ᠶᠠᠳᠠᠭᠤᠷᠠᠬᠤ ᠠᠰᠠᠭᠤᠳᠠᠯ ᠢ ᠠᠩᠬᠠᠷᠤᠨ᠎ᠠ᠃ ᠶᠠᠳᠠᠭᠤ ᠶᠢ ᠳᠡᠳᠭᠦᠨ ᠨᠡᠭᠡᠭᠡᠨ ᠬᠦᠭᠵᠢᠭᠦᠯᠬᠦ ᠠᠵᠤ ᠦᠢᠯᠡᠰ ᠤᠨ ᠱᠠᠩᠨᠠᠯ ᠨᠦᠭᠦᠪᠦᠷᠢ ᠶᠢᠨ ᠲᠦᠷᠦ ᠶᠢᠨ ᠪᠤᠳᠤᠯᠭ᠎ᠠ ᠶᠢ ᠳᠡᠭᠦᠯᠳᠡᠷᠵᠢᠭᠦᠯᠵᠤ᠂ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠰᠡᠳᠬᠢᠴᠡ ᠶᠢ ᠳᠤᠭᠳᠠᠪᠤᠷᠢᠵᠢᠭᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠲᠦᠷᠦ ᠶᠢᠨ ᠪᠤᠳᠤᠯᠭ᠎ᠠ ᠶᠢ ᠳᠡᠯᠭᠡᠷᠡᠭᠦᠯᠦᠨ ᠤᠬᠠᠭᠤᠯᠵᠤ᠂ ᠶᠠᠳᠠᠭᠤ ᠬᠦᠴᠢᠷᠳᠡᠯᠳᠡᠢ ᠡᠷᠦᠭᠡ ᠶᠢᠨ ᠳᠤᠳᠤᠭᠠᠳᠤ ᠠᠮᠢᠵᠢᠷᠠᠯ ᠤᠨ ᠬᠦᠴᠦᠨ ᠢ ᠬᠦᠭᠵᠢᠭᠡᠵᠤ᠂ ᠰᠠᠶᠢᠨ ᠰᠠᠶᠢᠬᠠᠨ ᠤᠷᠴᠢᠯ ᠢ ᠪᠦᠷᠢᠯᠳᠦᠭᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠦᠴᠦᠯᠡᠴᠡ ᠶᠢ ᠪᠠᠭᠤᠷᠠᠭᠤᠯᠬᠤ ᠦᠭᠡᠢ ᠶᠢ ᠪᠠᠷᠢᠮᠳᠠᠯᠠᠨ᠂ ᠡᠯ᠎ᠠ ᠲᠦᠷᠦᠯ ᠤᠨ ᠶᠠᠳᠠᠭᠤ ᠶᠢ ᠳᠡᠳᠭᠦᠭᠦ ᠲᠦᠷᠦ ᠶᠢᠨ ᠪᠤᠳᠤᠯᠭ᠎ᠠ ᠶᠢ ᠢᠳᠡᠪᠬᠢᠳᠠᠢ ᠬᠦᠢᠴᠡᠳᠭᠡᠨ᠎ᠡ᠃ ᠢᠳᠡᠪᠬᠢ ᠬᠦᠴᠦᠨ ᠤ ᠵᠤᠷᠢᠬᠵᠢᠭᠤᠯᠤᠯ ᠤᠨ ᠳᠤᠭᠳᠠᠴᠠ ᠶᠢ ᠬᠠᠶᠢᠨ ᠰᠦᠪᠡᠭᠴᠢᠯᠡᠨ ᠪᠠᠶᠢᠭᠤᠯᠤᠨ᠎ᠠ᠃ ᠮᠦᠩᠭᠦᠨ ᠬᠦᠢᠯᠭᠡᠭᠡᠨ ᠤ ᠪᠠᠶᠢᠭᠤᠯᠤᠮᠵᠢ ᠪᠠᠷ ᠶᠠᠳᠠᠭᠤ ᠠᠴᠠ ᠠᠩᠬᠢᠵᠢᠷᠠᠭᠤᠯᠬᠤ ᠳᠤ ᠳᠤᠰᠠᠯᠠᠵᠤ᠂ ᠮᠦᠩᠭᠦᠨ ᠬᠦᠢᠯᠭᠡᠭᠡᠨ ᠢᠶᠠᠷ ᠶᠠᠳᠠᠭᠤ ᠶᠢ ᠳᠡᠳᠭᠦᠭᠦ ᠪᠦᠷᠭᠦᠴᠡ ᠶᠢ ᠦᠷᠭᠡᠳᠭᠡᠨ᠎ᠡ᠃    ᠳᠠᠭᠠᠭᠤᠯᠬᠤ ᠤᠳᠤᠷᠢᠳᠤᠯᠭ᠎ᠠ᠄ ᠯᠢᠦ ᠱᠢ ᠮᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠶᠠᠳᠠᠭᠤ ᠶᠢ ᠳᠡᠳᠭᠦᠨ ᠨᠡᠭᠡᠭᠡᠨ ᠬᠦᠭᠵᠢᠭᠦᠯᠬᠦ ᠠᠯᠪᠠᠨ ᠬᠡᠷ᠂ ᠡᠯ᠎ᠠ ᠪᠠᠯᠭᠠᠰᠤ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ᠂ ᠡᠯ᠎ᠠ ᠮᠦᠩᠭᠦᠨ ᠬᠦᠢᠯᠭᠡᠭᠡᠨ ᠤ ᠪᠠᠶᠢᠭᠤᠯᠤᠮᠵᠢ    9. ᠨᠡᠶᠢᠭᠡᠮ ᠤᠨ ᠦᠢᠯᠡᠰ ᠤᠨ ᠬᠦᠭᠵᠢᠯᠳᠡ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠤᠨ᠎ᠠ    — ᠠᠷᠠᠳ ᠤᠨ ᠠᠮᠢᠳᠤᠷᠠᠯ ᠤᠨ ᠪᠠᠳᠤᠯᠠᠪᠤᠷᠢ ᠶᠢᠨ ᠰᠠᠭᠤᠷᠢ ᠢᠨᠵᠧᠨᠧᠷᠢᠩ ᠢ ᠬᠡᠷᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠢ ᠪᠠᠳᠤᠯᠠᠬᠤ ᠶᠢ ᠴᠢᠩᠭᠠᠳᠬᠠᠵᠤ᠂ ᠤᠰᠤᠨ ᠤ ᠴᠢᠨᠠᠷ ᠢ ᠪᠦᠬᠦ ᠳᠠᠯ᠎ᠠ ᠪᠠᠷ ᠳᠡᠭᠡᠭᠰᠢᠯᠡᠭᠦᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠨ᠎ᠠ︔ ᠷᠠᠳᠢᠣ᠋ ᠲᠧᠯᠧᠢᠰ ᠤᠨ ᠭᠠᠵᠠᠷ ᠤᠨ ᠭᠠᠳᠠᠷᠭᠤ ᠳᠤ ᠬᠦᠯᠢᠶᠡᠨ ᠠᠪᠬᠤ ᠰᠠᠭᠤᠷᠢ ᠦᠷᠳᠡᠭᠡ ᠶᠢᠨ ᠪᠦᠳᠦᠭᠡᠨ ᠪᠠᠶᠢᠭᠤᠯᠤᠯᠳᠠ ᠶᠢ ᠬᠡᠷᠡᠭᠵᠢᠭᠦᠯᠵᠤ᠂ ᠬᠤᠳᠠ ᠰᠢᠶᠠᠨ ᠤ ᠲᠦᠷᠦ ᠶᠢᠨ ᠪᠤᠳᠤᠯᠭ᠎ᠠ ᠶᠢᠨ ᠤᠬᠠᠭᠤᠯᠤᠨ ᠳᠠᠶᠢᠯᠪᠤᠷᠢᠯᠠᠬᠤ ᠶᠢ ᠨᠠᠶᠢᠳᠠᠪᠤᠷᠢᠵᠢᠭᠤᠯᠬᠤ ᠶᠢ ᠪᠠᠳᠤᠯᠠᠨ᠎ᠠ︔ ᠬᠦᠳᠡᠭᠡ ᠳᠤᠰᠬᠤᠨ ᠤ ᠡᠮ ᠡᠮᠨᠡᠯᠭᠡ ᠶᠢ ᠳᠠᠩᠰᠠᠨ ᠠᠴᠠ ᠳᠠᠶᠢᠯᠠᠬᠤ ᠪᠦᠷᠭᠦᠴᠡ ᠶᠢ ᠬᠡᠷᠡᠭᠵᠢᠭᠦᠯᠵᠤ᠂ ᠮᠠᠯᠴᠢᠨ ᠳᠠᠷᠢᠶᠠᠴᠢᠨ ᠤ ᠡᠪᠡᠳᠴᠢᠨ ᠦᠵᠡᠭᠦᠯᠬᠦ ᠳᠤ ᠤᠢᠢᠷᠠᠬᠠᠨ ᠪᠠᠶᠢᠭ᠎ᠠ ᠭᠠᠵᠠᠷ ᠲᠠᠭᠠᠨ ᠰᠢᠭᠤᠳ ᠳᠠᠩᠰᠠᠨ ᠠᠴᠠ ᠳᠠᠶᠢᠯᠠᠬᠤ ᠠᠰᠠᠭᠤᠳᠠᠯ ᠢ ᠰᠢᠢᠳᠪᠦᠷᠢᠯᠡᠨ᠎ᠡ᠃    ᠳᠠᠭᠠᠭᠤᠯᠬᠤ ᠤᠳᠤᠷᠢᠳᠤᠯᠭ᠎ᠠ᠄ ᠸᠠᠩ ᠢᠤᠢ ᠮᠢᠩ ᠼᠠᠢ ᠵᠢᠶᠧ ᠯᠢ ᠴᠦ᠋ ᠯᠢᠦ ᠱᠢ ᠮᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠤᠰᠤᠨ ᠤ ᠶᠠᠪᠤᠳᠠᠯ ᠤᠨ ᠳᠤᠪᠴᠢᠶ᠎ᠠ᠂ ᠰᠤᠶᠤᠯ ᠷᠠᠳᠢᠣ᠋ ᠲᠧᠯᠧᠢᠰ ᠵᠤᠭᠠᠴᠠᠯ ᠤᠨ ᠳᠤᠪᠴᠢᠶ᠎ᠠ᠂ ᠡᠷᠡᠭᠦᠯ ᠬᠠᠮᠠᠭᠠᠯᠠᠯ ᠪᠠ ᠲᠦᠯᠦᠪᠯᠡᠭᠡᠳᠤ ᠦᠷᠡᠵᠢᠯ ᠤᠨ ᠳᠤᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠳᠤᠪᠴᠢᠶ᠎ᠠ᠂ ᠡᠯ᠎ᠠ ᠪᠠᠯᠭᠠᠰᠤ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ    — ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠵᠠᠮᠴᠢ ᠵᠠᠬᠢᠷᠤᠯ︾ ︽ᠭᠠᠷᠮᠠᠭᠠᠢ ᠪᠠᠭᠰᠢ︾ ᠶᠢᠨ ᠪᠤᠯᠪᠠᠰᠤᠷᠠᠯ ᠬᠦᠮᠦᠵᠢᠯ ᠤᠨ ᠲᠦᠯᠦᠪᠯᠡᠭᠡ ᠶᠢ ᠦᠷᠭᠦᠯᠵᠢᠯᠡᠨ ᠬᠡᠷᠡᠭᠵᠢᠭᠦᠯᠵᠤ᠂ ᠬᠤᠳᠠ ᠳᠤᠭᠤᠷᠢᠭ ᠤᠨ ᠨᠡᠷᠡᠳᠦ ᠰᠤᠷᠭᠠᠭᠤᠯᠢ ᠲᠠᠢ ᠠᠵᠢᠯ ᠲᠦᠷᠦᠯ ᠢᠶᠠᠷ ᠶᠠᠳᠠᠭᠤ ᠶᠢ ᠳᠡᠳᠭᠦᠨ ᠬᠠᠮᠳᠤᠪᠡᠷ ᠪᠦᠳᠦᠭᠡᠨ ᠪᠠᠶᠢᠭᠤᠯᠬᠤ ᠶᠢ ᠬᠦᠨᠵᠡᠭᠡᠶᠢᠷᠡᠭᠦᠯᠵᠤ᠂ ᠪᠠᠭᠰᠢ ᠶᠢᠨ ᠪᠤᠯᠪᠠᠰᠤᠷᠠᠯ ᠬᠦᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠠᠭᠰᠢ ᠨᠦᠭᠦᠪᠦᠷᠢᠯᠡᠭᠦ ᠤᠷᠳᠤ ᠬᠤᠭᠤᠴᠠᠭᠠᠨ ᠤ ᠳᠤᠭᠳᠠᠴᠠ ᠶᠢ ᠪᠠᠶᠢᠭᠤᠯᠵᠤ᠂ ᠪᠦᠳᠦᠴᠡ ᠶᠢᠨ ᠴᠢᠨᠠᠷᠳᠠᠢ ᠳᠤᠳᠠᠭᠳᠠᠬᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠵᠤ᠂ ᠬᠡᠦᠭᠡᠳ ᠤᠨ ᠴᠡᠴᠡᠷᠯᠢᠭ ᠢ ᠠᠯᠪᠠᠨ ᠠᠴᠠ ᠪᠠᠶᠢᠭᠤᠯᠬᠤ ᠠᠷᠠᠳ ᠠᠴᠠ ᠡᠵᠡᠩᠨᠡᠭᠦ ᠡᠵᠡᠩᠨᠡᠯᠳᠡ ᠶᠢᠨ ᠵᠠᠭᠪᠤᠷ ᠢ ᠡᠬᠢᠯᠡᠭᠦᠯᠦᠨ᠎ᠡ᠃    ᠳᠠᠭᠠᠭᠤᠯᠬᠤ ᠤᠳᠤᠷᠢᠳᠤᠯᠭ᠎ᠠ᠄ ᠼᠠᠢ ᠵᠢᠶᠧ    ᠬᠠᠷᠢᠭᠤᠴᠠᠯᠭᠠᠳᠤ ᠰᠠᠯᠠᠭ᠎ᠠ ᠮᠦᠴᠢᠷ᠄ ᠰᠤᠷᠭᠠᠨ ᠬᠦᠮᠦᠵᠢᠯ ᠤᠨ ᠳᠤᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠳᠤᠪᠴᠢᠶ᠎ᠠ    — ᠡᠮ ᠡᠮᠨᠯᠡᠭᠡ ᠡᠷᠡᠭᠦᠯ ᠬᠠᠮᠠᠭᠠᠯᠠᠯ ᠤᠨ ᠲᠦᠪᠰᠢᠨ ᠢ ᠳᠡᠭᠡᠭᠰᠢᠯᠡᠭᠦᠯᠦᠨ᠎ᠡ᠃ ᠨᠡᠷᠡᠳᠤ ᠳᠤᠰᠬᠠᠢ ᠮᠡᠷᠭᠡᠵᠢᠯᠳᠡᠨ ᠢ ᠤᠷᠢᠨ ᠳᠤᠭᠤᠷᠢᠨ ᠡᠮᠨᠡᠭᠦ ᠬᠢᠴᠢᠶᠠᠯ ᠳᠠᠶᠢᠯᠤᠮᠵᠢ ᠬᠢᠭᠦ ᠪᠠ ᠵᠢᠱᠢᠶ᠎ᠠ ᠦᠵᠡᠭᠦᠯᠦᠨ ᠮᠡᠰᠡ ᠵᠠᠰᠠᠯ ᠬᠢᠯᠭᠡᠨ᠎ᠡ᠃ ᠰᠢᠶᠠᠨ ᠤ ᠳᠤᠳᠤᠷ᠎ᠠ ᠪᠠᠨ ᠳᠡᠰ ᠬᠤᠪᠢᠶᠠᠨ ᠡᠮᠨᠡᠨ ᠵᠠᠰᠠᠬᠤ ᠪᠠᠶᠢᠩᠭᠤ ᠶᠢᠨ ᠴᠢᠨᠠᠷᠳᠠᠢ ᠡᠪᠡᠳᠴᠢᠨ ᠤ ᠨᠡᠷᠡᠰ ᠢ ᠪᠠᠶᠢᠭᠤᠯᠵᠤ᠂ ᠰᠢᠶᠠᠨ ᠤ ᠳᠤᠳᠤᠷ᠎ᠠ ᠡᠪᠡᠳᠴᠢᠨ ᠦᠵᠡᠭᠦᠯᠬᠦ ᠨᠤᠷᠮ᠎ᠠ ᠶᠢ ᠳᠡᠭᠡᠭᠰᠢᠯᠡᠭᠦᠯᠦᠨ᠎ᠠ᠃ ᠪᠦᠬᠦ ᠰᠠᠯᠠᠭᠠᠨ ᠤ ᠡᠮᠴᠢ ᠲᠠᠢ ᠭᠠᠷ ᠤᠨ ᠦᠰᠦᠭ ᠵᠢᠷᠤᠨ ᠦᠢᠯᠡᠴᠢᠯᠡᠭᠦ ᠶᠢ ᠨᠠᠶᠢᠳᠠᠪᠤᠷᠢᠵᠢᠭᠤᠯᠵᠤ᠂ ᠬᠢᠳᠠᠳ ᠮᠤᠩᠭᠤᠯ ᠡᠮᠨᠡᠯᠭᠡ ᠶᠢᠨ ᠬᠤᠷᠢᠶ᠎ᠠ ᠶᠢ ᠬᠤᠶᠠᠳᠤᠭᠠᠷ ᠳᠡᠰ ᠤᠨ ᠬᠦᠬᠡ ᠳᠡᠰ ᠤᠨ ᠡᠮᠨᠡᠯᠭᠡ ᠶᠢᠨ ᠬᠤᠷᠢᠶ᠎ᠠ ᠪᠤᠯᠭᠠᠬᠤ ᠪᠠᠷ ᠴᠢᠷᠢᠮᠠᠶᠢᠨ᠎ᠠ᠃ ᠦᠪᠡᠷᠳᠡᠭᠡᠨ ᠵᠠᠰᠠᠬᠤ ᠤᠷᠤᠨ ᠤ ᠡᠷᠡᠭᠦᠯᠵᠢᠯ ᠢ ᠠᠬᠢᠭᠤᠯᠬᠤ ᠰᠢᠶᠠᠨ ᠪᠤᠯᠭᠠᠨ ᠡᠭᠦᠳᠤᠨ ᠪᠠᠶᠢᠭᠤᠯᠤᠨ᠎ᠠ᠃    ᠳᠠᠭᠠᠭᠤᠯᠬᠤ ᠤᠳᠤᠷᠢᠳᠤᠯᠭ᠎ᠠ᠄ ᠸᠠᠩ ᠢᠤᠢ ᠮᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠡᠷᠡᠭᠦᠯ ᠬᠠᠮᠠᠭᠠᠯᠠᠯ ᠪᠠ ᠲᠦᠯᠦᠪᠯᠡᠭᠡᠳᠤ ᠦᠷᠡᠵᠢᠯ ᠤᠨ ᠳᠤᠪᠴᠢᠶ᠎ᠠ    — ᠰᠤᠶᠤᠯ ᠤᠨ ᠦᠢᠯᠡᠰ ᠢ ᠪᠠᠳᠠᠷᠠᠨ ᠬᠦᠭᠵᠢᠭᠦᠯᠦᠨ᠎ᠡ᠃ ᠰᠢᠶᠠᠨ ᠤ ᠮᠦᠽᠧᠢ ᠶᠢ ᠨᠡᠭᠡᠭᠡᠨ ᠠᠰᠢᠬᠯᠠᠬᠤ ᠶᠢ ᠪᠠᠶᠡᠯᠡᠭᠦᠯᠦᠨ᠎ᠡ᠃ ᠳᠤᠭᠠᠴᠢᠯᠠᠭᠰᠠᠨ ᠳᠠᠩᠰᠠ ᠡᠪᠬᠡᠮᠡᠯ ᠤᠨ ᠤᠷᠳᠤᠨ ᠤ ᠪᠦᠳᠦᠭᠡᠨ ᠪᠠᠶᠢᠭᠤᠯᠤᠯᠳᠠ ᠶᠢᠨ ᠠᠯᠬᠤᠴᠠ ᠪᠠᠨ ᠲᠦᠷᠭᠡᠳᠭᠡᠨ᠎ᠡ᠃ ᠡᠯᠪᠡᠭ ᠪᠠᠶᠠᠯᠢᠭ ᠤᠯᠠᠨ ᠲᠦᠮᠡᠨᠴᠢ ᠴᠢᠨᠠᠷᠳᠠᠢ ᠰᠤᠶᠤᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃    ᠳᠠᠭᠠᠭᠤᠯᠬᠤ ᠤᠳᠤᠷᠢᠳᠤᠯᠭ᠎ᠠ᠄ ᠼᠠᠢ ᠵᠢᠶᠧ ᠯᠢ ᠴᠦ᠋    ᠬᠠᠷᠢᠭᠤᠴᠠᠯᠭᠠᠳᠤ ᠰᠠᠯᠠᠭ᠎ᠠ ᠮᠦᠴᠢᠷ᠄ ᠰᠤᠶᠤᠯ ᠷᠠᠳᠢᠣ᠋ ᠲᠧᠯᠧᠢᠰ ᠵᠤᠭᠠᠴᠠᠯ ᠤᠨ ᠳᠤᠪᠴᠢᠶ᠎ᠠ᠂ ᠳᠠᠩᠰᠠ ᠡᠪᠬᠡᠮᠡᠯ ᠤᠨ ᠳᠤᠪᠴᠢᠶ᠎ᠠ    — ᠨᠡᠶᠢᠭᠡᠮ ᠤᠨ ᠪᠠᠳᠤᠯᠠᠪᠤᠷᠢ ᠶᠢᠨ ᠴᠢᠳᠠᠪᠤᠷᠢ ᠪᠠᠨ ᠴᠢᠩᠭᠠᠷᠠᠭᠤᠯᠤᠨ᠎ᠠ᠃ ᠪᠦᠬᠦ ᠠᠷᠠᠳ ᠢᠶᠠᠷ ᠢᠶᠠᠨ ᠤᠷᠤᠯᠴᠠᠬᠤ ᠲᠦᠯᠦᠪᠯᠡᠭᠡ ᠶᠢ ᠬᠡᠷᠡᠭᠵᠢᠭᠦᠯᠵᠤ᠂ ᠪᠠᠳᠤᠯᠠᠬᠤ ᠴᠢᠬᠤᠯᠠᠳᠠᠢ ᠪᠤᠯᠭᠠᠨ ᠢ ᠪᠠᠳᠤᠯᠠᠨ᠎ᠠ᠃ ᠬᠦᠴᠢᠷᠳᠡᠯᠳᠠᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠳᠤᠯᠠᠪᠤᠷᠢ ᠶᠢᠨ ᠳᠤᠭᠳᠠᠴᠠ ᠶᠢ ᠪᠦᠷᠢᠨᠰᠢᠭᠦᠯᠦᠨ ᠳᠡᠭᠦᠯᠳᠡᠷᠵᠢᠭᠦᠯᠵᠤ᠂ 12349 ᠨᠠᠰᠤᠵᠢᠯ ᠤᠨ ᠦᠢᠯᠡᠰ ᠤᠨ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠳᠠᠪᠴᠠᠩ ᠢ ᠡᠬᠢᠯᠡᠭᠦᠯᠵᠤ᠂ ᠨᠡᠶᠢᠭᠡᠮ ᠤᠨ ᠬᠦᠴᠦᠨ ᠢ ᠵᠤᠷᠢᠬᠵᠢᠭᠤᠯᠤᠨ ᠨᠠᠰᠤᠵᠢᠯ ᠤᠨ ᠪᠠᠶᠢᠭᠤᠯᠤᠮᠵᠢ ᠶᠢ ᠪᠠᠶᠢᠭᠤᠯᠵᠤ᠂ ᠬᠦᠳᠡᠭᠡ ᠳᠤᠰᠬᠤᠨ ᠤ ᠬᠠᠷᠢᠯᠴᠠᠨ ᠳᠤᠰᠠᠯᠠᠬᠤ ᠵᠤᠯ ᠵᠢᠷᠭᠠᠯᠳᠤ ᠬᠦᠷᠢᠶᠡᠯᠡᠩ ᠤᠨ ᠬᠠᠮᠢᠶᠠᠷᠤᠯᠳᠠ ᠶᠢᠨ ᠲᠦᠪᠰᠢᠨ ᠢ ᠳᠡᠭᠡᠭᠰᠢᠯᠡᠭᠦᠯᠦᠨ᠎ᠡ᠃    ᠳᠠᠭᠠᠭᠤᠯᠬᠤ ᠤᠳᠤᠷᠢᠳᠤᠯᠭ᠎ᠠ᠄ ᠼᠠᠢ ᠵᠢᠶᠧ ᠯᠢᠦ ᠵᠢᠶᠠᠨ ᠴᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠳᠤᠪᠴᠢᠶ᠎ᠠ᠂ ᠠᠷᠠᠳ ᠤᠨ ᠶᠠᠪᠤᠳᠠᠯ ᠤᠨ ᠳᠤᠪᠴᠢᠶ᠎ᠠ᠂ ᠡᠯ᠎ᠠ ᠪᠠᠯᠭᠠᠰᠤ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ    — ᠨᠠᠶᠢᠭᠡᠮ ᠤᠨ ᠡᠶ᠎ᠡ ᠵᠤᠬᠢᠴᠠᠩᠭᠤᠢ ᠳᠤᠭᠳᠠᠭᠤᠨ ᠪᠠᠶᠢᠳᠠᠯ ᠢ ᠪᠠᠳᠤᠯᠠᠨ᠎ᠠ᠃ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠦᠷᠭᠦᠯᠵᠢᠯᠡᠨ ᠬᠦᠨᠵᠡᠭᠡᠢ ᠦᠷᠨᠢᠭᠦᠯᠵᠤ᠂ ᠠᠮᠤᠷ ᠲᠦᠪᠰᠢᠨ ᠤ ᠳᠠᠯᠳᠠ ᠠᠶᠤᠯ ᠢ ᠲᠦᠷᠦᠯ ᠳᠠᠷᠠᠭᠠᠯᠠᠨ ᠴᠡᠭᠴᠡᠯᠡᠨ ᠰᠠᠶᠢᠵᠢᠷᠠᠭᠤᠯᠤᠨ᠎ᠠ᠃ ᠢᠳᠡᠭᠡᠨ ᠡᠮ ᠤᠨ ᠵᠦᠢᠯᠡᠰ ᠤᠨ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠠᠷᠠᠳ ᠤᠯᠠᠨ ᠤ ᠢᠳᠡᠭᠡᠨ ᠤ ᠠᠮᠤᠷ ᠲᠦᠪᠰᠢᠨ ᠢ ᠪᠠᠳᠤᠯᠠᠨ᠎ᠠ᠃ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠭᠦ ᠴᠢᠳᠠᠪᠤᠷᠢ ᠪᠠᠨ ᠳᠡᠭᠡᠭᠰᠢᠯᠡᠭᠦᠯᠵᠤ᠂ ᠦᠷᠭᠡᠨ ᠤᠯᠠᠨ ᠲᠦᠮᠡᠨ ᠳᠤ ᠠᠮᠤᠷ ᠲᠦᠪᠰᠢᠨ ᠳᠤᠭᠳᠠᠭᠤᠨ ᠡᠶ᠎ᠡ ᠵᠤᠬᠢᠴᠠᠩᠭᠤᠢ ᠠᠮᠤᠷ ᠢ ᠬᠠᠮᠠᠭᠠᠯᠠᠬᠤ ᠤᠷᠴᠢᠨ ᠳᠤᠭᠤᠷᠢᠨ ᠢ ᠪᠤᠢ ᠪᠤᠯᠭᠠᠨ ᠦᠭᠭᠦᠨ᠎ᠡ᠃ ᠨᠡᠶᠢᠭᠡᠮ ᠤᠨ ᠰᠡᠷᠡᠮᠵᠢ ᠶᠢᠨ ᠳᠤᠭᠳᠠᠴᠠ ᠪᠤᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃    ᠳᠠᠭᠠᠭᠤᠯᠬᠤ ᠤᠳᠤᠷᠢᠳᠤᠯᠭ᠎ᠠ᠄ ᠸᠠᠩ ᠢᠤᠢ ᠮᠢᠩ ᠼᠠᠢ ᠵᠢᠶᠧ ᠯᠢᠦ ᡁᠢ ᠭᠠᠩ    ᠬᠠᠷᠢᠭᠤᠴᠠᠯᠭᠠᠳᠤ ᠰᠠᠯᠠᠭ᠎ᠠ ᠮᠦᠴᠢᠷ᠄ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠳᠤᠪᠴᠢᠶ᠎ᠠ ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠳᠤᠪᠴᠢᠶ᠎ᠠ᠂ ᠳᠤᠳᠤᠭᠠᠳᠤ ᠶᠢ ᠬᠠᠮᠠᠭᠠᠯᠠᠬᠤ ᠳᠤᠪᠴᠢᠶ᠎ᠠ᠂ ᠵᠠᠰᠠᠭ ᠤᠨ ᠤᠷᠳᠤᠨ ᠤ ᠠᠯᠪᠠᠨ ᠬᠡᠷ᠂ ᠭᠠᠯ ᠤᠨᠳᠠᠷᠠᠭᠠᠨ ᠭᠠᠯ ᠢ ᠰᠡᠷᠭᠡᠶᠢᠯᠡᠭᠦ ᠶᠡᠭᠡ ᠠᠩᠬᠢ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠠᠷᠠᠳ ᠤᠨ ᠶᠠᠪᠤᠳᠠᠯ ᠤᠨ ᠳᠢᠩᠬᠢᠮ᠂ ᠡᠷᠡᠭᠦᠯ ᠬᠠᠮᠠᠭᠠᠯᠠᠯ ᠪᠠ ᠲᠦᠯᠦᠪᠯᠡᠭᠡᠳᠤ ᠦᠷᠡᠵᠢᠯ ᠤᠨ ᠳᠤᠪᠴᠢᠶ᠎ᠠ᠂ ᠡᠯ᠎ᠠ ᠪᠠᠯᠭᠠᠰᠤ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ    ︵ᠳᠠᠪᠤ︶ ᠳᠤᠰ ᠪᠡᠶ᠎ᠠ ᠶᠢᠨ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠵᠤ᠂ ᠰᠤᠷᠳᠠᠯ ᠴᠢᠭᠡᠴᠢ ᠤᠪᠤᠷ ᠲᠦᠪ ᠰᠢᠨ᠎ᠠ ᠬᠦᠶᠠᠩ ᠢ ᠬᠦᠴᠦᠯᠡᠨ ᠪᠦᠳᠦᠭᠡᠨ ᠪᠠᠶᠢᠭᠤᠯᠤᠨ᠎ᠠ    10. ᠦᠨᠳᠦᠷ ᠲᠤ ᠵᠤᠭᠰᠤᠨ ᠠᠯᠤᠰ ᠢ ᠪᠠᠷᠠᠯᠠᠵᠤ᠂ ᠭᠠᠳᠠᠭᠰᠢ ᠨᠡᠭᠡᠭᠡᠯᠳᠡ ᠶᠢᠨ ᠬᠡᠯᠪᠡᠷᠢ ᠶᠢᠨ ᠵᠠᠰᠠᠭ ᠤᠨ ᠤᠷᠳᠤᠨ ᠢ ᠪᠠᠶᠢᠭᠤᠯᠤᠨ᠎ᠠ    ᠭᠠᠳᠠᠭᠰᠢ ᠨᠡᠭᠡᠭᠡᠯᠳᠡ ᠶᠢᠨ ᠠᠵᠢᠯ ᠤᠨ ᠲᠦᠪᠰᠢᠨ ᠢ ᠪᠦᠬᠦ ᠳᠠᠯ᠎ᠠ ᠪᠠᠷ ᠳᠡᠭᠡᠭᠰᠢᠯᠡᠭᠦᠯᠵᠤ᠂ ᠪᠦᠭᠦ ᠳᠠᠯ᠎ᠠ ᠶᠢᠨ ᠬᠠᠷᠠᠴᠠ ᠶᠢ ᠱᠤᠭᠤᠵᠤ᠂ ᠬᠦᠶᠠᠩ ᠤᠨ ᠠᠵᠢᠯ ᠢ ᠪᠦᠬᠦ ᠤᠷᠤᠨ ᠪᠦᠬᠦ ᠬᠤᠳᠠ ᠶᠢᠨ ᠶᠡᠭᠡ ᠳᠠᠯ᠎ᠠ ᠳᠤ ᠰᠠᠨᠠᠭᠠᠴᠢᠯᠠᠭ᠎ᠠ ᠠᠴᠠ ᠠᠭᠤᠰᠤᠨ ᠤᠷᠤᠭᠤᠯᠬᠤ ᠶᠢ ᠰᠡᠳᠬᠢᠨ ᠪᠤᠳᠤᠯᠬᠢᠯᠠᠵᠤ ᠠᠷᠭ᠎ᠠ ᠰᠦᠪᠡᠭᠴᠢᠯᠡᠵᠤ᠂ ᠠᠵᠠ ᠳᠤᠬᠢᠶᠠᠯ ᠢ ᠠᠮᠵᠢᠨ᠂ ᠳᠡᠮᠵᠢᠯᠭᠡ ᠶᠢ ᠤᠯᠵᠤ᠂ ᠠᠵᠢᠯ ᠤᠨ ᠬᠤᠪᠢᠶᠠᠷᠢᠯᠠᠯ ᠳᠤ ᠤᠷᠤᠯᠴᠠᠨ᠂ ᠦᠷᠢᠰᠦᠯᠳᠦᠭᠡᠨ ᠤ ᠪᠠᠶᠢᠷᠢ ᠳᠤ ᠳᠡᠮᠡᠴᠡᠨ ᠤᠷᠤᠭᠰᠢᠯᠠᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠦᠬᠦ ᠳᠠᠯ᠎ᠠ ᠪᠠᠷ ᠠᠬᠢᠭᠤᠯᠵᠤ᠂ ᠵᠠᠰᠠᠭ ᠤᠨ ᠤᠷᠳᠤᠨ ᠤ ᠠᠵᠢᠯ ᠳᠤ ᠤᠯᠠᠨ ᠲᠦᠮᠡᠨ ᠤᠯᠵᠤ ᠦᠵᠡᠭᠦ᠂ ᠤᠢᠢᠯᠠᠭᠠᠨ ᠮᠡᠳᠡᠭᠦ᠂ ᠬᠢᠨᠠᠯᠳᠠ ᠳᠠᠯᠪᠢᠬᠤ ᠶᠢ ᠪᠠᠳᠤᠯᠠᠨ᠎ᠠ᠃    ᠳᠠᠭᠠᠭᠤᠯᠬᠤ ᠤᠳᠤᠷᠢᠳᠤᠯᠭ᠎ᠠ᠄ ᠸᠠᠩ ᠢᠤᠢ ᠮᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠵᠠᠰᠠᠭ ᠤᠨ ᠤᠷᠳᠤᠨ ᠤ ᠠᠯᠪᠠᠨ ᠬᠡᠷ᠂ ᠡᠯ᠎ᠠ ᠪᠠᠯᠭᠠᠰᠤ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ᠂ ᠡᠯ᠎ᠠ ᠰᠠᠯᠠᠭ᠎ᠠ ᠮᠦᠴᠢᠷ᠂ ᠡᠯ᠎ᠠ ᠪᠠᠶᠢᠭᠤᠯᠤᠯᠭ᠎ᠠ ᠨᠢᠭᠡᠴᠡ    11. ᠲᠦᠷᠢᠮᠵᠢᠭᠦᠯᠬᠦ ᠤᠬᠠᠮᠰᠠᠷ ᠢ ᠪᠠᠷᠢᠮᠳᠠᠯᠠᠨ᠂ ᠠᠷᠢᠭᠤᠨ ᠴᠢᠭᠡᠴᠢ ᠵᠠᠰᠠᠭ ᠤᠨ ᠤᠷᠳᠤᠨ ᠢ ᠪᠠᠶᠢᠭᠤᠯᠤᠨ᠎ᠠ    ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠭᠤᠤᠯ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠬᠦᠢᠴᠡᠳᠭᠡᠨ᠎ᠡ᠃ ᠴᠢᠬᠤᠯᠠ ᠶᠡᠭᠡ ᠰᠢᠢᠳᠪᠦᠷᠢᠳᠤ ᠪᠤᠳᠤᠯᠭ᠎ᠠ᠂ ᠴᠢᠬᠤᠯᠠ ᠶᠡᠭᠡ ᠲᠦᠷᠦᠯ ᠵᠦᠢᠯ ᠤᠨ ᠰᠢᠨᠵᠢᠯᠡᠭᠦ ᠤᠬᠠᠭᠠᠨᠴᠢ ᠨᠤᠳᠠᠯᠠᠯᠳᠠ ᠶᠢ ᠴᠢᠩᠭᠠᠳᠬᠠᠨ᠎ᠠ᠃ ᠲᠦᠰᠤᠪ ᠤᠨ ᠬᠠᠮᠢᠶᠠᠷᠤᠯᠳᠠ ᠪᠤᠯᠤᠨ ᠦᠷᠢ ᠦᠭᠴᠡᠭᠡ ᠶᠢᠨ ᠬᠠᠮᠢᠶᠠᠷᠤᠯᠳᠠ ᠡᠵᠡᠮᠰᠢᠯ ᠢ ᠴᠢᠩᠭᠠᠳᠬᠠᠵᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠠᠵᠢᠯᠯᠠᠭ᠎ᠠ ᠳᠤ ᠴᠢᠩᠭ᠎ᠠ ᠬᠠᠮᠢᠶᠠᠷᠤᠯᠳᠠ ᠬᠢᠵᠤ᠂ ᠲᠦᠷᠦᠯ ᠵᠦᠢᠯ ᠤᠨ ᠳᠠᠭᠠᠭᠠᠴᠢᠯᠠᠯᠳᠠ ᠵᠠᠷᠯᠠᠬᠤ ᠵᠡᠷᠭᠡ ᠲᠦᠷᠢᠮ ᠢ ᠴᠢᠩᠭ᠎ᠠ ᠬᠡᠷᠡᠭᠵᠢᠭᠦᠯᠦᠨ᠎ᠡ ᠃ ᠠᠷᠪᠢᠴᠢ ᠭᠠᠮᠳᠠᠢ ᠤᠬᠠᠮᠰᠠᠷ ᠢ ᠪᠤᠢ ᠪᠤᠯᠭᠠᠨ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠲᠦᠷᠦᠯ ᠵᠦᠢᠯ ᠪᠤᠯᠤᠨ ᠠᠯᠪᠠᠨ ᠳᠤ ᠬᠡᠷᠡᠭᠯᠡᠭᠦ ᠰᠦᠢᠳᠭᠡᠯ ᠵᠠᠷᠤᠯᠭ᠎ᠠ ᠶᠢ ᠴᠢᠨᠠᠭᠰᠢᠳᠠ ᠲᠦᠷᠢᠮᠵᠢᠭᠦᠯᠦᠨ᠎ᠡ᠃    ᠳᠠᠭᠠᠭᠤᠯᠬᠤ ᠤᠳᠤᠷᠢᠳᠤᠯᠭ᠎ᠠ᠄ ᠸᠠᠩ ᠢᠤᠢ ᠮᠢᠩ ᠯᠢᠦ ᠵᠢᠶᠠᠨ ᠴᠢᠩ    ᠬᠠᠷᠢᠭᠤᠴᠠᠯᠭᠠᠳᠤ ᠰᠠᠯᠠᠭ᠎ᠠ ᠮᠦᠴᠢᠷ᠄ ᠵᠠᠰᠠᠭ ᠤᠨ ᠤᠷᠳᠤᠨ ᠤ ᠠᠯᠪᠠᠨ ᠬᠡᠷ᠂ ᠡᠳ᠋ ᠤᠨ ᠵᠠᠰᠠᠭ ᠤᠨ ᠳᠤᠪᠴᠢᠶ᠎ᠠ ᠂ ᠬᠦᠭᠵᠢᠭᠦᠯᠦᠯᠳᠡ ᠦᠭᠡᠷᠡᠴᠢᠯᠡᠯᠳᠡ ᠶᠢᠨ ᠳᠤᠪᠴᠢᠶ᠎ᠠ᠂ ᠡᠯ᠎ᠠ ᠪᠠᠯᠭᠠᠰᠤ᠂ ᠶᠢᠨ ᠰᠢᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ᠂ ᠡᠯ᠎ᠡ ᠰᠠᠯᠠᠭ᠎ᠠ ᠮᠦᠴᠢᠷ᠂ ᠡᠯ᠎ᠡ ᠪᠠᠶᠢᠭᠤᠯᠤᠯᠭ᠎ᠠ ᠨᠢᠭᠡᠴᠡ    12. ᠡᠭᠦᠷᠭᠡ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠦᠷ᠎ᠠ ᠪᠦᠳᠦᠮᠵᠢᠳᠤ ᠴᠢᠳᠠᠮᠵᠢᠳᠤ ᠵᠠᠰᠠᠭ ᠤᠨ ᠤᠷᠳᠤᠨ ᠢ ᠪᠠᠶᠢᠭᠤᠯᠤᠨ᠎ᠠ    ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠤ᠂ ︽ᠪᠡᠶ᠎ᠠ ᠶᠢᠨ ᠭᠠᠳᠠᠨ᠎ᠠ ᠡᠷᠬᠢᠯᠳᠦᠭᠦ᠂ ᠬᠤᠶᠠᠷ ᠳᠠᠯ᠎ᠠ ᠳᠤ ᠬᠦᠯᠢᠶᠡᠨ ᠠᠪᠬᠤ︾ ᠶᠢ ᠬᠢᠵᠠᠭᠠᠷᠯᠠᠨ᠎ᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠤ᠂ ᠦᠨᠡᠨᠴᠢ ᠢᠳᠡᠭᠡᠮᠵᠢᠳᠤ ᠬᠢᠨᠠᠨ ᠬᠠᠮᠢᠶᠠᠷᠤᠯᠳᠠ ᠪᠤᠯᠤᠨ ᠢᠳᠡᠭᠡᠮᠵᠢ ᠠᠯᠳᠠᠭᠰᠠᠨ ᠵᠠᠯᠬᠠᠭᠠᠨ ᠴᠡᠭᠡᠷᠯᠡᠭᠦᠯᠬᠦ ᠬᠦᠯᠢᠶᠡᠰᠦᠯᠡᠯ ᠤᠨ ᠳᠤᠭᠳᠠᠴᠠ ᠶᠢ ᠨᠠᠶᠢᠳᠠᠪᠤᠷᠢᠵᠢᠭᠤᠯᠤᠨ᠎ᠠ᠃ ︽ᠪᠤᠳᠠᠳᠤ ᠴᠤᠭᠴᠠ ᠶᠢᠨ ᠳᠢᠩᠬᠢᠮ + ᠰᠦᠯᠵᠢᠶᠡᠨ ᠤ ᠳᠢᠩᠬᠢᠮ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠢᠯᠠᠩᠭᠤᠶ᠎ᠠ ᠤᠯᠠᠨ ᠨᠡᠶᠢᠳᠡ ᠶᠢᠨ ᠦᠢᠯᠡᠴᠢᠯᠡᠭᠡᠨ ᠤ ᠬᠡᠷᠡᠭ ᠶᠠᠪᠤᠳᠠᠯ ᠢ ᠬᠦᠨᠳᠡᠯᠡᠨ ᠴᠢᠭᠯᠡᠯ ᠢᠶᠠᠷ ᠨᠠᠶᠢᠳᠭᠡᠵᠤ᠂ ᠠᠷᠠᠳ ᠲᠤ ᠲᠦᠭᠦᠮ ᠦᠵᠡᠭᠦᠯᠬᠦ ᠬᠡᠷᠡᠭ ᠶᠠᠪᠤᠳᠠᠯ ᠢ ︽ᠨᠢᠭᠡ ᠴᠤᠩᠬᠤᠪᠴᠢ ᠳᠤ ᠬᠦᠯᠢᠶᠡᠨ ᠠᠪᠴᠦ᠂ ᠨᠢᠭᠡ ᠰᠦᠯᠵᠢᠶᠡᠨ ᠳᠤ ᠵᠡᠷᠭᠡᠪᠡᠷ ᠬᠦᠢᠴᠡᠳᠭᠡᠭᠦ᠂ ᠤᠢᠢᠷ᠎ᠠ ᠬᠠᠪᠢ ᠳᠤ ᠦᠢᠯᠡᠴᠢᠯᠡᠭᠦ︾ ᠶᠢ ᠪᠡᠶᠡᠯᠡᠭᠦᠯᠦᠨ᠎ᠡ᠃    ᠳᠠᠭᠠᠭᠤᠯᠬᠤ ᠤᠳᠤᠷᠢᠳᠤᠯᠭ᠎ᠠ᠄ ᠸᠠᠩ ᠢᠤᠢ ᠮᠢᠩ ᠼᠠᠢ ᠵᠢᠶᠧ    ᠬᠠᠷᠢᠭᠤᠴᠠᠯᠭᠠᠳᠤ ᠰᠠᠯᠠᠭ᠎ᠠ ᠮᠦᠴᠢᠷ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠬᠠᠮᠢᠶᠠᠷᠤᠯᠳᠠ ᠶᠢᠨ ᠳᠤᠪᠴᠢᠶ᠎ᠠ᠂ ᠡᠯ᠎ᠠ ᠬᠢᠨᠠᠨ ᠵᠦᠪᠰᠢᠶᠡᠷᠡᠯ ᠤᠨ ᠰᠠᠯᠠᠭ᠎ᠠ ᠮᠦᠴᠢᠷ᠂ ᠬᠦᠭᠵᠢᠭᠦᠯᠦᠯᠳᠡ ᠦᠭᠡᠷᠡᠴᠢᠯᠡᠯᠳᠡ ᠶᠢᠨ ᠳᠤᠪᠴᠢᠶ᠎ᠠ᠂ ᠰᠢᠭᠦᠭᠦ ᠬᠤᠷᠢᠶ᠎ᠠ᠂ ᠡᠳ᠋ ᠤᠨ ᠵᠠᠰᠠᠭ ᠤᠨ ᠳᠤᠪᠴᠢᠶ᠎ᠠ᠂ ᠳᠠᠷᠢᠶᠠᠯᠠᠩ ᠮᠠᠯ ᠠᠵᠤ ᠠᠬᠤᠢ ᠶᠢᠨ ᠳᠤᠪᠴᠢᠶ᠎ᠠ᠂ ᠡᠯ᠎ᠠ ᠮᠦᠩᠭᠦᠨ ᠬᠦᠢᠯᠭᠡᠭᠡᠨ ᠤ ᠪᠠᠶᠢᠭᠤᠯᠤᠮᠵᠢ    ᠬᠤᠶᠠᠷ᠂ ᠪᠠᠳᠤᠯᠠᠭ᠎ᠠ ᠶᠢᠨ ᠠᠷᠭ᠎ᠠ ᠬᠡᠮᠵᠢᠶ᠎ᠠ    ︵ᠨᠢᠭᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠠ ᠬᠤᠪᠢᠳᠠᠨ ᠬᠠᠮᠢᠶᠠᠷᠬᠤ ᠳᠡᠳ᠋ ᠬᠤᠰᠢᠭᠤᠨ ᠳᠠᠷᠤᠭ᠎ᠠ ᠳᠠᠭᠠᠭᠤᠯᠤᠤᠨ ᠶᠡᠷᠦᠩᠬᠡᠢ ᠳᠠᠯ ᠎ᠠ ᠠᠴᠠ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠦᠪᠡᠷ ᠲᠡᠭᠡᠨ ᠳᠤᠬᠢᠷᠠᠭᠤᠯᠤᠨ᠂ ᠡᠮᠤᠨ᠎ᠠ ᠨᠢ ᠵᠢᠯᠤᠭᠤᠳᠴᠦ᠂ ᠡᠯ᠎ᠠ ᠵᠦᠢᠯ ᠤᠨ ᠭᠤᠤᠯᠳᠠᠯᠭ᠎ᠠ ᠲᠠᠢ ᠠᠵᠢᠯ ᠡᠭᠦᠷᠭᠡ ᠶᠢᠨ ᠦᠨᠳᠦᠷ ᠦᠷ᠎ᠠ ᠪᠦᠳᠦᠮᠵᠢᠳᠠᠢ ᠪᠠᠷ ᠨᠠᠶᠢᠳᠠᠪᠤᠷᠢᠵᠢᠭᠤᠯᠬᠤ ᠶᠢ ᠪᠠᠳᠤᠯᠠᠨ᠎ᠠ᠃ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠬᠠᠷᠢᠭᠤᠴᠠᠵᠤ ᠪᠠᠶᠢᠭ᠎ᠠ ᠰᠠᠯᠠᠭ᠎ᠠ ᠮᠦᠴᠢᠷ᠂ ᠪᠠᠶᠢᠭᠤᠯᠤᠯᠭ᠎ᠠ ᠨᠢᠭᠡᠴᠡ ᠢᠯᠠᠩᠭᠤᠶ᠎ᠠ ᠭᠤᠤᠯ ᠤᠳᠤᠷᠢᠳᠤᠯᠭ᠎ᠠ ᠠᠴᠠ ᠡᠭᠦᠷᠭᠡ ᠬᠠᠷᠢᠭᠤᠴᠠᠯᠭᠠᠳᠤ ᠤᠬᠠᠮᠰᠠᠷ ᠪᠤᠯᠤᠨ ᠶᠡᠭᠡ ᠳᠠᠯ᠎ᠠ ᠶᠢᠨ ᠤᠬᠠᠮᠰᠠᠷ ᠢ ᠪᠠᠳᠤ ᠱᠤᠭᠤᠨ᠂ ᠦᠪᠡᠷ ᠤᠨ ᠪᠡᠶ᠎ᠠ ᠪᠠᠷ ᠰᠤᠳᠤᠯᠤᠨ ᠶᠠᠷᠢᠯᠴᠠᠬᠤ᠂ ᠪᠠᠶᠢᠷᠢᠯᠠᠭᠤᠯᠬᠤ᠂ ᠵᠤᠬᠢᠴᠠᠭᠤᠯᠬᠤ᠂ ᠨᠠᠶᠢᠳᠠᠪᠤᠷᠢᠵᠢᠭᠤᠯᠬᠤ ᠶᠢ ᠠᠳᠬᠤᠵᠤ᠂ ᠡᠯ᠎ᠠ ᠵᠦᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠦᠬᠦ ᠳᠠᠯ᠎ᠠ ᠪᠠᠷ ᠪᠡᠶᠡᠯᠡᠭᠦᠯᠦᠨ᠎ᠡ᠃    ︵ᠬᠤᠶᠠᠷ︶ ᠡᠭᠦᠷᠭᠡ ᠶᠢ ᠳᠤᠳᠤᠷᠬᠠᠢᠢᠯᠠᠨ᠎ᠠ᠃ ᠡᠯ᠎ᠠ ᠬᠠᠷᠢᠭᠤᠴᠠᠯᠭᠠᠳᠤ ᠰᠠᠯᠠᠭ᠎ᠠ ᠮᠦᠴᠢᠷ ᠬᠦᠢᠴᠡᠳᠭᠡᠭᠦ ᠬᠦᠴᠦᠨ ᠪᠤᠯᠤᠨ ᠨᠠᠶᠢᠳᠠᠪᠤᠷᠢᠵᠢᠭᠤᠯᠬᠤ ᠬᠦᠴᠦᠨ ᠢᠶᠠᠨ ᠴᠢᠨᠠᠭᠰᠢᠳᠠ ᠴᠢᠩᠭᠠᠳᠬᠠᠵᠤ᠂ ᠪᠤᠳᠠᠳᠠᠢ ᠡᠭᠦᠷᠭᠡ ᠶᠢ ᠳᠡᠰ ᠳᠡᠰ ᠢᠶᠠᠷ ᠬᠤᠪᠢᠶᠠᠷᠢᠯᠠᠨ᠂ ᠬᠠᠷᠢᠭᠤᠴᠠᠯᠭ᠎ᠠ ᠶᠢ ᠬᠦᠮᠦᠨ ᠳᠤ ᠨᠠᠶᠢᠳᠠᠪᠤᠷᠢᠵᠢᠭᠤᠯᠵᠤ᠂ ᠠᠵᠢᠯ ᠤᠨ ᠬᠠᠷᠠᠯᠳᠠ ᠪᠠᠨ ᠤᠨᠢᠵᠤ᠂ ᠠᠵᠢᠯ ᠤᠨ ᠠᠷᠭ᠎ᠠ ᠬᠡᠮᠵᠢᠶ᠎ᠠ ᠪᠠᠨ ᠴᠢᠩᠭᠠᠳᠬᠠᠵᠤ᠂ ᠴᠠᠭ ᠤᠨ ᠠᠬᠢᠴᠠ ᠪᠠᠨ ᠠᠳᠬᠠᠵᠤ᠂ ᠦᠢᠯᠡ ᠠᠵᠢᠯᠯᠠᠭ᠎ᠠ ᠳᠠᠭᠠᠨ ᠪᠦᠳᠦᠮᠵᠢᠳᠠᠢ ᠠᠷᠭ᠎ᠠ ᠬᠡᠮᠵᠢᠶ᠎ᠠ ᠠᠪᠴᠦ᠂ 2018 ᠤᠨ ᠤ ᠡᠯ᠎ᠠ ᠵᠦᠢᠯ ᠤᠨ ᠭᠤᠤᠯᠳᠠᠭᠠᠳᠤ ᠠᠵᠢᠯ ᠤᠨ ᠡᠭᠦᠷᠭᠡ ᠪᠠᠨ ᠳᠡᠭᠦᠰ ᠠᠮᠵᠢᠯᠳᠠ ᠲᠠᠢ ᠪᠡᠶᠡᠯᠡᠭᠦᠯᠭᠦ ᠶᠢ ᠪᠠᠳᠤᠯᠠᠨ᠎ᠠ᠃ ᠠᠵᠢᠯ ᠤᠨ ᠬᠡᠪ ᠰᠤᠷᠳᠠᠯ ᠢᠶᠠᠨ ᠦᠨᠡᠨᠭᠦ ᠬᠤᠪᠢᠷᠠᠭᠤᠯᠵᠤ᠂ ᠦᠢᠯᠡᠴᠢᠯᠡᠭᠡᠨ ᠤ ᠤᠬᠠᠮᠰᠠᠷ ᠢᠶᠠᠨ ᠨᠡᠮᠡᠭᠳᠡᠭᠦᠯᠵᠤ᠂ ᠠᠵᠢᠯ ᠤᠨ ᠦᠷ᠎ᠠ ᠪᠦᠳᠦᠮᠵᠢ ᠪᠠᠨ ᠳᠡᠭᠡᠭᠰᠢᠯᠡᠭᠦᠯᠵᠤ᠂ ᠬᠡᠷᠡᠭ ᠶᠠᠪᠤᠳᠠᠯ ᠬᠦᠢᠴᠡᠳᠭᠡᠭᠦ ᠴᠠᠭ ᠤᠨ ᠬᠢᠵᠠᠭᠠᠷᠯᠠᠯ ᠢ ᠪᠤᠭᠤᠨᠢᠰᠬᠠᠵᠤ᠂ ᠡᠯ᠎ᠠ ᠵᠦᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠪᠠᠨ ᠤᠷᠤᠭᠰᠢᠳᠠᠢ ᠠᠬᠢᠭᠤᠯᠬᠤ ᠳᠤ ᠰᠠᠶᠢᠨ ᠰᠠᠶᠢᠬᠠᠨ ᠤᠷᠴᠢᠨ ᠳᠤᠭᠤᠷᠢᠨ ᠢ ᠪᠤᠢ ᠪᠤᠯᠭᠠᠨ᠎ᠠ᠃    ︵ᠭᠤᠷᠪᠠ︶ ᠱᠠᠯᠠᠪᠳᠠᠭᠤᠯᠤᠨ ᠪᠠᠶᠢᠴᠠᠭᠠᠬᠤ ᠰᠢᠯᠭᠠᠨ ᠦᠨᠡᠯᠡᠭᠦ ᠶᠢ ᠴᠢᠩᠭᠠᠳᠬᠠᠨ᠎ᠠ᠃ ᠵᠠᠰᠠᠭ ᠤᠨ ᠤᠷᠳᠤᠨ ᠤ ᠠᠯᠪᠠᠨ ᠬᠡᠷ ᠠᠴᠠ ᠡᠯ᠎ᠠ ᠪᠠᠯᠭᠠᠰᠤ᠂ ᠡᠯ᠎ᠠ ᠰᠠᠯᠠᠭ᠎ᠠ ᠮᠦᠴᠢᠷ᠂ ᠪᠠᠶᠢᠭᠤᠯᠤᠯᠭ᠎ᠠ ᠨᠢᠭᠡᠴᠡ ᠶᠢᠨ ᠬᠠᠷᠢᠭᠤᠴᠠᠭᠰᠠᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ 2018 ᠤᠨ ᠤ ᠪᠦᠬᠦ ᠰᠢᠶᠠᠨ ᠤ ᠵᠠᠰᠠᠭ ᠤᠨ ᠶᠠᠪᠤᠳᠠᠯ ᠤᠨ ᠱᠠᠯᠠᠪᠳᠠᠭᠤᠯᠤᠨ ᠪᠠᠶᠢᠴᠠᠭᠠᠬᠤ ᠳᠠᠩᠰᠠ ᠬᠠᠷ᠎ᠠ ᠳᠤ ᠤᠷᠤᠭᠤᠯᠵᠤ᠂ ︽ᠰᠠᠷ᠎ᠠ ᠳᠤ ᠳᠤᠬᠢᠷᠠᠭᠤᠯᠬᠤ᠂ ᠤᠯᠠᠷᠢᠯ ᠳᠤ ᠪᠠᠶᠢᠴᠠᠭᠠᠬᠤ᠂ ᠬᠠᠭᠠᠰ ᠵᠢᠯ ᠳᠤ ᠮᠡᠳᠡᠭᠳᠡᠭᠦ᠂ ᠵᠢᠯ ᠤᠨ ᠡᠴᠦᠰ ᠲᠤ ᠰᠢᠯᠭᠠᠨ ᠦᠨᠡᠯᠡᠭᠦ︾ ᠶᠢ ᠬᠡᠷᠡᠭᠵᠢᠭᠦᠯᠵᠤ᠂ ᠰᠢᠯᠭᠠᠨ ᠦᠨᠡᠯᠡᠭᠰᠡᠨ ᠦᠷ᠎ᠠ ᠳ᠋ᠦᠩ ᠢ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠤᠨ ᠤ ᠠᠵᠢᠯ ᠤᠨ ᠦᠷ᠎ᠠ ᠪᠦᠳᠦᠮᠵᠢ ᠶᠢ ᠰᠢᠯᠭᠠᠨ ᠦᠨᠡᠯᠡᠭᠦ ᠰᠢᠰᠲ᠋ᠧᠮ ᠳᠤ ᠤᠷᠤᠭᠤᠯᠵᠤ᠂ ᠡᠯ᠎ᠠ ᠵᠦᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠦᠳᠦᠮᠵᠢᠳᠠᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠵᠠᠰᠠᠭ ᠤᠨ ᠤᠷᠳᠤᠨ ᠤ ᠠᠯᠪᠠᠨ ᠬᠡᠷ ᠤᠨ ᠱᠠᠯᠠᠪᠳᠠᠭᠤᠯᠤᠨ ᠪᠠᠶᠢᠴᠠᠭᠠᠬᠤ ᠳᠠᠰᠤᠭ ᠠᠴᠠ ᠮᠦᠷᠳᠡᠨ ᠱᠠᠯᠠᠪᠳᠠᠭᠤᠯᠤᠨ ᠬᠦᠢᠴᠡᠳᠭᠡᠭᠦ ᠶᠢ ᠴᠢᠩᠭᠠᠷᠠᠭᠤᠯᠵᠤ᠂ ᠴᠠᠭ ᠳᠤᠬᠠᠢ ᠳᠤᠨᠢ ᠬᠠᠷᠢᠭᠤ ᠳᠤᠰᠬᠠᠵᠤ᠂ ᠰᠢᠶᠠᠨ ᠤ ᠵᠠᠰᠠᠭ ᠤᠨ ᠤᠷᠳᠤᠨ ᠤ ᠬᠠᠮᠢᠶ᠎ᠠ ᠪᠦᠬᠦᠢ ᠤᠳᠤᠷᠢᠳᠤᠯᠭ᠎ᠠ ᠶᠢᠨ ᠳᠤᠭᠳᠠᠮᠠᠯ ᠬᠤᠭᠤᠴᠠᠭ᠎ᠠ ᠲᠠᠢ ᠳᠤᠬᠢᠷᠠᠭᠤᠯᠤᠯᠳᠠ ᠬᠢᠭᠦ ᠶᠢ ᠬᠠᠮᠵᠢᠨ ᠠᠬᠢᠭᠤᠯᠤᠨ᠎ᠠ᠃ ᠡᠭᠦᠨ ᠤ ᠬᠠᠮᠳᠤ᠂ ᠴᠢᠬᠤᠯᠠ ᠶᠡᠭᠡ ᠲᠦᠷᠦᠯ ᠵᠦᠢᠯ᠂ ᠭᠤᠤᠯᠳᠠᠯᠭ᠎ᠠ ᠲᠠᠢ ᠠᠵᠢᠯ ᠤᠨ ᠳᠤᠭᠤᠷᠢᠨ ᠳᠤ᠂ ᠵᠤᠬᠢᠰᠳᠠᠢ ᠴᠠᠭ ᠬᠤᠭᠤᠴᠠᠭᠠᠨ ᠳᠤ ᠳᠤᠰᠬᠠᠢ ᠵᠦᠢᠯ ᠢᠶᠠᠷ ᠱᠠᠯᠠᠪᠳᠠᠭᠤᠯᠤᠨ ᠪᠠᠶᠢᠴᠠᠭᠠᠯᠳᠠ ᠬᠢᠵᠤ᠂ ᠤᠯᠠᠷᠢᠯ ᠪᠦᠷᠢ ᠳᠤ ᠶᠡᠷᠦᠩᠬᠡᠶᠢᠯᠡᠨ ᠮᠡᠳᠡᠭᠳᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号