ᠮᠡᠳᠡᠭᠡ ᠵᠠᠩᠬᠢᠵᠢᠯᠳᠠ ᠶᠢᠨ ᠨᠢᠰᠬᠦ | ᠮᠡᠳᠣ ᠲᠦᠷᠭᠡᠨ ᠬᠦᠭᠵᠢᠯᠳᠡ ᠶᠢ ᠲᠠᠭᠠᠯᠳᠣᠨ | ᠵᠢᠷᠭᠢᠶ᠎ᠡ ᠮᠠᠰᠢ ᠲᠦᠷᠭᠡᠨ ᠲᠦᠬᠡᠮᠡᠯᠵᠢᠵᠣ᠂ | ᠵᠢᠷᠭᠢᠶ᠎ᠡ ᠶᠢᠨ ᠠᠷᠠᠯᠵᠢᠶ᠎ᠠ ᠶᠠᠪᠤᠬᠤ | ᠲᠤᠰᠤᠮ ᠬᠦᠭᠵᠢᠶᠡᠨ ᠲᠠᠢ ᠪᠤᠯᠵᠦ ᠪᠠᠶᠢᠨ᠎ᠠ᠃ | ᠤᠯᠠᠨ ᠬᠦᠮᠦᠠ ᠰᠤᠯᠠ ᠰᠡᠯᠡᠭᠦᠦ ᠴᠠᠭ ᠢᠶᠠᠨ | ᠠᠰᠢᠬᠯᠠᠨ ᠵᠢᠷᠭᠢᠶ᠎ᠡ ᠶᠢᠨ ᠠᠷᠠᠯᠵᠢᠶ᠎ᠠ | ᠡᠷᠬᠢᠯᠡᠵᠦ ᠵᠤᠬᠢᠬᠤ ᠬᠡᠮᠵᠢᠶᠡᠨ ᠤ | ᠤᠷᠤᠯᠭ᠎ᠠ ᠤᠯᠬᠤ ᠪᠤᠯᠪᠠ᠃ ᠡᠨᠡᠬᠦ | ᠠᠵᠢᠯᠯᠠᠭ᠎ᠠ ᠨᠢ ᠠᠪᠤᠨ ᠦᠵᠡᠬᠦ ᠳᠤ ᠬᠢᠯᠪᠡᠷ | ᠲᠦᠭᠦᠮ ᠪᠤᠯᠪᠠᠴᠤ ᠡᠭᠦᠨ ᠤ ᠲᠤᠮᠳᠠ ᠬᠠᠤᠯᠢ | ᠴᠠᠭᠠᠵᠠ ᠠᠴᠠ ᠵᠦᠷᠢᠴᠡᠬᠦ ᠠᠰᠠᠭᠤᠳᠠᠯ | ᠵᠦᠩᠳᠡᠭᠡᠨ ᠭᠠᠷᠳᠠᠭ᠂ ᠤᠴᠢᠷ ᠨᠢ ᠪᠠᠷᠠᠭ᠎ᠠ | ᠪᠤᠯᠭᠠᠨ ᠢ ᠵᠢᠷᠭᠢᠶ᠎ᠡ ᠪᠠᠷ ᠲᠠᠮᠵᠢᠨ | ᠬᠤᠳᠠᠯᠳᠤᠵᠦ ᠪᠤᠯᠬᠤ ᠦᠭᠡᠢ᠃ ᠲᠡᠭᠡᠪᠡᠯ | ᠴᠤᠬᠤᠮ ᠶᠠᠮᠠᠷ ᠪᠠᠷᠠᠭ᠎ᠠ ᠶᠢ | ᠵᠢᠷᠭᠢᠶ᠎ᠡ ᠶᠢᠨ ᠲᠠᠪᠴᠠᠩ ᠢᠶᠠᠷ | ᠠᠷᠠᠯᠵᠢᠶᠠᠯᠠᠵᠦ ᠪᠤᠯᠬᠤ ᠦᠭᠡᠢ ᠪᠤᠢ︖ | ᠡᠮ ᠡᠮᠨᠡᠯᠭᠡ ᠶᠢᠨ ᠮᠠᠰᠢᠨ ᠲᠤᠨᠤᠭ᠃ ᠡᠮ | ᠡᠮᠨᠡᠯᠭᠡ ᠶᠢᠨ ᠪᠦᠳᠦᠭᠡᠭᠳᠡᠭᠦᠨ ᠪᠤᠯ | ᠬᠦᠮᠦᠨ ᠤ ᠠᠮᠢ ᠨᠠᠰᠦ᠂ ᠡᠷᠡᠭᠦᠯ ᠮᠡᠨᠳᠦ ᠲᠠᠢ | ᠰᠢᠭᠤᠳ ᠬᠤᠯᠪᠤᠭᠳᠠᠵᠦ ᠪᠠᠶᠢᠳᠠᠭ ᠠᠴᠠ ᠡᠮ | ᠡᠮᠨᠡᠯᠭᠡ ᠶᠢᠨ ᠮᠠᠰᠢᠨ ᠲᠤᠨᠤᠭ ᠢ | ᠬᠤᠳᠠᠯᠳᠤᠬᠤ ᠭᠡᠪᠡᠯ ᠵᠠᠪᠠᠯ ︽ᠡᠮ | ᠡᠮᠨᠡᠯᠭᠡ ᠶᠢᠨ ᠮᠠᠰᠢᠨ ᠲᠤᠨᠤᠭ ᠬᠤᠳᠠᠯᠳᠤᠬᠤ | ᠵᠦᠪᠰᠢᠶᠡᠷᠡᠯ ᠤᠨ ᠦᠨᠡᠮᠯᠡᠯ︾ ᠤᠯᠤᠭᠰᠠᠨ | ᠪᠠᠶᠢᠬᠤ ᠬᠡᠷᠡᠭᠳᠡᠢ᠃ ᠲᠡᠶᠢᠮᠦ ᠪᠢᠰᠢ ᠪᠤᠯ | ᠬᠠᠮᠢᠶ᠎ᠠ ᠪᠦᠬᠦᠢ ᠬᠠᠤᠯᠢ ᠴᠠᠭᠠᠵᠠ ᠶᠢᠨ | ᠰᠢᠳᠭᠡᠯ ᠤᠯᠬᠤ ᠪᠤᠯᠤᠨ᠎ᠠ᠃ | ᠵᠠᠭᠠᠨ ᠤ ᠰᠤᠶᠤᠭ᠎ᠠ᠂ ᠴᠢᠨ᠋ᠸ᠎ᠠ ᠶᠢᠨ | ᠰᠢᠳᠦ᠂ ᠴᠢᠨ᠋ᠸ᠎ᠠ ᠶᠢᠨ ᠠᠷᠠᠰᠦ ᠵᠡᠷᠭᠡ | ᠤᠯᠤᠰ ᠤᠨ ᠬᠠᠮᠠᠭᠠᠯᠠᠯᠳᠠ ᠲᠠᠢ | ᠭᠡᠭᠡᠷ᠎ᠡ ᠶᠢᠨ ᠠᠮᠢᠳᠠᠨ ᠤ | ᠡᠷᠬᠡᠳᠡᠨ ᠢᠶᠠᠷ ᠬᠢᠭᠰᠡᠨ | ᠪᠦᠳᠦᠭᠡᠭᠳᠡᠭᠦᠨ᠃ ᠵᠢᠷᠭᠢᠶ᠎ᠡ ᠲᠠᠪᠴᠠᠩ | ᠲᠡᠭᠡᠷ᠎ᠡ ᠤᠯᠤᠰ ᠤᠨ ᠬᠠᠮᠠᠭᠠᠯᠠᠯᠳᠠ ᠲᠠᠢ | ᠭᠡᠭᠡᠷ᠎ᠡ ᠶᠢᠨ ᠠᠮᠢᠳᠠᠨ ᠤ | ᠡᠷᠬᠡᠳᠡᠨ ᠢᠶᠠᠷ ᠬᠢᠭᠰᠡᠨ | ᠪᠦᠳᠦᠭᠡᠭᠳᠡᠭᠦᠨ ᠢ ᠬᠤᠳᠠᠯᠳᠤᠪᠠᠯ ᠬᠤᠪᠤᠷ | ᠴᠤᠬᠠᠭ᠂ ᠤᠰᠠᠳᠬᠤ ᠠᠶᠤᠯᠳᠠᠢ ᠪᠠᠶᠢᠭ᠎ᠠ | ᠭᠡᠭᠡᠷ᠎ᠡ ᠶᠢᠨ ᠠᠮᠢᠳᠠᠨ ᠤ | ᠡᠷᠬᠡᠳᠡᠨ ᠢᠶᠠᠷ ᠬᠢᠭᠰᠡᠨ | ᠪᠦᠳᠦᠭᠡᠭᠳᠡᠭᠦᠨ ᠢ ᠬᠤᠳᠠᠯᠳᠤᠭᠰᠠᠨ | ᠶᠠᠯ᠎ᠠ ᠳᠤ ᠬᠦᠷᠬᠦ ᠪᠤᠯᠤᠨ᠎ᠠ᠃ | ᠭᠠᠳᠠᠭᠠᠳᠦ ᠠᠴᠠ ᠤᠷᠤᠭᠤᠯᠤᠭᠰᠠᠨ | ᠮᠠᠷᠢᠶ᠎ᠠ ᠰᠢᠭᠤᠷᠠᠭᠤᠯᠬᠤ ᠡᠮ᠃ | ᠵᠦᠪᠰᠢᠶᠡᠷᠡᠯ ᠦᠭᠡᠢ ᠪᠠᠷ ᠭᠠᠳᠠᠭᠠᠳᠦ ᠠᠴᠠ | ᠤᠷᠤᠭᠤᠯᠤᠭᠰᠠᠨ ᠮᠠᠷᠢᠶ᠎ᠠ ᠰᠢᠭᠤᠷᠠᠭᠤᠯᠬᠤ | ᠡᠮ ᠢ ᠵᠢᠷᠭᠢᠶ᠎ᠡ ᠪᠠᠷ ᠠᠷᠠᠯᠵᠢᠶᠠᠯᠠᠪᠠᠯ᠂ | ᠡᠮ ᠤᠨ ᠵᠦᠢᠯᠡᠰ ᠤᠨ ᠬᠠᠮᠢᠶᠠᠷᠦᠯᠳᠠ ᠶᠢᠨ | ᠬᠠᠤᠯᠢ ᠶᠢᠨ ᠲᠤᠭᠳᠠᠭᠠᠯ ᠶᠤᠰᠤᠭᠠᠷ | ᠬᠠᠭᠤᠷᠮᠠᠭ ᠡᠮ ᠳᠤ ᠲᠤᠭᠠᠴᠢᠭᠳᠠᠵᠦ᠂ | ᠬᠠᠭᠤᠷᠮᠠᠭ ᠡᠮ ᠪᠤᠷᠤᠯᠠᠭᠤᠯᠤᠭᠰᠠᠨ | ᠶᠠᠯ᠎ᠠ ᠳᠤ ᠤᠨᠠᠬᠤ ᠪᠤᠯᠤᠨ᠎ᠠ᠃ | ᠬᠠᠭᠤᠷᠮᠠᠭ ᠪᠤᠭᠴᠤ᠃ ᠬᠠᠭᠤᠷᠮᠠᠭ ᠢᠶᠠᠷ | ᠲᠠᠩᠰᠠᠯᠠᠭᠤᠯᠤᠭᠰᠠᠨ ᠲᠠᠸᠠᠷ ᠤᠨ | ᠲᠠᠮᠳᠡᠭᠳᠦ ᠪᠠᠷᠠᠭ᠎ᠠ ᠭᠡᠰᠡᠨ ᠢ ᠮᠡᠳᠡᠵᠦ | ᠪᠠᠶᠢᠭᠠᠳ ᠵᠤᠷᠢᠭᠤᠳᠠ ᠬᠤᠳᠠᠯᠳᠤᠵᠦ᠂ | ᠠᠷᠠᠯᠵᠢᠶᠠᠯᠠᠭᠰᠠᠨ ᠵᠤᠭᠤᠰ ᠨᠢ ᠨᠡᠯᠢᠶᠡᠳ | ᠦᠨᠳᠦᠷ ᠪᠤᠯ ᠬᠠᠭᠤᠷᠮᠠᠭ | ᠲᠠᠩᠰᠠᠯᠠᠭᠤᠯᠤᠭᠰᠠᠨ ᠲᠠᠸᠠᠷ ᠤᠨ | ᠲᠡᠮᠳᠡᠭᠳᠦ ᠪᠠᠷᠠᠭ᠎ᠠ ᠶᠢ ᠬᠤᠳᠠᠯᠳᠤᠭᠰᠠ | ᠶᠠᠯ᠎ᠠ ᠳᠤ ᠤᠨᠠᠬᠤ ᠪᠤᠯᠤᠨ᠎ᠠ᠃ | ᠦᠨᠡᠳᠦ ᠲᠡᠮᠳᠡᠭᠳᠦ᠃ ᠲᠤᠮᠳᠠᠳᠤ | ᠤᠯᠤᠰ ᠤᠨ ᠦᠨᠡᠳᠦ ᠲᠡᠮᠳᠡᠭᠳᠦ ᠲᠠᠷᠬᠠᠭᠠᠨ | ᠬᠠᠮᠢᠶᠠᠷᠬᠤ ᠲᠦᠪ ᠠᠴᠠ ᠡᠷᠬᠡ ᠤᠯᠭᠤᠭᠰᠠᠨ | ᠪᠠᠶᠢᠳᠠᠯ ᠲᠤᠤᠷ᠎ᠠ ᠰᠠᠶ᠋ᠢ ᠦᠨᠡᠳᠦ | ᠲᠡᠮᠳᠡᠭᠳᠦ ᠶᠢ ᠬᠤᠳᠠᠯᠳᠤᠵᠦ ᠪᠤᠯᠤᠨ᠎ᠠ᠃ | ᠬᠡᠷᠪᠡ ᠦᠨᠡᠳᠦ ᠲᠡᠮᠳᠡᠭᠳᠦ ᠬᠤᠳᠠᠯᠳᠤᠬᠤ | ᠡᠷᠬᠡ ᠤᠯᠤᠭᠰᠠᠨ ᠦᠭᠡᠢ ᠪᠠᠷ | ᠵᠢᠷᠭᠢᠶ᠎ᠡ ᠪᠠᠷ ᠬᠤᠳᠠᠯᠳᠤᠪᠠᠯ᠂ ᠵᠠᠬ᠎ᠠ | ᠲᠡᠯᠭᠡᠭᠦᠷ ᠤᠨ ᠠᠵᠦ ᠠᠬᠤᠢ ᠶᠢᠨ ᠡᠮᠬᠢ | ᠲᠢᠭᠯᠢᠮ ᠢ ᠰᠠᠮᠠᠭᠤᠷᠠᠭᠤᠯᠤᠭᠰᠠᠨ ᠶᠠᠯ᠎ᠠ | ᠪᠤᠶᠤ ᠦᠢᠯᠡ ᠪᠠᠶᠢᠳᠠᠯ ᠨᠢ ᠬᠦᠨᠳᠦ ᠨᠤᠴᠢᠳᠠᠢ | ᠪᠤᠯ ᠬᠠᠤᠯᠢ ᠪᠤᠰᠤ ᠡᠵᠡᠩᠨᠡᠯᠳᠡ ᠶᠢᠨ | ᠶᠠᠯ᠎ᠠ ᠳᠤ ᠬᠦᠷᠬᠦ ᠪᠤᠯᠤᠨ᠎ᠠ᠃ | ᠲᠠᠮᠠᠬᠢ᠃ ᠶᠠᠮᠠᠷᠴᠤ ᠠᠷᠠᠳ ᠢᠷᠭᠡᠳ᠂ | ᠬᠠᠤᠯᠢ ᠶᠢᠨ ᠡᠷᠬᠡᠳᠡᠨ ᠪᠤᠶᠤ ᠵᠤᠬᠢᠶᠠᠨ | ᠪᠠᠶᠢᠭᠤᠯᠤᠯᠳᠠ ᠵᠢᠷᠭᠢᠶ᠎ᠡ ᠪᠤᠯᠤᠨ | ᠰᠦᠯᠵᠢᠶ᠎ᠡ ᠪᠠᠷ ᠲᠠᠮᠵᠢᠨ ᠲᠠᠮᠠᠬᠢ ᠶᠢ | ᠰᠤᠯᠠ ᠪᠠᠷ ᠪᠤᠷᠤᠯᠠᠭᠤᠯᠵᠦ ᠪᠤᠯᠬᠤ ᠦᠭᠡᠢ᠃ | ᠲᠠᠮᠠᠬᠢ ᠨᠢ ᠨᠢᠭᠡ ᠵᠦᠢᠯ ᠤᠨ ᠤᠨᠴᠠᠭᠠᠢ | ᠲᠠᠸᠠᠷ ᠪᠤᠯᠤᠭᠰᠠᠨ ᠤ ᠬᠤᠪᠢ ᠳᠤ ᠵᠠᠪᠠᠯ | ᠤᠨᠴᠠᠭᠠᠢ ᠬᠢᠨᠠᠨ ᠵᠦᠪᠰᠢᠶᠡᠷᠡᠬᠦ ᠭᠠᠷ | ᠭᠦᠢᠴᠡᠳᠭᠡᠯ ᠢ ᠲᠠᠮᠵᠢᠬᠤ ᠬᠡᠷᠡᠭᠳᠡᠢ | ᠪᠦᠭᠡᠳ ᠲᠠᠮᠠᠬᠢ ᠬᠤᠳᠠᠯᠳᠤᠬᠤ ᠲᠤᠰᠬᠠᠢ | ᠦᠨᠡᠮᠯᠡᠯ ᠪᠠᠶᠢᠬᠤ ᠴᠢᠬᠤᠯᠠᠳᠠᠢ᠃ ᠡᠰᠡ | ᠲᠡᠶᠢᠮᠦ ᠪᠤᠯ ᠬᠤᠳᠠᠯᠳᠤᠵᠦ ᠪᠠᠶᠢᠭ᠎ᠠ | ᠲᠠᠮᠠᠬᠢ ᠨᠢ ᠵᠢᠩᠬᠢᠨᠢ ᠪᠠᠷᠠᠭ᠎ᠠ | ᠪᠠᠶᠢᠭᠰᠠᠨ ᠴᠤ ᠲᠤᠰᠬᠠᠢ ᠦᠨᠡᠮᠯᠡᠯ | ᠦᠭᠡᠢ ᠪᠠᠷ ᠬᠤᠳᠠᠯᠳᠤᠭᠰᠠᠨ ᠲᠠᠮᠠᠬᠢ ᠨᠢ | ᠬᠠᠤᠯᠢ ᠳᠤ ᠲᠤᠭᠳᠠᠭᠰᠠᠨ ᠲᠤᠭ᠎ᠠ | ᠬᠡᠮᠵᠢᠶᠡᠨ ᠳᠤ ᠬᠦᠷᠪᠡᠯ ᠬᠠᠤᠯᠢ ᠪᠤᠰᠤ | ᠡᠵᠡᠩᠨᠡᠯᠳᠡ ᠶᠢᠨ ᠶᠠᠯ᠎ᠠ ᠳᠤ ᠬᠦᠷᠬᠦ | ᠪᠤᠯᠤᠨ᠎ᠠ᠃ | ᠱᠠᠯᠢᠭ ᠵᠠᠪᠬᠠᠢ ᠲᠦᠷᠰᠦ ᠰᠢᠩᠭᠡᠭᠡᠯᠳᠡ᠂ | ᠬᠠᠭᠤᠷᠮᠠᠭ ᠲᠠᠸᠠᠷ ᠵᠡᠷᠭᠡ ᠬᠠᠤᠯᠢ ᠴᠠᠭᠠᠵᠠ | ᠲᠦᠷᠢᠮ ᠲᠤᠭᠳᠠᠭᠠᠯ ᠢᠶᠠᠷ ᠴᠠᠭᠠᠵᠠᠯᠠᠵᠦ | ᠪᠠᠶᠢᠭ᠎ᠠ ᠵᠦᠢᠯᠡᠰ ᠢ ᠬᠤᠳᠠᠯᠳᠤᠪᠠᠯ ᠬᠠᠤᠯᠢ | ᠴᠠᠭᠠᠵᠠ ᠶᠢᠨ ᠴᠢᠩᠭ᠎ᠠ ᠰᠢᠳᠭᠡᠯ ᠢ ᠤᠯᠬᠤ | ᠪᠤᠯᠤᠨ᠎ᠠ᠃ ᠵᠢᠷᠭᠢᠶ᠎ᠡ ᠨᠢ ᠲᠦᠷᠭᠡᠨ᠂ | ᠲᠦᠭᠦᠮ ᠲᠦᠳᠡ ᠠᠷᠠᠯᠵᠢᠶᠠᠨ ᠤ ᠲᠠᠪᠴᠠᠩ | ᠪᠠᠶᠢᠵᠦ᠂ ᠡᠭᠦᠨ ᠢᠶᠠᠷ ᠲᠠᠮᠵᠢᠨ | ᠠᠷᠠᠯᠵᠢᠶ᠎ᠠ ᠬᠢᠬᠦ ᠨᠢ ᠮᠠᠰᠢ ᠰᠠᠶᠢᠨ | ᠰᠤᠩᠭᠤᠯᠳᠠ ᠪᠤᠯᠬᠤ ᠶᠤᠮ᠃ ᠭᠡᠪᠡᠴᠤ | ᠵᠢᠷᠭᠢᠶ᠎ᠠ ᠶᠢᠨ ︽ᠨᠠᠶᠢᠵᠢ ᠶᠢᠨ | ᠲᠤᠭᠤᠷᠢᠭ︾ ᠲᠠᠭᠠᠨ ᠬᠤᠳᠠᠯᠳᠤᠵᠦ | ᠪᠠᠶᠢᠭ᠎ᠠ ᠪᠠᠷᠠᠭ᠎ᠠ ᠲᠠᠸᠠᠷ ᠴᠢᠨᠢ ᠬᠠᠤᠯᠢ | ᠲᠦᠷᠢᠮ ᠳᠤ ᠨᠡᠶᠢᠴᠡᠬᠦ ᠡᠰᠡᠬᠦ ᠶᠢ | ᠨᠠᠷᠢᠪᠴᠢᠯᠠᠵᠦ᠂ ᠰᠠᠨᠠᠭᠠᠨ ᠳᠤ ᠦᠭᠡᠢ ᠪᠠᠷ | ᠬᠠᠤᠯᠢ ᠠᠴᠠ ᠵᠦᠷᠢᠴᠡᠬᠦ ᠠᠴᠠ | ᠪᠤᠯᠭᠤᠮᠵᠢᠯᠠᠭᠠᠷᠠᠢ︕ | | | |