ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠭᠦᠶᠡᠩ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/10/23
ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠢᠨᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ᠂ ᠰᠢᠶᠠᠨ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠳᠤ᠄      ᠰᠢᠶᠠᠨ ᠤ ᠵᠠᠰᠠᠭ ᠤᠨ ᠣᠷᠳᠣᠨ ᠰᠤᠳᠤᠯᠤᠨ ᠵᠥᠪᠰᠢᠶᠡᠷᠡᠭᠡᠳ᠂ ᠡᠳᠦᠭᠡ ︽ᠭᠦᠶᠡᠩ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃                           ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                  2020 ᠣᠨ ᠤ 6 ᠰᠠᠷ᠎ᠠ ᠶᠢᠨ 19 ᠤ ᠡᠳᠦᠷ ︵ᠲᠣᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶      ᠭᠦᠶᠡᠩ ᠰᠢᠶᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ      ᠨᠢᠭᠡᠳᠦᠭᠡᠷ ᠪᠦᠯᠦᠭ   ᠶᠡᠷᠦᠩᠬᠡᠶ ᠲᠦᠷᠢᠮ      ᠨᠢᠭᠡᠳᠦᠭᠡᠷ ᠵᠦᠢᠯ   ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ︵ᠤᠯᠤᠰ ᠤᠨ ᠵᠠᠷᠯᠢᠭ 722 ᠳ᠋ᠤᠭᠠᠷ ᠲᠣᠭᠠᠲᠤ︶ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠭᠦᠶᠡᠩ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠪᠦᠬᠦ ᠰᠢᠶᠠᠨ ᠤ ᠠᠵᠤ ᠠᠬᠤᠶ ᠪᠠ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠭᠦᠶᠡᠩ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠳᠦᠷᠢᠮ ᠢ ᠲᠣᠭᠲᠠᠭᠠᠪᠠ᠃      ᠬᠤᠶᠠᠳᠤᠭᠠᠷ ᠵᠦᠢᠯ   ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ ᠥᠭᠡᠷᠡᠴᠢᠯᠡᠯᠲᠡ ᠶᠢ ᠰᠢᠯᠢᠳᠡᠭᠵᠢᠭᠦᠯᠬᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠳᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠦᠨᠡᠨᠬᠦ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠡᠩ ᠶᠡᠭᠡ ᠬᠥᠭᠵᠢᠭᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠳᠬᠠᠨ᠎ᠠ᠃      ᠭᠤᠷᠪᠠᠳᠤᠭᠠᠷ ᠵᠦᠢᠯ   ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠪᠦᠬᠦ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠡᠷᠢᠭᠦᠯᠡᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠶᠡᠷᠦᠩᠬᠡᠢ ᠳᠤᠨᠢ ᠨᠢᠭᠡᠳᠦᠯᠲᠡᠢ ᠲᠥᠯᠥᠪᠵᠢᠭᠦᠯᠬᠦ᠂ ᠵᠣᠬᠢᠴᠠᠭᠤᠯᠬᠤ᠂ ᠠᠬᠢᠭᠤᠯᠬᠤ ᠠᠵᠢᠯ ᠢ ᠰᠠᠶᠢᠲᠤᠷ ᠬᠢᠬᠦ ᠬᠡᠷᠡᠭ ᠲᠠᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠣ᠂ ᠥᠪᠡᠷ ᠥᠪᠡᠷ ᠤᠨ ᠠᠵᠢᠯ ᠤᠨ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃      ᠳᠥᠷᠪᠡᠳᠦᠭᠡᠷ ᠵᠦᠢᠯ   ᠵᠠᠬ᠎ᠠ ᠳᠡᠯᠭᠡᠭᠦᠷ ᠤᠨ ᠭᠤᠤᠯ ᠴᠣᠭᠴᠠ ᠨᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠦᠮᠯᠡᠨ᠂ ᠨᠡᠶᠢᠭᠡᠮ ᠨᠡᠶᠢᠲᠡ ᠶᠢᠨ ᠶᠣᠰᠣ ᠮᠣᠷᠠᠯ ᠪᠠ ᠬᠤᠳᠠᠯᠳᠤᠭᠠᠨ ᠤ ᠶᠣᠰᠣ ᠮᠣᠷᠠᠯ ᠢ ᠰᠠᠬᠢᠵᠤ᠂ ᠦᠨᠡᠨᠴᠢ ᠢᠲᠡᠭᠡᠮᠵᠢᠲᠡᠶ ᠪᠠᠶᠢᠬᠤ᠂ ᠲᠥᠪ ᠭᠤᠤᠯᠴᠢ ᠪᠠᠷ ᠥᠷᠢᠰᠥᠯᠳᠦᠬᠦ᠂ ᠠᠮᠤᠷ ᠲᠦᠪᠰᠢᠨ᠂ ᠶᠠᠰᠤ ᠴᠢᠨᠠᠷ᠂ ᠬᠦᠳᠡᠯᠮᠦᠷᠢᠴᠢᠨ ᠤ ᠡᠷᠬᠡ ᠠᠰᠢᠭ ᠢ ᠬᠠᠮᠠᠭᠠᠯᠠᠬᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠬᠢ ᠬᠠᠤᠯᠢ ᠪᠠᠷ ᠲᠣᠭᠲᠠᠭᠠᠭᠰᠠᠨ ᠡᠭᠦᠷᠭᠡ ᠶᠢ ᠭᠦᠢᠴᠡᠳᠭᠡᠨ᠎ᠡ᠃      ᠬᠤᠶᠠᠳᠤᠭᠠᠷ ᠪᠦᠯᠦᠭ   ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠮᠠᠭᠠᠯᠠᠯᠲᠠ      ᠲᠠᠪᠤᠳᠤᠭᠠᠷ ᠵᠦᠢᠯ   ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠦᠬᠦ ᠰᠢᠶᠠᠨ ᠤ ᠪᠠᠴᠢᠮ ᠪᠤᠰᠤ ᠲᠥᠷᠥᠯ ᠤᠨ ᠦᠢᠯᠡᠴᠢᠯᠡᠭᠡᠨ ᠤ ᠬᠠᠯᠠᠭᠤᠨ ᠤᠲᠠᠰᠤ ᠶᠢ ᠡᠮᠬᠢᠯᠡᠨ ᠨᠡᠶᠢᠯᠡᠭᠦᠯᠬᠦ ᠶᠢ ᠬᠠᠷᠢᠭᠤᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠴᠣᠩᠬᠤᠨ ᠳᠤ ᠲᠦᠰᠢᠭᠯᠡᠨ᠂ ᠨᠢᠭᠤᠷᠳᠠᠬᠤ ᠪᠤᠶᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ︵0472 — 8115555︶ ᠪᠠᠷ ᠳᠠᠮᠵᠢᠭᠤᠯᠣᠨ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠨ ᠥᠷᠭᠡᠨ ᠣᠯᠠᠨ ᠲᠦᠮᠡᠨ ᠤ ᠲᠤᠰᠬᠠᠭᠰᠠᠨ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠵᠦ᠂ ᠠᠰᠠᠭᠤᠨ ᠯᠠᠪᠯᠠᠬᠤ᠂ ᠦᠢᠯᠡᠴᠢᠯᠡᠬᠦ᠂ ᠲᠤᠰᠠᠯᠠᠮᠵᠢ ᠭᠤᠶᠤᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠵᠡᠷᠭᠡ ᠥᠨᠳᠥᠷ ᠦᠷ᠎ᠡ ᠪᠦᠲᠦᠮᠵᠢᠲᠡᠶ᠂ ᠳᠥᠭᠦᠮ ᠳᠥᠲᠡ ᠦᠢᠯᠡᠴᠢᠯᠡᠭᠡ ᠶᠢ ᠬᠠᠩᠭᠠᠨ᠎ᠠ᠃      ᠵᠢᠷᠭᠤᠳᠤᠭᠠᠷ ᠵᠦᠢᠯ   ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠦᠢᠯᠡᠴᠢᠯᠡᠭᠡᠨ ᠤ ᠲᠥᠪ ᠨᠢ ᠡᠮᠤᠨᠡᠬᠢ ᠬᠤᠭᠤᠴᠠᠭᠠᠨ ᠤ ᠵᠥᠪᠯᠡᠬᠦ ᠵᠦᠢᠯ ᠤᠨ ᠲᠣᠭᠤᠷᠢᠨ ᠳᠤ᠂ ᠬᠠᠮᠲᠤᠷᠠᠯᠴᠠᠭᠠᠨ ᠤ ᠲᠠᠯ᠎ᠠ ᠶᠢᠨ ᠰᠠᠨᠠᠯ ᠢ ᠴᠢᠩᠭ᠎ᠠ ᠠᠩᠬᠠᠷᠴᠤ᠂ ᠪᠦᠬᠦ ᠶᠠᠪᠤᠴᠠ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠲᠦᠷᠦᠯ ᠵᠦᠢᠯ ᠢ ᠠᠵᠢᠯ ᠡᠬᠢᠯᠡᠭᠦᠯᠲᠡᠯ᠎ᠡ ᠬᠠᠩᠭᠠᠨ᠎ᠠ᠃      ᠳᠣᠯᠣᠳᠤᠭᠠᠷ ᠵᠦᠢᠯ   ᠪᠤᠭᠤᠲᠤ ᠶᠢᠨ ᠵᠢᠨᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠦᠢᠯᠡᠴᠢᠯᠡᠭᠡᠨ ᠤ ᠤᠬᠠᠮᠰᠠᠷ ᠪᠠ ᠦᠷ᠎ᠡ ᠪᠦᠲᠦᠮᠵᠢ ᠪᠠᠨ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠬᠡᠪᠴᠢᠶᠡᠨ ᠳᠣᠲᠣᠷ᠎ᠠ ᠣᠯᠠᠨ ᠨᠡᠶᠢᠲᠡ ᠶᠢᠨ ᠰᠢᠨᠵᠢ ᠴᠢᠨᠠᠷ ᠲᠤ ᠬᠤᠯᠪᠣᠭᠳᠠᠬᠤ ᠣᠷᠴᠢᠨ ᠲᠣᠭᠤᠷᠢᠨ ᠤ ᠦᠨᠡᠯᠡᠯᠲᠡ᠂ ᠠᠶᠤᠯ ᠦᠭᠡᠶ ᠶᠢᠨ ᠦᠨᠡᠯᠡᠯᠲᠡ᠂ ᠲᠣᠭᠲᠠᠭᠤᠨ ᠢᠶᠠᠷ ᠦᠨᠡᠯᠡᠯᠲᠡ ᠬᠢᠬᠦ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠵᠡᠷᠭᠡ ᠬᠢᠨᠠᠨ ᠵᠥᠪᠰᠢᠶᠡᠷᠡᠬᠦ ᠵᠦᠢᠯᠡᠰ ᠢ ᠪᠤᠭᠤᠲᠤ ᠶᠢᠨ ᠵᠢᠨᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠠᠴᠠ ᠣᠷᠣᠨ ᠪᠦᠰᠡ ᠶᠢᠨ ᠦᠨᠡᠯᠡᠨ ᠵᠢᠱᠢᠯᠲᠡ ᠶᠢ ᠨᠢᠭᠡᠳᠦᠯᠲᠡᠶ ᠵᠣᠬᠢᠶᠠᠨ ᠪᠠᠶᠢᠭᠤᠯᠵᠤ ᠪᠠᠶᠢᠭᠠᠳ ᠲᠤᠰ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠰᠦᠢᠳᠭᠡᠯ ᠬᠤᠷᠢᠶᠠᠬᠤ ᠦᠭᠡᠶ ᠪᠠᠷ ᠬᠠᠩᠭᠠᠨ ᠬᠡᠷᠡᠭᠯᠡᠭᠦᠯᠬᠦ ᠬᠡᠷᠡᠭᠲᠡᠶ᠃ ᠮᠡᠳᠡᠭᠳᠡᠬᠦ ᠠᠮᠠᠯᠠᠯᠲᠠ ᠶᠢᠨ ᠳᠦᠷᠢᠮ ᠪᠠ ᠲᠥᠷᠥᠯ ᠵᠦᠢᠯ ᠢ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠴᠠᠭ ᠬᠤᠭᠤᠴᠠᠭ᠎ᠠ ᠶᠢ ᠬᠠᠮᠤᠭ ᠤᠨ ᠶᠡᠭᠡ ᠬᠡᠮᠵᠢᠶ᠎ᠠ ᠪᠠᠷ ᠪᠠᠭᠠᠰᠬᠠᠵᠤ᠂ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ᠂ ᠠᠰᠢᠭᠯᠠᠯᠲᠠ ᠳᠤ ᠤᠷᠤᠭᠰᠠᠨ ᠤ ᠳᠠᠷᠠᠭ᠎ᠠ ᠲᠤᠯᠭᠠᠷᠠᠭᠰᠠᠨ ᠡᠯ᠎ᠡ ᠵᠦᠢᠯ ᠤᠨ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠢ᠃      ᠭᠤᠷᠪᠠᠳᠤᠭᠠᠷ ᠪᠦᠯᠦᠭ   ᠵᠠᠬ᠎ᠠ ᠳᠡᠯᠭᠡᠭᠦᠷ ᠤᠨ ᠣᠷᠴᠢᠨ ᠨᠥᠬᠦᠴᠡᠯ      ᠨᠠᠢᠮᠠᠳᠤᠭᠠᠷ ᠵᠦᠢᠯ   ᠡᠯ᠎ᠡ ᠬᠠᠮᠢᠶ᠎ᠠ ᠪᠦᠬᠦᠢ ᠨᠢᠭᠡᠴᠡ ᠡᠯ᠎ᠡ ᠲᠥᠷᠥᠯ ᠤᠨ ᠭᠡᠷᠡᠴᠢ ᠪᠠ ᠭᠠᠷᠳᠠᠮ ᠢ ᠢᠯᠭᠠᠷᠠᠭᠤᠯᠵᠣ᠂ ᠬᠠᠤᠯᠢ ᠴᠠᠭᠠᠵᠠ ᠬᠠᠤᠯᠢ ᠲᠣᠭᠲᠠᠭᠠᠯ ᠲᠣᠭᠲᠠᠭᠠᠬᠤ ᠦᠨᠳᠦᠰᠦᠯᠡᠯ ᠥᠬᠡᠶ ᠪᠦᠬᠦᠨ ᠢ ᠴᠥᠮ ᠬᠦᠴᠦᠨ ᠥᠬᠡᠶ ᠪᠣᠯᠭᠠᠬᠤ᠂ ᠬᠤᠪᠢ ᠬᠥᠮᠦᠨ ᠤ ᠣᠲᠣ ᠶᠢᠨ ᠪᠠᠶᠢᠭ᠎ᠠ ᠭᠡᠷᠡᠴᠢ ᠦᠨᠡᠮᠯᠡᠯ ᠢᠶᠠᠷ ᠳᠠᠮᠵᠢᠭᠤᠯᠤᠨ ᠭᠡᠷᠡᠴᠢᠯᠡᠵᠦ ᠪᠣᠯᠬᠤ ᠶᠢ ᠨᠢ ᠴᠦᠮ ᠬᠦᠴᠦᠨ ᠥᠬᠡᠶ ᠪᠣᠯᠭᠠᠬᠤ᠂ ᠭᠤᠶᠤᠴᠢᠯᠠᠭᠴᠢ ᠶᠢᠨ ᠪᠢᠴᠢᠭ ᠢᠶᠠᠷ ᠠᠮᠠᠯᠠᠬᠤ ᠠᠷᠭ᠎ᠠ ᠮᠠᠶ᠋ᠢᠭ ᠢᠶᠠᠷ ᠰᠢᠢᠳᠪᠦᠷᠢᠯᠡᠵᠦ ᠪᠣᠯᠬᠤ ᠶᠢ ᠨᠢ ᠴᠥᠮ ᠬᠦᠴᠦᠨ ᠥᠬᠡᠶ ᠪᠣᠯᠭᠠᠬᠤ᠂ ᠪᠤᠰᠤᠳ ᠮᠠᠲ᠋ᠧᠷᠢᠶᠠᠯ ᠢ ᠬᠠᠮᠤᠷᠤᠭᠰᠠᠨ ᠪᠤᠶᠤ ᠣᠷᠣᠯᠠᠭᠤᠯᠵᠣ ᠳᠡᠶᠢᠯᠬᠦ ᠶᠢ ᠨᠢ ᠴᠥᠮ ᠬᠦᠴᠦᠨ ᠥᠬᠡᠶ ᠪᠣᠯᠭᠠᠬᠤ᠂ ᠰᠦᠯᠵᠢᠶ᠎ᠡ ᠪᠠᠷ ᠬᠢᠨᠠᠨ ᠰᠢᠯᠭᠠᠵᠤ ᠳᠡᠶᠢᠯᠬᠦ ᠶᠢ ᠨᠢ ᠴᠦᠮ ᠬᠦᠴᠦᠨ ᠥᠬᠡᠶ ᠪᠣᠯᠭᠠᠬᠤ᠂ ᠭᠠᠷᠭᠠᠵᠤ ᠳᠡᠶᠢᠯᠬᠦ ᠶᠢ ᠨᠢ ᠪᠠᠶᠢᠴᠠᠭᠠᠨ ᠬᠢᠨᠠᠨ ᠬᠠᠷᠭᠤᠭᠤᠯᠬᠤ ᠶᠢᠨ ᠠᠷᠭ᠎ᠠ ᠥᠬᠡᠶ ᠪᠣᠯ ᠪᠦᠬᠦᠨ ᠢ ᠬᠦᠴᠦᠨ ᠥᠬᠡᠶ ᠪᠣᠯᠭᠠᠬᠤ᠂ ᠠᠵᠤ ᠠᠬᠤᠶᠢᠯᠠᠯ ᠳᠤ ᠠᠰᠢᠭ ᠣᠯᠭᠤᠵᠤ ᠠᠷᠠᠳ ᠲᠤ ᠲᠥᠬᠦᠮ ᠦᠵᠡᠭᠦᠯᠬᠦ᠂ ᠴᠢᠬᠤᠯᠠ ᠪᠦᠬᠦᠢ ᠭᠡᠷᠡᠴᠢᠯᠡᠭᠡ ᠳᠤ ᠬᠠᠷᠢᠯᠴᠠᠨ ᠮᠡᠳᠡᠷᠡᠵᠦ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠳᠠᠪᠬᠤᠷᠳᠠᠭᠤᠯᠤᠨ ᠬᠡᠷᠡᠴᠢ ᠳᠤᠷᠠᠳᠬᠤ ᠶᠢ ᠪᠠᠭᠠᠰᠬᠠᠬᠤ ᠬᠡᠷᠡᠭᠲᠡᠢ᠃      ᠶᠢᠰᠦᠳᠦᠭᠡᠷ ᠵᠦᠢᠯ  ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠭᠠᠷᠳᠠᠮ ᠤᠨ ᠴᠠᠭ ᠤᠨ ᠬᠢᠵᠠᠭᠠᠷ᠄      ︵ᠨᠢᠭᠡ︶   ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠣᠯᠲᠡ ᠶᠢᠨ ᠲᠥᠷᠥᠯ ᠵᠦᠢᠯ ᠢ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠬᠠᠷᠭᠤᠭᠤᠯᠵᠤ ᠳᠠᠩᠰᠡᠯᠡᠵᠣ᠂ ᠠᠵᠤ ᠠᠬᠤᠶᠢᠯᠠᠯ ᠤᠨ ᠴᠠᠬᠢᠯᠭᠠᠨ ᠮᠡᠳᠡᠭᠡ ᠪᠦᠷᠢᠨ ᠭᠦᠢᠴᠡᠳ ᠪᠠᠶᠢᠬᠤ ᠤᠷᠢᠲᠠᠯ ᠳᠣᠤᠷ᠎ᠠ᠂ ᠵᠠᠷᠴᠢᠮ ᠳᠡᠭᠡᠷ᠎ᠡ ᠪᠠᠨ 1 ᠠᠵᠢᠯᠯᠠᠬᠤ ᠡᠳᠦᠷ ᠲᠤ ᠰᠢᠢᠳᠪᠦᠷᠢᠯᠡᠵᠦ ᠳᠠᠭᠤᠰᠬᠠᠨ᠎ᠠ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠪᠠᠷ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠵᠦ᠂ ᠵᠠᠷᠴᠢᠮ ᠳᠡᠭᠡᠷ᠎ᠡ ᠪᠠᠨ 4 ᠠᠵᠢᠯᠯᠠᠬᠤ ᠡᠳᠦᠷ ᠲᠤ ᠭᠦᠢᠴᠡᠳᠭᠡᠵᠣ ᠳᠠᠭᠤᠰᠬᠠᠨ᠎ᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠭᠦᠯᠬᠦ ᠪᠠᠷ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠬᠠᠷᠭᠤᠭᠤᠯᠵᠤ᠂ ᠵᠠᠷᠴᠢᠮ ᠳᠡᠭᠡᠷ᠎ᠡ ᠪᠠᠨ 4 ᠠᠵᠢᠯᠯᠠᠬᠤ ᠡᠳᠦᠷ ᠲᠤ ᠭᠦᠢᠴᠡᠳᠭᠡᠵᠣ ᠳᠠᠭᠤᠰᠬᠠᠬᠤ ᠬᠡᠷᠡᠭᠲᠡᠶ᠃      ︵ᠬᠤᠶᠠᠷ︶   ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ ᠲᠣᠭᠲᠠᠭᠰᠠᠨ ᠡᠷᠬᠡ ᠮᠡᠳᠡᠯ ᠢᠶᠠᠷ ᠢᠶᠠᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠣᠯᠲᠡ ᠶᠢᠨ ᠲᠥᠷᠥᠯ ᠵᠦᠢᠯ ᠵᠢᠴᠢ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠭᠦᠯᠵᠦ᠂ ᠳᠠᠩᠰᠠᠯᠠᠭᠤᠯᠬᠤ ᠬᠡᠷᠡᠭᠲᠡᠶ᠃ ᠠᠵᠤ ᠠᠬᠤᠶᠢᠯᠠᠯ ᠤᠨ ᠴᠠᠬᠢᠯᠭᠠᠨ ᠮᠡᠳᠡᠭᠡ ᠪᠦᠷᠢᠨ ᠭᠦᠢᠴᠡᠳ ᠪᠠᠶᠢᠬᠤ ᠤᠷᠢᠲᠠᠯ ᠳᠣᠤᠷ᠎ᠠ᠂ ᠵᠠᠷᠴᠢᠮ ᠳᠡᠭᠡᠷ᠎ᠡ ᠪᠠᠨ 1 ᠠᠵᠢᠯᠯᠠᠬᠤ ᠡᠳᠦᠷ ᠲᠤ ᠭᠦᠢᠴᠡᠳᠭᠡᠵᠣ ᠳᠠᠭᠤᠰᠬᠠᠬᠤ ᠬᠡᠷᠡᠭᠲᠡᠶ᠃      ︵ᠭᠤᠷᠪᠠ︶   ᠰᠢᠶᠠᠨ ᠤ ᠰᠣᠶᠣᠯ ᠤᠷᠠᠯᠢᠭ ᠤᠨ ᠲᠣᠪᠴᠢᠶ᠎ᠠ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠤᠶᠤ ᠠᠵᠤ ᠠᠬᠤᠶᠢᠯᠠᠯ ᠤᠨ ᠲᠤᠰᠢᠶᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠲᠡᠤᠬᠡ ᠶᠢᠨ ᠳᠣᠷᠠᠰᠬᠠᠯᠲᠣ ᠵᠦᠢᠯ ᠤᠨ ᠡᠬᠢ ᠪᠠᠶᠠᠯᠢᠭ ᠢ ᠡᠵᠡᠯᠡᠵᠦ ᠳᠠᠷᠤᠬᠤ ᠡᠰᠡᠬᠦ ᠮᠡᠳᠡᠭᠦᠯᠦᠯᠲᠡ ᠶᠢ ᠬᠦᠯᠢᠶᠡᠨ ᠠᠪᠤᠭᠰᠠᠨ ᠤ ᠳᠠᠷᠠᠭ᠎ᠠ᠂ ᠵᠠᠷᠴᠢᠮ ᠳᠡᠭᠡᠷ᠎ᠡ ᠪᠠᠨ 3 ᠠᠵᠢᠯᠯᠠᠬᠤ ᠡᠳᠦᠷ ᠤᠨ ᠳᠣᠲᠣᠷ᠎ᠠ ᠭᠠᠵᠠᠷ ᠬᠡᠷᠡᠭᠯᠡᠬᠦ ᠬᠡᠪᠴᠢᠶᠡᠨ ᠳᠠᠬᠢ ᠬᠡᠭᠡᠷ᠎ᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠩᠬ᠎ᠠ ᠠᠯᠬᠤᠮ ᠤᠨ ᠪᠠᠶᠢᠴᠠᠭᠠᠯᠲᠠ ᠶᠢ ᠪᠡᠶᠡᠯᠡᠭᠦᠯᠵᠦ᠂ ᠲᠡᠷᠡᠴᠢᠯᠡᠨ ᠪᠠᠶᠢᠴᠠᠭᠠᠭᠰᠠᠨ ᠦᠷ᠎ᠡ ᠳ᠋ᠦᠩ ᠢᠶᠠᠨ ᠪᠢᠴᠢᠭ ᠢᠶᠠᠷ ᠬᠤᠲᠠ ᠶᠢᠨ ᠪᠢᠴᠢᠭ ᠤᠨ ᠵᠢᠭᠤᠯᠴᠢᠯᠠᠯ ᠤᠨ ᠲᠣᠪᠴᠢᠶᠠᠨ ᠳᠤ ᠮᠡᠳᠡᠭᠦᠯᠵᠦ ᠵᠥᠪᠰᠢᠶᠡᠷᠡᠭᠦᠯᠬᠦ ᠶᠢ ᠬᠦᠯᠢᠶᠡᠯᠭᠡᠬᠦ ᠬᠡᠷᠡᠭᠲᠡᠶ᠃      ︵ᠳᠥᠷᠪᠡ︶   ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠭᠠᠵᠠᠷ ᠰᠢᠷᠣᠶ ᠬᠡᠷᠡᠭᠯᠡᠬᠦ ᠬᠤᠯᠪᠣᠭᠳᠠᠯ ᠪᠥᠬᠦᠶ ᠭᠠᠷᠳᠠᠮ ᠢ ᠭᠦᠶᠴᠡᠳᠬᠡᠨ᠎ᠡ᠄      1᠂  ᠭᠠᠵᠠᠷ ᠲᠠᠷᠢᠶ᠎ᠠ ᠰᠣᠩᠭᠤᠬᠤ᠃ ᠭᠠᠵᠠᠷ ᠬᠡᠷᠡᠭᠯᠡᠬᠦ ᠲᠥᠷᠥᠯ ᠵᠦᠢᠯ ᠢ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠪᠡ ︵ᠣᠯᠣᠰ ᠨᠢᠭᠡᠴᠡ ᠶᠢᠨ ᠳᠦᠷᠢᠮᠲᠦ ᠲᠤᠰᠬᠤᠨ ᠪᠠᠭᠲᠠᠨ᠎ᠠ︶ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷ᠎ᠠ ᠬᠤᠲᠠ ᠪᠠᠯᠭᠠᠰᠤᠨ ᠳᠤ ᠪᠦᠯᠦᠭ ᠤᠳᠠᠭ᠎ᠠ ᠬᠤᠪᠢᠶᠠᠨ ᠭᠠᠵᠠᠷ ᠰᠢᠷᠣᠶ ᠬᠡᠷᠡᠭᠯᠡᠬᠦ ᠶᠢ ᠮᠡᠳᠡᠭᠦᠯᠦᠨ ᠵᠦᠪᠰᠢᠶᠡᠷᠡᠭᠦᠯᠦᠨ᠎ᠠ᠃ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠲᠣᠭᠲᠠᠭᠠᠭᠰᠠᠨ ᠬᠤᠲᠠ ᠶᠢᠨ ᠪᠦᠲᠦᠭᠡᠨ ᠪᠠᠶᠢᠭᠤᠯᠣᠯᠲᠡ ᠳᠤ ᠬᠡᠷᠡᠭᠯᠡᠬᠦ ᠭᠠᠵᠠᠷ ᠤᠨ ᠬᠡᠪᠴᠢᠶ᠎ᠡ ᠬᠡᠪᠴᠢᠶᠡᠨ ᠠᠴᠠ ᠭᠠᠳᠠᠨ᠎ᠠ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠵᠡᠯᠡᠨ ᠬᠡᠷᠡᠭᠯᠡᠬᠦ ᠭᠠᠵᠠᠷ ᠰᠢᠷᠣᠶ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠠᠬᠤ ᠶᠠᠪᠤᠳᠠᠯ ᠳᠤ ᠬᠤᠯᠪᠣᠭᠳᠠᠪᠠᠯ᠂ ᠲᠤᠰᠠᠭᠠᠷ ᠭᠠᠵᠠᠷ ᠰᠣᠩᠭᠤᠨ ᠬᠡᠷᠡᠭᠯᠡᠬᠦ ᠭᠠᠵᠠᠷ ᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ ᠴᠠᠬᠢᠯᠭᠠᠨ ᠮᠡᠳᠡᠭᠡ ᠨᠢ ᠪᠦᠷᠢᠨ ᠭᠦᠢᠴᠡᠳ ᠪᠣᠯᠤᠭᠰᠠᠨ ᠤ ᠳᠠᠷᠠᠭ᠎ᠠ ᠵᠠᠷᠴᠢᠮ ᠳᠡᠭᠡᠷ᠎ᠡ ᠪᠠᠨ 25 ᠠᠵᠢᠯᠯᠠᠬᠤ ᠡᠳᠣᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ︵ᠰᠢᠶᠠᠨ ᠤ ᠵᠠᠰᠠᠭ ᠤᠨ ᠣᠷᠳᠣᠨ ᠤ ᠵᠢᠭᠠᠪᠤᠷᠢ ᠠᠪᠤᠭᠰᠠᠨ ᠪᠢᠴᠢᠭ ᠮᠠᠲ᠋ᠧᠷᠢᠶᠠᠯ᠂ ᠨᠥᠬᠦᠵᠦ ᠳᠠᠷᠢᠬᠤ ᠰᠦᠢᠳᠭᠡᠯ᠂ ᠰᠢᠨ᠎ᠡ ᠪᠠᠷ ᠨᠡᠮᠡᠭᠳᠡᠭᠰᠡᠨ ᠰᠦᠢᠳᠭᠡᠯ ᠵᠢᠴᠢ ᠨᠥᠬᠦᠪᠥᠷᠢᠯᠡᠵᠦ ᠵᠠᠯᠠᠷᠠᠭᠤᠯᠬᠤ ᠴᠠᠭ ᠬᠤᠭᠤᠴᠠᠭ᠎ᠠ ᠶᠢ ᠪᠠᠭᠲᠠᠭᠠᠬᠤ ᠥᠬᠡᠶ︶ ᠳᠤ ᠮᠡᠳᠡᠭᠦᠯᠬᠦ ᠬᠡᠷᠡᠭᠲᠡᠶ᠃ ᠱᠠᠭᠠᠷᠳᠠᠯᠭ᠎ᠠ ᠳᠤ ᠨᠡᠶᠢᠴᠡᠬᠦ ᠦᠭᠡᠢ ᠰᠣᠨᠢᠨ ᠤ ᠮᠠᠲ᠋ᠧᠷᠢᠶᠠᠯ ᠢ ᠨᠢᠭᠡ ᠯᠡ ᠤᠳᠠᠭ᠎ᠠ ᠳᠤ ᠮᠡᠳᠡᠭᠳᠡᠬᠦ ᠶᠢ ᠬᠡᠷᠡᠭᠵᠢᠭᠦᠯᠵᠦ᠂ 10 ᠠᠵᠢᠯᠯᠠᠬᠤ ᠡᠳᠦᠷ ᠤᠨ ᠳᠣᠲᠣᠷ᠎ᠠ ᠨᠥᠬᠦᠪᠥᠷᠢᠯᠡᠵᠦ ᠵᠠᠯᠠᠷᠠᠭᠤᠯᠬᠤ ᠶᠢ ᠪᠡᠶᠡᠯᠡᠭᠦᠯᠦᠭᠰᠡᠨ ᠥᠬᠡᠶ ᠪᠠᠶᠢᠪᠠᠯ᠂ ᠳᠠᠬᠢᠨ ᠭᠦᠢᠴᠡᠳᠭᠡᠨ᠎ᠡ︔      2᠂  ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ ᠪᠢᠴᠢᠭ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ ᠪᠢᠴᠢᠭ ᠢ ᠬᠢᠨᠠᠨ ᠣᠯᠭᠤᠵᠤ᠂ ᠬᠢᠨᠠᠨ ᠪᠠᠶᠢᠴᠠᠭᠠᠬᠤ ᠠᠭᠤᠯᠭ᠎ᠠ ᠵᠡᠷᠭᠡ ᠨᠥᠬᠦᠴᠡᠯ ᠳᠤ ᠨᠡᠶᠢᠴᠡᠭᠰᠡᠨ ᠤᠷᠢᠲᠠᠯ ᠳᠣᠤᠷ᠎ᠠ᠂ ᠵᠠᠷᠴᠢᠮ ᠳᠡᠭᠡᠷ᠎ᠡ ᠨᠢ 5 ᠠᠵᠢᠯᠯᠠᠬᠤ ᠡᠳᠦᠷ ᠲᠤ ᠭᠦᠢᠴᠡᠳᠭᠡᠵᠣ ᠳᠠᠭᠤᠰᠬᠠᠬᠤ ︵ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠲᠤ ᠨᠦᠬᠦᠪᠦᠷᠢᠯᠡᠨ ᠵᠠᠯᠠᠷᠠᠭᠤᠯᠬᠤ᠂ ᠮᠡᠷᠭᠡᠵᠢᠯ ᠤᠨ ᠨᠤᠲᠠᠯᠠᠯᠲᠠ ᠬᠢᠬᠦ᠂ ᠭᠡᠷᠡᠴᠢᠯᠡᠭᠡ ᠰᠣᠨᠣᠰᠬᠤ ᠵᠢᠴᠢ ᠵᠥᠪᠰᠢᠶᠡᠷᠡᠭᠦᠯᠦᠭᠡᠳ ᠭᠦᠢᠴᠡᠳᠭᠡᠬᠦ ᠬᠤᠭᠤᠴᠠᠭ᠎ᠠ ᠶᠢ ᠤᠷᠲᠤᠳᠬᠠᠬᠤ ᠴᠠᠭ ᠪᠠᠭᠲᠠᠬᠤ ᠥᠬᠡᠶ︶︔      3᠂  ᠭᠠᠵᠠᠷ ᠰᠢᠷᠣᠶ ᠫᠠᠶᠢᠰᠠ ᠡᠯᠭᠦᠬᠦ᠃ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠫᠠᠶᠢᠰᠠ ᠡᠯᠭᠦᠨ ᠠᠪᠬᠤ ᠨᠥᠬᠦᠴᠡᠯ ᠶᠣᠰᠣᠭᠠᠷ ᠠᠵᠤ ᠠᠬᠤᠶᠢᠯᠠᠯ ᠪᠠ ᠬᠤᠪᠢ ᠬᠥᠮᠦᠨ ᠤ ᠭᠤᠶᠤᠴᠢᠯᠠᠯ ᠢ ᠬᠢᠨᠠᠨ ᠵᠥᠪᠰᠢᠶᠡᠷᠡᠵᠦ᠂ ᠴᠠᠬᠢᠯᠭᠠᠨ ᠮᠡᠳᠡᠭᠡ ᠪᠦᠷᠢᠨ ᠭᠦᠢᠴᠡᠳ ᠨᠥᠬᠦᠴᠡᠯ ᠳᠣᠤᠷ᠎ᠠ᠂ 2 ᠠᠵᠢᠯᠯᠠᠬᠤ ᠡᠳᠦᠷ ᠲᠤ ᠬᠦᠯᠢᠶᠡᠨ ᠠᠪᠴᠤ ᠰᠢᠢᠳᠪᠦᠷᠢᠯᠡᠵᠦ᠂ ᠬᠢᠨᠠᠨ ᠬᠠᠷᠭᠤᠭᠤᠯᠤᠨ᠎ᠠ︔ ︽ᠠᠷᠠᠯᠵᠢᠶ᠎ᠠ ᠪᠦᠲᠦᠭᠰᠡᠨ ᠢ ᠨᠤᠲᠠᠯᠠᠬᠤ ᠪᠢᠴᠢᠭ︾ ᠲᠣᠭᠲᠠᠭᠠᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠰᠢᠯᠵᠢᠭᠦᠯᠦᠨ ᠬᠤᠳᠠᠯᠳᠤᠬᠤ ᠭᠡᠷ᠎ᠡ ᠲᠣᠭᠲᠠᠭᠠᠨ᠎ᠠ︔      4᠂  ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ᠃ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠨᠢᠭᠡ ᠳᠣᠣᠷ᠎ᠠ ᠭᠦᠢᠴᠡᠳᠭᠡᠵᠣ᠂ ᠬᠡᠷ ᠪᠠᠶᠢᠰᠢᠩ ᠤᠨ ᠠᠷᠠᠯᠵᠢᠶ᠎ᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠯᠦᠭᠡ ᠠᠳᠠᠯᠢ ᠭᠠᠵᠠᠷ ᠲᠤ ᠠᠵᠢᠯᠯᠠᠬᠤ ᠶᠢ ᠪᠡᠶᠡᠯᠡᠭᠦᠯᠦᠨ᠎ᠡ᠃ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠠᠩᠬ᠎ᠠ ᠤᠳᠠᠭ᠎ᠠ ᠳᠠᠩᠰᠠᠯᠠᠬᠤ ᠪᠠ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠬᠦ ᠡᠷᠬᠡ ᠶᠢ ᠠᠩᠬ᠎ᠠ ᠤᠳᠠᠭ᠎ᠠ ᠳᠠᠩᠰᠠᠯᠠᠨ᠎ᠠ᠃ ᠵᠠᠷᠴᠢᠮ ᠳᠡᠭᠡᠷ᠎ᠡ ᠪᠠᠨ 10 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠎ᠠ︔ ᠤᠯᠤᠰ ᠠᠴᠠ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠬᠤᠪᠢᠷᠠᠭᠤᠯᠬᠤ ᠳᠠᠩᠰᠠᠯᠠᠯᠲᠠ ᠪᠠ ᠤᠯᠤᠰ ᠠᠴᠠ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠰᠢᠯᠵᠢᠭᠦᠯᠬᠦ ᠳᠠᠩᠰᠠᠯᠠᠯᠲᠠ ᠶᠢ ᠵᠠᠷᠴᠢᠮ ᠳᠡᠭᠡᠷ᠎ᠡ ᠪᠠᠨ 5 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠎ᠠ︔ ᠪᠠᠷᠢᠴᠠᠭᠠᠯᠠᠬᠤ ᠡᠷᠬᠡ ᠶᠢ ᠳᠠᠩᠰᠠᠯᠠᠭᠤᠯᠪᠠᠯ᠂ ᠲᠤᠰ ᠡᠳᠦᠷ ᠲᠤᠨᠢ ᠦᠨᠡᠮᠯᠡᠯ ᠠᠪᠴᠤ ᠳᠠᠭᠤᠰᠬᠠᠵᠤ ᠪᠣᠯᠤᠨ᠎ᠠ︔ ᠤᠷᠢᠳᠴᠢᠯᠠᠨ ᠬᠤᠳᠠᠯᠳᠤᠨ ᠠᠪᠬᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠮᠡᠳᠡᠭᠳᠡᠵᠦ ᠳᠠᠩᠰᠠᠯᠠᠭᠤᠯᠬᠤ ᠪᠠ ᠤᠷᠢᠳᠴᠢᠯᠠᠨ ᠬᠤᠳᠠᠯᠳᠤᠨ ᠠᠪᠬᠤ ᠲᠠᠸᠠᠷ ᠤᠨ ᠭᠡᠷ ᠪᠠᠶᠢᠰᠢᠩ ᠢ ᠪᠠᠷᠢᠴᠠᠭᠠᠯᠠᠬᠤ ᠡᠷᠬᠡ ᠶᠢᠨ ᠤᠷᠢᠳᠴᠢᠯᠠᠨ ᠮᠡᠳᠡᠭᠳᠡᠵᠦ ᠳᠠᠩᠰᠠᠯᠠᠭᠤᠯᠬᠤ᠂ ᠵᠠᠷᠴᠢᠮ ᠳᠡᠭᠡᠷ᠎ᠡ ᠪᠠᠨ 3 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠎ᠠ᠃ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠪᠠ ᠲᠤᠬᠠᠶ ᠶᠢᠨ ᠲᠠᠯᠠᠪᠤᠷ ᠲᠤ ᠥᠪᠡᠰᠦᠪᠡᠨ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ᠃      5᠂  ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠮᠡᠳᠡᠭᠦᠯᠬᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠮᠡᠳᠡᠭᠦᠯᠬᠦ ᠨᠢ ᠴᠠᠬᠢᠯᠭᠠᠨ ᠮᠡᠳᠡᠭᠡ ᠪᠦᠷᠢᠨ ᠭᠦᠢᠴᠡᠳ ᠪᠠᠶᠢᠬᠤ ᠤᠷᠢᠲᠠᠯ ᠳᠣᠣᠷ᠎ᠠ᠂ ᠵᠠᠷᠴᠢᠮ ᠳᠡᠭᠡᠷ᠎ᠡ ᠪᠠᠨ 5 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠎ᠠ︔ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠨᠡᠮᠯᠡᠯ ᠢᠶᠠᠨ ᠮᠡᠳᠡᠭᠦᠯᠬᠦ ᠶᠢ ᠮᠡᠳᠡᠭᠦᠯᠦᠯᠲᠡ ᠪᠦᠷᠢᠨ ᠭᠦᠢᠴᠡᠳ ᠪᠠᠶᠢᠬᠤ ᠤᠷᠢᠲᠠᠯ ᠳᠣᠤᠷ᠎ᠠ᠂ ᠵᠠᠷᠴᠢᠮ ᠳᠡᠭᠡᠷ᠎ᠡ ᠪᠠᠨ 8 ᠠᠵᠢᠯᠯᠠᠬᠤ ᠡᠳᠦᠷ ᠭᠦᠢᠴᠡᠳᠭᠡᠵᠦ ᠳᠠᠭᠤᠰᠬᠠᠬᠤ ᠬᠡᠷᠡᠭᠲᠡᠶ᠃      6᠂  ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠨᠢᠭᠡᠨᠲᠡ ᠲᠣᠭᠲᠠᠭᠠᠭᠰᠠᠨ ᠲᠥᠷᠥᠯ ᠵᠦᠢᠯ ᠤᠨ ᠠᠵᠤ ᠠᠬᠤᠶᠢᠯᠠᠯ ᠤᠨ ᠬᠡᠷᠡᠭᠯᠡᠬᠦ ᠭᠠᠵᠠᠷ ᠢ ︽ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ︵2009 — 2020 ᠣᠨ︶︾ ᠶᠢᠨ ᠬᠡᠪᠴᠢᠶᠡᠨ ᠳᠤ ᠤᠷᠢᠳᠴᠢᠯᠠᠨ ᠲᠣᠬᠢᠷᠠᠭᠤᠯᠬᠤ ᠬᠡᠷᠡᠭᠲᠡᠶ᠃      ︵ᠲᠠᠪᠤ︶   ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠭᠦᠶᠡᠩ ᠤᠨ ᠬᠤᠪᠢᠶᠠᠷᠢ ᠲᠣᠪᠴᠢᠶ᠎ᠠ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠤ ᠳᠣᠤᠷᠠᠬᠢ ᠭᠠᠷᠳᠠᠮ ᠢ ᠭᠦᠶᠴᠡᠳᠬᠡᠨ᠎ᠡ᠄ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠨᠢ 8 ᠠᠵᠢᠯᠯᠠᠬᠤ ᠡᠳᠦᠷ ᠪᠣᠯᠤᠨ᠎ᠠ᠃ ᠡᠭᠦᠨ ᠳᠤ᠂ ᠬᠦᠯᠢᠶᠡᠨ ᠠᠪᠴᠤ ᠰᠢᠢᠳᠪᠦᠷᠢᠯᠡᠬᠦ ᠠᠵᠢᠯ ᠢ 2 ᠠᠵᠢᠯᠯᠠᠬᠤ ᠡᠳᠦᠷ ᠬᠢᠨᠠᠨ ᠬᠠᠷᠭᠤᠭᠤᠯᠵᠤ᠂ ᠬᠢᠨᠠᠨ ᠵᠥᠪᠰᠢᠶᠡᠷᠡᠬᠦ ᠶᠢ 5 ᠠᠵᠢᠯᠯᠠᠬᠤ ᠡᠳᠦᠷ᠂ 1 ᠠᠵᠢᠯᠯᠠᠬᠤ ᠡᠳᠦᠷ ᠬᠢᠨᠠᠨ ᠵᠥᠪᠰᠢᠶᠡᠷᠡᠬᠦ ᠪᠠᠷ ᠪᠣᠯᠣᠨ᠎ᠠ︔ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠨᠢ 8 ᠠᠵᠢᠯᠯᠠᠬᠤ ᠡᠳᠦᠷ᠂ ᠡᠭᠦᠨ ᠳᠤ᠂ ᠬᠦᠯᠢᠶᠡᠨ ᠠᠪᠴᠤ ᠰᠢᠢᠳᠪᠦᠷᠢᠯᠡᠭᠡᠳ 2 ᠠᠵᠢᠯᠯᠠᠬᠤ ᠡᠳᠦᠷ ᠪᠣᠯᠭᠠᠨ ᠬᠢᠨᠠᠨ ᠬᠠᠷᠭᠤᠭᠤᠯᠵᠤ᠂ ᠬᠢᠨᠠᠨ ᠵᠦᠪᠰᠢᠶᠡᠷᠡᠵᠦ 5 ᠠᠵᠢᠯᠯᠠᠬᠤ ᠡᠳᠦᠷ ᠪᠣᠯᠭᠠᠨ ᠵᠠᠷᠯᠠᠨ ᠨᠡᠶᠢᠲᠡᠯᠡᠬᠦ ᠪᠠᠷ ᠪᠣᠯᠣᠨ᠎ᠠ᠂ ᠬᠢᠨᠠᠨ ᠵᠥᠪᠰᠢᠶᠡᠷᠡᠬᠦ ᠶᠢ 1 ᠠᠵᠢᠯ ᠤᠨ ᠡᠳᠦᠷ ᠪᠣᠯᠭᠠᠨ᠎ᠠ︔ ᠪᠠᠷᠢᠯᠭ᠎ᠠ ᠳᠠᠭᠤᠰᠤᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠠᠪᠬᠤ ᠬᠤᠭᠤᠴᠠᠭ᠎ᠠ ᠨᠢ 8 ᠠᠵᠢᠯ ᠤᠨ ᠡᠳᠦᠷ ᠪᠣᠯᠤᠨ᠎ᠠ᠂ ᠡᠭᠦᠨ ᠳᠤ᠂ ᠬᠦᠯᠢᠶᠡᠨ ᠠᠪᠴᠤ ᠰᠢᠢᠳᠪᠦᠷᠢᠯᠡᠭᠡᠳ 2 ᠠᠵᠢᠯᠯᠠᠬᠤ ᠡᠳᠦᠷ ᠪᠣᠯᠭᠠᠨ ᠬᠢᠨᠠᠨ ᠬᠠᠷᠭᠤᠭᠤᠯᠵᠤ᠂ ᠬᠢᠨᠠᠨ ᠵᠦᠪᠰᠢᠶᠡᠷᠡᠵᠦ 5 ᠠᠵᠢᠯᠯᠠᠬᠤ ᠡᠳᠦᠷ ᠪᠣᠯᠭᠠᠨ ᠵᠠᠷᠯᠠᠨ ᠨᠡᠶᠢᠲᠡᠯᠡᠬᠦ ᠪᠠᠷ ᠪᠣᠯᠣᠨ᠎ᠠ᠂ ᠬᠢᠨᠠᠨ ᠵᠥᠪᠰᠢᠶᠡᠷᠡᠬᠦ ᠨᠢ 1 ᠠᠵᠢᠯᠯᠠᠬᠤ ᠡᠳᠦᠷ ᠪᠣᠯᠤᠨ᠎ᠠ᠃      ︵ᠵᠢᠷᠭᠤᠭ᠎ᠠ︶   ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠣᠭᠲᠠᠭᠠᠯ ᠶᠣᠰᠣᠭᠠᠷ ᠨᠡᠭᠦᠷᠡᠰᠦᠨ ᠠᠭᠤᠷᠬᠠᠶ ᠶᠢᠨ ᠪᠤᠰᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠣᠷ ᠲᠦᠪᠰᠢᠨ ᠤ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠶᠢ ᠭᠦᠢᠴᠡᠳᠬᠡᠬᠦ ︵ᠠᠩᠬ᠎ᠠ ᠬᠢᠨᠠᠬᠤ︶᠂ ᠠᠵᠤ ᠠᠬᠤᠶᠢᠯᠠᠯ ᠤᠨ ᠴᠠᠬᠢᠯᠭᠠᠨ ᠮᠡᠳᠡᠭᠡ ᠪᠦᠷᠢᠨ ᠭᠦᠢᠴᠡᠳ ᠪᠠᠶᠢᠬᠤ ᠤᠷᠢᠲᠠᠯ ᠳᠣᠤᠷ᠎ᠠ᠂ ᠵᠠᠷᠴᠢᠮ ᠳᠡᠭᠡᠷ᠎ᠡ ᠪᠠᠨ 3 ᠠᠵᠢᠯᠯᠠᠬᠤ ᠡᠳᠦᠷ ᠭᠦᠢᠴᠡᠳᠭᠡᠵᠣ ᠳᠠᠭᠤᠰᠬᠠᠬᠤ ᠬᠡᠷᠡᠭᠲᠡᠶ᠃      ︵ᠳᠣᠯᠤᠭ᠎ᠠ︶   ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠠᠷᠢᠯᠭ᠎ᠠ ᠶᠢᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠬᠢᠵᠦ᠂ ᠪᠦᠲᠦᠭᠡᠨ ᠪᠠᠶᠢᠭᠤᠯᠬᠤ ᠨᠢᠭᠡᠴᠡ ᠶᠢᠨ ᠴᠠᠬᠢᠯᠭᠠᠨ ᠮᠡᠳᠡᠭᠡ ᠪᠦᠷᠢᠨ ᠭᠦᠢᠴᠡᠳ ᠪᠠᠶᠢᠬᠤ ᠤᠷᠢᠲᠠᠯ ᠲᠣᠤᠷ᠎ᠠ᠂ ᠵᠠᠷᠴᠢᠮ ᠳᠡᠭᠡᠷ᠎ᠡ ᠪᠠᠨ 3 ᠠᠵᠢᠯᠯᠠᠬᠤ ᠡᠳᠦᠷ ᠲᠤ ᠭᠦᠢᠴᠡᠳᠭᠡᠵᠦ ᠳᠠᠭᠤᠰᠬᠠᠬᠤ ᠬᠡᠷᠡᠭᠲᠡᠶ᠃      ︵ᠨᠠᠢᠮᠠ︶   ᠰᠢᠶᠠᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠡᠵᠡᠩᠨᠡᠯᠲᠡ ᠶᠢᠨ ᠦᠨᠡᠮᠯᠡᠯ ᠢ ᠬᠢᠨᠠᠨ ᠵᠥᠪᠰᠢᠶᠡᠷᠡᠵᠦ᠂  ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠠᠯᠬᠤᠮ ᠠᠯᠬᠤᠮ ᠢᠶᠠᠷ ᠳᠡᠯᠭᠡᠷᠡᠭᠦᠯᠵᠦ᠂ ᠴᠠᠬᠢᠯᠭᠠᠨ ᠮᠡᠳᠡᠭᠡ ᠪᠦᠷᠢᠨ ᠪᠠᠶᠢᠬᠤ ᠤᠷᠢᠲᠠᠯ ᠤᠨ ᠳᠣᠤᠷ᠎ᠠ᠂ ᠪᠠᠷᠢᠨ ᠭᠦᠢᠴᠡᠳᠭᠡᠵᠦ ᠪᠠᠷᠢᠨ ᠠᠪᠬᠤ ᠶᠢ ᠪᠡᠶᠡᠯᠡᠭᠦᠯᠬᠦ ᠬᠡᠷᠡᠭᠲᠡᠶ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠡᠯᠡ ᠣᠷᠣᠭᠤᠯᠤᠭᠴᠢ᠂ ᠠᠵᠤ ᠠᠬᠤᠶᠢᠯᠠᠯ ᠤᠨ ᠪᠦᠲᠦᠭᠡᠨ ᠪᠠᠶᠢᠭᠤᠯᠣᠯᠲᠡ ᠶᠢᠨ ᠪᠠᠷᠢᠯᠭ᠎ᠠ ᠪᠠ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠤᠨ ᠡᠮᠬᠢ ᠵᠢᠷᠤᠮ ᠢ ᠪᠠᠲᠤᠯᠠᠵᠤ᠂ ᠳᠣᠤᠷᠠᠬᠢ ᠮᠡᠲᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠄     1᠂   ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠲᠦᠢᠪᠡᠭᠡᠵᠦ᠂ ᠪᠦᠰᠡᠯᠡᠨ ᠪᠥᠭᠯᠡᠬᠦ︔     2᠂   ᠭᠠᠶᠢᠯᠢ ᠶᠢ ᠳᠠᠷᠤᠵᠤ ᠭᠠᠶᠢᠯᠢ ᠠᠴᠠ ᠵᠠᠶᠢᠯᠠᠭᠰᠠᠨ᠂ ᠤᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠲᠠᠲᠠᠭᠰᠠᠨ᠂ ᠪᠡᠯᠡ ᠮᠥᠩᠭᠦ ᠴᠤᠭᠯᠠᠭᠤᠯᠵᠤ ᠮᠡᠬᠡᠯᠡᠭᠰᠡᠨ ᠵᠡᠷᠭᠡ︔     3᠂   ᠮᠠᠭᠤ ᠰᠠᠨᠠᠭ᠎ᠠ ᠲᠠᠢ ᠪᠠᠷ ᠵᠢᠭᠡᠯᠡᠯᠭᠡ ᠮᠡᠬᠡᠯᠡᠬᠦ᠂ ᠮᠠᠭᠤ ᠰᠠᠨᠠᠭ᠎ᠠ ᠲᠠᠢ ᠪᠠᠷ ᠥᠷᠢ ᠠᠴᠠ ᠵᠠᠶᠢᠯᠠᠭᠰᠠᠨ᠂ ᠲᠣᠭᠲᠠᠭᠠᠯᠲᠠ ᠶᠢ ᠭᠦᠢᠴᠡᠳᠭᠡᠬᠦ ᠶᠢ ᠲᠡᠪᠴᠢᠭᠰᠡᠨ ᠵᠡᠷᠭᠡ︔     4᠂   ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠵᠡᠷᠭᠡ᠃      ᠠᠷᠪᠠᠨ ᠨᠢᠭᠡᠳᠦᠭᠡᠷ ᠵᠦᠢᠯ   ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠰᠢᠨ᠎ᠡ ᠪᠠᠷ ᠡᠷᠬᠢᠯᠡᠭᠰᠡᠨ  ᠭᠠᠶᠢᠯᠢ  ᠲᠤᠰᠢᠶᠠᠭᠴᠢ ᠶᠢᠨ ︽ᠢᠵᠢ ᠬᠤᠭᠤᠯᠠ︾ ᠶᠢᠨ ᠦᠢᠯᠡᠴᠢᠯᠡᠭᠡ ᠶᠢ ᠬᠡᠷᠡᠭᠵᠢᠭᠦᠯᠵᠦ᠂ 1 ᠠᠵᠢᠯᠯᠠᠬᠤ ᠡᠳᠦᠷ ᠤᠨ ᠳᠣᠲᠣᠷ᠎ᠠ ᠭᠠᠶᠢᠯᠢ ᠲᠤᠰᠢᠶᠠᠭᠴᠢ ᠶᠢᠨ ᠪᠠᠷᠢᠮᠲᠠ ᠭᠤᠶᠤᠴᠢᠯᠠᠨ ᠠᠪᠬᠤ ᠶᠢ ᠪᠡᠶᠡᠯᠡᠭᠦᠯᠵᠦ᠂ ᠭᠠᠶᠢᠯᠢ ᠲᠤᠰᠢᠶᠠᠬᠤ ᠳᠤ ︽ᠠᠬᠠᠳᠠᠬᠤ ᠳᠠᠭᠠᠨ ᠨᠢᠭᠡ ᠯᠡ ᠤᠳᠠᠭ᠎ᠠ ᠭᠦᠶᠦᠬᠦ︾ ᠶᠢ ᠪᠡᠶᠡᠯᠡᠭᠦᠯᠦᠨ᠎ᠡ᠃ ᠡᠳ᠋ ᠤᠨ ᠵᠠᠰᠠᠭ ᠭᠠᠶᠢᠯᠢ ﹇2019﹈ 13 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ᠂ 2019 ᠣᠨ ᠤ 1 ᠰᠠᠷ᠎ᠠ ᠶᠢᠨ 1 ᠤ ᠡᠳᠦᠷ ᠠᠴᠠ 2021 ᠣᠨ ᠤ 12 ᠰᠠᠷ᠎ᠠ ᠶᠢᠨ 31 ᠤ ᠡᠳᠦᠷ ᠪᠣᠯᠳᠠᠯ᠎ᠠ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠢ 10 ᠲᠦᠮᠡᠨ ᠲᠥᠭᠦᠷᠢᠭ ᠠᠴᠠ ᠳᠣᠷᠣᠭᠰᠢ ︵ᠲᠣᠰ ᠲᠤᠭ᠎ᠠ ᠪᠠᠭᠲᠠᠨ᠎ᠠ︶ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠳᠤ᠂ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠥᠬᠡᠶ︔ ᠪᠠᠭ᠎ᠠ ᠬᠡᠯᠪᠡᠷᠢ ᠶᠢᠨ ᠥᠴᠦᠬᠡᠨ ᠠᠰᠢᠭ ᠬᠤᠨᠵᠢᠪᠣᠷᠢ ᠲᠠᠢ ᠠᠵᠤ ᠠᠬᠤᠶᠢᠯᠠᠯ ᠤᠨ ᠵᠢᠯ ᠤᠨ ᠭᠠᠶᠢᠯᠢ ᠲᠤᠰᠢᠶᠠᠬᠤ ᠶᠣᠰᠣᠲᠠᠢ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠬᠡᠲᠦᠷᠡᠬᠦ ᠦᠭᠡᠢ ᠬᠡᠰᠡᠭ᠂ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠳᠤ 25% ᠪᠠᠷ ᠬᠠᠰᠤᠵᠤ ᠣᠷᠣᠭᠤᠯᠤᠨ ᠪᠤᠳᠤᠵᠤ᠂ 20% ᠶᠢᠨ ᠭᠠᠶᠢᠯᠢ ᠶᠢᠨ ᠨᠤᠷᠮ᠎ᠠ ᠪᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠲᠤᠰᠢᠶᠠᠨ᠎ᠠ︔ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠬᠡᠲᠦᠷᠡᠭᠰᠡᠨ ᠪᠣᠯᠪᠠᠴᠤ 300 ᠲᠦᠮᠡᠨ ᠲᠥᠭᠦᠷᠢᠭ ᠠᠴᠠ ᠬᠡᠲᠦᠷᠡᠬᠦ ᠦᠭᠡᠢ ᠬᠡᠰᠡᠭ ᠲᠤ᠂ 50% ᠪᠠᠷ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠳᠤ ᠪᠣᠳᠣᠨ ᠣᠷᠣᠭᠤᠯᠵᠤ᠂ 20% ᠶᠢᠨ ᠭᠠᠶᠢᠯᠢ ᠶᠢᠨ ᠨᠤᠷᠮ᠎ᠠ ᠪᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠲᠤᠰᠢᠶᠠᠨ᠎ᠠ︔ ᠥᠷᠲᠡᠭ ᠨᠡᠮᠡᠭᠳᠡᠯ ᠤᠨ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠠᠴᠠ 50% ᠶᠢᠨ ᠭᠠᠶᠢᠯᠢ ᠶᠢᠨ ᠲᠤᠭ᠎ᠠ ᠶᠢᠨ ᠬᠡᠮᠵᠢᠶ᠎ᠡ ᠪᠠᠷ ᠡᠬᠢ ᠪᠠᠶᠠᠯᠢᠭ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠣᠯᠲᠡ ᠶᠢᠨ ᠭᠠᠶᠢᠯᠢ᠂ ᠭᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ᠂ ᠲᠡᠮᠳᠡᠭᠲᠦ ᠶᠢᠨ ᠭᠠᠶᠢᠯᠢ ︵ᠦᠨᠡᠲᠦ ᠲᠡᠮᠳᠡᠭᠲᠦ ᠶᠢᠨ ᠠᠷᠠᠯᠵᠢᠶᠠᠨ ᠤ ᠲᠡᠮᠳᠡᠭᠲᠦ ᠶᠢᠨ ᠭᠠᠶᠢᠯᠢ ᠪᠠᠭᠲᠠᠬᠤ ᠦᠭᠡᠢ︶᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠪᠠ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠶᠢ ᠬᠠᠰᠤᠵᠤ ᠲᠠᠲᠠᠪᠤᠷᠢᠯᠠᠨ᠎ᠠ᠃ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ ᠵᠡᠷᠭᠡ ᠨᠡᠶᠢᠲᠡ ᠶᠢᠨ ᠬᠡᠷᠡᠭᠯᠡᠭᠡᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠤᠰᠤ ᠴᠠᠬᠢᠯᠭᠠᠨ ᠬᠡᠢ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠳᠣᠲᠣᠭᠠᠳᠤ ᠶᠢᠨ ᠭᠦᠢᠴᠡᠳᠭᠡᠬᠦ ᠴᠤᠪᠤᠷᠠᠯ ᠢ ᠡᠮᠬᠢᠯᠡᠨ ᠨᠡᠶᠢᠯᠡᠭᠦᠯᠵᠦ ᠂ ᠬᠡᠷᠡᠭᠯᠡᠭᠴᠢ ᠶᠢᠨ ᠭᠤᠶᠤᠴᠢᠯᠠᠬᠤ ᠮᠠᠲ᠋ᠧᠷᠢᠶᠠᠯ ᠢ ᠴᠣᠮᠬᠠᠳᠬᠠᠵᠤ᠂ ᠭᠦᠢᠴᠡᠳᠭᠡᠬᠦ ᠭᠤᠭᠴᠤᠭ᠎ᠠ ᠶᠢ ᠪᠠᠭᠠᠰᠬᠠᠨ᠎ᠠ᠃ ᠦᠢᠯᠡᠴᠢᠯᠡᠭᠡᠨ ᠤ ᠪᠠᠷᠢᠮᠵᠢᠶ᠎ᠠ᠂ ᠵᠠᠷᠤᠳᠠᠯ ᠤᠨ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ ᠨᠡᠶᠢᠭᠡᠮ ᠳᠤ ᠢᠯᠡ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠠᠮᠤᠷ ᠲᠦᠪᠰᠢᠨ᠂ ᠳᠥᠭᠦᠮ ᠳᠥᠲᠡ᠂ ᠲᠣᠭᠲᠠᠭᠤᠨ ᠪᠠ ᠦᠨ᠎ᠡ ᠬᠠᠩᠰᠢ ᠨᠢ ᠵᠣᠭᠢᠰᠲᠠᠢ ᠦᠢᠯᠡᠴᠢᠯᠡᠭᠡ ᠬᠠᠩᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠠᠯᠪᠠᠳᠠᠵᠤ ᠪᠠᠶᠢᠭᠠᠳ ᠵᠦᠢ ᠵᠣᠬᠢᠰ ᠦᠭᠡᠢ ᠦᠢᠯᠡᠴᠢᠯᠡᠭᠡᠨ ᠤ ᠨᠥᠬᠦᠴᠡᠯ ᠢ ᠬᠦᠯᠢᠶᠡᠨ ᠠᠪᠤᠭᠤᠯᠵᠤ ᠪᠣᠯᠬᠤ ᠦᠭᠡᠢ᠂ ᠶᠠᠮᠠᠷᠪᠠ ᠨᠡᠷ᠎ᠡ ᠪᠠᠷ ᠵᠦᠶ ᠵᠣᠬᠢᠰ ᠦᠭᠡᠢ ᠰᠦᠢᠳᠭᠡᠯ ᠬᠤᠷᠢᠶᠠᠵᠤ ᠪᠣᠯᠬᠤ ᠦᠭᠡᠢ᠃      ᠠᠷᠪᠠᠨ ᠬᠤᠶᠠᠳᠤᠭᠠᠷ ᠵᠦᠢᠯ   ᠴᠠᠬᠢᠯᠭᠠᠨ ᠬᠡᠷᠡᠭᠯᠡᠬᠦ ᠳᠤ ᠬᠡᠶ ᠨᠡᠪᠲᠡᠷᠡᠭᠦᠯᠬᠦ ᠬᠠᠮᠢᠶ᠎ᠠ ᠪᠥᠬᠦᠶ ᠭᠠᠷᠳᠠᠮ ᠢ ᠭᠦᠢᠴᠡᠳᠭᠡᠬᠦ ᠴᠠᠭ ᠤᠨ ᠬᠢᠵᠠᠭᠠᠷ᠄      ᠰᠢᠶᠠᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠨᠢ ᠠᠵᠤ ᠠᠬᠤᠶᠢᠯᠠᠯ ᠤᠨ ᠴᠠᠬᠢᠯᠭᠠᠨ ᠢᠶᠠᠨ ᠮᠡᠳᠡᠭᠦᠯᠦᠨ ᠤᠭᠰᠠᠷᠠᠭᠤᠯᠬᠤ ᠳᠤ ᠴᠠᠬᠢᠯᠭᠠᠨ ᠬᠡᠷᠡᠭᠯᠡᠬᠦ ᠪᠠᠷ ᠭᠤᠶᠤᠴᠢᠯᠠᠯᠲᠠ ᠶᠢ ᠬᠦᠯᠢᠶᠡᠨ ᠠᠪᠴᠤ ᠰᠢᠢᠳᠪᠦᠷᠢᠯᠡᠬᠦ ᠪᠠᠷ ᠳᠠᠮᠵᠢᠨ ᠴᠠᠬᠢᠯᠭᠠᠨ ᠬᠠᠩᠭᠠᠬᠤ ᠲᠥᠰᠦᠯ᠂ ᠵᠣᠴᠢᠳ ᠤᠨ ᠦᠢᠯᠡᠴᠢᠯᠡᠭᠡᠨ ᠤ ᠲᠥᠪ ᠤᠨ ᠬᠢᠨᠠᠨ ᠵᠥᠪᠰᠢᠶᠡᠷᠡᠬᠦ᠂ ᠴᠠᠬᠢᠯᠭᠠᠨ ᠬᠠᠩᠭᠠᠬᠤ ᠲᠥᠰᠦᠯ ᠤᠨ ᠬᠠᠷᠢᠭᠤᠯᠲᠠ ᠶᠢ ᠲᠣᠭᠲᠠᠭᠠᠵᠤ᠂ ᠵᠢᠷᠤᠭ ᠲᠥᠯᠥᠪᠯᠡᠭᠡ ᠶᠢᠨ ᠵᠢᠷᠤᠭ ᠲᠥᠯᠥᠪᠯᠡᠭᠡ ᠶᠢ ᠬᠦᠯᠢᠶᠡᠨ ᠠᠪᠬᠤ᠂ ᠳᠤᠮᠳᠠᠬᠢ ᠪᠠᠶᠢᠴᠠᠭᠠᠯᠲᠠ ᠶᠢᠨ ᠲᠡᠮᠳᠡᠭ ᠤᠨ ᠪᠠᠷᠢᠯᠭ᠎ᠠ ᠳᠠᠭᠤᠰᠤᠭᠰᠠᠨ ᠮᠡᠳᠡᠭᠦᠯᠦᠯᠲᠡ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠤᠭᠰᠠᠷᠠᠵᠤ ᠵᠠᠳᠠᠯᠬᠤ ᠬᠡᠮᠵᠢᠯᠲᠡ ᠶᠢᠨ ᠲᠣᠨᠣᠭᠯᠠᠯ᠂ ᠬᠤᠪᠢᠶᠠᠷᠢ ᠲᠣᠪᠴᠢᠶ᠎ᠠ ᠠᠵᠢᠯ ᠲᠣᠮᠢᠯᠠᠬᠤ᠂ ᠠᠵᠢᠯᠯᠠᠬᠤ ᠨᠢᠭᠡᠴᠡ ᠭᠡᠷ᠎ᠡ ᠲᠣᠭᠲᠠᠵᠤ᠂ ᠡᠵᠡᠩᠨᠡᠯᠲᠡ ᠶᠢᠨ ᠮᠡᠳᠡᠭᠡ ᠵᠠᠩᠭᠢ ᠶᠢ ᠨᠤᠲᠠᠯᠠᠬᠤ᠂ ᠨᠢᠭᠲᠠᠯᠠᠨ ᠪᠣᠳᠣᠬᠤ ᠬᠢᠴᠢᠶᠡᠯ ᠲᠥᠷᠥᠯ ᠢ ᠲᠣᠬᠢᠷᠠᠭᠤᠯᠬᠤ᠂ ᠪᠣᠳᠣᠬᠤ ᠲᠥᠪ ᠢ ᠬᠢᠨᠠᠨ ᠬᠠᠷᠭᠤᠭᠤᠯᠬᠤ᠂ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠵᠠᠷᠴᠢᠮ ᠳᠡᠭᠡᠷ᠎ᠡ ᠪᠠᠨ 25 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠎ᠠ᠃ ᠳᠣᠤᠷ᠎ᠠ ᠬᠦᠴᠦᠳᠡᠯᠲᠦ ᠵᠢᠵᠢᠭ ᠪᠢᠴᠢᠯ ᠠᠵᠤ ᠠᠬᠤᠶᠢᠯᠠᠯ ᠤᠨ ᠴᠠᠬᠢᠯᠭᠠᠨ ᠬᠦᠯᠢᠶᠡᠨ ᠠᠪᠬᠤ ︽ᠨᠢᠭᠡ ᠴᠦ ᠭᠡᠷ ᠲᠤᠨᠢ ᠬᠦᠷᠴᠦ ᠨᠢᠭᠡ ᠴᠦ ᠬᠢᠨᠠᠨ ᠵᠥᠪᠰᠢᠶᠡᠷᠡᠬᠦ ᠦᠭᠡᠢ ᠪᠡᠯᠡ ᠣᠷᠣᠭᠤᠯᠬᠤ ᠦᠭᠡᠢ︾ ᠦᠢᠯᠡᠴᠢᠯᠡᠭᠡ ᠶᠢ ᠰᠦᠪᠡᠭᠴᠢᠯᠡᠨ ᠳᠡᠯᠭᠡᠷᠡᠭᠦᠯᠵᠦ᠂ ᠵᠣᠴᠢᠨ ᠡᠷᠦᠬᠡ ᠶᠢᠨ ᠴᠠᠬᠢᠯᠭᠠᠨ ᠲᠤᠰᠴᠤ ᠰᠢᠯᠵᠢᠭᠦᠯᠦᠨ ᠠᠵᠢᠯᠯᠠᠬᠤ ᠦᠵᠦᠭᠦᠷ ᠲᠤ ᠴᠠᠭ ᠲᠤᠬᠠᠶ ᠳᠤᠨᠢ ᠦᠢᠯᠡᠴᠢᠯᠡᠭᠡ ᠬᠠᠩᠭᠠᠵᠤ᠂ ᠴᠠᠬᠢᠯᠭᠠᠨ ᠵᠠᠯᠭᠠᠬᠤ ᠢᠨᠵᠧᠨᠧᠷᠢᠩ ᠤᠨ ᠬᠤᠤᠰ ᠳᠠᠭᠠᠭᠠᠮᠠᠯ ᠤᠨ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃      ᠰᠢᠲᠠᠮᠠᠬᠠᠶ ᠬᠡᠢ ᠶᠢᠨ ᠺᠣᠮᠫᠠᠨᠢ ᠬᠡᠷᠡᠭᠴᠡᠭᠡ ᠲᠠᠢ ᠠᠵᠤ ᠠᠬᠤᠶᠢᠯᠠᠯ ᠳᠤ ᠪᠠᠶᠢᠭᠠᠯᠢ ᠶᠢᠨ ᠰᠢᠲᠠᠮᠠᠬᠠᠶ ᠬᠡᠢ ᠬᠠᠩᠭᠠᠬᠤ ᠦᠢᠯᠡᠴᠢᠯᠡᠭᠡ ᠬᠠᠩᠭᠠᠵᠤ᠂ ᠬᠡᠷᠡᠭᠯᠡᠭᠴᠢ ᠠᠴᠠ ᠰᠢᠲᠠᠭᠴᠢ ᠬᠡᠢ ᠶᠢᠨ ᠺᠣᠮᠫᠠᠨᠢ ᠳᠤ ᠬᠠᠮᠢᠶ᠎ᠠ ᠪᠦᠬᠦᠢ ᠬᠡᠢ ᠬᠡᠷᠡᠭᠯᠡᠬᠦ ᠪᠣᠯᠵᠣᠯᠲᠤ ᠲᠤᠭ᠎ᠠ ᠶᠢ ᠬᠠᠩᠭᠠᠬᠤ ᠪᠠᠷ ᠳᠠᠮᠵᠢᠨ ᠰᠢᠲᠠᠭᠴᠢ ᠬᠡᠢ ᠶᠢᠨ ᠺᠣᠮᠫᠠᠨᠢ ᠶᠢᠨ ᠲᠥᠰᠦᠪ ᠢ ᠲᠥᠯᠥᠪᠯᠡᠨ᠎ᠡ᠃ ᠲᠥᠯᠥᠪᠯᠡᠭᠡ ᠳᠠᠭᠤᠰᠤᠭᠰᠠᠨ ᠤ ᠳᠠᠷᠠᠭ᠎ᠠ ᠬᠤᠶᠠᠷ ᠲᠠᠯ᠎ᠠ ᠪᠠᠷ ᠢᠶᠠᠨ ᠨᠤᠲᠠᠯᠠᠵᠤ᠂ ᠲᠥᠯᠥᠪᠯᠡᠭᠡ ᠶᠢᠨ ᠲᠥᠰᠦᠯ ᠨᠢ ᠣᠨᠳᠣᠤ ᠰᠠᠨᠠᠯ ᠦᠭᠡᠢ ᠪᠣᠯᠤᠭᠰᠠᠨ ᠤ ᠳᠠᠷᠠᠭ᠎ᠠ ᠰᠢᠲᠠᠮᠠᠬᠠᠶ ᠬᠡᠢ ᠶᠢᠨ ᠺᠣᠮᠫᠠᠨᠢ ᠢᠨᠵᠧᠨᠧᠷᠢᠩ ᠤᠨ ᠵᠠᠷᠤᠳᠠᠯ ᠤᠨ ᠲᠥᠰᠦᠪ ᠬᠢᠵᠦ᠂ ᠬᠤᠶᠠᠷ ᠲᠠᠯ᠎ᠠ ᠪᠠᠷ ᠢᠶᠠᠨ ︽ᠪᠠᠶᠢᠭᠠᠯᠢ ᠶᠢᠨ ᠰᠢᠲᠠᠮᠠᠬᠠᠶ ᠬᠡᠢ ᠶᠢᠨ ᠢᠨᠵᠧᠨᠧᠷᠢᠩ ᠤᠨ ᠭᠡᠷ᠎ᠡ︾ ᠲᠣᠭᠲᠠᠵᠤ᠂ ᠳᠠᠷᠠᠭ᠎ᠠ ᠨᠢ ᠪᠠᠷᠢᠯᠭ᠎ᠠ ᠪᠠᠷᠢᠬᠤ᠂ ᠰᠢᠯᠭᠠᠨ ᠠᠪᠬᠤ᠂ ᠬᠡᠢ ᠨᠡᠪᠲᠡᠷᠡᠭᠦᠯᠬᠦ᠂ ᠪᠦᠬᠦ ᠶᠠᠪᠤᠴᠠ ᠳᠤ ᠭᠦᠢᠴᠡᠳᠭᠡᠬᠦ ᠴᠠᠭ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 40 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃      ᠠᠷᠪᠠᠨ ᠭᠤᠷᠪᠠᠳᠤᠭᠠᠷ ᠵᠦᠢᠯ   ᠪᠠᠩᠬᠢ ᠨᠢ ᠠᠵᠤ ᠠᠬᠤᠶᠢᠯᠠᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠭᠠᠷ ᠭᠦᠢᠴᠡᠳᠬᠡᠯ ᠤᠨ ᠶᠠᠪᠤᠴᠠ ᠶᠢ ᠳᠥᠭᠦᠮᠴᠢᠯᠡᠵᠦ᠂ ᠲᠡᠷᠡ ᠳᠣᠤᠷ᠎ᠠ ᠨᠢ ᠭᠦᠢᠴᠡᠳᠭᠡᠵᠦ ᠳᠡᠶᠢᠯᠬᠦ ᠪᠤᠶᠤ ᠬᠠᠷᠢᠭᠤᠯᠲᠠ ᠥᠭᠴᠦ ᠳᠡᠶᠢᠯᠬᠦ ᠶᠢ ᠨᠢ ᠲᠡᠷᠡ ᠳᠣᠤᠷ᠎ᠠ ᠨᠢ ᠰᠢᠢᠳᠪᠦᠷᠢᠯᠡᠵᠦ ᠳᠠᠭᠤᠰᠬᠠᠭᠠᠳ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ︔ ᠨᠢᠭᠡ ᠯᠡ ᠥᠷᠲᠡᠭᠡᠨ ᠤ ᠬᠡᠯᠪᠡᠷᠢ ᠪᠠᠷ ᠬᠠᠷᠢᠭᠤ ᠥᠭᠬᠦ ᠬᠡᠯᠪᠡᠷᠢ ᠶᠢᠨ ᠵᠠᠭᠠᠯᠳᠤᠯᠭ᠎ᠠ ᠬᠢᠵᠦ ᠡᠷᠬᠡ ᠠᠰᠢᠭ ᠢᠶᠠᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠭᠠᠯᠳᠤᠯᠭ᠎ᠠ ᠨᠢ ᠳᠥᠭᠦᠮ ᠳᠥᠲᠡ᠂ ᠡᠷᠬᠡ ᠠᠰᠢᠭ ᠢᠶᠠᠨ ᠬᠠᠮᠠᠭᠠᠯᠠᠬᠤ ᠨᠢ ᠪᠦᠲᠦᠮᠵᠢᠲᠡᠶ ᠪᠠᠶᠢᠬᠤ ᠶᠢ ᠦᠨᠡᠨᠬᠦ ᠪᠠᠳᠤᠯᠠᠵᠦ᠂ ᠠᠵᠤ ᠠᠬᠤᠶᠢᠯᠠᠯ ᠤᠨ ᠡᠷᠬᠡ ᠠᠰᠢᠭ ᠢᠶᠠᠨ ᠬᠠᠮᠠᠭᠠᠯᠠᠬᠤ ᠲᠠᠯ᠎ᠠ ᠪᠠᠷ ᠬᠠᠷᠢᠭᠤ ᠲᠤᠰᠬᠠᠯ ᠭᠠᠷᠭᠠᠵᠤ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠤᠯᠲᠠ ᠲᠠᠢ ᠪᠣᠯᠭᠠᠨ᠎ᠠ᠃      ᠠᠷᠪᠠᠨ ᠳᠥᠷᠪᠡᠳᠦᠭᠡᠷ ᠵᠦᠢᠯ   ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠵᠠᠬ᠎ᠠ ᠳᠡᠯᠭᠡᠭᠦᠷ ᠤᠨ ᠭᠤᠤᠯ ᠴᠣᠭᠴᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠦᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠳᠠᠶᠠᠭᠠᠷ ᠤᠨ ᠦᠨᠡᠨᠴᠢ ᠢᠲᠡᠭᠡᠮᠵᠢ ᠶᠢᠨ ᠤᠬᠠᠮᠰᠠᠷ ᠪᠠ ᠢᠲᠡᠭᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠰᠢᠶᠠᠨ ᠢᠶᠠᠷ ᠢᠶᠠᠨ ᠨᠢᠭᠡᠳᠦᠯᠲᠡᠶ ᠬᠠᠮᠲᠤᠷᠠᠨ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂ ᠠᠵᠢᠯ ᠲᠥᠷᠥᠯ ᠤᠨ ︽ᠤᠯᠠᠭᠠᠨ ᠬᠠᠷ᠎ᠠ︾ ᠨᠡᠷᠡᠰ᠂ ᠠᠵᠤ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠤᠨ ᠡᠵᠡᠩᠨᠡᠯᠲᠡ ᠶᠢᠨ ᠬᠡᠪ ᠤᠨ ᠪᠤᠰᠤ ᠨᠡᠷᠡᠰ᠂ ᠬᠠᠤᠯᠢ ᠠᠴᠠ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠪᠠᠨ ᠠᠯᠳᠠᠭᠰᠠᠨ ᠠᠵᠤ ᠠᠬᠤᠶᠢᠯᠠᠯ ᠤᠨ ᠨᠡᠷᠡᠰ ᠪᠣᠯᠤᠨ ᠠᠵᠤ ᠠᠬᠤᠶᠢᠯᠠᠯ ᠤᠨ ᠨᠡᠷᠡᠰ ᠢ ᠬᠤᠷᠢᠶᠠᠨ ᠠᠪᠴᠤ ᠬᠦᠴᠦᠨ ᠦᠭᠡᠶ ᠪᠣᠯᠭᠠᠬᠤ ᠳᠤ ᠬᠠᠮᠲᠤᠷᠠᠨ ᠵᠠᠯᠬᠠᠭᠠᠨ ᠴᠡᠭᠡᠷᠯᠡᠭᠦᠯᠬᠦ᠂ ᠬᠠᠮᠵᠢᠯᠴᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠦᠨᠡᠨᠴᠢ ᠰᠢᠳᠤᠷᠭᠤ ᠪᠠᠷ ᠪᠡᠶ᠎ᠡ ᠪᠠᠨ ᠪᠠᠷᠢᠬᠤ᠂ ᠢᠲᠡᠭᠡᠯ ᠲᠠᠢ ᠪᠥᠭᠡᠳ ᠢᠲᠡᠭᠡᠯᠲᠡᠶ ᠪᠠᠶᠢᠬᠤ ᠨᠡᠶᠢᠭᠡᠮ ᠤᠨ ᠢᠲᠡᠭᠡᠮᠵᠢ ᠶᠢᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠶ᠃      ᠳᠥᠷᠪᠡᠳᠦᠭᠡᠷ ᠪᠦᠯᠦᠭ   ᠵᠠᠰᠠᠭ ᠤᠨ ᠶᠠᠪᠤᠳᠠᠯ ᠤᠨ ᠦᠢᠯᠡᠴᠢᠯᠡᠯᠭᠡ      ᠠᠷᠪᠠᠨ ᠲᠠᠪᠤᠳᠤᠭᠠᠷ ᠵᠦᠢᠯ   ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠵᠤ ᠠᠬᠤᠶᠢᠯᠠᠯ ᠡᠷᠬᠢᠯᠡᠬᠦ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠰᠢᠢᠳᠪᠦᠷᠢᠯᠡᠵᠦ᠂ ᠠᠵᠤ ᠠᠬᠤᠶᠢᠯᠠᠯ ᠪᠠᠶᠢᠭᠤᠯᠬᠤ ᠳᠠᠩᠰᠠᠯᠠᠯ ᠤᠨ ᠴᠠᠭ ᠢ ᠪᠠᠭᠠᠰᠬᠠᠵᠤ᠂ ᠲᠠᠮᠠᠭ᠎ᠠ ᠰᠡᠶᠢᠯᠦᠨ ᠦᠢᠯᠡᠳᠬᠦ ᠦᠢᠯᠡᠴᠢᠯᠡᠯᠭᠡ ᠶᠢ ᠰᠢᠯᠢᠳᠡᠭᠵᠢᠭᠦᠯᠵᠦ᠂ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠯᠭᠡ ᠶᠢ ᠪᠠᠷᠢᠮᠵᠢᠶᠠᠵᠢᠭᠤᠯᠬᠤ ᠶᠢ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠬᠠᠮᠲᠤᠷᠠᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠬᠡᠯᠬᠢᠶ᠎ᠡ ᠦᠢᠯᠡᠴᠢᠯᠡᠯᠭᠡ ᠬᠠᠩᠭᠠᠬᠤ᠂ ᠨᠢᠭᠡ ᠥᠷᠲᠡᠭᠡ ᠮᠠᠶ᠋ᠢᠭ ᠢᠶᠠᠷ ᠭᠦᠢᠴᠡᠳᠭᠡᠵᠦ ᠳᠠᠭᠤᠰᠬᠠᠬᠤ︾ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠪᠠᠭᠲᠠᠭᠠᠨ᠎ᠠ᠂ ᠳᠣᠷᠣᠭᠰᠢ ᠠᠳᠠᠯᠢ︶ ᠪᠠᠷᠢᠮᠵᠢᠶᠠᠵᠢᠭᠰᠠᠨ ᠠᠵᠢᠯ ᠤᠨ ᠶᠠᠪᠤᠴᠠ ᠪᠠ ᠶᠠᠪᠦᠳᠠᠯ ᠭᠦᠢᠴᠡᠳᠭᠡᠬᠦ ᠵᠦᠭᠯᠡᠭᠦᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶ᠎ᠠ ᠶᠢ ᠨᠠᠷᠢᠯᠢᠭᠵᠢᠭᠤᠯᠤᠨ ᠬᠡᠮᠵᠢᠶᠡᠵᠢᠭᠦᠯᠵᠦ᠂ ᠭᠦᠢᠴᠡᠳᠭᠡᠬᠦ ᠵᠦᠢᠯᠡᠰ᠂ ᠰᠦᠢᠳᠬᠡᠯ ᠬᠤᠷᠢᠶᠠᠬᠤ ᠪᠠᠷᠢᠮᠵᠢᠶ᠎ᠠ᠂ ᠮᠡᠳᠡᠭᠦᠯᠬᠦ ᠮᠠᠲ᠋ᠧᠷᠢᠶᠠᠯ᠂ ᠶᠠᠪᠦᠳᠠᠯ ᠭᠦᠢᠴᠡᠳᠭᠡᠬᠦ ᠶᠠᠪᠤᠴᠠ᠂ ᠰᠢᠢᠳᠪᠦᠷᠢᠯᠡᠬᠦ ᠴᠠᠭ ᠤᠨ ᠬᠢᠵᠠᠭᠠᠷ ᠢ ᠪᠦᠬᠦᠨ ᠢ ᠬᠠᠶᠠᠭᠠᠨ ᠳᠤ ᠭᠠᠷᠭᠠᠵᠤ᠂ ᠰᠢᠶᠠᠨ ᠤ ᠵᠠᠷᠢᠮ ᠵᠠᠭᠤᠴᠢᠯᠠᠭᠤᠷ᠂ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠠᠶᠠᠭᠠᠷ ᠲᠤ ᠢᠯᠡ ᠪᠠᠷ ᠨᠡᠶᠢᠲᠡᠯᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠦᠨᠳᠦᠰᠦᠯᠡᠯ ᠥᠬᠡᠶ ᠪᠣᠯ᠂ ᠵᠠᠰᠠᠭ ᠤᠨ ᠶᠠᠪᠦᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠨᠥᠬᠦᠴᠡᠯ ᠪᠠ ᠭᠤᠭᠴᠤᠭ᠎ᠠ ᠶᠢ ᠨᠡᠮᠡᠵᠦ ᠪᠣᠯᠬᠤ ᠦᠭᠡᠢ᠃      ᠠᠷᠪᠠᠨ ᠵᠢᠷᠭᠤᠳᠤᠭᠠᠷ ᠵᠦᠢᠯ   ᠰᠢᠶᠠᠨ ᠤ ᠵᠠᠰᠠᠭ ᠤᠨ ᠣᠷᠳᠣᠨ ᠤ ᠦᠢᠯᠡᠴᠢᠯᠡᠭᠡᠨ ᠤ ᠲᠣᠪᠴᠢᠶ᠎ᠠ ᠨᠢ ᠴᠤᠩᠬᠤᠪᠴᠢ ᠶᠢᠨ ᠠᠵᠢᠯᠲᠠᠨ ᠤ ᠶᠡᠷᠦᠩᠬᠡᠶᠢᠯᠡᠭᠰᠡᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠣᠩᠬᠤᠪᠴᠢ ᠶᠢᠨ ᠠᠵᠢᠯᠲᠠᠨ ᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠵᠢᠷᠤᠮᠵᠢᠭᠰᠠᠨ ᠦᠢᠯᠡᠴᠢᠯᠡᠭᠡᠨ ᠤ ᠲᠠᠯ᠎ᠠ ᠶᠢᠨ ᠪᠣᠯᠪᠠᠰᠤᠷᠠᠭᠤᠯᠤᠯ ᠳᠤ ᠲᠣᠭᠲᠠᠮᠠᠯ ᠬᠤᠭᠤᠴᠠᠭ᠎ᠠ ᠲᠠᠢ ᠪᠠᠷ ᠣᠷᠣᠯᠴᠠᠭᠤᠯᠵᠤ᠂ ᠦᠢᠯᠡᠴᠢᠯᠡᠭᠡᠨ ᠤ ᠮᠡᠷᠭᠡᠵᠢᠯ ᠤᠨ ᠴᠢᠳᠠᠪᠤᠷᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠦᠢᠯᠡᠴᠢᠯᠡᠭᠡᠨ ᠤ ᠴᠣᠩᠬᠤ ᠳᠤ ᠵᠠᠰᠠᠭ ᠵᠠᠬᠢᠷᠭᠠᠨ ᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ ᠶᠢ ᠥᠷᠨᠢᠭᠦᠯᠵᠦ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠶᠠᠰᠤ ᠴᠢᠨᠠᠷ ᠢ ᠴᠠᠭ ᠲᠤᠬᠠᠶ ᠳᠤᠨᠢ ᠦᠨᠡᠯᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠶᠢ ᠬᠡᠷᠡᠭᠵᠢᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠰᠢᠮᠳᠠᠭᠤᠯᠵᠤ ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃      ᠠᠷᠪᠠᠨ ᠳᠣᠯᠣᠳᠤᠭᠠᠷ ᠵᠦᠢᠯ   ᠡᠯ᠎ᠡ ᠬᠠᠤᠯᠢ ᠬᠡᠷᠡᠭᠵᠢᠭᠦᠯᠬᠦ ᠨᠢᠭᠡᠴᠡ ᠨᠦᠭᠦᠳ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠦᠳᠡᠯᠦᠯᠴᠡᠬᠦ ᠪᠠᠨ ᠴᠢᠩᠭᠠᠳᠬᠠᠵᠤ᠂ ︽ᠨᠢᠭᠡ ᠭᠠᠵᠠᠷ ᠬᠠᠤᠯᠢ ᠠᠴᠠ ᠵᠥᠷᠢᠴᠡᠪᠡᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ᠎ᠠ᠃ ᠬᠠᠤᠯᠢ ᠶᠣᠰᠣᠭᠠᠷ ᠵᠣᠭᠤᠰ ᠢᠶᠠᠷ ᠲᠣᠷᠭᠠᠬᠤ ᠦᠢᠯᠡ ᠠᠵᠢᠯᠯᠠᠭ᠎ᠠ ᠪᠦᠬᠦᠨ ᠳᠤ ᠡᠷᠬᠡᠪᠰᠢ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠤᠳᠤᠷᠢᠳᠤᠯᠭ᠎ᠠ ᠳᠤ ᠬᠠᠷᠢᠭᠤ ᠮᠡᠳᠡᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠤᠳᠤᠷᠢᠳᠤᠯᠭ᠎ᠠ ᠨᠢ ᠭᠤᠤᠯ ᠤᠳᠤᠷᠢᠳᠤᠯᠭ᠎ᠠ ᠳᠤ ᠬᠠᠷᠢᠭᠤ ᠮᠡᠳᠡᠭᠦᠯᠦᠭᠰᠡᠨ ᠤ ᠳᠠᠷᠠᠭ᠎ᠠ ᠲᠣᠭᠲᠠᠭᠠᠯ ᠭᠠᠷᠭᠠᠬᠤ ᠬᠡᠷᠡᠭᠲᠡᠶ᠃ ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠳᠤ ᠡᠷᠬᠡᠪᠰᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠥᠯᠥᠪᠯᠡᠭᠡ ᠲᠣᠭᠲᠠᠭᠠᠵᠤ᠂ ︽ᠬᠤᠶᠠᠷ ᠢ ᠲᠣᠬᠢᠶᠠᠯᠳᠤᠭᠤᠯᠤᠨ᠂ ᠨᠢᠭᠡ ᠶᠢ ᠢᠯᠡ ᠪᠣᠯᠭᠠᠬᠤ︾ ᠳᠦᠷᠢᠮ ᠢ ᠬᠡᠷᠡᠭᠵᠢᠭᠦᠯᠵᠦ᠂ ︽ᠬᠤᠶᠠᠷ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠨᠠᠷᠢᠨ ᠳᠠᠩᠰᠠ︾ ᠳᠤ ᠤᠷᠤᠭᠰᠠᠨ ᠦᠭᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠨᠢ ᠪᠠᠶᠢᠴᠠᠭᠠᠭᠳᠠᠬᠤ ᠡᠲᠡᠭᠡᠳ ᠤᠨ ᠨᠡᠷᠡᠰ ᠤᠨ ᠬᠥᠮᠥᠷᠭᠡ ᠶᠢ ᠲᠦᠷ ᠴᠠᠭ ᠪᠠᠶᠢᠭᠤᠯᠵᠤ᠂ ᠡᠭᠦᠨ ᠤ ᠳᠤᠮᠳᠠ ᠠᠴᠠ ᠪᠠᠶᠢᠴᠠᠭᠠᠭᠳᠠᠬᠤ ᠡᠲᠡᠭᠡᠳ ᠢ ᠰᠣᠩᠭᠤᠨ ᠠᠪᠤᠨ᠎ᠠ᠃ ᠠᠶᠤᠯ ᠲᠦᠭᠰᠢᠭᠦᠷᠢ ᠶᠡᠬᠡᠲᠡᠶ ᠠᠵᠤ ᠠᠬᠤᠶᠢᠯᠠᠯ ᠤᠨ ᠰᠤᠭᠤᠴᠢᠨ ᠪᠠᠶᠢᠴᠠᠭᠠᠬᠤ ᠲᠣᠬᠢᠶᠠᠯᠳᠤᠮᠵᠢ ᠪᠠ ᠤᠳᠠᠭ᠎ᠠ ᠶᠢ ᠨᠡᠮᠡᠭᠳᠡᠭᠦᠯᠦᠨ᠎ᠡ᠃      ᠲᠠᠪᠤᠳᠤᠭᠠᠷ ᠪᠦᠯᠦᠭ   ᠬᠢᠨᠠᠨ ᠰᠢᠯᠭᠠᠵᠤ ᠦᠨᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ      ᠠᠷᠪᠠᠨ ᠨᠠᠢᠮᠠᠳᠤᠭᠠᠷ ᠵᠦᠢᠯ   ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠰᠢᠯᠭᠠᠨ ᠬᠢᠨᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠬᠤᠳᠠᠯᠳᠤᠭ᠎ᠠ ᠡᠵᠡᠩᠨᠡᠬᠦ ᠤᠬᠠᠭᠤᠯᠭ᠎ᠠ ᠶᠢᠨ ᠠᠵᠢᠯ ᠢ ᠰᠢᠯᠢᠳᠡᠭᠵᠢᠭᠦᠯᠬᠦ᠂ ᠠᠵᠢᠯᠲᠠᠳ ᠤᠨ ᠦᠢᠯᠡᠴᠢᠯᠡᠬᠦ ᠣᠪᠣᠷ ᠪᠣᠯᠤᠨ ᠦᠷ᠎ᠡ ᠪᠦᠲᠦᠮᠵᠢ ᠶᠢ ᠰᠢᠯᠢᠳᠡᠭᠵᠢᠭᠦᠯᠬᠦ᠂ ᠭᠠᠷᠳᠠᠮ ᠭᠦᠢᠴᠡᠳᠭᠡᠬᠦ ᠴᠠᠭ ᠤᠨ ᠬᠢᠵᠠᠭᠠᠷ ᠢ ᠪᠣᠭᠤᠨᠢᠰᠬᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠵᠡᠷᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠰᠠᠯᠠᠭ᠎ᠠ ᠮᠥᠴᠢᠷ ᠪᠣᠯᠤᠨ ᠤᠳᠤᠷᠢᠳᠬᠤ ᠺᠠᠳ᠋ᠷ ᠤᠨ ᠬᠤᠪᠢ ᠬᠥᠮᠦᠨ ᠢ ᠬᠢᠨᠠᠨ ᠰᠢᠯᠭᠠᠬᠤ ᠳᠤ ᠣᠷᠣᠭᠤᠯᠵᠤ᠂ ᠡᠭᠦᠨ ᠤ ᠬᠠᠮᠲᠤ ᠰᠢᠯᠭᠠᠨ ᠲᠣᠭᠲᠠᠭᠠᠭᠰᠠᠨ ᠦᠷ᠎ᠡ ᠳ᠋ᠦᠩ ᠢ ᠬᠡᠷᠡᠭᠯᠡᠬᠦ ᠶᠢ ᠴᠢᠬᠤᠯᠠᠴᠢᠯᠠᠨ᠎ᠠ᠃      ᠠᠷᠪᠠ ᠶᠢᠰᠦᠳᠦᠭᠡᠷ ᠵᠦᠢᠯ   ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠳᠥᠭᠦᠮ ᠳᠥᠲᠡ᠂ ᠰᠠᠭᠠᠳ ᠦᠭᠡᠢ ᠨᠡᠪᠲᠡᠷᠡᠬᠦ ᠠᠷᠭ᠎ᠠ ᠵᠠᠮ ᠢ ᠪᠠᠶᠢᠭᠤᠯᠵᠤ᠂ ᠬᠤᠯᠪᠣᠭᠳᠠᠯ ᠪᠦᠬᠦᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠳᠤ ᠢᠯᠡᠷᠡᠭᠰᠡᠨ ︽ᠢᠳᠡᠬᠦ ᠠᠪᠬᠤ ᠭᠠᠴᠢᠵᠤ ᠨᠡᠬᠡᠮᠵᠢᠯᠡᠬᠦ︾᠂ ᠬᠠᠷᠢᠭᠤᠴᠠᠯᠭ᠎ᠠ ᠶᠢ ᠪᠥᠭᠯᠡᠬᠦ ᠵᠡᠷᠭᠡ ᠲᠠᠯ᠎ᠠ ᠶᠢᠨ ᠵᠠᠭᠠᠯᠳᠤᠯᠭ᠎ᠠ ᠪᠣᠯᠤᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠵᠦ᠂ ᠨᠠᠶᠢᠳᠠᠪᠤᠷᠢᠵᠢᠭᠤᠯᠤᠯᠲᠠ ᠪᠠᠷ ᠠᠨᠢ ᠪᠠᠶᠢᠳᠠᠯ ᠳᠤ ᠵᠠᠷᠯᠠᠨ ᠰᠢᠭᠦᠮᠵᠢᠯᠡᠵᠦ᠂ ᠲᠤᠰᠢᠶᠠᠯ ᠳᠠᠭᠠᠨ ᠣᠰᠣᠯᠳᠠᠵᠤ ᠲᠤᠰᠢᠶᠠᠯ ᠢᠶᠠᠨ ᠭᠤᠲᠤᠭᠠᠭᠰᠠᠳ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠪᠡ᠃      ᠬᠤᠷᠢᠳᠤᠭᠠᠷ ᠵᠦᠢᠯ   ᠨᠡᠶᠢᠲᠡ ᠶᠢᠨ ᠬᠡᠷᠡᠭᠯᠡᠭᠡᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠳᠣᠤᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶  ᠦᠢᠯᠡᠴᠢᠯᠡᠭᠡᠨ ᠤ ᠪᠠᠷᠢᠮᠵᠢᠶ᠎ᠠ᠂ ᠵᠠᠷᠤᠳᠠᠯ ᠤᠨ ᠪᠠᠷᠢᠮᠵᠢᠶ᠎ᠠ᠂ ᠭᠦᠢᠴᠡᠳᠭᠡᠬᠦ ᠴᠠᠭ ᠤᠨ ᠬᠢᠵᠠᠭᠠᠷ ᠵᠡᠷᠭᠡ ᠮᠡᠳᠡᠭᠡ ᠵᠠᠩᠭᠢ ᠶᠢ ᠨᠡᠶᠢᠭᠡᠮ ᠳᠤ ᠥᠯᠥ ᠢᠯᠡ ᠪᠣᠯᠭᠠᠬᠤ ᡾      ︵ᠬᠤᠶᠠᠷ︶  ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠠᠯᠪᠠᠳᠠᠵᠤ ᠪᠠᠶᠢᠭᠠᠳ ᠵᠦᠶ ᠵᠤᠬᠢᠰ ᠦᠭᠡᠢ ᠦᠢᠯᠡᠴᠢᠯᠡᠭᠡᠨ ᠤ ᠨᠥᠬᠦᠴᠡᠯ ᠢ ᠬᠦᠯᠢᠶᠡᠯᠭᠡᠬᠦ︔      ︵ᠭᠤᠷᠪᠠ︶  ᠵᠠᠬ᠎ᠠ ᠳᠡᠯᠭᠡᠭᠦᠷ ᠤᠨ ᠭᠤᠤᠯ ᠴᠣᠭᠴᠠ ᠠᠴᠠ ᠵᠦᠶ ᠵᠣᠬᠢᠰ ᠦᠭᠡᠶ ᠰᠦᠢᠳᠭᠡᠯ ᠬᠤᠷᠢᠶᠠᠬᠤ ᠬᠡᠷᠡᠭᠲᠡᠶ᠃      ᠵᠢᠷᠭᠤᠳᠤᠭᠠᠷ ᠪᠦᠯᠦᠭ   ᠳᠠᠭᠠᠯᠳᠤᠭᠤᠯᠤᠭᠰᠠᠨ ᠲᠦᠷᠢᠮ      ᠬᠤᠷᠢᠨ ᠨᠢᠭᠡᠳᠦᠭᠡᠷ ᠵᠦᠢᠯ   ᠲᠣᠰ ᠳᠦᠷᠢᠮ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号