ᠮᠠᠨ ᠤ ᠬᠤᠲᠠ 8.67 ᠳ᠋ᠦᠩᠰᠢᠭᠤᠷ ᠲᠥᠭᠦᠷᠢᠭ ᠤᠨ ᠲᠤᠰᠬᠠᠶ ᠪᠠᠯᠠ ᠮᠥᠩᠭᠦ ᠪᠠᠷ ᠬᠠᠪᠤᠷ ᠤᠨ ᠲᠠᠷᠢᠶᠠᠯᠠᠭ᠎ᠠ ᠦᠢᠯᠡᠳᠪᠦᠷᠢᠯᠡᠯ ᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020-04-10
     ᠡᠨᠡ ᠵᠢᠯ ᠠᠴᠠ ᠨᠠᠰᠢ᠂ ᠮᠠᠨ ᠤ ᠬᠤᠲᠠ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠪᠠᠨ ᠲᠦᠷᠭᠡᠳᠬᠡᠵᠦ᠂ ᠨᠢᠭᠡᠳᠦᠭᠡᠷ ᠤᠯᠠᠷᠢᠯ ᠳᠤ ᠨᠡᠶᠢᠲᠡ 8.67 ᠳ᠋ᠦᠩᠰᠢᠭᠤᠷ ᠲᠥᠭᠦᠷᠢᠭ ᠤᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠪᠡᠯᠡ ᠮᠥᠩᠭᠦ ᠶᠢ ᠪᠠᠭᠤᠯᠭᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠ ᠲᠠᠷᠢᠶᠠᠯᠠᠩ ᠤᠨ ᠦᠢᠯᠡᠳᠪᠦᠷᠢᠯᠡᠯ ᠢ ᠠᠬᠢᠭᠤᠯᠪᠠ᠃      2.43 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠢᠳᠡᠪᠬᠢᠲᠡᠢ ᠪᠠᠲᠤᠯᠠᠪᠠ᠃ ᠪᠤᠭᠤᠲᠤ ᠬᠤᠲᠠ ᠲᠠᠷᠢᠶᠠᠨ ᠭᠠᠵᠠᠷ ᠤᠨ ᠬᠦᠴᠦᠨ ᠢ ᠬᠠᠮᠠᠭᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠪᠦᠬᠦᠨ ᠳᠤ ᠲᠣᠬᠢᠷᠠᠬᠤ ᠺᠠᠷᠲ︾ ᠤᠨ ᠲᠠᠩᠰᠠᠨ ᠡᠷᠦᠬᠡ ᠪᠠᠷ ᠳᠠᠮᠵᠢᠭᠤᠯᠤᠨ 2.13 ᠳ᠋ᠦᠩᠰᠢᠭᠤᠷ ᠲᠥᠭᠦᠷᠢᠭ ᠤᠨ ᠨᠥᠬᠦᠪᠥᠷᠢ ᠶᠢ ᠲᠠᠷᠢᠶᠠᠴᠢᠨ ᠡᠷᠦᠬᠡ ᠳᠤ ᠥᠭᠴᠦ᠂ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠬᠢᠮᠢ ᠶᠢᠨ ᠪᠣᠷᠲᠣᠭᠤᠷ᠂ ᠦᠷ᠎ᠡ ᠵᠡᠷᠭᠡ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ ᠶᠢ ᠳᠡᠮᠵᠢᠪᠡ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ 0.25 ᠳ᠋ᠦᠩᠰᠢᠭᠤᠷ ᠲᠥᠭᠦᠷᠢᠭ ᠤᠨ ᠨᠥᠬᠦᠪᠥᠷᠢ ᠪᠡᠯᠡ ᠮᠥᠩᠭᠦ ᠪᠠᠭᠤᠯᠭᠠᠵᠤ᠂ 11 ᠶᠡᠭᠡ ᠲᠦᠷᠦᠯ 22 ᠪᠠᠭ᠎ᠠ ᠲᠦᠷᠦᠯ 49 ᠵᠢᠵᠢᠭ ᠲᠦᠷᠦᠯ ᠤᠨ ᠲᠠᠷᠢᠶᠠᠯᠠᠩ ᠤᠨ ᠮᠠᠰᠢᠨ ᠪᠠᠭᠠᠵᠢ ᠳᠤ ᠴᠢᠯᠥᠭᠡᠲᠡᠶ ᠨᠥᠬᠦᠪᠥᠷᠢ ᠥᠭᠬᠦ ᠶᠢ ᠬᠡᠷᠡᠭᠵᠢᠭᠦᠯᠪᠡ᠃ 500 ᠲᠦᠮᠡᠨ ᠲᠥᠭᠦᠷᠢᠭ ᠤᠨ ᠨᠥᠬᠦᠪᠥᠷᠢ ᠪᠡᠯᠡ ᠮᠥᠩᠭᠦ ᠴᠤᠭᠯᠠᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠣᠭᠤᠳᠴᠤ ᠨᠣᠭᠤᠭᠠᠨ ᠨᠠᠪᠴᠢᠲᠤ ᠢᠳᠡᠰᠢᠨ ᠨᠣᠭᠤᠭ᠎ᠠ ᠶᠢ ᠦᠳᠲᠡᠷ ᠲᠦᠷᠭᠡᠨ ᠵᠠᠪᠳᠤᠨ ᠲᠠᠷᠢᠭᠤᠯᠵᠤ ᠲᠤᠰ ᠭᠠᠵᠠᠷ ᠤᠨ ᠵᠠᠬ᠎ᠠ ᠳᠡᠯᠭᠡᠭᠦᠷ ᠲᠤ ᠬᠠᠩᠭᠠᠨ᠂ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠪᠠᠲᠤᠯᠠᠪᠠ᠃      5.23 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠣᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠲᠡᠮᠵᠢᠪᠡ᠃ ᠡᠭᠦᠨ ᠳᠤ᠂ ᠣᠶ ᠰᠢᠭᠤᠶ ᠶᠢᠨ ᠠᠮᠢ ᠠᠬᠤᠶ ᠶᠢᠨ ᠬᠠᠮᠠᠭᠠᠯᠠᠯᠲᠠ ᠶᠢ ᠰᠡᠷᠭᠦᠭᠡᠬᠦ ᠪᠠᠯᠠ ᠮᠥᠩᠭᠦ ᠶᠢ 2.56 ᠳ᠋ᠦᠩᠰᠢᠭᠤᠷ ᠲᠥᠭᠦᠷᠢᠭ ᠪᠠᠭᠤᠯᠭᠠᠵᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠨᠥᠬᠦᠪᠥᠷᠢ᠂ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠨᠥᠬᠦᠪᠥᠷᠢ ᠵᠡᠷᠭᠡ ᠲᠠᠯ᠎ᠠ ᠳᠤ ᠬᠡᠷᠡᠭᠯᠡᠪᠡ᠃ ᠣᠢ ᠰᠢᠭᠤᠶ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠪᠡᠯᠡ ᠮᠥᠩᠭᠦ ᠶᠢ 0.7 ᠳ᠋ᠦᠩᠰᠢᠭᠤᠷ ᠲᠥᠭᠦᠷᠢᠭ ᠪᠠᠭᠤᠯᠭᠠᠵᠤ᠂ ᠣᠢ ᠰᠢᠭᠤᠶ ᠶᠢᠨ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠨᠥᠬᠦᠪᠥᠷᠢ᠂ ᠣᠢ ᠰᠢᠭᠤᠶ ᠶᠢᠨ ᠡᠬᠢ ᠪᠠᠶᠠᠯᠢᠭ ᠢ ᠪᠤᠶᠢᠵᠢᠭᠤᠯᠬᠤ ᠵᠠᠷᠤᠯᠭ᠎ᠠ ᠶᠢ ᠳᠡᠮᠵᠢᠬᠦ ᠵᠡᠷᠭᠡ ᠲᠠᠯ᠎ᠠ ᠳᠤ ᠭᠤᠤᠯᠳᠠᠯᠭ᠎ᠠ ᠲᠠᠢ ᠬᠡᠷᠡᠭᠯᠡᠪᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢᠯᠡᠨ ᠱᠠᠩᠨᠠᠬᠤ ᠪᠡᠯᠡ ᠮᠥᠩᠭᠦ ᠶᠢ 1.97 ᠳ᠋ᠦᠩᠰᠢᠭᠤᠷ ᠲᠥᠭᠦᠷᠢᠭ ᠪᠠᠭᠤᠯᠭᠠᠵᠤ᠂ ᠨᠦᠬᠦᠪᠦᠷᠢᠯᠡᠨ ᠱᠠᠩᠨᠠᠬᠤ ᠬᠡᠪᠴᠢᠶᠡᠨ ᠳᠤ ᠣᠷᠣᠭᠤᠯᠤᠭᠰᠠᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠲᠠᠢ ᠪᠤᠶᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠭᠡᠷ᠎ᠡ ᠲᠣᠭᠲᠠᠭᠰᠠᠨ ᠲᠠᠷᠢᠶᠠᠴᠢᠨ ᠮᠠᠯᠴᠢᠳ ᠲᠤ ᠨᠥᠬᠦᠪᠥᠷᠢ ᠣᠯᠭᠤᠨ᠎ᠠ᠃      0.28 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢ ᠲᠡᠮᠵᠢᠪᠡ᠃ ᠬᠥᠷᠥᠰᠥ ᠰᠢᠷᠣᠶ ᠶᠢ ᠬᠠᠮᠠᠭᠠᠯᠠᠬᠤ ᠭᠤᠤᠯᠳᠠᠯᠭ᠎ᠠ ᠲᠠᠢ ᠢᠨᠵᠧᠨᠧᠷᠢᠩ᠂ ᠳᠤᠮᠳᠠ ᠵᠢᠵᠢᠭ ᠭᠤᠤᠯ ᠮᠥᠷᠡᠨ ᠬᠢᠭᠡᠳ ᠵᠠᠰᠠᠬᠤ ᠢᠨᠵᠧᠨᠧᠷᠢᠩ ᠵᠡᠷᠭᠡ 8 ᠲᠠᠯ᠎ᠠ ᠳᠤ ᠲᠥᠪᠯᠡᠷᠡᠭᠦᠯᠦᠨ ᠬᠡᠷᠡᠭᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠪᠠ᠃      0.73 ᠳ᠋ᠦᠩᠰᠢᠭᠤᠷ ᠲᠥᠭᠦᠷᠢᠭ ᠪᠡᠯᠡ ᠮᠥᠩᠭᠦ ᠪᠠᠭᠤᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠬᠦᠴᠦᠨ ᠨᠡᠮᠡᠷᠢᠯᠡᠪᠡ᠃ ᠮᠠᠯᠴᠢᠨ ᠲᠠᠷᠢᠶᠠᠴᠢᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ ᠲᠦᠷᠭᠡᠳᠬᠡᠨ ᠠᠬᠢᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠳᠡᠮᠵᠢᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠲᠡᠭᠦᠰ ᠠᠮᠵᠢᠯᠲᠠ ᠣᠯᠬᠤ ᠶᠢ ᠦᠨᠡᠨᠬᠦ ᠪᠠᠲᠤᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号