ᠲᠡᠤᠭᠡ ᠶᠢᠨ ᠤᠯᠠᠷᠢᠯ ᠬᠤᠪᠢᠰᠤᠯ | ᠬᠦᠶᠠᠩ ᠤᠨ ᠭᠠᠵᠠᠷ ᠨᠤᠳᠤᠭ ᠪᠤᠯ ᠤᠷᠳᠤ ᠤᠳᠠᠭᠠᠨ ᠲᠡᠤᠭᠡ ᠶᠢᠨ ᠶᠠᠪᠤᠴᠠ ᠶᠢ ᠦᠡᠭᠭᠡᠷᠡᠬᠦᠯᠦᠭᠰᠡᠨ ᠶᠤᠮ᠃ | ᠤᠷᠤᠨ ᠨᠤᠳᠤᠭ ᠤᠨ ᠭᠢᠵᠠᠭᠠᠷ ᠲᠤ ᠰᠢᠨ᠎ᠠ ᠴᠢᠯᠠᠭᠤᠨ ᠵᠡᠪᠰᠡᠭ ᠤᠨ ᠬᠤᠭᠤᠴᠠᠭᠠᠨ ᠳᠠᠬᠢ ᠬᠦᠮᠤᠨ ᠲᠦᠷᠦᠯᠭᠢᠳᠡᠨ ᠤ | ᠠᠵᠢᠯᠯᠠᠭ᠎ᠠ ᠶᠢᠨ ᠤᠯᠠ ᠮᠦᠷ ᠤᠨ ᠦᠯᠡᠳᠡᠭᠳᠡᠯ ᠤᠯᠠᠨ ᠭᠠᠵᠠᠷ ᠲᠤ ᠢᠯᠡᠷᠡᠵᠤ ᠪᠠᠶᠢᠨ᠎ᠠ᠃ ᠱᠠᠩ ᠵᠧᠤ ᠤᠯᠤᠰ ᠤᠨ | ᠦᠶ᠎ᠠ ᠳᠤ᠂ ᠭᠢᠶᠠᠨ᠂ ᠾᠦᠡᠭᠨᠤ ᠵᠡᠷᠭᠡ ᠤᠮᠠᠷᠠᠳᠤ ᠶᠢᠨ ᠦᠨᠳᠤᠰᠤᠳᠠᠨ ᠨᠦᠭᠦᠳ ᠡᠨᠡ ᠭᠠᠵᠠᠷ ᠤᠷᠤᠨ ᠳᠤ ᠤᠯᠠᠷᠢᠨ | ᠦᠷᠡᠵᠢᠵᠤ ᠠᠵᠤ ᠲᠦᠷᠤᠨ ᠠᠮᠢᠳᠤᠷᠠᠵᠤ ᠪᠠᠶᠢᠬᠰᠠᠨ ᠪᠠᠶᠢᠪᠠ᠃ ᠴᠢᠨ ᠤᠯᠤᠰ ᠤᠨ ᠦᠶ᠎ᠠ ᠳᠤ᠂ ᠵᠢᠤ ᠶᠤᠧᠡᠨ | ᠵᠢᠶᠦ᠋ᠨ ᠤ ᠵᠠᠰᠠᠬ ᠵᠠᠭᠢᠷᠭᠠᠨ ᠤ ᠬᠠᠷᠢᠶᠠᠯᠠᠯ ᠳᠤ ᠤᠷᠤᠵᠤ᠂ ᠭᠠᠵᠠᠷ ᠨᠤᠳᠤᠭ ᠤᠨ ᠭᠢᠵᠠᠭᠠᠷ ᠲᠤ ᠰᠡᠷᠳᠡᠩ ᠠᠭᠤᠯᠠ | ᠨᠢᠷᠤᠭᠤ ᠬᠦ᠋ᠨᠳᠡᠯᠢᠰᠤᠨ ᠰᠦᠨᠳᠡᠷᠯᠡᠵᠤ᠂ ᠴᠢᠨ ᠤᠯᠤᠰ ᠤᠨ ᠦᠶ᠎ᠠ ᠶᠢᠨ ᠤᠷᠳᠤ ᠴᠠᠭᠠᠨ ᠭᠡᠷᠡᠮ ᠤᠨ ᠦᠯᠡᠳᠡᠭᠳᠡᠯ | ᠵᠠᠭᠤ ᠭᠠᠷᠤᠢ ᠺᠢᠯᠤᠮᠧᠲᠷ ᠦᠷᠬᠦᠯᠵᠢᠯᠡᠨᠠ᠃ ᠬᠠᠨ ᠤᠯᠤᠰ ᠤᠨ ᠦᠶ᠎ᠠ ᠳᠤ ᠡᠤ ᠶᠤᠧᠠᠨ ᠵᠢᠶᠦ᠋ᠨ ᠤ ᠵᠠᠰᠠᠬ | ᠵᠠᠭᠢᠷᠭᠠᠨ ᠤ ᠬᠠᠷᠢᠶᠠᠯᠠᠯ ᠳᠤ ᠤᠷᠤᠬᠰᠠᠨ ᠪᠠᠶᠢᠨ᠎ᠠ᠃ ᠡᠮᠤᠨᠠᠳᠤ ᠲᠦᠷᠤ ᠶᠢᠨ ᠦᠶ᠎ᠠ ᠳᠤ᠂ ᠤᠮᠠᠷᠳᠤ ᠸᠧᠢ | ᠤᠯᠤᠰ ᠤᠨ ᠭᠢᠵᠠᠭᠠᠷ ᠲᠤ ᠬᠤᠧᠠᠢ ᠱᠦᠸᠧ ᠪᠠᠯᠭᠠᠰᠤ ᠭᠡᠵᠤ ᠪᠠᠶᠢᠭᠤᠯᠵᠤ᠂ ᠬᠤᠵᠢᠮ ᠨᠢ ᠱᠦᠸᠧ ᠵᠧᠤ ᠭᠡᠵᠤ | ᠲᠠᠭᠤᠳᠠᠬᠤ ᠪᠤᠯᠵᠤ᠂ ᠤᠳᠤᠬᠠᠨ ᠳᠤ ᠬᠤᠧᠠᠢ ᠱᠦᠸᠧ ᠪᠠᠯᠭᠠᠰᠤᠨ ᠤ ᠭᠢᠵᠠᠭᠠᠷ ᠲᠠᠬᠢ ᠰᠡᠷᠳᠡᠩ ᠠᠭᠤᠯᠠ ᠶᠢᠨ ᠠᠷᠤ | ᠬᠤᠷᠮᠤᠢ ᠪᠠᠷ ᠤᠮᠠᠷᠳᠤ ᠸᠧᠢ ᠤᠯᠤᠰ ᠤᠨ ᠬᠤᠧᠠᠢ ᠱᠦᠸᠧ ᠪᠠᠯᠭᠠᠰᠤᠨ ᠤ ᠡᠷᠳᠡᠨ ᠤ ᠬᠤᠳᠠ ᠶᠢᠨ ᠬᠠᠭᠤᠴᠢᠨ | ᠪᠠᠭᠤᠷᠢ ᠶᠢᠨ ᠦᠯᠡᠳᠡᠭᠳᠡᠯ ᠲᠤᠳᠤᠷᠬᠠᠢ ᠪᠠᠶᠢᠳᠠᠭ ᠶᠤᠮ᠃ ᠰᠦᠢ ᠤᠯᠤᠰ ᠤᠨ ᠦᠶ᠎ᠠ ᠳᠤ᠂ ᠲᠦᠷᠺ ᠬᠠᠭᠠᠨᠳᠤ | ᠲᠦᠷᠤ ᠡᠵᠡᠯᠠᠨ ᠰᠠᠭᠤᠵᠤ ᠪᠠᠶᠢᠪᠠ᠃ ᠲᠠᠩ ᠤᠯᠤᠰ ᠤᠨ ᠦᠶ᠎ᠠ ᠳᠤ ᠤᠷᠢᠳ ᠬᠤᠵᠢᠳ ᠶᠠᠨ ᠷᠠᠨ᠂ ᠠᠨ ᠪᠧᠢ | ᠵᠡᠷᠭᠡ ᠬᠤᠳᠠᠨ ᠶᠢᠨ ᠬᠠᠮᠠᠭᠠᠯᠠᠯ ᠤᠨ ᠤᠷᠳᠤᠨ ᠵᠡᠷᠭᠡ ᠶᠢᠨ ᠬᠠᠷᠢᠶᠠᠯᠠᠯ ᠳᠤ ᠪᠠᠶᠢᠵᠠᠢ᠃ ᠯᠢᠶᠤᠤ᠂ ᠠᠯᠳᠠᠨ | ᠤᠯᠤᠰ ᠤᠨ ᠦᠶ᠎ᠠ ᠳᠤ᠂ ᠶᠦᠨ ᠨᠧᠢ ᠵᠧᠤ ᠶᠢᠨ ᠬᠠᠷᠢᠶᠠᠳᠤ ᠤᠷᠤᠨ ᠪᠠᠶᠢᠬᠰᠠᠨ ᠶᠤᠮ᠃ ᠶᠤᠧᠠᠨ ᠮᠢᠩ ᠤᠯᠤᠰ ᠤᠨ | ᠦᠶ᠎ᠠ ᠳᠤ ᠮᠤᠩᠭᠤᠯ ᠦᠨᠳᠤᠰᠤᠳᠠᠨ ᠤ ᠨᠡᠬᠦᠳᠡᠯ ᠠᠮᠢᠳᠤᠷᠠᠯ ᠤᠨ ᠭᠠᠵᠠᠷ ᠤᠷᠤᠨ ᠪᠤᠯᠤᠬᠰᠠᠨ ᠪᠠᠶᠢᠨ᠎ᠠ᠃ ᠴᠢᠩ | ᠤᠯᠤᠰ ᠤᠨ ᠡᠭᠢᠨ ᠳᠤ᠂ ᠲᠤᠰ ᠭᠠᠵᠠᠷ ᠤᠷᠤᠨ ᠤ ᠭᠢᠵᠠᠭᠠᠷ ᠲᠤ ᠶᠡᠭᠡᠨᠭᠭᠢ ᠭᠡᠰᠡᠭ ᠨᠢ ᠮᠤᠤᠮᠢᠩᠭᠠᠨ ᠤ ᠮᠠᠯᠵᠢᠯ ᠤᠨ | ᠨᠤᠳᠤᠭ ᠪᠡᠯᠴᠢᠭᠡᠷ ᠪᠠᠶᠢᠵᠤ᠂ ᠦᠴᠦᠭᠡᠨ ᠪᠠᠬ᠎ᠠ ᠭᠡᠰᠡᠭ ᠨᠢ ᠤᠷᠠᠳ ᠤᠨ ᠵᠡᠬᠦᠨ ᠬᠦᠩ ᠤᠨ ᠬᠤᠰᠢᠭᠤ ᠪᠤᠯᠤᠨ | ᠲᠦᠮᠡᠳ ᠬᠤᠰᠢᠭᠤᠨ ᠤ ᠮᠠᠯᠵᠢᠯ ᠤᠨ ᠨᠤᠳᠤᠭ ᠪᠡᠯᠴᠢᠭᠡᠷ ᠪᠠᠶᠢᠬᠰᠠᠨ ᠶᠤᠮ᠃ ᠴᠢᠩ ᠤᠯᠤᠰ ᠤᠨ ᠲᠡᠭᠷᠢ | ᠲᠡᠳᠬᠦᠭᠴᠢ ᠶᠢᠨ ᠵᠢᠷᠠᠳᠤᠭᠠᠷ ᠤᠨ ᠠᠴᠠ ᠬᠤᠶᠢᠰᠢ᠂ ᠲᠤᠰ ᠭᠠᠵᠠᠷ ᠤᠷᠤᠨ ᠤ ᠭᠢᠵᠠᠭᠠᠷ ᠲᠤ ᠭᠠᠵᠠᠷ ᠰᠢᠷᠤᠢ | ᠡᠭᠢᠯᠡᠨ ᠬᠠᠭᠠᠯᠪᠤᠷᠢᠯᠠᠵᠤ᠂ ᠲᠠᠷᠢᠶᠠᠯᠠᠩ ᠬᠤᠳᠤᠯᠳᠠᠭᠠ ᠡᠳᠤᠷ ᠢᠷᠡᠬᠦᠶ᠎ᠠ ᠬᠦᠭᠵᠢᠨ ᠪᠤᠵᠠᠭᠠᠢᠢᠷᠠᠵᠤ ᠡᠭᠢᠯᠡᠭᠰᠡᠨ | ᠪᠠᠶᠢᠪᠠ᠃ ᠴᠢᠩ ᠤᠯᠤᠰ ᠤᠨ ᠪᠠᠳᠠᠷᠠᠭᠤᠯᠳᠤ ᠲᠦᠷᠤ ᠶᠢᠨ ᠭᠤᠴᠢᠳᠤᠭᠠᠷ ᠤᠨ ᠪᠤᠯᠳᠠᠯᠠᠭᠢ ᠡᠨᠡ ᠬᠤᠭᠤᠷᠤᠨᠳᠤ᠂ | ᠠᠳᠠᠷ ᠬᠠᠭᠠᠯᠪᠤᠷᠢᠯᠠᠬᠤ ᠶᠠᠪᠤᠳᠠᠯ ᠪᠤᠯᠤᠨ ᠬᠤᠳᠠᠯᠳᠤᠭᠠᠨ ᠤ ᠶᠠᠪᠤᠳᠠᠯ ᠤᠨ ᠬᠠᠮᠢᠶᠠᠷᠤᠯᠳᠠ ᠶᠢ ᠤᠷᠢᠳ ᠬᠤᠵᠢᠳ | ᠰᠠᠭᠠᠯᠢᠴᠢᠨ ᠲᠢᠩᠭᠢᠮ᠂ ᠦᠴᠦᠧᠠᠨ ᠲᠢᠩᠭᠢᠮ᠂ ᠡᠤ ᠶᠤᠧᠠᠨ ᠲᠢᠩᠭᠢᠮ ᠤᠨ ᠬᠠᠷᠢᠶᠠᠯᠠᠯ ᠳᠤ ᠪᠠᠶᠢᠬᠰᠠᠨ ᠶᠤᠮ᠃ | ᠲᠤᠮᠳᠠᠳᠤ ᠢᠷᠭᠡᠨ ᠤᠯᠤᠰ ᠤᠨ ᠨᠠᠢᠮᠠᠳᠤᠭᠠᠷ ᠤᠨ ︵1919 ᠤᠨ︶ ᠠᠴᠠ ᠡᠭᠢᠯᠡᠵᠤ᠂ ᠬᠦᠶᠠᠩ ᠭᠡᠵᠤ | ᠲᠠᠭᠤᠳᠠᠬᠤ ᠪᠤᠯᠤᠬᠰᠠᠨ ᠪᠦᠭᠡᠳ ᠬᠠᠮᠢᠶᠠᠷᠤᠯᠳᠠ ᠶᠢᠨ ᠲᠤᠪᠴᠢᠶ᠎ᠠ ᠪᠠᠶᠢᠭᠤᠯᠵᠠᠢ᠃ ᠲᠤᠮᠳᠠᠳᠤ ᠢᠷᠭᠡᠨ ᠤᠯᠤᠰ ᠤᠨ | ᠠᠷᠪᠠᠨ ᠲᠠᠪᠤᠳᠤᠭᠠᠷ ᠤᠨ ︵1926 ᠤᠨ︶ ᠳᠤ ᠬᠦᠶᠠᠩ ᠰᠢᠶᠠᠨ ᠭᠡᠵᠤ ᠦᠭᠡᠷᠡᠴᠢᠯᠠᠨ ᠪᠠᠶᠢᠭᠤᠯᠪᠠ᠃ | ᠲᠤᠮᠳᠠᠳᠤ ᠢᠷᠭᠡᠨ ᠤᠯᠤᠰ ᠤᠨ ᠭᠤᠴᠢᠨ ᠨᠠᠢᠮᠠᠳᠤᠭᠠᠷ ᠤᠨ ︵1949 ᠤᠨ︶ ᠪᠤᠯᠳᠠᠯ᠎ᠠ ᠤᠷᠢᠳ ᠬᠤᠵᠢᠳ | ᠰᠦᠢ ᠶᠤᠧᠠᠨ ᠤᠨᠴᠠᠭᠠᠢ ᠤᠷᠤᠨ ᠤ ᠲᠤᠭᠤᠷᠢᠬ ᠪᠤᠯᠤᠨ ᠰᠦᠢ ᠶᠤᠧᠠᠨ ᠮᠤᠵᠢ ᠶᠢᠨ ᠬᠠᠷᠢᠶᠠᠯᠠᠯ ᠳᠤ ᠪᠠᠶᠢᠬᠰᠠᠨ | ᠶᠤᠮ᠃ ᠡᠨᠡ ᠬᠤᠭᠤᠴᠠᠭᠠᠨ ᠳᠤ ᠶᠠᠹᠤᠨ ᠴᠡᠷᠢᠭ ᠨᠠᠢᠮᠠᠨ ᠵᠢᠯ ᠡᠵᠡᠯᠡᠵᠤ᠂ ᠬᠦᠶᠠᠩ ᠰᠢᠶᠠᠨ ᠤ ᠵᠠᠭᠢᠷᠭ᠎ᠠ ᠪᠠᠶᠢᠭᠤᠯᠤᠨ | ᠦᠡᠭᠭᠡᠷᠡᠵᠤ᠂ ᠬᠠᠭᠤᠷᠮᠠᠬ ᠮᠤᠩᠭᠤᠯ ᠭᠢᠵᠠᠭᠠᠷᠳᠤ ᠵᠠᠰᠠᠬ ᠤᠨ ᠤᠷᠳᠤᠨ ᠤ ᠪᠠᠶᠠᠨᠳᠠᠯ᠎ᠠ ᠠᠶᠢᠮᠠᠬ ᠤᠨ ᠬᠠᠷᠢᠶᠠᠯᠠᠯ ᠳᠤ | ᠪᠠᠶᠢᠵᠠᠢ᠃ 1938 ᠤᠨ ᠳᠤ᠂ ᠨᠠᠢᠮᠠᠨ ᠵᠠᠮ ᠤᠨ ᠴᠡᠷᠢᠭ ᠤᠨ ᠲᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠰᠦᠶ | ᠶᠤᠧᠠᠨ ᠤ ᠲᠠᠶᠢᠰᠤᠨ ᠤ ᠡᠵᠡᠯᠡᠯᠳᠡ ᠶᠢᠨ ᠤᠷᠤᠨ ᠢ ᠲᠠᠭᠠᠷᠢᠵᠤ᠂ ᠲᠠᠯᠠᠨ ᠬᠠᠷ᠎ᠠ ᠠᠭᠤᠯᠠ ᠶᠢᠨ ᠶᠠᠹᠤᠨ ᠢ ᠡᠰᠡᠷᠬᠦᠴᠡᠬᠦ | ᠫᠠᠷᠲ᠋ᠢᠽᠠᠨ ᠠᠩᠭᠢ ᠶᠢᠨ ᠰᠠᠭᠤᠷᠢᠨ ᠭᠠᠵᠠᠷ ᠢ ᠡᠭᠢᠯᠡᠨ ᠪᠠᠶᠢᠭᠤᠯᠵᠤ᠂ ᠬᠦᠶᠠᠩ ᠰᠢᠶᠠᠨ ᠤ ᠵᠡᠬᠦᠨ ᠡᠮᠤᠨ᠎ᠠ ᠭᠡᠰᠡᠭ | ᠭᠠᠵᠠᠷ ᠲᠤ ᠤᠷᠢᠳ ᠬᠤᠵᠢᠳ ᠡᠪ ᠬᠠᠮᠳᠤ ᠨᠠᠮ ᠤᠨ ᠤᠳᠤᠷᠢᠳᠤᠬᠰᠠᠨ ᠬᠦᠶᠠᠩ ᠰᠢᠶᠠᠨ ᠤ ᠫᠠᠷᠲ᠋ᠢᠽᠠᠨ ᠰᠢᠶᠠᠨ ᠤ | ᠵᠠᠰᠠᠭ ᠤᠨ ᠤᠷᠳᠤᠨ᠂ ᠦᠴᠦᠧᠠᠨ ᠬᠦᠶᠠᠩ ᠰᠢᠶᠠᠨ ᠤᠨ ᠫᠠᠷᠲ᠋ᠢᠽᠠᠨ ᠰᠢᠶᠠᠨ ᠤ ᠵᠠᠰᠠᠬ ᠤᠨ ᠤᠷᠳᠤᠨ ᠵᠢᠴᠢ | ᠰᠠᠭᠠᠯᠢᠴᠢᠨ ᠦᠴᠦᠧᠠᠨ ᠬᠦᠶᠠᠩ ᠪᠤᠭᠤᠳᠤ ᠲᠦᠷᠪᠡᠨ ᠲᠠᠯ᠎ᠠ ᠶᠢᠨ ᠶᠠᠹᠤᠨ ᠢ ᠡᠰᠡᠷᠬᠦᠴᠡᠬᠦ ᠫᠠᠷᠲ᠋ᠢᠽᠠᠨ ᠰᠢᠶᠠᠨ ᠤ | ᠵᠠᠰᠠᠭ ᠤᠨ ᠤᠷᠳᠤᠨ ᠵᠡᠷᠭᠡ ᠶᠠᠹᠤᠨ ᠢ ᠡᠰᠡᠷᠬᠦᠴᠡᠬᠦ ᠠᠷᠠᠳᠴᠢᠯᠠᠯ ᠤᠨ ᠵᠠᠰᠠᠬ ᠤᠨ ᠤᠷᠳᠤᠨ ᠢ ᠪᠠᠶᠢᠭᠤᠯᠵᠠᠢ᠃ | ᠶᠠᠹᠤᠨ ᠢ ᠡᠰᠡᠷᠬᠦᠴᠡᠬᠦ ᠲᠠᠶᠢᠨ ᠢᠯᠠᠯᠳᠠ ᠤᠯᠤᠬᠰᠠᠨ ᠤ ᠲᠠᠷᠠᠭ᠎ᠠ᠂ ᠠᠷᠠᠳ ᠢᠷᠭᠡᠳ ᠤᠨ ᠵᠠᠰᠠᠬ ᠤᠨ ᠤᠷᠳᠤᠨ | ᠬᠦᠶᠠᠩ ᠰᠢᠶᠠᠨ ᠢ ᠬᠦᠯᠢᠶᠡᠨ ᠠᠪᠴᠠᠢ᠃ 1949 ᠤᠨ ᠤ 9 ᠰᠠᠷ᠎ᠠ ᠶᠢᠨ 19 ᠤ ᠡᠳᠤᠷ᠂ ᠬᠦᠶᠠᠩ ᠰᠢᠶᠠᠨ | ᠨᠠᠶᠢᠷᠠᠮᠳᠠᠯ ᠢᠶᠠᠷ ᠴᠢᠯᠤᠭᠡᠯᠡᠭᠳᠡᠪᠠ᠃ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ ᠤ | ᠰᠡᠬᠦᠯᠡᠷ᠂ 1950 ᠤᠨ ᠤ 3 ᠰᠠᠷ᠎ᠠ ᠳᠤ᠂ ᠬᠦᠶᠠᠩ ᠰᠢᠶᠠᠨ ᠤ ᠵᠠᠰᠠᠬ ᠤᠨ ᠤᠷᠳᠤᠨ ᠪᠠᠶᠢᠭᠤᠯᠤᠬᠳᠠᠵᠤ᠂ ᠤᠳᠤ | ᠪᠤᠯᠳᠠᠯ᠎ᠠ᠂ ᠤᠷᠢᠳ ᠬᠤᠵᠢᠳ ᠪᠤᠭᠤᠳᠤ ᠶᠢᠨ ᠲᠤᠰᠬᠠᠢ ᠲᠤᠰᠢᠶᠠᠯᠳᠠᠨ ᠤ ᠵᠠᠭᠢᠷᠭ᠎ᠠ᠂ ᠰᠦᠢ ᠶᠤᠧᠠᠨ ᠤ ᠲᠤᠰᠬᠠᠢ | ᠲᠤᠰᠢᠶᠠᠯᠳᠠᠨ ᠤ ᠵᠠᠭᠢᠷᠭ᠎ᠠ᠂ ᠰᠠᠭᠠᠯᠢᠴᠢᠨ ᠤ ᠲᠤᠰᠬᠠᠢ ᠲᠤᠰᠢᠶᠠᠯᠳᠠᠨ ᠤ ᠵᠠᠭᠢᠷᠭ᠎ᠠ᠂ ᠵᠢᠨᠢᠩ ᠤᠨ ᠲᠤᠰᠬᠠᠢ | ᠲᠤᠰᠢᠶᠠᠯᠳᠠᠨ ᠤ ᠵᠠᠭᠢᠷᠭ᠎ᠠ᠂ ᠤᠯᠠᠭᠠᠨᠴᠠᠪ ᠠᠶᠢᠮᠠᠬ ᠪᠤᠯᠤᠨ ᠪᠤᠭᠤᠳᠤ ᠬᠤᠳᠠ ᠵᠡᠷᠭᠡ ᠶᠢᠨ ᠬᠠᠷᠢᠶᠠᠯᠠᠯ ᠳᠤ | ᠬᠠᠮᠢᠶᠠᠷᠤᠬᠳᠠᠬᠰᠠᠭᠠᠷ ᠢᠷᠡᠵᠡᠢ᠃ | |