ᠤᠢᠢᠷ᠎ᠠ ᠳᠤ᠂ ᠬᠤᠷᠢᠨ ᠨᠢᠭᠡᠭᠡᠨ ᠨᠠᠰᠤᠲᠠᠢ ᠨᠢᠰᠭᠡᠯ ᠤᠨ ᠦᠢᠯᠡᠴᠢᠯᠡᠭᠴᠢ ᠦᠬᠢᠨ ᠰᠦᠨᠢ ᠪᠠᠷ ︽ᠳ᠋ᠢ ᠳ᠋ᠢ | ︾ ᠵᠠᠮ ᠤᠨ ᠲᠡᠷᠭᠡᠨ ᠳᠤ ᠰᠠᠭᠤᠭᠠᠳ ᠬᠤᠤᠷᠯᠠᠭᠳᠠᠭᠰᠠᠨ ᠬᠡᠷᠡᠭ ᠤᠯᠠᠨ ᠤ ᠠᠩᠬᠠᠷᠤᠯ ᠢ ᠲᠠᠳᠠᠵᠤ᠂ ᠬᠦᠮᠦᠰ ᠤᠨ | ᠰᠡᠳᠬᠢᠯ ᠢ ᠡᠮᠵᠡᠭᠯᠡᠬᠦᠯᠪᠡ᠃ ᠡᠶᠢᠮᠦᠷᠬᠦ ᠨᠤᠴᠢᠲᠠᠢ ᠬᠡᠷᠡᠭ ᠠᠴᠠ ᠭᠠᠳᠠᠨ᠎ᠠ᠂ ᠡᠯ᠎ᠡ ᠵᠦᠢᠯ ᠤᠨ ᠶᠡᠭᠡ ᠪᠠᠭ᠎ᠠ ᠠᠮᠤᠷ | ᠲᠦᠪᠰᠢᠨ ᠤ ᠠᠳᠡᠯ ᠪᠠᠶᠢᠨ ᠲᠠᠬᠢᠨ ᠡᠬᠦᠰᠴᠦ ᠯᠡ ᠪᠠᠶᠢᠨ᠎ᠠ᠃ ᠲᠡᠷᠭᠡ ᠲᠠᠭᠤᠳᠠᠭᠴᠢ ᠶᠢᠨ ᠬᠤᠪᠢ ᠳᠤ | ᠰᠦᠯᠵᠢᠶᠡᠨ ᠤ ᠲᠦᠷᠢᠶᠡᠰᠦᠨ ᠲᠡᠷᠭᠡᠨ ᠳᠤ ᠰᠠᠭᠤᠬᠤ ᠳᠠᠭᠠᠨ ᠠᠮᠤᠷ ᠲᠦᠪᠰᠢᠨ ᠢ ᠬᠡᠷᠬᠢᠨ ᠰᠡᠷᠭᠡᠶᠢᠯᠡᠬᠦ ᠪᠤᠢ︖ | ᠲᠤᠤᠷᠠᠬᠢ ᠪᠠᠶᠢᠳᠠᠯ ᠲᠤᠤᠷ᠎ᠠ ᠠᠯᠢ ᠴᠢᠳᠠᠬᠤ ᠪᠠᠷ ᠲᠦᠷᠢᠶᠡᠰᠦᠨ ᠲᠡᠷᠭᠡᠨ ᠳᠤ ᠰᠠᠭᠤᠬᠤ ᠦᠭᠡᠢ ᠪᠤᠯ | ᠰᠠᠶᠢᠨ | ᠰᠦᠨᠢ ᠲᠦᠯᠢ ᠪᠠᠷ ᠪᠤᠶᠢᠳᠠ ᠪᠦᠭᠯᠡᠬᠦᠦ ᠬᠤᠲᠠ ᠶᠢᠨ ᠲᠡᠬᠦᠷᠭᠡ᠂ ᠬᠤᠲᠠ ᠬᠦᠳᠡᠭᠡ ᠶᠢᠨ ᠵᠠᠭᠠᠭ ᠤᠷᠤᠨ | ᠳᠤ ᠤᠴᠢᠬᠤ ᠳᠠᠭᠠᠨ ᠲᠦᠷᠢᠶᠡᠰᠦᠨ ᠲᠡᠷᠭᠡᠨ ᠳᠤ ᠪᠢᠳᠡᠭᠡᠢ ᠰᠠᠭᠤᠭᠠᠷᠠᠢ᠃ ᠰᠦᠨᠢ ᠤᠷᠤᠢ ᠭᠠᠳᠠᠭᠰᠢ ᠭᠠᠷᠬᠤ | ᠴᠢᠬᠤᠯᠠ ᠲᠠᠢ ᠪᠤᠯ ᠪᠤᠯᠤᠮᠵᠢ ᠶᠢᠨ ᠲᠤᠳᠤᠷ᠎ᠠ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ | ᠰᠤᠩᠭᠤᠭᠠᠷᠠᠢ᠃ ᠪᠠᠴᠢᠮ ᠬᠡᠷᠡᠭᠴᠡᠭᠡ ᠠᠴᠠ ᠪᠤᠯᠵᠤ ᠲᠦᠷᠢᠶᠡᠰᠦᠨ ᠲᠡᠷᠭᠡᠨ ᠳᠤ ᠰᠠᠭᠤᠬᠤ ᠴᠢᠬᠤᠯᠠ ᠲᠠᠢ ᠪᠤᠯ | ᠲᠤᠰᠬᠠᠢ ᠦᠢᠯᠡᠴᠢᠯᠡᠭᠡᠨ ᠤ ᠲᠡᠷᠭᠡ ᠲᠠᠭᠤᠳᠠᠬᠤ ᠬᠡᠷᠡᠭᠲᠠᠢ᠂ ᠡᠶᠢᠮᠦ ᠲᠡᠷᠭᠡᠨ ᠤ ᠵᠠᠮ ᠤᠨ ᠰᠦᠢᠳᠭᠡᠯ ᠨᠢ ᠦᠨᠡᠲᠠᠢ | ᠪᠤᠯᠪᠠᠴᠦ ᠠᠮᠤᠷ ᠲᠦᠪᠰᠢᠨ ᠤ ᠲᠠᠯ᠎ᠠ ᠪᠠᠷ ᠪᠤᠰᠤᠳ ᠲᠦᠷᠢᠶᠡᠰᠦᠨ ᠮᠠᠰᠢᠨ ᠠᠴᠠ ᠰᠠᠶᠢᠨ ᠪᠠᠶᠢᠳᠠᠭ᠃ | ᠦᠨᠡᠮᠯᠡᠯ ᠤᠨ ᠵᠦᠢᠯᠡᠰ ᠨᠢ ᠨᠡᠶᠢᠴᠡᠬᠦ ᠦᠭᠡᠢ ᠲᠦᠷᠢᠶᠡᠰᠦᠨ ᠮᠠᠰᠢᠨ ᠳᠤ ᠪᠢᠳᠡᠭᠡᠢ ᠰᠠᠭᠤᠭᠠᠷᠠᠢ | ᠤᠢᠢᠯᠠᠭᠠᠭᠰᠠᠨ ᠢᠶᠠᠷ᠂ ᠰᠦᠯᠵᠢᠶᠡᠨ ᠤ ᠲᠦᠷᠢᠶᠡᠰᠦᠨ ᠲᠡᠷᠭᠡᠨ ᠤ ᠲᠠᠪᠴᠠᠩ ᠴᠦᠮ ᠵᠢᠯᠤᠭᠤᠴᠢ ᠪᠤᠯᠤᠨ | ᠲᠡᠷᠭᠡᠨ ᠡᠵᠡᠨ ᠤ ︽ᠪᠡᠶ᠎ᠡ ᠶᠢᠨ ᠦᠨᠡᠮᠯᠡᠯ︾ ︽ᠵᠢᠯᠤᠭᠤᠴᠢ ᠶᠢᠨ ᠦᠨᠡᠮᠯᠡᠯ︾ ︽ᠵᠠᠮᠨᠠᠬᠤ ᠦᠨᠡᠮᠯᠡᠯ︾ ᠵᠡᠷᠭᠡ | ᠪᠡᠶ᠎ᠡ ᠬᠡᠮ ᠤᠨ ᠭᠡᠷᠡᠴᠢ ᠦᠨᠡᠮᠯᠡᠯ ᠢ ᠰᠢᠯᠭᠠᠳᠠᠭ ᠪᠦᠭᠡᠳ ᠡᠨᠡ ᠭᠤᠷᠪᠠᠨ ᠦᠨᠡᠮᠯᠡᠯ ᠨᠢ ᠴᠦᠮ ᠵᠢᠩᠬᠢᠨᠢ ᠪᠦᠭᠡᠳ | ᠬᠦᠴᠦᠨ ᠲᠠᠢ ᠪᠠᠶᠢᠮᠠᠨᠵᠢᠨ ᠰᠠᠶ᠋ᠶ ᠲᠠᠩᠰᠠᠯᠠᠭᠤᠯᠵᠤ ᠲᠡᠶᠢᠯᠳᠡᠭ᠃ ᠬᠡᠪᠡᠴᠦ᠂ ᠤᠯᠠᠮᠵᠢᠯᠠᠯᠳᠤ ᠲᠦᠷᠢᠶᠡᠰᠦᠨ ᠮᠠᠰᠢᠨ | ᠴᠦ ᠲᠡᠷᠡ᠂ ᠡᠰᠡᠬᠦᠯ᠎ᠡ ᠰᠦᠯᠵᠢᠶᠡᠨ ᠤ ᠲᠦᠷᠢᠶᠡᠰᠦᠨ ᠮᠠᠰᠢᠨ ᠴᠦ ᠲᠡᠷᠡ᠂ ᠲᠠᠩᠰᠠᠯᠠᠭᠤᠯᠤᠭᠰᠠᠨ ᠦᠨᠡᠮᠯᠡᠯ ᠤᠨ | ᠵᠦᠢᠯᠡᠰ ᠲᠠᠢ ᠪᠠᠨ ᠦᠯᠦ ᠨᠡᠶᠢᠴᠡᠬᠦ ᠮᠠᠰᠢᠨ ᠲᠡᠷᠭᠡ ᠠᠮᠢᠳᠤᠷᠠᠯ ᠲᠤᠮᠳᠠ ᠪᠠᠰᠠ ᠤᠯᠠᠨ ᠪᠠᠶᠢᠳᠠᠭ ᠭᠡᠰᠡᠨ ᠢ ᠮᠡᠳᠡᠬᠦ | ᠬᠡᠷᠡᠭᠲᠠᠢ᠃ | ᠰᠦᠯᠵᠢᠶᠡᠨ ᠤ ᠲᠦᠷᠢᠶᠡᠰᠦᠨ ᠮᠠᠰᠢᠨ ᠳᠤ ᠰᠠᠭᠤᠬᠤ ᠳᠠᠭᠠᠨ᠂ ᠪᠤᠲᠠᠲᠠᠢ ᠲᠡᠷᠭᠡᠨ ᠫᠠᠶᠢᠰᠠᠨ ᠤ ᠳ᠋ᠤᠭᠠᠷ᠂ | ᠲᠡᠷᠭᠡᠨ ᠤ ᠬᠡᠯᠪᠡᠷᠢ ᠨᠢ ᠰᠦᠯᠵᠢᠶᠡᠨ ᠲᠡᠭᠡᠷᠡᠬᠢ ᠲᠠᠩᠰᠠᠯᠠᠯᠲᠠ ᠲᠠᠢ ᠠᠳᠠᠯᠢ ᠪᠠᠶᠢᠬᠤ ᠡᠰᠡᠬᠦ ᠶᠢ ᠦᠵᠡᠬᠦ ᠬᠡᠷᠡᠭᠲᠠᠢ᠂ | ᠬᠡᠷᠪᠡ ᠠᠳᠠᠯᠢ ᠦᠭᠡᠢ ᠪᠠᠶᠢᠪᠠᠯ ᠰᠠᠭᠤᠵᠤ ᠪᠤᠯᠬᠤ ᠦᠭᠡᠢ ᠪᠦᠭᠡᠳ ᠰᠦᠯᠵᠢᠶᠡᠨ ᠲᠡᠭᠡᠷᠡᠬᠢ ᠵᠠᠭᠠᠯᠳᠤᠬᠤ ᠠᠷᠭ᠎ᠠ ᠵᠠᠮ | ᠢᠶᠠᠷ ᠰᠢᠭᠤᠳ ᠵᠠᠭᠠᠯᠳᠤᠬᠤ ᠬᠡᠷᠡᠭᠲᠠᠢ᠃ ᠬᠠᠷ᠎ᠠ ᠲᠡᠷᠭᠡᠨ ᠳᠤ ᠶᠠᠭᠠᠬᠢᠭᠰᠠᠨ ᠴᠦ ᠰᠠᠭᠤᠵᠤ ᠪᠤᠯᠬᠤ ᠦᠭᠡᠢ᠃ ︽ | ᠫᠠᠶᠢᠰᠠ ᠲᠠᠯᠳᠠᠯᠠᠭᠰᠠᠨ ᠲᠡᠷᠭᠡᠨ︾ ᠳᠤ ᠴᠦ ᠰᠠᠭᠤᠵᠤ ᠪᠤᠯᠬᠤ ᠦᠭᠡᠢ᠂ ᠤᠢᠢᠯᠠᠭᠠᠭᠰᠠᠨ ᠢᠶᠠᠷ᠂ ︽ᠫᠠᠶᠢᠰᠠ | ᠲᠠᠯᠳᠠᠯᠠᠭᠰᠠᠨ ᠲᠡᠷᠭᠡᠨ︾ ᠤ ᠤᠯᠠᠩᠬᠢ ᠨᠢ ᠤᠯᠠᠮᠵᠢᠯᠠᠯᠳᠤ ᠲᠦᠷᠢᠶᠡᠰᠦᠨ ᠮᠠᠰᠢᠨ ᠲᠡᠷᠭᠡ ᠪᠤᠯᠤᠨ᠎ᠠ᠃ | ᠬᠤᠪᠢ ᠬᠦᠮᠦᠨ ᠤ ᠮᠡᠳᠡᠭᠡ ᠵᠠᠩᠬᠢ ᠪᠠᠨ ᠵᠠᠳᠠᠷᠠᠭᠤᠯᠬᠤ ᠠᠴᠠ ᠪᠤᠯᠭᠤᠮᠵᠢᠯᠠᠭᠠᠷᠠᠢ | ᠭᠠᠳᠠᠭᠰᠢ ᠭᠠᠷᠪᠠᠯ ᠵᠤᠭᠤᠰ ᠮᠦᠡᠭᠬᠦ ᠪᠠᠨ ᠲᠠᠯᠳᠠ ᠬᠢᠬᠦ ᠬᠡᠷᠡᠭᠲᠠᠢ᠂ ᠲᠦᠷᠢᠶᠡᠰᠦᠨ ᠮᠠᠰᠢᠨ ᠳᠤ ᠰᠠᠭᠤᠬᠤ | ᠳᠠᠭᠠᠨ ᠴᠦ ᠠᠳᠠᠯᠢ᠃ ᠲᠡᠷᠭᠡ ᠲᠦᠷᠢᠶᠡᠰᠦᠯᠡᠬᠦ ᠮᠦᠡᠭᠬᠦ ᠪᠠᠨ ᠪᠡᠯᠡᠭᠡᠨ ᠪᠤᠯᠭᠠᠭᠰᠠᠨ ᠤᠷᠢᠳᠠᠯ ᠲᠤᠤᠷ᠎ᠠ ᠭᠠᠷ | ᠤᠳᠠᠰᠤᠨ ᠲᠠᠬᠢ ᠵᠤᠭᠤᠰ ᠴᠦ ᠪᠤᠯᠤᠭ᠂ ᠴᠦᠡᠭᠬᠦᠨ ᠲᠤᠳᠤᠷᠠᠬᠢ ᠵᠤᠭᠤᠰ ᠴᠦ ᠪᠤᠯᠤᠭ᠂ ᠬᠡᠳᠤᠢ ᠵᠤᠭᠤᠰ ᠲᠠᠢ | ᠭᠡᠳᠡᠭ ᠢᠶᠠᠨ ᠪᠤᠰᠤᠳ ᠲᠤ ᠮᠡᠳᠡᠬᠦᠯᠬᠦ ᠦᠭᠡᠢ ᠨᠢ ᠰᠠᠶᠢᠨ᠃ ᠭᠠᠭᠴᠠᠭᠠᠷ ᠲᠦᠷᠢᠶᠡᠰᠦᠨ ᠲᠡᠷᠭᠡᠨ ᠳᠤ ᠰᠠᠭᠤᠪᠠᠯ | ᠡᠮᠦᠰᠴᠦ ᠵᠡᠬᠦᠬᠦ ᠪᠠᠨ ᠠᠯᠢ ᠪᠤᠯᠬᠤ ᠪᠠᠷ ᠪᠤᠷᠤᠭᠵᠢᠭᠤᠨ ᠪᠠᠶᠢᠯᠭᠠᠬᠤ ᠶᠢ ᠠᠩᠬᠠᠷᠤᠭᠠᠷᠠᠢ᠃ | ᠮᠦᠡᠭᠬᠦ ᠵᠤᠭᠤᠰ ᠢᠶᠠᠨ ᠬᠢᠴᠢᠶᠡᠬᠦ ᠠᠴᠠ ᠭᠠᠳᠠᠨ᠎ᠠ ᠦᠡᠭᠭᠡ ᠵᠢᠰᠦ ᠪᠠᠨ ᠴᠦ ᠠᠩᠬᠠᠷᠬᠤ ᠴᠢᠬᠤᠯᠠᠲᠠᠢ᠃ | ᠦᠬᠢᠨ ᠬᠦᠮᠦᠨ ᠭᠠᠭᠴᠠᠭᠠᠷ ᠲᠦᠷᠢᠶᠡᠰᠦᠨ ᠮᠠᠰᠢᠨ ᠳᠤ ᠰᠠᠭᠤᠬᠤ ᠳᠠᠭᠠᠨ ᠨᠡᠩ ᠴᠦ ᠬᠡᠳᠤᠷᠬᠡᠢ ᠭᠤᠶᠤᠯᠠᠵᠤ | ᠴᠢᠮᠡᠵᠤ ᠪᠤᠯᠬᠤ ᠦᠭᠡᠢ᠂ ᠢᠯᠠᠩᠭᠤᠶ᠎ᠠ ᠤᠨᠴᠠ ᠶᠢᠨ ᠦᠵᠡᠰᠬᠦᠯᠡᠩ ᠪᠦᠰᠡᠬᠦ᠋ᠢᠴᠤᠤᠯ ᠢᠯᠡᠬᠦᠦ ᠬᠢᠴᠢᠶᠡᠬᠦ ᠬᠡᠷᠡᠭᠲᠠᠢ᠃ | | ᠡᠬᠦᠨ ᠠᠴᠠ ᠭᠠᠳᠠᠨ᠎ᠠ᠂ ᠤᠯᠠᠩᠬᠢ ᠵᠢᠯᠤᠭᠤᠴᠢ ᠠᠶᠠᠨᠴᠢᠨ ᠲᠠᠢ ᠵᠤᠭᠤᠭ ᠲᠡᠯᠭᠡᠬᠦ ᠲᠤᠷᠠᠳᠠᠢ ᠪᠠᠶᠢᠳᠠᠭ᠃ | ᠵᠢᠯᠤᠭᠤᠴᠢ ᠲᠠᠢ ᠵᠤᠭᠤᠭᠳᠠᠬᠤ ᠳᠠᠭᠠᠨ ᠦᠪᠡᠷ ᠤᠨ ᠢᠶᠠᠨ ᠲᠤᠬᠠᠢ ᠢᠯᠡᠬᠦᠦ ᠶᠠᠷᠢᠬᠤ ᠦᠭᠡᠢ ᠪᠠᠶᠢᠬᠤ ᠶᠢ | ᠬᠢᠴᠢᠶᠡᠭᠡᠷᠠᠢ᠂ ᠢᠯᠠᠩᠭᠤᠶ᠎ᠠ ᠬᠠᠨᠢ ᠨᠦᠬᠦᠷ ᠦᠭᠡᠢ᠂ ᠬᠦᠷᠦᠩᠭᠡ ᠮᠦᠡᠭᠬᠦ ᠡᠯᠪᠡᠭ ᠭᠡᠬᠦ ᠮᠡᠳᠤ ᠶᠢᠨ ᠵᠦᠢᠯ ᠢ ᠶᠠᠷᠢᠵᠤ | ᠪᠤᠯᠬᠤ ᠦᠭᠡᠢ᠃ | ᠲᠡᠷᠭᠡᠨ ᠳᠤ ᠰᠠᠭᠤᠬᠤ ᠦᠶ᠎ᠡ ᠶᠢᠨ ᠠᠩᠬᠠᠷᠬᠤ ᠵᠦᠢᠯ | ᠶᠠᠭᠤᠨ ᠤ ᠤᠷᠢᠳ ᠰᠠᠭᠤᠬᠤ ᠤᠷᠤᠨ ᠪᠠᠶᠢᠷᠢ ᠪᠠᠨ ᠠᠩᠬᠠᠷᠬᠤ ᠬᠡᠷᠡᠭᠲᠠᠢ᠂ ᠬᠡᠷᠪᠡ ᠡᠩ ᠤᠨ | ᠲᠦᠷᠢᠶᠡᠰᠦᠨ ᠮᠠᠰᠢᠨ ᠪᠤᠶᠤ ᠰᠦᠯᠵᠢᠶᠡᠨ ᠤ ᠲᠦᠷᠢᠶᠡᠰᠦᠨ ᠮᠠᠰᠢᠨ ᠪᠤᠯ ᠵᠢᠯᠤᠭᠤᠴᠢ ᠶᠢᠨ ᠠᠷᠤ ᠶᠢᠨ ᠰᠠᠭᠤᠳᠠᠯ ᠳᠤ | ᠰᠠᠭᠤᠵᠤ ᠪᠤᠯᠤᠨ᠎ᠠ᠂ ᠢᠡᠭᠬᠢᠪᠡᠯ ᠵᠢᠯᠤᠭᠤᠴᠢ ᠶᠢᠨ ᠬᠦᠳᠡᠯᠦᠯ ᠪᠠᠷᠢᠯ ᠢ ᠲᠤᠳᠤᠷᠬᠠᠢ ᠤᠯᠵᠤ ᠦᠵᠡᠬᠦ ᠪᠦᠭᠡᠳ | ᠵᠢᠯᠤᠭᠤᠴᠢ ᠴᠦ ᠬᠢᠯᠪᠠᠷᠬᠠᠨ ᠢᠶᠠᠷ ᠲᠠᠭᠠᠷᠢᠯᠲᠠ ᠶᠠᠪᠤᠭᠤᠯᠬᠤ ᠴᠢᠳᠠᠬᠤ ᠦᠭᠡᠢ ᠶᠤᠮ᠃ ᠵᠠᠮ ᠤᠨ ᠲᠡᠷᠭᠡᠨ ᠳᠤ | ᠰᠠᠭᠤᠪᠠᠯ ᠵᠢᠯᠤᠭᠤᠴᠢ ᠶᠢᠨ ᠬᠠᠵᠠᠭᠤ ᠶᠢᠨ ᠰᠠᠭᠤᠳᠠᠯ ᠳᠤ ᠰᠠᠭᠤᠬᠤ ᠨᠢ ᠵᠦᠪ᠂ ᠠᠷᠤ ᠶᠢᠨ ᠰᠠᠭᠤᠳᠠᠯ ᠳᠤ | ᠰᠠᠭᠤᠪᠠᠯ ᠶᠤᠰᠤ ᠠᠯᠳᠠᠭᠰᠠᠨ ᠳᠤ ᠲᠤᠭᠠᠴᠠᠭᠳᠠᠨ᠎ᠠ᠂ ᠡᠬᠦᠨ ᠢ ᠪᠤᠲᠠᠲᠠᠢ ᠪᠠᠶᠢᠳᠠᠯ ᠢᠶᠠᠨ ᠦᠨᠳᠦᠰᠦᠯᠡᠵᠤ | ᠰᠤᠩᠭᠤᠵᠤ ᠪᠤᠯᠤᠨ᠎ᠠ᠃ | ᠬᠡᠷᠪᠡ ᠰᠦᠨᠢ ᠤᠷᠤᠢ ᠲᠡᠷᠭᠡᠨ ᠳᠤ ᠰᠠᠭᠤᠪᠠᠯ ᠲᠡᠷᠭᠡᠨ ᠤ ᠴᠤᠩᠬᠤ ᠶᠢ ᠵᠢᠭᠠᠬᠠᠨ ᠵᠠᠪᠰᠠᠷᠯᠠᠵᠤ᠂ | ᠮᠣᠩᠬᠠᠷᠠᠭᠤᠯᠬᠤ ᠡᠮ ᠮᠡᠳᠤ ᠶᠢᠨ ᠵᠦᠢᠯ ᠠᠴᠠ ᠰᠡᠷᠭᠡᠶᠢᠯᠡᠬᠦ ᠬᠡᠷᠡᠭᠲᠠᠢ᠂ ᠲᠦᠭᠰᠢᠬᠦᠷᠢ ᠳᠤ ᠤᠴᠠᠷᠠᠭᠰᠠᠨ ᠴᠦ | ᠭᠠᠳᠠᠭᠰᠢ ᠲᠤᠰᠠᠯᠠᠮᠵᠢ ᠭᠤᠶᠤᠬᠤ ᠳᠤ ᠲᠦᠬᠦᠮ ᠪᠠᠶᠢᠳᠠᠭ᠃ | ᠲᠦᠷᠢᠶᠡᠰᠦᠨ ᠲᠡᠷᠭᠡᠨ ᠳᠤ ᠰᠠᠭᠤᠬᠤ ᠳᠠᠭᠠᠨ ᠤᠨᠳᠠᠵᠤ ᠦᠷᠭᠡᠯᠡᠵᠤ ᠪᠤᠯᠬᠤ ᠦᠭᠡᠢ᠂ ᠦᠭᠢᠨ ᠬᠦᠮᠦᠨ | ᠲᠦᠷᠢᠶᠡᠰᠦᠨ ᠲᠡᠷᠭᠡᠨ ᠳᠤ ᠰᠠᠭᠤᠬᠤ ᠳᠠᠭᠠᠨ ︽ᠪᠡᠶ᠎ᠡ ᠪᠠᠨ ᠬᠠᠮᠠᠭᠠᠯᠠᠬᠤ ᠡᠳ᠋︾ ᠠᠪᠴᠦ ᠶᠠᠪᠤᠪᠠᠯ ᠰᠠᠶᠢᠨ᠃ ᠵᠠᠮ | ᠵᠠᠭᠤᠷ᠎ᠠ ᠪᠠᠨ ᠰᠦᠯᠵᠢᠶᠡᠨ ᠳᠤ ᠭᠠᠷᠴᠦ ᠵᠠᠮ ᠱᠤᠭᠤᠮ ᠢᠶᠠᠨ ᠦᠵᠡᠵᠤ᠂ ᠵᠢᠯᠤᠭᠤᠴᠢ ᠶᠢᠨ ᠲᠤᠭᠤᠷᠢᠤ ᠪᠤᠷᠤᠭᠤ | ᠵᠠᠮ ᠢᠶᠠᠷ ᠵᠠᠮᠨᠠᠬᠤ ᠠᠴᠠ ᠬᠡᠷᠰᠡᠦᠯᠡᠬᠦ ᠬᠡᠷᠡᠭᠲᠠᠢ᠃ | ᠲᠡᠷᠭᠡᠨ ᠦᠷᠲᠡᠭᠡ ᠪᠤᠶᠤ ᠵᠠᠷᠢᠮ ᠬᠦᠮᠦᠨ ᠬᠠᠷ᠎ᠠ ᠲᠦᠪᠯᠡᠷᠡᠭᠰᠡᠨ ᠭᠠᠵᠠᠷ ᠲᠤ ᠪᠤᠯ ᠠᠯᠢ ᠪᠤᠯᠬᠤ ᠪᠠᠷ | ᠵᠠᠮᠨᠠᠵᠤ ᠪᠠᠶᠢᠭ᠎ᠠ ᠲᠡᠷᠭᠡ ᠶᠢ ᠲᠠᠭᠤᠳᠠᠬᠤ ᠬᠡᠷᠡᠭᠲᠠᠢ᠂ ᠬᠠᠷᠢᠨ ᠵᠠᠮ ᠤᠨ ᠬᠠᠵᠠᠭᠤ ᠳᠤ ᠵᠤᠭᠰᠤᠭᠠᠳ ᠠᠶᠠᠨᠴᠢᠨ | ᠲᠠᠳᠠᠵᠤ ᠪᠠᠶᠢᠭ᠎ᠠ ᠲᠡᠷᠭᠡᠨ ᠳᠤ ᠰᠠᠭᠤᠵᠤ ᠪᠤᠯᠬᠤ ᠦᠭᠡᠢ᠃ |