︽ᠠᠵᠤ ᠦᠢᠯᠡᠳᠪᠦᠷᠢ ᠶᠢᠨ ᠲᠥᠷᠥᠯ ᠤᠨ ᠲᠥᠷᠥᠯ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠤᠪᠤᠷᠠᠯ ᠤᠨ ᠵᠢᠷᠤᠮᠵᠢᠯ ᠤᠨ ᠲᠤᠬᠠᠶ ᠰᠠᠨᠠᠯ︾ ᠢ ᠳᠠᠷᠤᠮᠠᠯᠯᠠᠨ ᠶᠠᠪᠤᠭᠤᠯᠬᠤ ᠲᠤᠬᠠᠢ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020-07-24
ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠢᠨᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠰᠢᠭᠤᠳ ᠬᠠᠷᠢᠶᠠᠲᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠂ ᠰᠢᠶᠠᠨ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠳᠤ᠄      ᠰᠢᠶᠠᠨ ᠤ ᠵᠠᠰᠠᠭ ᠤᠨ ᠣᠷᠳᠣᠨ ᠤ 2020 ᠤᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠠᠴᠠ ᠰᠤᠳᠤᠯᠤᠨ ᠵᠦᠪᠰᠢᠶᠠᠷᠡᠵᠦ᠂ ︽ᠠᠵᠦ ᠦᠢᠯᠡᠳᠪᠦᠷᠢ ᠶᠢᠨ ᠲᠥᠷᠥᠯ ᠤᠨ ᠲᠥᠷᠥᠯ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠤᠪᠤᠷᠠᠯ ᠢ ᠵᠢᠷᠤᠮᠵᠢᠭᠤᠯᠬᠤ ᠲᠤᠬᠠᠶ ᠰᠠᠨᠠᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃                         ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                         2020 ᠣᠨ ᠤ 5 ᠰᠠᠷ᠎ᠠ ᠶᠢᠨ 19 ᠤ ᠡᠳᠦᠷ       ︵ᠲᠣᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶      ᠠᠵᠦ ᠦᠢᠯᠡᠳᠪᠦᠷᠢ ᠶᠢᠨ ᠲᠥᠷᠥᠯ ᠤᠨ ᠲᠥᠷᠥᠯ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠤᠪᠤᠷᠠᠯ ᠢ ᠵᠢᠷᠤᠮᠵᠢᠭᠤᠯᠬᠤ ᠲᠤᠬᠠᠶ ᠰᠠᠨᠠᠯ      ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ︽ᠵᠠᠰᠠᠭ ᠢ ᠴᠣᠮᠣᠳᠬᠠᠵᠣ ᠡᠷᠬᠡ ᠶᠢ ᠰᠤᠯᠠᠯᠠᠨ᠂ ᠰᠤᠯᠠᠯᠠᠵᠤ ᠬᠠᠮᠢᠶᠠᠷᠤᠬᠤ ᠶᠢ ᠤᠶᠠᠯᠳᠤᠭᠤᠯᠤᠨ᠂ ᠦᠢᠯᠡᠴᠢᠯᠡᠯᠭᠡ ᠪᠠᠨ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠵᠤ ᠠᠬᠤᠶᠢᠯᠠᠯ ᠤᠨ ᠠᠵᠢᠯ ᠶᠠᠪᠤᠳᠠᠯ ᠡᠷᠬᠢᠯᠡᠨ ᠦᠢᠯᠡᠰ ᠪᠣᠰᠬᠠᠬᠤ ᠳᠤ ᠨᠠᠩ ᠰᠠᠶᠢᠨ ᠨᠠᠩ ᠲᠦᠷᠭᠡᠨ ᠳᠥᠭᠦᠮ ᠦᠵᠡᠭᠦᠯᠬᠦ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠤᠨ ᠵᠠᠰᠠᠭ ᠤᠨ ᠣᠷᠳᠣᠨ ᠳᠤ ᠭᠦᠶᠦᠬᠦ ᠤᠳᠠᠭ᠎ᠠ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠵᠦ᠂ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠯᠡ ᠣᠷᠣᠭᠤᠯᠣᠯᠲᠡ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠳᠠᠩᠰᠠᠯᠠᠬᠤ ᠠᠵᠢᠯᠯᠠᠭ᠎ᠠ ᠶᠢ ᠵᠢᠷᠤᠮᠵᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠪᠠᠷ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠠᠷᠭᠤᠭᠤᠯᠤᠨ ᠵᠥᠪᠰᠢᠶᠡᠷᠡᠬᠦ ᠪᠠ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ︵ᠥᠪᠥᠷ ᠲᠠᠷᠬᠠᠭᠠᠭᠰᠠᠨ ᠥᠭᠡᠷᠡᠴᠢᠯᠡᠨ ᠥᠭᠭᠦᠭᠰᠡᠨ ᠥᠰᠥᠭ ﹇2017﹈ 1490 ᠳ᠋ᠦᠭᠡᠷ ᠲᠣᠭᠠᠲᠤ︶ ᠪᠠ ︽ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ︿ᠭᠤᠷᠪᠠ ᠶᠢ ᠬᠠᠰᠤᠵᠤ ᠭᠤᠷᠪᠠ ᠶᠢ ᠭᠦᠢᠴᠡᠳᠭᠡᠬᠦ﹀ ᠦᠢᠯᠡᠴᠢᠯᠡᠭᠡ ᠶᠢ ᠠᠬᠢᠭᠤᠯᠬᠤ ᠲᠥᠰᠦᠯ︾ ︵ᠪᠤᠭᠤᠲᠤ ᠬᠤᠲᠠ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠬᠤ ᠪᠠ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ﹇2019﹈ 6 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠳᠦᠷᠢᠮᠵᠢᠭᠰᠡᠨ ᠰᠠᠨᠠᠯ ᠢ ᠣᠨᠴᠠᠭᠠᠶᠢᠯᠠᠨ ᠲᠣᠭᠲᠠᠭᠠᠪᠠ᠃      ᠨᠢᠭᠡ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠢ ᠵᠢᠷᠤᠮᠵᠢᠭᠤᠯᠵᠤ᠂ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ ᠶᠢ ᠵᠢᠷᠤᠮᠵᠢᠭᠤᠯᠬᠤ ᠬᠡᠮᠵᠢᠶ᠎ᠡ ᠶᠢ ᠳᠡᠭᠡᠭᠰᠢᠯᠡᠭᠦᠯᠦᠨ᠎ᠡ︵ᠨᠢᠭᠡ︶ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠳᠠᠯᠠᠬᠤ ᠬᠡᠷᠡᠭᠲᠡᠶ᠃ ᠠᠵᠤ ᠠᠬᠤᠶᠢᠯᠠᠯ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠤᠨ ᠲᠥᠷᠥᠯ ᠵᠦᠢᠯ ᠨᠢ ᠵᠠᠷᠴᠢᠮ ᠳᠡᠭᠡᠷ᠎ᠡ ᠪᠠᠨ ᠡᠷᠬᠡᠪᠰᠢ ᠬᠦᠷᠢᠶᠡᠯᠡᠩ ᠲᠣᠭᠤᠷᠢᠭ ᠲᠤ ᠣᠷᠣᠵᠤ ᠰᠠᠭᠤᠬᠤ ᠬᠡᠷᠡᠭᠲᠡᠶ᠂ ᠡᠭᠦᠨ ᠤ ᠬᠠᠮᠲᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠲᠤᠰᠬᠠᠶ ᠲᠥᠯᠥᠪᠵᠢᠭᠦᠯᠪᠡ᠂ ᠣᠷᠣᠨ ᠪᠦᠰᠡ ᠶᠢᠨ ᠲᠥᠯᠥᠪᠵᠢᠭᠦᠯᠪᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ᠂ ᠡᠨᠧᠷᠭᠢ ᠶᠢᠨ ᠬᠤᠷᠣᠭᠳᠠᠯ ᠪᠣᠯᠤᠨ ᠣᠷᠴᠢᠨ ᠲᠣᠭᠤᠷᠢᠨ ᠤ ᠬᠠᠮᠢᠶᠠᠷᠤᠯᠲᠠ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠲᠥᠷᠥᠯ ᠵᠦᠢᠯ ᠢ ᠬᠢᠨᠠᠨ ᠵᠥᠪᠰᠢᠶᠡᠷᠡᠬᠦ ᠪᠤᠶᠤ ᠳᠠᠩᠰᠠᠯᠠᠭᠤᠯᠬᠤ ᠵᠢᠴᠢ ᠪᠤᠰᠤᠳ ᠬᠤᠯᠪᠣᠭᠳᠠᠯ ᠪᠦᠬᠦᠢ ᠭᠠᠷᠳᠠᠮ ᠢ ᠬᠠᠤᠯᠢ ᠶᠣᠰᠣᠭᠠᠷ ᠭᠦᠢᠴᠡᠳᠬᠡᠵᠦ᠂ ᠲᠡᠷᠡᠴᠢᠯᠡᠨ ᠬᠥᠳᠡᠭᠡ ᠠᠵᠤ ᠠᠬᠤᠶ ᠶᠢ ᠰᠢᠯᠵᠢᠭᠦᠯᠦᠨ ᠬᠡᠷᠡᠭᠯᠡᠬᠦ ᠣᠷᠴᠢᠨ ᠲᠣᠭᠤᠷᠢᠨ ᠤ ᠦᠨᠡᠯᠡᠯᠲᠡ ᠵᠢᠴᠢ ᠠᠮᠤᠷ ᠲᠦᠪᠰᠢᠨ ᠤ ᠦᠨᠡᠯᠡᠯᠲᠡ ᠵᠡᠷᠭᠡ ᠬᠠᠮᠢᠶ᠎ᠠ ᠪᠦᠬᠦᠢ ᠭᠠᠷ ᠭᠦᠢᠴᠡᠳᠭᠡᠯ ᠢ ᠬᠠᠤᠯᠢ ᠶᠣᠰᠣᠭᠠᠷ ᠭᠦᠢᠴᠡᠳᠭᠡᠵᠣ ᠬᠠᠮᠢᠶ᠎ᠠ ᠪᠦᠬᠦᠢ ᠮᠠᠲ᠋ᠧᠷᠢᠶᠠᠯ ᠢ ᠦᠨᠡᠨ ᠪᠣᠳᠠᠲᠠᠶ ᠪᠠᠷ ᠬᠠᠩᠭᠠᠨ᠎ᠠ᠃ ᠬᠠᠮᠢᠶ᠎ᠠ ᠪᠦᠬᠦᠢ ᠮᠡᠳᠡᠭᠡ ᠵᠠᠩᠭᠢ ᠶᠢ ᠮᠡᠳᠡᠭᠦᠯᠦᠨ᠎ᠡ᠃ ᠬᠦᠷᠢᠶᠡᠯᠡᠩ ᠲᠣᠭᠤᠷᠢᠭ ᠠᠴᠠ ᠭᠠᠳᠠᠨᠠᠬᠢ ᠦᠨᠡᠨᠬᠦ ᠬᠢᠨᠠᠨ ᠵᠥᠪᠰᠢᠶᠡᠷᠡᠬᠦ ᠴᠢᠬᠤᠯᠠᠲᠠᠶ ᠠᠵᠤ ᠦᠢᠯᠡᠳᠪᠦᠷᠢ ᠶᠢᠨ ᠲᠦᠷᠦᠯ ᠵᠦᠢᠯ ᠳᠤ᠂ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ ᠪᠤᠶᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠰ ᠡᠳᠦᠷ ᠤᠨ ᠲᠥᠷᠥᠯ ᠵᠦᠢᠯ ᠤᠨ ᠠᠵᠤ ᠠᠬᠤᠶᠢᠯᠠᠯ ᠤᠨ ᠡᠵᠡᠨ ᠤ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ ᠲᠤᠰ ᠡᠳᠦᠷ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠨ᠎ᠡ᠃ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠰᠢᠶᠠᠨ ᠤ ᠳᠠᠷᠤᠭ᠎ᠠ ᠠᠴᠠ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢ ᠵᠣᠬᠢᠶᠠᠨ ᠪᠠᠶᠢᠭᠤᠯᠤᠨ ᠵᠥᠪᠳᠡᠯᠴᠡᠨ᠎ᠡ᠃ ᠲᠥᠷᠥ ᠶᠢᠨ ᠪᠣᠳᠣᠯᠭ᠎ᠠ ᠨᠢ ᠨᠡᠶᠢᠴᠡᠬᠦ ᠴᠢᠨᠠᠷᠲᠠᠶ ᠪᠣᠭᠤᠮᠲᠠ ᠶᠢ ᠠᠳᠬᠤᠵᠤ᠂ ᠵᠥᠪᠳᠡᠯᠴᠡᠭᠡᠨ ᠤ ᠠᠵᠢᠯ ᠢ ᠵᠠᠷᠴᠢᠮ ᠳᠡᠭᠡᠷ᠎ᠡ ᠪᠠᠨ 1 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠵᠦ᠂ ᠬᠡᠷᠡᠭᠵᠢᠭᠦᠯᠬᠦ ᠶᠢ ᠵᠥᠪᠰᠢᠶᠡᠷᠡᠭᠰᠡᠨ ᠲᠥᠷᠥᠯ ᠵᠦᠢᠯ ᠳᠤ ᠲᠥᠪᠯᠡᠷᠡᠭᠦᠯᠦᠨ ᠬᠠᠮᠲᠤᠷᠠᠨ ᠬᠢᠨᠠᠬᠤ ︵ᠬᠠᠮᠲᠤᠷᠠᠨ ᠬᠢᠨᠠᠬᠤ ᠬᠠᠭᠤᠳᠠᠰᠤ ᠶᠢᠨ ᠬᠡᠯᠪᠡᠷᠢ︶ ᠬᠢᠭᠰᠡᠨ ᠤ ᠳᠠᠷᠠᠭ᠎ᠠ ᠰᠢᠶᠠᠨ ᠤ ᠵᠠᠰᠠᠭ ᠤᠨ ᠣᠷᠳᠣᠨ ᠳᠤ ᠳᠠᠩᠰᠠᠯᠠᠭᠤᠯᠵᠤ᠂ ᠬᠢᠨᠠᠨ ᠵᠥᠪᠰᠢᠶᠡᠷᠡᠬᠦ ᠡᠯ᠎ᠡ ᠰᠠᠯᠠᠭ᠎ᠠ ᠮᠥᠴᠢᠷ ᠲᠤ ᠬᠤᠯᠪᠣᠭᠳᠠᠬᠤ ᠠᠮᠠᠯᠠᠯᠲᠠ ᠶᠢᠨ ᠬᠤᠭᠤᠴᠠᠭᠠᠨ ᠳᠣᠲᠣᠷ᠎ᠠ ᠭᠦᠢᠴᠡᠳᠭᠡᠵᠣ ᠳᠠᠭᠤᠰᠬᠠᠬᠤ ᠬᠡᠷᠡᠭᠲᠡᠶ᠃ ︽ᠭᠤᠷᠪᠠᠨ ᠣᠷᠣᠨ ᠭᠤᠷᠪᠠᠨ ᠱᠤᠭᠤᠮ︾ ᠪᠣᠯᠤᠨ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠬᠤᠲᠠ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢᠨ ᠣᠷᠣᠨ ᠤ ᠳᠣᠲᠣᠷ᠎ᠠ᠂ ᠰᠢᠨ᠎ᠡ ᠪᠠᠷ ᠬᠢᠨᠠᠨ ᠵᠥᠪᠰᠢᠶᠡᠷᠡᠬᠦ ᠲᠥᠷᠥᠯ ᠵᠦᠢᠯ ᠢ ᠴᠢᠩᠭ᠎ᠠ ᠴᠠᠭᠠᠵᠠᠯᠠᠨ᠎ᠠ᠃ ᠨᠢᠭᠡᠨᠲᠡ ᠬᠢᠨᠠᠨ ᠵᠦᠪᠰᠢᠶᠡᠷᠡᠭᠰᠡᠨ᠂ ᠤᠯᠤᠰ ᠠᠴᠠ ᠭᠠᠵᠠᠷ ᠰᠢᠷᠣᠶ ︵ᠲᠥᠯᠥᠪᠵᠢᠭᠦᠯᠪᠡ︶ ᠶᠢᠨ ᠰᠠᠨᠠᠯ ᠭᠠᠷᠭᠠᠭᠰᠠᠨ ᠲᠥᠷᠥᠯ ᠵᠦᠢᠯ ᠳᠤ᠂ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯ ᠴᠠᠭ ᠲᠤᠬᠠᠶ ᠳᠤᠨᠢ ᠵᠠᠯᠠᠷᠠᠭᠤᠯᠬᠤ ᠬᠡᠷᠡᠭᠲᠡᠢ᠃︵ᠬᠤᠶᠠᠷ︶ ᠠᠵᠤ ᠠᠬᠤᠶᠢᠯᠠᠯ ᠤᠨ ᠭᠠᠷᠳᠠᠮ ᠢ ᠵᠢᠭᠰᠠᠭᠠᠨ ᠪᠠᠶᠢᠴᠠᠭᠠᠬᠤ ᠶᠢ ᠴᠢᠩᠳᠠᠯᠠᠨ᠎ᠠ᠃ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠢᠶᠠᠷᠤᠯᠲᠠ ᠳᠠᠬᠢ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠠᠭᠤᠷᠬᠠᠶ ᠶᠢᠨ ᠦᠶᠯᠡᠰ ᠮᠠᠯᠲᠠᠬᠤ᠂ ᠠᠶᠤᠯ ᠦᠭᠡᠶ ᠶᠢ ᠵᠥᠪᠰᠢᠶᠡᠷᠡᠬᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠵᠥᠪᠰᠢᠶᠡᠷᠡᠬᠦ᠂ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠬᠢᠨᠠᠨ ᠵᠥᠪᠰᠢᠶᠡᠷᠡᠵᠦ ᠬᠠᠩᠭᠠᠬᠤ᠂ ᠣᠶ ᠰᠢᠭᠤᠶ ᠪᠡᠯᠴᠢᠭᠡᠷ ᠤᠨ ᠬᠢᠨᠠᠨ ᠵᠥᠪᠰᠢᠶᠡᠷᠡᠬᠦ᠂ ᠤᠰᠤᠨ ᠤ ᠬᠠᠮᠠᠭᠠᠯᠠᠯᠲᠠ ᠶᠢᠨ ᠲᠥᠰᠦᠯ ᠢ ᠬᠢᠨᠠᠨ ᠵᠥᠪᠰᠢᠶᠡᠷᠡᠬᠦ ᠵᠡᠷᠭᠡ ᠡᠯ᠎ᠡ ᠵᠦᠢᠯ ᠤᠨ ᠬᠢᠨᠠᠨ ᠬᠠᠮᠢᠶᠠᠷᠤᠯᠲᠠ ᠶᠢᠨ ` ᠦᠢᠯᠡ ᠠᠵᠢᠯᠯᠠᠭ᠎ᠠ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠨ᠎ᠡ᠃ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠳ ᠲᠣᠭᠲᠠᠭᠠᠯ ᠶᠣᠰᠣᠭᠠᠷ ᠦᠢᠯᠡᠳᠪᠦᠷᠢᠯᠡᠨ ᠡᠵᠡᠩᠨᠡᠬᠦ ᠶᠢ ᠦᠨᠡᠨᠬᠦ ᠪᠠᠲᠤᠯᠠᠬᠤ ᠬᠡᠷᠡᠭᠲᠡᠶ ᠃ ᠭᠠᠷ ᠭᠦᠢᠴᠡᠳᠬᠡᠯ ᠭᠦᠢᠴᠡᠳ ᠦᠭᠡᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠴᠥᠮ ᠬᠠᠤᠯᠢ ᠶᠣᠰᠣᠭᠠᠷ ᠬᠠᠭᠠᠵᠤ ᠵᠣᠭᠰᠣᠭᠠᠵᠤ᠂ ᠲᠡᠷᠡᠴᠢᠯᠡᠨ ᠲᠥᠬᠦᠭᠡᠷᠦᠮᠵᠢ ᠶᠢ ᠠᠯᠬᠤᠮ ᠠᠯᠬᠤᠮ ᠢᠶᠠᠷ ᠨᠤᠷᠠᠭᠠᠵᠤ᠂ ᠬᠠᠭᠠᠵᠤ ᠵᠣᠭᠰᠣᠭᠠᠭᠰᠠᠨ ᠤ ᠳᠠᠷᠠᠭ᠎ᠠ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠭ᠎ᠠ ᠪᠡᠯᠡᠳᠬᠡᠮᠵᠢ ᠶᠢ ᠴᠠᠭ ᠲᠤᠬᠠᠶ ᠳᠤᠨᠢ ᠨᠤᠷᠠᠭᠠᠵᠤ᠂ ︽ᠬᠤᠶᠠᠷ ᠢ ᠲᠠᠰᠤᠯᠵᠤ ᠭᠤᠷᠪᠠ ᠶᠢ ᠢᠯᠭᠠᠷᠠᠭᠤᠯᠬᠤ︾ ᠱᠠᠭᠠᠷᠳᠠᠯᠭ᠎ᠠ ᠳᠤ ᠬᠦᠷᠦᠭᠦᠯᠬᠦ ᠬᠡᠷᠡᠭᠲᠡᠶ᠃ ᠣᠷᠴᠢᠨ ᠠᠬᠤᠶ ᠶᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠬᠦ ᠦᠭᠡᠢ ᠠᠵᠤ ᠠᠬᠤᠶᠢᠯᠠᠯ ᠦᠢᠯᠡᠳᠪᠦᠷᠢᠯᠡᠯ ᠢ ᠵᠣᠭᠰᠣᠭᠠᠨ ᠴᠡᠭᠴᠡᠯᠡᠵᠦ᠂ ᠴᠡᠭᠴᠡᠯᠡᠬᠦ ᠪᠠᠷ ᠳᠠᠮᠵᠢᠭᠠᠳ ᠣᠷᠴᠢᠨ ᠠᠬᠤᠶ ᠶᠢ ᠬᠠᠮᠠᠭᠠᠯᠠᠬᠤ ᠱᠠᠭᠠᠷᠳᠠᠯᠭ᠎ᠠ ᠳᠤ ᠬᠦᠷᠪᠡᠯ ᠰᠠᠶ᠋ᠢ ᠬᠡᠪ ᠤᠨ ᠶᠣᠰᠣᠭᠠᠷ ᠦᠢᠯᠡᠳᠪᠦᠷᠢᠯᠡᠵᠦ ᠪᠣᠯᠤᠨ᠎ᠠ᠃      ᠬᠤᠶᠠᠷ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠠᠮᠢ ᠠᠬᠤᠶ ᠶᠢᠨ ᠰᠡᠷᠭᠦᠭᠡᠯᠲᠡ ᠶᠢ ᠠᠬᠢᠭᠤᠯᠵᠤ᠂ ᠰᠢᠶᠠᠨ ᠤ ᠬᠡᠪᠴᠢᠶᠡᠨ ᠤ ᠪᠣᠬᠢᠷᠲᠤᠯ ᠥᠬᠡᠶ ᠬᠥᠭᠵᠢᠯᠲᠡ ᠶᠢᠨ ᠰᠠᠭᠤᠷᠢ ᠶᠢ ᠲᠠᠯᠪᠢᠨ᠎ᠠ      ︵ᠨᠢᠭᠡ︶ ᠬᠠᠲᠠᠭᠤ ᠪᠡᠶᠡᠲᠦ ᠬᠠᠶᠠᠭᠳᠠᠮᠠᠯ ᠡᠳ᠋ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠬᠦ ᠴᠤᠪᠤᠷᠠᠯ ᠢ ᠲᠣᠭᠲᠠᠭᠠᠬᠤ ᠬᠡᠷᠡᠭᠲᠡᠶ᠃ ᠨᠢᠭᠡ ᠳᠤ ᠵᠠᠰᠠᠬᠤ ᠦᠢᠯᠡᠰ ᠭᠤᠤᠯᠳᠠᠭᠤ ᠵᠠᠰᠠᠬᠤ ᠠᠴᠠ ᠡᠮᠦᠨ᠎ᠡ᠂ ᠵᠠᠰᠠᠬᠤ ᠳᠤᠮᠳᠠ᠂ ᠵᠠᠰᠠᠭᠰᠠᠨ ᠤ ᠳᠠᠷᠠᠭᠠᠬᠢ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠦᠨ᠎ᠡ᠃ ᠠᠭᠤᠷᠬᠠᠶ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠴᠢ ᠣᠪᠣᠭᠠᠯᠠᠬᠤ ᠲᠠᠯᠠᠪᠠᠢ ᠶᠢ ᠵᠠᠰᠠᠬᠤ ᠢᠨᠵᠧᠨᠧᠷᠢᠩ ᠤᠨ ᠥᠮᠴᠢᠲᠡᠨ ᠡᠷᠬᠡᠪᠰᠢ ︽ᠠᠭᠤᠷᠬᠠᠶ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠴᠢ ᠣᠪᠣᠭᠠᠯᠠᠬᠤ ᠲᠠᠯᠠᠪᠤᠷ ᠢ ᠵᠠᠰᠠᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ︵ᠳᠣᠷᠣᠭᠰᠢ ᠲᠥᠰᠦᠯ ᠭᠡᠵᠦ ᠲᠣᠪᠴᠢᠯᠠᠨ᠎ᠠ︶ ᠢ ᠨᠠᠶᠢᠷᠠᠭᠤᠯᠤᠨ ᠵᠣᠬᠢᠶᠠᠬᠤ ᠬᠡᠷᠡᠭᠲᠡᠶ᠃ ᠲᠥᠰᠦᠯ ᠤᠨ ᠠᠭᠤᠯᠭ᠎ᠠ ᠳᠤ᠄ ᠬᠡᠷᠡᠭᠵᠢᠭᠦᠯᠬᠦ ᠭᠠᠵᠠᠷ ︵ᠡᠷᠬᠡᠪᠰᠢ ᠬᠠᠲᠠᠭᠤ ᠪᠡᠶᠡᠲᠦ ᠬᠠᠶᠠᠭᠳᠠᠮᠠᠯ ᠡᠳ᠋ ᠣᠪᠣᠭᠠᠯᠠᠬᠤ ᠲᠠᠯᠠᠪᠤᠷ ᠤᠨ ᠬᠠᠵᠠᠭᠤ ᠳᠤ ᠪᠠᠶᠢᠬᠤ ᠬᠡᠷᠡᠭᠲᠡᠶ︶᠂ ᠴᠠᠭ ᠬᠤᠭᠤᠴᠠᠭ᠎ᠠ᠂ ᠬᠠᠲᠠᠭᠤ ᠪᠡᠶᠡᠲᠦ ᠬᠠᠶᠠᠭᠳᠠᠮᠠᠯ ᠡᠳ᠋ ᠣᠪᠣᠭᠠᠯᠠᠬᠤ ᠬᠡᠮᠵᠢᠶ᠎ᠡ᠂ ᠠᠰᠢᠭᠯᠠᠵᠤ ᠪᠣᠯᠬᠤ ᠬᠠᠲᠠᠭᠤ ᠪᠡᠶᠡᠲᠦ ᠬᠠᠶᠠᠭᠳᠠᠮᠠᠯ ᠡᠳ᠋ ᠤᠨ ᠬᠡᠮᠵᠢᠶ᠎ᠡ᠂ ᠬᠠᠲᠠᠭᠤ ᠪᠡᠶᠡᠲᠦ ᠬᠠᠶᠠᠭᠳᠠᠮᠠᠯ ᠡᠳ᠋ ᠣᠪᠣᠭᠠᠯᠠᠬᠤ ᠲᠠᠯᠠᠪᠠᠢ ᠶᠢ ᠵᠠᠰᠠᠵᠤ ᠰᠡᠷᠭᠦᠭᠡᠬᠦ ᠪᠠᠷᠢᠮᠵᠢᠶ᠎ᠠ ᠵᠡᠷᠭᠡ ᠪᠠᠭᠲᠠᠨ᠎ᠠ᠃ ᠲᠥᠰᠦᠯ ᠢ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠪᠠᠷ ᠬᠢᠨᠠᠨ ᠲᠣᠭᠲᠠᠭᠠᠯᠭᠠᠵᠤ ᠪᠠᠲᠤᠯᠠᠭᠤᠯᠤᠭᠰᠠᠨ ᠤ ᠳᠠᠷᠠᠭ᠎ᠠ ᠬᠦᠴᠦᠨ ᠲᠠᠢ ᠪᠣᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠡᠳ᠋ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠳᠠᠩᠰᠠᠯᠠᠭᠤᠯᠬᠤ ᠠᠴᠠ ᠡᠮᠦᠨ᠎ᠡ᠂ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ ᠨᠢ ᠵᠠᠰᠠᠬᠤ ᠲᠠᠯ᠎ᠠ ᠯᠤᠭ᠎ᠠ ᠠᠭᠤᠷᠬᠠᠢ ᠶᠢᠨ ᠬᠠᠲᠠᠭᠤ ᠪᠡᠶᠡᠲᠦ ᠬᠠᠶᠠᠭᠳᠠᠮᠠᠯ ᠡᠳ᠋ ᠢ ᠶᠡᠷᠦᠩᠬᠡᠶᠢᠯᠡᠨ ᠠᠰᠢᠭᠯᠠᠬᠤ ᠵᠢᠴᠢ ᠣᠪᠣᠭᠠᠯᠠᠬᠤ ᠲᠠᠯᠠᠪᠠᠢ ᠶᠢ ᠵᠠᠰᠠᠬᠤ ᠭᠡᠷ᠎ᠡ ᠲᠣᠭᠲᠠᠬᠤ ᠬᠡᠷᠡᠭᠲᠡᠶ᠃ ᠵᠠᠰᠠᠬᠤ ᠭᠤᠣᠯ ᠴᠣᠭᠴᠠ ᠨᠢ ᠭᠤᠷᠪᠠᠳᠠᠬᠢ ᠡᠲᠡᠭᠡᠳ ᠪᠠᠶᠢᠪᠠᠯ᠂ ᠵᠠᠰᠠᠬᠤ ᠬᠤᠭᠤᠴᠠᠭ᠎ᠠ ᠶᠣᠰᠣᠭᠠᠷ ᠬᠤᠭᠤᠴᠠᠭ᠎ᠠ ᠬᠤᠪᠢᠶᠠᠨ ᠭᠡᠷ᠎ᠡ ᠭᠦᠢᠴᠡᠳᠬᠡᠬᠦ ᠪᠠᠲᠤᠯᠠᠪᠤᠷᠢ ᠶᠢᠨ ᠮᠥᠩᠭᠦ ᠲᠤᠰᠢᠶᠠᠵᠤ᠂ ᠵᠠᠰᠠᠬᠤ ᠬᠤᠭᠤᠴᠠᠭ᠎ᠠ ᠶᠢ ᠳᠠᠩᠰᠠᠯᠠᠭᠤᠯᠤᠭᠰᠠᠨ ᠡᠳᠦᠷ ᠠᠴᠠ ᠡᠬᠢᠯᠡᠵᠦ ᠪᠤᠳᠦᠨ᠎ᠡ᠂ ᠬᠠᠮᠤᠭ ᠤᠨ ᠤᠷᠳᠦ ᠳᠠᠭᠠᠨ ᠭᠤᠷᠪᠠᠨ ᠵᠢᠯ ᠠᠴᠠ ᠬᠡᠲᠦᠷᠡᠭᠦᠯᠵᠦ ᠪᠣᠯᠬᠤ ᠤᠢᠭᠡᠢ᠃ ᠵᠠᠰᠠᠬᠤ ᠴᠠᠭ ᠤᠨ ᠬᠢᠵᠠᠭᠠᠷ ᠨᠢ ᠭᠤᠷᠪᠠᠨ ᠵᠢᠯ ᠪᠠᠶᠢᠪᠠᠯ ᠭᠡᠷ᠎ᠡ ᠭᠦᠢᠴᠡᠳᠭᠡᠬᠦ ᠪᠠᠲᠤᠯᠠᠪᠤᠷᠢ ᠶᠢᠨ ᠮᠥᠩᠭᠦ 500 ᠲᠦᠮᠡᠨ ᠲᠥᠭᠦᠷᠢᠭ ᠬᠤᠷᠢᠶᠠᠨ᠎ᠠ᠄ ᠠᠵᠤ ᠠᠬᠤᠶᠢᠯᠠᠯ ᠵᠢᠯ ᠳᠠᠷᠠᠭᠠᠯᠠᠨ 5᠄ 3᠄ 2 ᠤᠨ ᠬᠠᠷᠢᠴᠠᠯ ᠢᠶᠠᠷ ᠲᠤᠰᠢᠶᠠᠨ᠎ᠠ︔ ᠵᠠᠰᠠᠬᠤ ᠴᠠᠭ ᠤᠨ ᠬᠢᠵᠠᠭᠠᠷᠯᠠᠯ ᠨᠢ ᠬᠤᠶᠠᠷ ᠵᠢᠯ ᠪᠠᠶᠢᠪᠠᠯ ᠭᠡᠷ᠎ᠡ ᠭᠦᠶᠴᠡᠳᠬᠡᠬᠦ ᠪᠠᠲᠤᠯᠠᠭ᠎ᠠ ᠶᠢᠨ ᠮᠥᠩᠭᠦ 200 ᠲᠦᠮᠡᠨ ᠲᠥᠭᠦᠷᠢᠭ ︵200 ᠲᠦᠮᠡᠨ ᠲᠥᠭᠦᠷᠢᠭ︶ ᠬᠤᠷᠢᠶᠠᠨ᠎ᠠ᠄ ᠠᠵᠤ ᠠᠬᠤᠶᠢᠯᠠᠯ ᠵᠢᠯ ᠳᠠᠷᠠᠭᠠᠯᠠᠨ 5᠄ 5 ᠶᠢᠨ ᠬᠠᠷᠢᠴᠠᠯ ᠢᠶᠠᠷ ᠲᠤᠰᠢᠶᠠᠨ᠎ᠠ︔ ᠵᠠᠰᠠᠬᠤ ᠴᠠᠭ ᠤᠨ ᠬᠢᠵᠠᠭᠠᠷ ᠨᠢ ᠨᠢᠭᠡ ᠵᠢᠯ ᠤᠨ ᠨᠢᠭᠡ ᠤᠳᠠᠭ᠎ᠠ ᠶᠢᠨ ᠴᠢᠨᠠᠷᠲᠠᠶ ᠭᠡᠷ᠎ᠡ ᠭᠦᠢᠴᠡᠳᠭᠡᠬᠦ ᠪᠠᠲᠤᠯᠠᠪᠤᠷᠢ ᠶᠢᠨ ᠮᠥᠩᠭᠦ 100 ᠲᠦᠮᠡᠨ ᠲᠥᠭᠦᠷᠢᠭ ᠬᠤᠷᠢᠶᠠᠨ᠎ᠠ᠃ ᠵᠠᠰᠠᠬᠤ ᠲᠠᠯ᠎ᠠ ᠨᠢ ᠢᠨᠵᠧᠨᠧᠷᠢᠩ ᠤᠨ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠵᠠᠰᠠᠬᠤ ᠡᠭᠦᠷᠭᠡ ᠶᠢ ᠲᠣᠭᠳᠠᠭᠰᠠᠨ ᠬᠤᠭᠤᠴᠠᠭᠠᠨ ᠳᠤ ᠬᠡᠷᠡᠭᠵᠢᠭᠦᠯᠬᠦ ᠬᠡᠷᠡᠭᠲᠡᠶ᠃ ᠣᠨ ᠤ ᠵᠠᠰᠠᠬᠤ ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠦᠭᠰᠡᠨ ᠦᠭᠡᠶ ᠪᠣᠯ ᠪᠠᠲᠤᠯᠠᠪᠤᠷᠢ ᠶᠢᠨ ᠮᠥᠩᠭᠦ ᠪᠠᠨ ᠨᠡᠮᠡᠵᠦ᠂ ᠵᠠᠰᠠᠬᠤ ᠡᠭᠦᠷᠭᠡ ᠪᠠᠨ ᠪᠡᠶᠡᠯᠡᠭᠦᠯᠬᠦ ᠬᠡᠷᠡᠭᠲᠡᠶ᠃ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ ᠴᠠᠭ ᠲᠤᠬᠠᠶ ᠳᠤᠨᠢ ᠳᠡᠭᠡᠷᠡᠬᠢ ᠪᠠᠷᠢᠮᠵᠢᠶ᠎ᠠ ᠶᠣᠰᠣᠭᠠᠷ ᠨᠢᠭᠡᠨᠲᠡ ᠳᠠᠩᠰᠠᠯᠠᠭᠤᠯᠤᠭᠰᠠᠨ ᠠᠵᠤ ᠠᠬᠤᠶᠢᠯᠠᠯ ᠳᠤ ᠭᠡᠷ᠎ᠡ ᠭᠦᠢᠴᠡᠳᠭᠡᠬᠦ ᠪᠠᠲᠤᠯᠠᠪᠤᠷᠢ ᠶᠢᠨ ᠮᠥᠩᠭᠦ ᠶᠢ ᠴᠠᠭ ᠲᠤᠬᠠᠶ ᠳᠤᠨᠢ ᠬᠤᠷᠢᠶᠠᠨ ᠠᠪᠬᠤ ᠶᠢ ᠬᠠᠷᠢᠭᠤᠴᠠᠬᠤ ᠬᠡᠷᠡᠭᠲᠡᠶ᠃ ᠬᠡᠷᠪᠡ ᠵᠠᠰᠠᠬᠤ ᠲᠠᠯ᠎ᠠ ᠨᠢ ᠭᠡᠷ᠎ᠡ ᠪᠠᠨ ᠭᠦᠢᠴᠡᠳᠭᠡᠬᠦ ᠪᠠᠲᠤᠯᠠᠪᠤᠷᠢ ᠶᠢᠨ ᠮᠥᠩᠭᠦ ᠲᠤᠰᠢᠶᠠᠭᠰᠠᠨ ᠦᠭᠡᠢ ᠪᠣᠯ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ ᠵᠠᠰᠠᠬᠤ ᠳᠠᠩᠰᠠᠨ ᠭᠠᠷᠳᠠᠮ ᠢ ᠬᠦᠴᠦᠨ ᠥᠬᠡᠶ ᠪᠣᠯᠭᠠᠵᠤ᠂ ᠵᠠᠰᠠᠬᠤ ᠲᠥᠷᠥᠯ ᠵᠦᠢᠯ ᠢ ᠬᠡᠷᠡᠭᠵᠢᠭᠦᠯᠬᠦ ᠶᠢ ᠵᠣᠭᠰᠣᠭᠠᠬᠤ ᠬᠡᠷᠡᠭᠲᠡᠶ᠃ ᠵᠠᠰᠠᠬᠤ ᠪᠡᠶᠡᠴᠢ ᠴᠣᠭᠴᠠ ᠨᠢ ᠤᠤᠯ ᠤᠨ ᠠᠵᠤ ᠠᠬᠤᠶᠢᠯᠠᠯ ᠤᠨ ᠡᠵᠡᠨ ᠨᠢ ᠪᠠᠶᠢᠪᠠᠯ᠂ ᠭᠡᠷ᠎ᠡ ᠶᠢ ᠭᠦᠢᠴᠡᠳᠭᠡᠬᠦ ᠪᠠᠲᠤᠯᠠᠪᠤᠷᠢ ᠶᠢᠨ ᠮᠥᠩᠭᠦ ᠶᠢ ᠲᠤᠰᠢᠶᠠᠬᠤ ᠴᠢᠬᠤᠯᠠ ᠦᠭᠡᠢ᠂ ᠭᠡᠪᠡᠴᠦ ᠡᠷᠬᠡᠪᠰᠢ ᠰᠢᠶᠠᠨ ᠤ ᠵᠠᠰᠠᠭ ᠤᠨ ᠣᠷᠳᠣᠨ ᠳᠤ ᠠᠮᠠᠯᠠᠯᠲᠠ ᠬᠢᠬᠦ ᠬᠡᠷᠡᠭᠲᠡᠶ᠄ ᠲᠥᠰᠦᠯ ᠤᠨ ᠶᠣᠰᠣᠭᠠᠷ ᠵᠠᠰᠠᠬᠤ ᠬᠠᠷᠢᠭᠤᠴᠠᠯᠭ᠎ᠠ ᠪᠠᠨ ᠭᠦᠶᠴᠡᠳᠬᠡᠬᠦ ᠬᠡᠷᠡᠭᠲᠡᠶ᠃ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ ᠨᠢ ᠠᠵᠤ ᠠᠬᠤᠶᠢᠯᠠᠯ ᠤᠨ ᠵᠠᠰᠠᠬᠤ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠬᠡᠷᠪᠡ ᠵᠠᠰᠠᠬᠤ ᠱᠠᠭᠠᠷᠳᠠᠯᠭ᠎ᠠ ᠳᠤ ᠬᠦᠷᠦᠭᠰᠡᠨ ᠦᠭᠡᠢ ᠪᠣᠯ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ ᠠᠴᠠ ᠤᠤᠯ ᠤᠨ ᠠᠵᠤ ᠠᠬᠤᠶᠢᠯᠠᠯ ᠤᠨ ᠡᠵᠡᠨ ᠳᠤ ᠴᠠᠬᠢᠯᠭᠠᠨ ᠲᠠᠰᠤᠯᠬᠤ ᠰᠢᠳᠬᠡᠯ ᠥᠭᠴᠦ᠂ ᠵᠠᠰᠠᠬᠤ ᠪᠠᠷᠢᠮᠵᠢᠶ᠎ᠠ ᠳᠤ ᠬᠦᠷᠭᠡᠨ᠎ᠡ᠃ ᠬᠤᠶᠠᠷ ᠲᠤ ᠭᠡᠷ᠎ᠡ ᠶᠢ ᠬᠡᠷᠡᠭᠵᠢᠭᠦᠯᠬᠦ ᠪᠠᠲᠤᠯᠠᠪᠤᠷᠢ ᠶᠢᠨ ᠮᠥᠩᠭᠦ ᠶᠢ ᠪᠤᠴᠠᠭᠠᠵᠤ ᠥᠭᠭᠦᠨ᠎ᠡ᠃ ᠵᠠᠰᠠᠬᠤ ᠲᠠᠯ᠎ᠠ ᠨᠢ ᠲᠣᠰ ᠵᠢᠯ ᠤᠨ ᠵᠠᠰᠠᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠤᠴᠠᠭᠠᠵᠤ ᠥᠭᠭᠦᠨ᠎ᠡ᠃ ᠵᠠᠰᠠᠬᠤ ᠲᠠᠯ᠎ᠠ ᠨᠢ ᠡᠰᠡᠷᠭᠦᠴᠡᠰᠢ ᠦᠭᠡᠢ ᠬᠦᠴᠦᠨ ᠪᠤᠶᠤ ᠪᠤᠰᠤᠳ ᠵᠦᠶ ᠶᠣᠰᠣᠨ ᠤ ᠰᠢᠯᠲᠠᠭᠠᠨ ᠠᠴᠠ ᠪᠣᠯᠵᠤ ᠵᠠᠰᠠᠬᠤ ᠬᠤᠭᠤᠴᠠᠭ᠎ᠠ ᠶᠢ ᠰᠠᠭᠠᠲᠠᠭᠠᠭᠰᠠᠨ ᠪᠠᠶᠢᠪᠠᠯ᠂ ᠬᠠᠮᠤᠭ ᠠᠷᠪᠢᠨ ᠳᠠᠭᠠᠨ 3 ᠰᠠᠷ᠎ᠠ ᠤᠷᠲᠤᠳᠬᠠᠵᠤ᠂ ᠤᠷᠲᠤᠳᠬᠠᠭᠰᠠᠨ ᠬᠤᠭᠤᠴᠠᠭᠠᠨ ᠳᠤ ᠵᠠᠰᠠᠬᠤ ᠡᠭᠦᠷᠭᠡ ᠪᠠᠨ ᠪᠡᠶᠡᠯᠡᠭᠦᠯᠦᠭᠰᠡᠨ ᠦᠭᠡᠢ ᠪᠠᠶᠢᠪᠠᠯ᠂ ᠭᠡᠷ᠎ᠡ ᠶᠢ ᠬᠡᠷᠡᠭᠵᠢᠭᠦᠯᠭᠦ ᠪᠠᠲᠤᠯᠠᠪᠤᠷᠢ ᠶᠢᠨ ᠮᠥᠩᠭᠦ ᠶᠢ ᠳᠠᠬᠢᠨ ᠪᠤᠴᠠᠭᠠᠵᠤ ᠥᠭᠬᠦ ᠦᠭᠡᠢ᠂ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ ᠠᠴᠠ ᠭᠡᠷ᠎ᠡ ᠭᠦᠢᠴᠡᠳᠭᠡᠬᠦ ᠪᠠᠲᠤᠯᠠᠪᠤᠷᠢ ᠶᠢᠨ ᠮᠥᠩᠭᠦ ᠶᠢ ᠡᠬᠢᠯᠡᠨ ᠬᠡᠷᠡᠭᠯᠡᠵᠦ ᠭᠤᠷᠪᠠᠳᠠᠬᠢ ᠡᠲᠡᠭᠡᠳ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠠᠰᠠᠪᠤᠷᠢᠯᠠᠨ ᠬᠡᠷᠡᠭᠵᠢᠭᠦᠯᠦᠨ᠎ᠡ᠃      ︵ᠬᠤᠶᠠᠷ︶ ᠥᠮᠴᠢᠲᠡᠨ ᠢ ᠰᠢᠮᠳᠠᠭᠤᠯᠵᠤ ᠪᠠᠶᠢᠭᠠᠳ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠠᠮᠢ ᠠᠬᠤᠶ ᠶᠢᠨ ᠰᠡᠷᠭᠦᠭᠡᠯᠲᠡ ᠶᠢ ᠲᠦᠷᠭᠡᠳᠬᠡᠨ᠎ᠡ᠃ ᠪᠦᠬᠦ ᠰᠢᠶᠠᠨ ᠳᠤ ᠠᠭᠤᠷᠬᠠᠢ ᠶᠢᠨ ᠡᠷᠬᠡ ᠶᠢ ᠰᠢᠨ᠎ᠡ ᠪᠠᠷ ᠪᠠᠶᠢᠭᠤᠯᠬᠤ ᠦᠭᠡᠢ᠂ ᠴᠢᠯᠠᠭᠤ ᠬᠡᠮᠬᠡᠯᠬᠦ᠂ ᠤᠰᠤ ᠪᠠᠷ ᠡᠯᠡᠰᠦ ᠤᠬᠢᠶᠠᠬᠤ᠂ ᠲᠣᠭᠲᠠᠮᠵᠢ ᠶᠢᠨ ᠡᠯᠡᠰᠦᠨ ᠤ ᠲᠥᠷᠥᠯ ᠵᠦᠢᠯ ᠢ ᠰᠢᠨ᠎ᠡ ᠪᠠᠷ ᠵᠥᠪᠰᠢᠶᠡᠷᠡᠬᠦ ᠥᠬᠡᠶ᠂ ᠵᠥᠪᠬᠡᠨ ᠣᠳᠣ ᠶᠢᠨ ᠪᠠᠶᠢᠭ᠎ᠠ ᠬᠠᠲᠠᠭᠤ ᠪᠡᠶᠡᠲᠦ ᠬᠠᠶᠠᠭᠳᠠᠮᠠᠯ ᠣᠪᠣᠭᠠᠯᠠᠬᠤ ᠲᠠᠯᠠᠪᠠᠢ ᠳᠤ ᠴᠢᠭᠯᠡᠭᠦᠯᠦᠨ ᠬᠠᠲᠠᠭᠤ ᠪᠡᠶᠡᠲᠦ ᠬᠠᠶᠠᠭᠳᠠᠮᠠᠯ ᠡᠳ᠋ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠢᠨᠠᠨ ᠵᠦᠪᠰᠢᠶᠡᠷᠡᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠᠷ ᠪᠠᠷᠢᠮᠵᠢᠶ᠎ᠠ ᠪᠣᠯᠭᠠᠵᠤ᠂ ᠰᠢᠶᠠᠨ ᠤ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠵᠡᠷᠭᠡ ᠵᠠᠭᠤᠴᠢᠯᠠᠭᠤᠷ ᠢᠶᠠᠷ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠠᠮᠢ ᠠᠬᠤᠶ ᠶᠢ ᠰᠡᠷᠭᠦᠭᠡᠨ ᠵᠠᠰᠠᠬᠤ ᠵᠠᠷᠯᠠᠯ ᠨᠡᠶᠢᠲᠡᠯᠡᠵᠦ᠂ ᠲᠣᠭᠲᠠᠭᠰᠠᠨ ᠬᠤᠭᠤᠴᠠᠭᠠᠨ ᠳᠣᠲᠣᠷ᠎ᠠ ᠥᠪᠡᠷᠲᠡᠭᠡᠨ ᠵᠠᠰᠠᠬᠤ ᠶᠢ ᠠᠵᠤ ᠠᠬᠤᠶᠢᠯᠠᠯ ᠳᠤ ᠮᠡᠳᠡᠭᠳᠡᠵᠦ᠂ ᠲᠣᠭᠲᠠᠭᠰᠠᠨ ᠬᠤᠭᠤᠴᠠᠭᠠᠨ ᠳᠤ ᠵᠠᠰᠠᠭᠰᠠᠨ ᠦᠭᠡᠢ ᠪᠣᠯ ᠠᠭᠤᠷᠬᠠᠢ ᠶᠢᠨ ᠦᠢᠯᠡᠰ ᠤᠨ ᠡᠷᠬᠡ ᠪᠠᠨ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃ ᠰᠢᠶᠠᠨ ᠤ ᠵᠠᠰᠠᠭ ᠤᠨ ᠣᠷᠳᠣᠨ ᠠᠴᠠ ᠬᠢᠷᠢ ᠬᠡᠮ ᠲᠠᠢ ᠭᠤᠷᠪᠠᠳᠤᠭᠠᠷ ᠡᠲᠡᠭᠡᠳ ᠲᠤ ᠨᠠᠶᠢᠳᠠᠵᠤ ᠠᠮᠢ ᠠᠬᠤᠶ ᠶᠢ ᠰᠡᠷᠭᠦᠭᠡᠨ ᠵᠠᠰᠠᠵᠤ᠂ ᠨᠡᠶᠢᠭᠡᠮ ᠤᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠲᠥᠷᠥᠯ ᠵᠦᠢᠯ ᠳᠤ ᠪᠡᠯᠡ ᠣᠷᠣᠭᠤᠯᠬᠤ ᠶᠢ ᠵᠣᠷᠢᠭᠵᠢᠭᠤᠯᠤᠨ᠎ᠠ᠃      ︵ᠭᠤᠷᠪᠠ︶ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠭᠡᠶᠢᠯᠡᠨ ᠠᠰᠢᠭᠯᠠᠬᠤ ᠵᠦᠢᠯᠡᠰ ᠤᠨ ᠭᠠᠶᠢᠯᠢ ᠲᠠᠲᠠᠪᠣᠷᠢ ᠶᠢ ᠲᠣᠭᠲᠠᠭᠠᠨ᠎ᠠ᠃ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠬᠠᠲᠠᠭᠤ ᠪᠡᠶᠡᠲᠦ ᠬᠠᠶᠠᠭᠳᠠᠮᠠᠯ ᠡᠳ᠋ ᠢ ᠶᠡᠷᠦᠩᠭᠡᠶᠢᠯᠡᠨ ᠠᠰᠢᠭᠯᠠᠬᠤ ᠲᠥᠷᠥᠯ ᠵᠦᠢᠯ ᠠᠴᠠ ᠪᠤᠶ ᠪᠣᠯᠤᠭᠰᠠᠨ ᠭᠠᠶᠢᠯᠢ ᠲᠠᠲᠠᠪᠤᠷᠢ ᠶᠢ ᠬᠠᠤᠯᠢ ᠶᠣᠰᠣᠭᠠᠷ ᠲᠠᠲᠠᠪᠤᠷᠢᠯᠠᠨ ᠲᠤᠰᠢᠶᠠᠬᠤ ᠬᠡᠷᠡᠭᠲᠡᠶ᠃ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠶᠢᠨ ᠲᠣᠪᠴᠢᠶ᠎ᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠭᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠤᠨ ᠨᠡᠷᠡᠰ ᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠮᠲᠤᠪᠠᠷ ᠡᠳ᠋ᠯᠡᠨ᠎ᠡ᠃ ᠠᠵᠤ ᠠᠬᠤᠶᠢᠯᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠣᠢ ᠪᠣᠯᠤᠭᠰᠠᠨ ᠬᠡᠮᠵᠢᠶ᠎ᠠ ᠪᠠ ᠭᠠᠶᠢᠯᠢ ᠲᠤᠰᠢᠶᠠᠭᠰᠠᠨ ᠪᠠᠶᠢᠳᠠᠯ ᠢ ᠬᠢᠨᠠᠨ ᠬᠠᠮᠢᠶᠠᠷᠴᠤ᠂ ᠭᠠᠶᠢᠯᠢ ᠲᠠᠲᠠᠪᠤᠷᠢ ᠶᠢᠨ ᠬᠤᠷᠢᠶᠠᠪᠠᠰᠤ ᠵᠣᠬᠢᠬᠤ ᠪᠦᠬᠦᠨ ᠢ ᠬᠤᠷᠢᠶᠠᠬᠤ ᠶᠢ ᠦᠨᠡᠨᠬᠦ ᠪᠠᠲᠤᠯᠠᠬᠤ ᠬᠡᠷᠡᠭᠲᠡᠶ᠃                        ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                         2020 ᠣᠨ ᠤ 5 ᠰᠠᠷ᠎ᠠ ᠶᠢᠨ 19 ᠤ ᠡᠳᠦᠷ
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号