︽ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 2020 ᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠯ ᠤᠨ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/11/28
   ︽ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 2020 ᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠯ ᠤᠨ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠢᠨᠱᠠᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ᠰᠢᠶᠠᠨ ᠤ ᠵᠠᠰᠠᠭ ᠤᠨ ᠣᠷᠳᠣᠨ ᠤ 18 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ︽ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 2020 ᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠯ ᠤᠨ ᠠᠵᠢᠯ ᠤᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                    ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ                                         2021 ᠣᠨ ᠤ1 ᠰᠠᠷ᠎ᠠ ᠶᠢᠨ5 ᠤ  ᠡᠳᠤᠷ        ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ 2020 ᠣᠨ ᠤ ᠣᠯᠠᠨ ᠨᠡᠶᠢᠲᠡ ᠶᠢᠨ        ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠯ ᠤᠨ ᠠᠵᠢᠯ ᠤᠨ ᠬᠡᠷᠡᠭᠵᠢᠭᠦᠯᠬᠦ ᠲᠥᠰᠦᠯ      ᠮᠠᠨ ᠤ ᠰᠢᠶᠠᠨ ᠤ ᠬᠤᠲᠠ ᠪᠠᠯᠭᠠᠰᠤ ᠶᠢᠨ ᠪᠠᠲᠤᠯᠠᠭ᠎ᠠ ᠶᠢᠨ ᠣᠷᠣᠨ ᠰᠠᠭᠤᠴᠠ ᠶᠢᠨ ᠰᠢᠰᠲ᠋ᠧᠮᠵᠢ ᠵᠢᠴᠢ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠪᠠ ᠣᠷᠣᠯᠭ᠎ᠠ ᠪᠠᠭᠠᠲᠠᠶ ᠭᠡᠷ ᠪᠦᠯᠢ ᠵᠢᠴᠢ ᠳᠤᠮᠳᠠ ᠳᠣᠣᠷ᠎ᠠ ᠣᠷᠣᠯᠭ᠎ᠠ ᠲᠠᠢ ᠭᠡᠷ ᠪᠦᠯᠢ ᠵᠡᠷᠭᠡ ᠣᠷᠣᠨ ᠰᠠᠭᠤᠴᠠ ᠦᠭᠡᠶ ᠭᠡᠷ ᠪᠦᠯᠢ ᠶᠢᠨ ᠣᠷᠣᠨ ᠰᠠᠭᠤᠴᠠ ᠶᠢᠨ ᠬᠦᠴᠢᠷᠳᠡᠯ ᠢ ᠰᠢᠶᠳᠪᠦᠷᠢᠯᠡᠬᠦ ᠶᠢᠨ ᠲᠤᠰᠠᠳᠠ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ︵ᠬᠢᠮᠳᠠ ᠲᠦᠷᠢᠶᠡᠰᠦᠨ ᠣᠷᠣᠨ ᠰᠠᠭᠤᠴᠠ ᠪᠠᠭᠲᠠᠨ᠎ᠠ︶ ᠶᠢᠨ ᠲᠥᠷᠥᠯ ᠵᠦᠢᠯ ᠢ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠵᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠬᠡᠷ ᠪᠠᠶᠢᠰᠢᠩ ᠤᠨ ᠢᠷᠡᠯᠲᠡ ᠶᠢᠨ ᠦᠨᠳᠦᠰᠦᠨ ᠪᠠᠶᠢᠳᠠᠯ᠃      ︽ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ︾ ᠢ ᠦᠨᠳᠦᠰᠦᠯᠡᠪᠡᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠠ ᠬᠢᠮᠳᠠ ᠲᠦᠷᠢᠶᠡᠰᠦᠨ ᠣᠷᠣᠨ ᠰᠠᠭᠤᠴᠠ ᠶᠢ ᠨᠢᠭᠡᠳᠬᠡᠨ ᠠᠵᠢᠯᠯᠠᠭᠤᠯᠬᠤ ᠲᠤᠬᠠᠶ ᠮᠡᠳᠡᠭᠳᠡᠯ︾ ︵ᠪᠠᠶᠢᠭᠤᠯᠤᠯᠲᠠ ᠪᠠᠲᠤᠯᠠᠭ᠎ᠠ 2013178 ᠳ᠋ᠤᠭᠠᠷ ᠲᠣᠭᠠᠲᠤ︶ ︽ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ 201370 ᠳ᠋ᠤᠭᠠᠷ ᠲᠣᠭᠠᠲᠤ︶ ︽ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠲᠡᠭᠦᠯᠳᠡᠷᠵᠢᠭᠦᠯᠬᠦ ᠲᠤᠬᠠᠶ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠤᠯᠤᠯᠲᠠ ᠪᠠᠲᠤᠯᠠᠭ᠎ᠠ ᠵᠠᠬᠢᠳᠠᠯ 20171172 ᠳ᠋ᠤᠭᠠᠷ ᠲᠣᠭᠠᠲᠤ︶ ︽ᠪᠤᠭᠤᠲᠤ ᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠪᠠ ᠳᠤᠲᠠᠭᠳᠠᠵᠤ ᠪᠠᠶᠢᠭ᠎ᠠ ᠪᠠᠴᠢᠮ ᠬᠡᠷᠡᠭᠴᠡᠭᠡᠲᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠮᠠᠭᠠᠳᠯᠠᠨ ᠲᠣᠭᠲᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ︵ᠪᠤᠭᠤᠲᠤ ᠬᠤᠲᠠ ᠶᠢᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠠ᠂ 2020 ᠣᠨ ᠳᠤ ᠮᠠᠨ ᠤ ᠰᠢᠶᠠᠨ ᠦᠯᠡᠳᠡᠭᠰᠡᠨ ᠨᠡᠶᠢᠲᠡ ᠶᠢᠨ ᠲᠦᠷᠢᠶᠡᠰᠦᠨ ᠬᠡᠷ ᠢᠶᠠᠨ ᠪᠦᠬᠦᠨ ᠢ ᠭᠠᠳᠠᠭᠰᠢ ᠲᠦᠷᠢᠶᠡᠰᠦᠯᠡᠭᠦᠯᠬᠦ ᠪᠠᠷ ᠪᠣᠶ᠃      ᠬᠤᠶᠠᠷ᠂ ᠲᠦᠷᠢᠶᠡᠰᠦᠯᠡᠨ ᠬᠤᠳᠠᠯᠳᠤᠬᠤ ᠵᠠᠷᠴᠢᠮ ᠪᠠ ᠠᠷᠭ᠎ᠠ ᠮᠠᠶ᠋ᠢᠭ᠃      ︵ᠨᠢᠭᠡ︶ ᠲᠦᠷᠢᠶᠡᠰᠦᠯᠡᠨ ᠬᠤᠳᠠᠯᠳᠤᠬᠤ ᠵᠠᠷᠴᠢᠮ᠃      1 . ᠤᠯᠤᠰ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠳᠦᠷᠢᠮ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠪᠣᠳᠠᠲᠤ ᠪᠠᠶᠢᠳᠠᠯ ᠠᠴᠠ ᠡᠭᠦᠰᠬᠦ ᠶᠢ ᠪᠠᠷᠢᠮᠲᠠᠯᠠᠨ᠂ ᠦᠨᠳᠦᠰᠦᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ ᠬᠢᠮᠳᠠ᠂ ᠲᠣᠬᠢᠷᠠᠬᠤ᠂ ᠣᠷᠴᠢᠨ ᠲᠣᠭᠤᠷᠢᠨ ᠢ ᠬᠠᠮᠠᠭᠠᠯᠠᠬᠤ ᠶᠢ ᠪᠠᠷᠢᠮᠲᠠᠯᠠᠨ᠂ ᠶᠠᠰᠤ ᠴᠢᠨᠠᠷ ᠤᠨ ᠠᠶᠤᠯ ᠦᠭᠡᠶ ᠶᠢ ᠦᠨᠡᠨᠬᠦ ᠪᠠᠲᠤᠯᠠᠬᠤ ᠬᠡᠷᠡᠭᠲᠡᠶ ᠬᠤᠪᠢᠶᠠᠷᠢᠯᠠᠯᠲᠠ ᠶᠢᠨ ᠶᠠᠪᠤᠴᠠ ᠶᠢ ᠢᠯᠡ ᠲᠣᠳᠣ ᠪᠠᠶᠢᠯᠭᠠᠬᠤ᠂ ᠬᠤᠪᠢᠶᠠᠷᠢᠯᠠᠯᠲᠠ ᠶᠢᠨ ᠦᠷ᠎ᠡ ᠳ᠋ᠦᠩ ᠢ ᠲᠥᠪ ᠭᠤᠣᠯᠴᠢ ᠪᠠᠶᠢᠯᠭᠠᠬᠤ ᠶᠢ ᠪᠠᠷᠢᠮᠲᠠᠯᠠᠨ᠎ᠠ ᠵᠢᠷᠤᠮᠵᠢᠭᠰᠠᠨ ᠬᠠᠮᠢᠶᠠᠷᠤᠯᠲᠠ ᠶᠢ ᠪᠠᠷᠢᠮᠲᠠᠯᠠᠨ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶ᠎ᠡ᠂ ᠪᠠᠲᠤᠯᠠᠭ᠎ᠠ ᠶᠢᠨ ᠠᠷᠭ᠎ᠠ ᠮᠠᠶ᠋ᠢᠭ ᠪᠣᠯᠤᠨ ᠪᠠᠲᠤᠯᠠᠭ᠎ᠠ ᠶᠢᠨ ᠪᠠᠷᠢᠮᠵᠢᠶ᠎ᠠ ᠶᠢ ᠵᠦᠶ ᠵᠣᠬᠢᠰᠲᠠᠶ ᠨᠠᠶᠢᠳᠠᠪᠤᠷᠢᠵᠢᠭᠤᠯᠤᠨ᠎ᠠ᠃      2 . ︽ᠭᠤᠷᠪᠠᠨ ᠱᠠᠲᠤ ᠬᠢᠨᠠᠨ ᠬᠠᠷᠭᠤᠭᠤᠯᠬᠤ᠂ ᠭᠤᠷᠪᠠᠨ ᠤᠳᠠᠭ᠎ᠠ ᠵᠠᠷᠯᠠᠨ ᠨᠡᠶᠢᠲᠡᠯᠡᠬᠦ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢ ᠭᠤᠶᠤᠴᠢᠯᠠᠬᠤ ᠪᠠ ᠬᠤᠪᠢᠶᠠᠷᠢᠯᠠᠬᠤ ᠲᠠᠯ᠎ᠠ ᠪᠠᠷ᠂ ᠰᠠᠭᠤᠭᠠᠯᠢ ᠠᠷᠠᠳ ᠭᠤᠶᠤᠴᠢᠯᠠᠬᠤ᠂ ᠰᠠᠭᠤᠭᠠᠯᠢ ︵ᠲᠣᠰᠬᠤᠨ︶ ᠠᠷᠠᠳ ᠤᠨ ᠵᠥᠪᠯᠡᠯ ᠠᠩᠬ᠎ᠠ ᠬᠢᠨᠠᠬᠤ ︵ᠨᠡᠶᠢᠲᠡ ᠳᠤ ᠵᠠᠷᠯᠠᠬᠤ︶᠂ ᠰᠢᠶᠠᠩ ᠪᠠᠯᠭᠠᠰᠤ ᠬᠢᠨᠠᠨ ᠬᠠᠷᠭᠤᠭᠤᠯᠬᠤ ︵ᠨᠡᠶᠢᠲᠡ ᠳᠤ ᠵᠠᠷᠯᠠᠬᠤ︶᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠢᠨᠠᠨ ᠵᠥᠪᠰᠢᠶᠡᠷᠡᠬᠦ ︵ᠨᠡᠶᠢᠲᠡ ᠳᠤ ᠵᠠᠷᠯᠠᠬᠤ︶ ᠲᠠᠰ ᠳᠠᠷᠠᠭᠠᠯᠠᠯ ᠢ ᠢᠯᠡ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠡᠶᠢᠭᠡᠮ ᠤᠨ ᠬᠢᠨᠠᠯᠲᠠ ᠲᠠᠯᠪᠢᠬᠤ ᠦᠶᠯᠡᠳᠦᠯ ᠢ ᠭᠦᠶᠴᠡᠳ ᠪᠠᠳᠠᠷᠠᠭᠤᠯᠤᠨ᠎ᠠ᠃       ︵ᠬᠤᠶᠠᠷ︶ ᠲᠦᠷᠢᠶᠡᠰᠦᠯᠡᠨ ᠬᠤᠳᠠᠯᠳᠤᠬᠤ ᠠᠷᠭ᠎ᠠ ᠮᠠᠶ᠋ᠢᠭ᠃      1 . ︽ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠬᠤᠳᠠᠯᠳᠤᠬᠤ᠂ ᠲᠦᠷᠢᠶᠡᠰᠦᠯᠡᠬᠦ ᠪᠠ ᠬᠤᠳᠠᠯᠳᠤᠬᠤ ᠶᠢ ᠵᠡᠷᠭᠡᠪᠡᠷ ᠶᠠᠪᠤᠭᠤᠯᠬᠤ᠂ ᠰᠠᠶᠢᠨ ᠳᠤᠷ᠎ᠠ ᠠᠴᠠ ᠪᠠᠨ ᠬᠤᠳᠠᠯᠳᠤᠨ ᠠᠪᠬᠤ᠂ ᠥᠮᠴᠢᠯᠡᠬᠦ ᠡᠷᠬᠡ ᠶᠢ ᠬᠠᠮᠲᠤ ᠪᠠᠷ ᠡᠳ᠋ᠯᠡᠬᠦ︾ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠂ ᠲᠤᠬᠠᠶᠢᠯᠠᠪᠠᠯ ᠲᠦᠷᠢᠶᠡᠰᠦᠯᠡᠨ ᠬᠤᠳᠠᠯᠳᠤᠬᠤ ᠨᠥᠬᠦᠴᠡᠯ ᠳᠤ ᠨᠡᠶᠢᠴᠡᠭᠰᠡᠨ ᠭᠡᠷ ᠪᠦᠯᠢ ᠶᠢ ᠲᠤᠰ ᠲᠥᠰᠦᠯ ᠳᠤ ᠨᠡᠶᠢᠲᠡᠯᠡᠭᠰᠡᠨ ᠦᠨ᠎ᠡ ᠪᠠᠷ ᠲᠦᠷᠢᠶᠡᠰᠦᠯᠡᠨ ᠬᠤᠳᠠᠯᠳᠤᠨ᠎ᠠ᠃      2 . ᠭᠤᠶᠤᠴᠢᠯᠠᠭᠴᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠳᠠᠯᠳᠤᠨ ᠠᠪᠤᠭᠰᠠᠨ ᠪᠠᠶᠢᠪᠠᠯ᠂ ᠲᠡᠭᠦᠨ ᠤ ᠥᠮᠴᠢᠯᠡᠬᠦ ᠡᠷᠬᠡ ᠨᠢ ᠭᠤᠶᠤᠴᠢᠯᠠᠭᠴᠢ ᠪᠠ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠥᠮᠴᠢᠯᠡᠭᠳᠡᠨ᠎ᠡ᠃      3 . ᠲᠦᠷᠢᠶᠡᠰᠦᠯᠡᠨ ᠬᠤᠳᠠᠯᠳᠤᠬᠤ ᠲᠤᠭ᠎ᠠ ᠬᠡᠮᠵᠢᠶ᠎ᠡ᠄ ᠴᠢᠬᠤᠯᠠ ᠪᠦᠬᠦᠢ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠡᠷᠭᠢᠯᠲᠡ ᠶᠢᠨ ᠭᠡᠷ ᠪᠠᠶᠢᠰᠢᠩ ᠠᠴᠠ ᠪᠤᠰᠤᠳ ᠪᠦᠬᠦᠨ ᠢ ᠲᠦᠷᠢᠶᠡᠰᠦᠯᠡᠨ ᠬᠤᠳᠠᠯᠳᠤᠬᠤ᠃      ᠭᠤᠷᠪᠠ᠂ ᠭᠤᠶᠤᠴᠢᠯᠠᠬᠤ ᠨᠥᠬᠦᠴᠡᠯ ᠵᠢᠴᠢ ᠳᠡᠰ ᠳᠠᠷᠠᠭᠠᠯᠠᠯ᠃         ︵ᠨᠢᠭᠡ︶ ᠭᠤᠶᠤᠴᠢᠯᠠᠬᠤ ᠨᠥᠬᠦᠴᠡᠯ᠃      2020 ᠣᠨ ᠳᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠨᠢ ᠮᠠᠨ ᠤ ᠰᠢᠶᠠᠨ ᠤ ᠨᠢᠭᠡᠨᠲᠡ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠭᠰᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠷᠣᠯᠭ᠎ᠠ ᠪᠠᠭᠠᠲᠠᠶ ᠬᠡᠷ ᠪᠦᠯᠢ ᠶᠢᠨ ᠪᠠᠲᠤᠯᠠᠬᠤ ᠶᠣᠰᠣᠲᠠᠶ ᠶᠢ ᠨᠢ ᠴᠢᠳᠠᠬᠤ ᠶᠢᠨ ᠳᠣᠲᠣᠷ᠎ᠠ ᠪᠠᠲᠤᠯᠠᠬᠤ ᠶᠢᠨ ᠬᠠᠮᠲᠤ ᠭᠦᠶᠡᠩ ᠰᠢᠶᠠᠨ ᠤ ᠡᠷᠦᠬᠡ ᠠᠮᠠ ᠶᠢᠨ ᠲᠠᠩᠰᠠ ᠲᠠᠢ ᠣᠷᠣᠨ ᠰᠠᠭᠤᠴᠠ ᠥᠬᠡᠶ ᠪᠤᠶᠤ ᠣᠷᠣᠨ ᠰᠠᠭᠤᠴᠠ ᠨᠢ ᠬᠦᠴᠢᠷᠳᠡᠯᠲᠡᠶ ᠬᠡᠷ ᠪᠦᠯᠢ ᠵᠢᠴᠢ ᠭᠦᠶᠡᠩ ᠰᠢᠶᠠᠨ ᠠᠴᠠ ᠪᠤᠰᠤᠳ ᠡᠷᠦᠬᠡ ᠠᠮᠠ ᠶᠢᠨ ᠲᠠᠩᠰᠠ ᠲᠠᠢ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠬᠥᠮᠦᠰ᠂ ᠬᠠᠨᠢ ᠪᠣᠯᠵᠣ ᠰᠤᠷᠤᠯᠴᠠᠵᠤ ᠪᠠᠶᠢᠭ᠎ᠠ ᠬᠡᠷ ᠪᠦᠯᠢ᠂ ᠰᠢᠨ᠎ᠡ ᠪᠠᠷ ᠠᠵᠢᠯ ᠣᠯᠤᠭᠰᠠᠨ ᠠᠵᠢᠯᠲᠠᠨ ᠠᠵᠢᠯᠴᠢᠨ᠂ ᠨᠤᠲᠤᠭ ᠲᠠᠭᠠᠨ ᠪᠤᠴᠠᠵᠤ ᠦᠶᠯᠡᠰ ᠪᠤᠰᠬᠠᠵᠤ ᠠᠵᠢᠯ ᠣᠯᠤᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠢᠴᠢ ᠤᠶᠤᠲᠠᠳ ᠵᠡᠷᠭᠡ ᠬᠥᠮᠦᠰ ᠢ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠭᠤᠶᠤᠴᠢᠯᠠᠭᠴᠢ ᠨᠢ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃      1 . ᠭᠦᠶᠡᠩ ᠰᠢᠶᠠᠨ ᠤ ᠡᠷᠦᠬᠡ ᠠᠮᠠ ᠲᠠᠢ ᠮᠠᠯᠴᠢᠨ ᠲᠠᠷᠢᠶᠠᠴᠢᠨ ᠬᠦᠴᠦ ᠶᠠᠪᠤᠭᠰᠠᠳ ︵ᠭᠠᠳᠠᠨ᠎ᠠ ᠠᠴᠠ ᠢᠷᠡᠵᠦ ᠬᠦᠴᠦ ᠶᠠᠪᠤᠭᠰᠠᠳ᠂ ᠪᠠᠷ᠎ᠠ ᠪᠣᠯᠵᠣ ᠪᠢᠴᠢᠭᠳᠡᠭᠰᠡᠨ ᠬᠡᠷ ᠪᠦᠯᠢ᠂ ᠰᠢᠨ᠎ᠡ ᠪᠠᠷ ᠠᠵᠢᠯ ᠣᠯᠤᠭᠰᠠᠨ ᠠᠵᠢᠯᠲᠠᠨ ᠠᠵᠢᠯᠴᠢᠨ᠂ ᠨᠤᠲᠤᠭ ᠲᠠᠭᠠᠨ ᠪᠤᠴᠠᠵᠤ ᠠᠳᠠᠯ ᠦᠶᠯᠡᠰ ᠴᠣᠭᠴᠠᠯᠠᠨ ᠠᠵᠢᠯ ᠣᠯᠤᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠢᠴᠢ ᠤᠶᠤᠲᠠᠳ ᠲᠤ ᠬᠠᠩᠭᠠᠬᠤ ᠴᠢᠬᠤᠯᠠ ᠥᠬᠡᠶ︶ ᠃      2 . ᠪᠦᠬᠦᠯᠢ 18 ᠨᠠᠰᠤ ᠬᠦᠷᠦᠭᠰᠡᠨ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠬᠤ ᠃      3 ᠲᠤᠰ ᠰᠢᠶᠠᠨ ᠤ ᠬᠥᠮᠦᠨ ᠬᠡᠷᠡᠭᠯᠡᠬᠦ ᠨᠢᠭᠡᠴᠢ ᠲᠠᠢ 1 ᠵᠢᠯ ᠠᠴᠠ ᠳᠡᠭᠡᠭᠰᠢ ᠬᠥᠳᠡᠯᠮᠦᠷᠢ ᠶᠢᠨ ︵ᠤᠷᠢᠵᠤ ᠬᠡᠷᠡᠭᠯᠡᠬᠦ︶ ᠭᠡᠷ᠎ᠡ ᠲᠣᠭᠲᠠᠭᠠᠬᠤ ᠶᠢᠨ ᠬᠠᠮᠲᠤ ᠮᠠᠨ ᠤ ᠰᠢᠶᠠᠨ ᠳᠤ 1 ᠵᠢᠯ ᠠᠴᠠ ᠳᠡᠭᠡᠭᠰᠢ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠨ᠎ᠠ ᠭᠠᠳᠠᠨ᠎ᠠ ᠠᠴᠠ ᠳᠠᠭᠠᠵᠤ ᠰᠤᠷᠤᠯᠴᠠᠬᠤ ᠭᠡᠷ ᠪᠦᠯᠢ ᠦᠷ᠎ᠡ ᠬᠡᠦᠬᠡᠳ ᠤᠨ ᠰᠤᠷᠭᠠᠭᠤᠯᠢ ᠳᠤ ᠪᠠᠶᠢᠬᠤ ᠭᠡᠷᠡᠴᠢ ᠶᠢ ᠬᠠᠩᠭᠠᠬᠤ ᠬᠡᠷᠡᠭᠲᠡᠶ ᠃      4 . ᠭᠦᠶᠡᠩ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠥᠪᠡᠷ ᠤᠨ ᠣᠷᠣᠨ ᠰᠠᠭᠤᠴᠠ ᠥᠬᠡᠶ ᠪᠤᠶᠤ ᠬᠥᠮᠦᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠶ ᠨᠢ 15 ᠲᠡᠭᠰᠢ ᠳᠥᠷᠪᠡᠯᠵᠢᠨ ᠮᠧᠲᠷ ᠬᠥᠷᠬᠦ ᠥᠬᠡᠶ᠃ ᠥᠪᠡᠷ ᠤᠨ ᠣᠷᠣᠨ ᠰᠠᠭᠤᠴᠠ ᠦᠭᠡᠢ ᠭᠡᠳᠡᠭ ᠨᠢ ᠲᠤᠰ ᠰᠢᠶᠠᠨ ᠳᠤ ᠬᠤᠪᠢ ᠶᠢᠨ ᠥᠮᠴᠢᠯᠡᠯ ᠤᠨ ᠡᠷᠬᠡ ᠦᠭᠡᠢ ᠣᠷᠣᠨ ᠰᠠᠭᠤᠴᠠ ᠶᠢ ᠵᠢᠭᠠᠵᠤ ᠪᠠᠶᠢᠨ᠎ᠠ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠤᠶᠤ ᠬᠢᠮᠳᠠ ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠭᠰᠡᠨ ᠦᠭᠡᠢ ᠪᠥᠭᠡᠳ ᠭᠤᠶᠤᠴᠢᠯᠠᠭᠰᠠᠨ ᠡᠳᠦᠷ ᠠᠴᠠ ᠡᠮᠦᠨ᠎ᠡ 3 ᠵᠢᠯ ᠤᠨ ᠳᠣᠲᠣᠷ᠎ᠠ ᠮᠠᠨ ᠤ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠭᠡᠷ ᠪᠠᠶᠢᠰᠢᠩ ᠬᠤᠳᠠᠯᠳᠤᠨ ᠠᠪᠤᠭᠰᠠᠨ᠂ ᠬᠤᠳᠠᠯᠳᠤᠭᠰᠠᠨ ᠪᠤᠶᠤ ᠪᠡᠯᠡᠭᠯᠡᠨ ᠬᠦᠷᠭᠡᠭᠰᠡᠨ ᠦᠭᠡᠢ᠃ ᠬᠥᠮᠦᠨ ᠪᠦᠷᠢ ᠶᠢᠨ ᠳᠤᠮᠳᠠᠴᠢ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠶ ᠶᠢ ᠭᠡᠷ ᠪᠠᠶᠢᠰᠢᠩ ᠣᠷᠣᠰᠢᠨ ᠰᠠᠭᠤᠭᠰᠠᠨ ᠭᠡᠷᠡᠴᠢ ᠪᠤᠶᠤ ᠭᠡᠷ ᠪᠠᠶᠢᠰᠢᠩ ᠤᠨ ᠡᠷᠬᠡ ᠬᠠᠷᠢᠶ᠎ᠠ ᠳᠤ ᠲᠡᠮᠳᠡᠭᠯᠡᠭᠰᠡᠨ ᠪᠠᠷᠢᠯᠭ᠎ᠠ ᠶᠢᠨ ᠲᠠᠯᠠᠪᠠᠶ ᠪᠠᠷ ᠪᠠᠷᠢᠮᠵᠢᠶ᠎ᠠ ᠪᠣᠯᠭᠠᠨ᠎ᠠ᠃      5 . ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠤᠬᠠᠶ ᠶᠢᠨ ᠵᠢᠯ ᠤᠨ ᠭᠦᠶᠡᠩ ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ ᠡᠲᠡᠭᠡᠳ ᠪᠤᠶᠤ ᠬᠠᠷᠠᠭᠠᠯᠵᠠᠯ ᠭᠥᠷᠳᠡᠬᠦ ᠡᠲᠡᠭᠡᠳ ᠲᠤ ᠤᠷᠢᠳᠠᠪᠠᠷ ᠲᠦᠷᠢᠶᠡᠰᠦᠯᠡᠨ ᠥᠭᠭᠦᠨ᠎ᠡ᠃      6 . ᠨᠡᠶᠢᠲᠡ ᠶᠢᠨ ᠲᠦᠷᠢᠶᠡᠰᠦᠯᠡᠯ ᠤᠨ ᠬᠡᠷ ᠠᠪᠬᠤ ᠪᠠᠷ ᠭᠤᠶᠤᠴᠢᠯᠠᠭᠰᠠᠨ ᠬᠥᠮᠦᠨ ᠪᠦᠬᠦᠨ ᠡᠷᠬᠡᠪᠰᠢ ᠬᠤᠪᠢ ᠬᠥᠮᠦᠨ ᠠᠮᠠᠯᠠᠯᠲᠠ ᠭᠠᠷᠭᠠᠵᠤ᠂ ᠰᠢᠯᠵᠢᠭᠦᠯᠦᠨ ᠥᠭᠬᠦ ᠪᠠ ᠰᠢᠯᠵᠢᠭᠦᠯᠦᠨ ᠲᠦᠷᠢᠶᠡᠰᠦᠯᠡᠭᠦᠯᠵᠦ ᠪᠣᠯᠬᠤ ᠥᠬᠡᠶ᠂ ᠡᠰᠡ ᠲᠡᠭᠡᠪᠡᠯ ᠢᠲᠡᠭᠡᠯ ᠠᠯᠳᠠᠭᠰᠠᠳ ᠤᠨ ᠨᠡᠷᠡᠰ ᠲᠤ ᠵᠢᠭᠰᠠᠭᠠᠨ ᠣᠷᠣᠭᠤᠯᠤᠨ᠎ᠠ᠃      ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠭᠤᠶᠤᠴᠢᠯᠠᠭᠴᠢ ᠭᠡᠷ ᠪᠠᠶᠢᠰᠢᠩ ᠤᠨ ᠢᠷᠡᠯᠳᠡ ᠶᠢ ᠤᠷᠢᠳ ᠢᠶᠠᠷ ᠰᠣᠩᠭᠤᠵᠤ ᠪᠣᠯᠤᠨ᠎ᠠ᠄      ︵1︶ ᠮᠠᠨ ᠤ ᠰᠢᠶᠠᠨ ᠤ ᠳᠡᠭᠡᠳᠦ ᠳᠡᠰ ᠤᠨ ᠴᠢᠳᠠᠪᠤᠷᠢᠲᠠᠨ ᠵᠢᠴᠢ ᠳᠤᠲᠠᠭᠳᠠᠵᠤ ᠪᠠᠶᠢᠭ᠎ᠠ ᠴᠢᠳᠠᠪᠤᠷᠢᠲᠠᠨ       ︵2︶ ᠬᠤᠲᠠ ᠶᠢᠨ ᠱᠠᠲᠤᠨ ᠠᠴᠠ ᠳᠡᠭᠡᠭᠰᠢᠬᠢ ᠬᠥᠳᠡᠯᠮᠦᠷᠢ ᠶᠢᠨ ᠵᠢᠱᠢᠶᠡᠴᠢ᠂ ᠪᠠᠭᠠᠲᠤᠷ ᠵᠢᠱᠢᠶᠡᠴᠢ       ︵3︶ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ︵ᠭᠤᠷᠪᠠᠳᠤᠭᠠᠷ ᠳᠡᠰ ᠤᠨ ᠭᠠᠪᠢᠶ᠎ᠠ ᠪᠠᠭᠲᠠᠨ᠎ᠠ︶ ᠠᠴᠠ ᠳᠡᠭᠡᠭᠰᠢᠬᠢ ᠴᠡᠷᠢᠭ ᠠᠴᠠ ᠬᠠᠯᠠᠭᠳᠠᠭᠰᠠᠳ ᠴᠡᠷᠢᠭ ᠠᠴᠠ ᠬᠠᠯᠠᠭᠳᠠᠭᠰᠠᠳ       ︵4︶ ᠴᠡᠷᠢᠭ ᠤᠨ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ       ︵5︶ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠳ         ︵6︶ ᠣᠷᠴᠢᠨ ᠲᠣᠭᠤᠷᠢᠨ ᠤ ᠠᠷᠢᠭᠤᠨ ᠴᠡᠪᠡᠷ ᠤᠨ ᠨᠢᠭᠡᠳᠦᠭᠡᠷ ᠹᠷᠣᠨᠲ ᠤᠨ ᠬᠠᠲᠠᠭᠤᠵᠢᠯᠲᠠᠶ ᠠᠵᠢᠯ ᠤᠨ ᠪᠠᠶᠢᠷᠢ ᠶᠢᠨ ᠬᠥᠮᠦᠰ       ︵7︶ ᠤᠯᠤᠰ ᠠᠴᠠ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠬᠦᠷᠲᠡᠬᠦ ᠬᠠᠷᠠᠭᠠᠯᠵᠠᠯ ᠬᠦᠷᠲᠡᠬᠦ ᠡᠲᠡᠭᠡᠳ       ︵8︶ᠥᠨᠥᠴᠢᠨ ᠨᠠᠰᠤᠲᠠᠶ ᠡᠪᠡᠳᠴᠢᠲᠡᠶ ᠵᠡᠮᠳᠡᠭ ᠬᠥᠮᠦᠰ       ︵9︶ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ᠃      ᠳᠡᠭᠡᠷᠡᠬᠢ ᠬᠥᠮᠦᠰ ᠲᠤ ᠬᠠᠷᠢᠶᠠᠯᠠᠭᠳᠠᠪᠠᠯ ᠬᠠᠮᠢᠶ᠎ᠠ ᠪᠦᠬᠦᠢ ᠦᠨᠡᠮᠯᠡᠯ ᠪᠤᠶᠤ ᠬᠦᠴᠦᠨ ᠲᠠᠢ ᠭᠡᠷᠡᠴᠢ ᠭᠠᠷᠭᠠᠵᠤ ᠥᠭᠬᠦ ᠬᠡᠷᠡᠭᠲᠡᠶ᠃      7 . ᠭᠦᠶᠡᠩ ᠰᠢᠶᠠᠨ ᠳᠤ ᠠᠵᠢᠯ ᠣᠯᠵᠤ ᠠᠳᠠᠯ ᠦᠶᠯᠡᠰ ᠴᠣᠭᠴᠠᠯᠠᠭᠰᠠᠨ ᠤᠶᠤᠲᠠᠳ ᠢ ︽︿ᠪᠤᠭᠤᠲᠤ ᠬᠤᠲᠠ ᠶᠢᠨ ᠤᠶᠤᠲᠠᠳ ᠤᠨ ᠴᠤᠭᠯᠠᠷᠠᠯ ᠤᠨ ᠲᠥᠯᠥᠪᠯᠡᠭᠡ﹀ ᠶᠢ ᠬᠡᠷᠡᠭᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠬᠤᠷᠢᠶ᠎ᠠ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ ᠤᠳ︾ ︵ᠪᠤᠭᠤᠲᠤ ᠨᠠᠮ ᠲᠠᠷᠬᠠᠭᠠᠭᠰᠠᠨ 20168 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ ᠲᠦᠷᠢᠶᠡᠰᠦᠯᠡᠬᠦ ᠬᠡᠪᠴᠢᠶᠡᠨ ᠳᠤ ᠣᠷᠣᠭᠤᠯᠤᠨ᠎ᠠ᠃      8 . ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠬᠦ ᠬᠥᠮᠦᠰ ᠭᠤᠶᠤᠴᠢᠯᠠᠵᠤ ᠪᠣᠯᠬᠤ ᠦᠭᠡᠢ᠄       ︵1︶ ᠥᠩᠭᠡᠷᠡᠭᠰᠡᠨ ᠵᠢᠯ ᠤᠳ ᠲᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠬᠦ᠂ ᠤᠨᠳᠤᠤ ᠭᠠᠵᠠᠷ ᠲᠤ ᠨᠡᠭᠦᠯᠭᠡᠬᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠪᠠᠷ ᠨᠡᠭᠦᠯᠭᠡᠬᠦ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠠᠮᠢ ᠠᠬᠤᠶ ᠶᠢᠨ ᠠᠷᠠᠳ ᠢ ᠨᠡᠭᠦᠯᠭᠡᠬᠦ ᠲᠥᠷᠥᠯ ᠵᠦᠶᠯ ᠢ ᠪᠠᠬᠢᠵᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠭᠥᠷᠳᠡᠵᠦ ᠥᠩᠭᠡᠷᠡᠭᠰᠡᠨ       ︵2︶ ᠭᠤᠷᠪᠠᠨ ᠵᠢᠯ ᠤᠨ ᠳᠣᠲᠣᠷ᠎ᠠ ︵ᠭᠤᠷᠪᠠᠨ ᠵᠢᠯ ᠪᠠᠭᠲᠠᠨ᠎ᠠ︶ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠲᠠᠲᠠᠪᠤᠷᠢᠯᠠᠨ ᠨᠤᠷᠠᠭᠠᠵᠤ ᠥᠭᠡᠷᠡᠴᠢᠯᠡᠨ ᠰᠢᠨᠡᠳᠬᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠦᠷᠲᠡᠭᠰᠡᠨ       ︵3︶ 2020 ᠣᠨ ᠤ 1 ᠰᠠᠷ᠎ᠠ ᠶᠢᠨ 1 ᠤ ᠡᠳᠦᠷ ᠠᠴᠠ ᠰᠡᠭᠦᠯᠡᠷ ᠡᠷᠦᠬᠡ ᠠᠮᠠ ᠶᠢᠨ ᠲᠠᠩᠰᠠ ᠪᠠᠨ ᠰᠠᠯᠭᠠᠭᠠᠳ ᠣᠷᠣᠨ ᠰᠠᠭᠤᠴᠠ ᠥᠬᠡᠶ ᠪᠣᠯᠤᠭᠰᠠᠨ             ︵4︶ ᠬᠠᠪᠰᠤᠷᠤᠨ ᠤᠩᠰᠢᠬᠤ ᠭᠡᠷ ᠪᠦᠯᠢ ᠳᠤ ᠦᠷ᠎ᠡ ᠬᠡᠦᠬᠡᠳ ᠤᠨ ᠡᠴᠢᠭᠡ ᠡᠬᠡ ᠠᠴᠠ ᠭᠠᠳᠠᠨᠠᠬᠢ ᠬᠥᠮᠦᠰ ᠭᠤᠶᠤᠴᠢᠯᠠᠯ ᠭᠠᠷᠭᠠᠵᠤ ᠪᠣᠯᠬᠤ ᠦᠭᠡᠶ᠃       ︵ᠬᠤᠶᠠᠷ︶ ᠬᠠᠩᠭᠠᠬᠤ ᠶᠣᠰᠣᠲᠠᠶ ᠮᠡᠳᠡᠭᠦᠯᠬᠦ ᠮᠠᠲ᠋ᠧᠷᠢᠶᠠᠯ᠃       1 . ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠭᠤᠶᠤᠴᠢᠯᠠᠯ ᠤᠨ ᠪᠢᠴᠢᠭ᠃ ᠵᠢᠨᠱᠠᠨ ᠪᠠᠯᠭᠠᠰᠤᠨ ᠤ ᠬᠡᠰᠡᠭ ᠲᠣᠭᠤᠷᠢᠭ ᠲᠤ ᠪᠠᠶᠢᠭ᠎ᠠ ᠰᠠᠭᠤᠭᠠᠯᠢ ᠠᠷᠠᠳ ᠤᠨ ᠵᠥᠪᠯᠡᠯ ᠠᠴᠠ ᠬᠢᠨᠠᠨ ᠬᠠᠷᠭᠤᠭᠤᠯᠬᠤ ᠶᠢᠨ ᠬᠠᠮᠲᠤ ᠲᠠᠮᠠᠭ᠎ᠠ ᠳᠠᠷᠤᠵᠤ ᠭᠠᠷ ᠤᠨ ᠥᠰᠥᠭ ᠵᠢᠷᠤᠨ᠎ᠠ᠂ ᠵᠢᠨᠱᠠᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠠᠷᠢᠶᠠᠯᠠᠭᠳᠠᠬᠤ ᠬᠦᠷᠢᠶᠡᠯᠡᠩ ᠲᠣᠭᠤᠷᠢᠭ ᠤᠨ ᠲᠣᠰᠬᠤᠨ ᠤ ᠵᠥᠪᠯᠡᠯ ᠠᠴᠠ ᠬᠢᠨᠠᠨ ᠬᠠᠷᠭᠤᠭᠤᠯᠬᠤ ᠶᠢᠨ ᠬᠠᠮᠲᠤ ᠲᠠᠮᠠᠭ᠎ᠠ ᠳᠠᠷᠤᠵᠤ ᠭᠠᠷ ᠤᠨ ᠥᠰᠥᠭ ᠵᠢᠷᠤᠨ᠎ᠠ᠂ ᠵᠢᠷᠭᠤᠭᠠᠨ ᠪᠠᠯᠭᠠᠰᠤᠨ ᠳᠤ ᠬᠠᠷᠢᠶᠠᠯᠠᠭᠳᠠᠬᠤ ᠪᠠᠯᠭᠠᠰᠤᠨ ᠤ ᠵᠠᠰᠠᠭ ᠤᠨ ᠣᠷᠳᠣᠨ ᠤ ᠲᠣᠰᠬᠤᠨ ᠤ ᠵᠥᠪᠯᠡᠯ ᠠᠴᠠ ᠬᠢᠨᠠᠨ ᠬᠠᠷᠭᠤᠭᠤᠯᠬᠤ ᠶᠢᠨ ᠬᠠᠮᠲᠤ ᠲᠠᠮᠠᠭ᠎ᠠ ᠳᠠᠷᠤᠵᠤ ᠭᠠᠷ ᠤᠨ ᠥᠰᠥᠭ ᠵᠢᠷᠤᠨ᠎ᠠ᠃      2 . ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠭᠠᠷᠭᠠᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷᠡᠴᠢ᠂ ᠬᠠᠷᠠᠭᠠᠯᠵᠠᠭᠤᠯᠬᠤ ᠡᠲᠡᠭᠡᠳ ᠤᠨ ᠭᠡᠷᠡᠴᠢ ᠪᠤᠶᠤ ᠣᠷᠣᠯᠭ᠎ᠠ ᠪᠠᠭᠠᠲᠠᠶ ᠭᠡᠷᠡᠴᠢ᠃      3 . ᠬᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠣᠷᠤᠭ ᠤᠨ ᠪᠠᠶᠢᠳᠠᠯ ᠤᠨ ᠭᠡᠷᠡᠴᠢ ᠵᠡᠷᠭᠡ ᠶᠢ ᠪᠠᠯᠭᠠᠰᠤᠨ ᠤ ᠵᠠᠰᠠᠭ ᠤᠨ ᠣᠷᠳᠣᠨ ᠠᠴᠠ ᠬᠢᠨᠠᠨ ᠬᠠᠷᠭᠤᠭᠤᠯᠤᠨ᠎ᠠ᠃      ᠳᠤᠤᠷᠠᠬᠢ ᠬᠥᠮᠦᠰ ᠳᠡᠭᠡᠷ᠎ᠡ ᠳᠤᠷᠠᠳᠤᠭᠰᠠᠨ 1᠂ 3 ᠵᠦᠶᠯ ᠤᠨ ᠮᠠᠲ᠋ᠧᠷᠢᠶᠠᠯ ᠢ ᠬᠠᠩᠭᠠᠬᠤ ᠠᠴᠠ ᠭᠠᠳᠠᠨ᠎ᠠ᠂ ᠪᠠᠰᠠ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠶ᠄      1 . ᠭᠠᠳᠠᠨ᠎ᠠ ᠠᠴᠠ ᠢᠷᠡᠵᠦ ᠬᠦᠴᠦ ᠶᠠᠪᠤᠭᠰᠠᠳ ᠨᠢ ᠠᠵᠢᠯᠴᠢᠨ ᠬᠡᠷᠡᠭᠯᠡᠬᠦ ᠠᠵᠤ ᠠᠬᠤᠶᠢᠯᠠᠯ ᠯᠤᠭ᠎ᠠ ᠲᠣᠭᠲᠠᠭᠰᠠᠨ ᠬᠥᠳᠡᠯᠮᠦᠷᠢ ︵ᠤᠷᠢᠨ ᠬᠡᠷᠡᠭᠯᠡᠬᠦ︶ ᠶᠢᠨ ᠭᠡᠷ᠎ᠡ ᠵᠢᠴᠢ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠰᠦᠶᠳᠬᠡᠯ ᠤᠨ ᠬᠠᠮᠢᠶ᠎ᠠ ᠪᠥᠬᠦᠶ ᠭᠡᠷᠡᠴᠢ ᠪᠠᠨ ᠬᠠᠩᠭᠠᠬᠤ ᠬᠡᠷᠡᠭᠲᠡᠶ᠃      2 . ᠭᠠᠳᠠᠷ ᠣᠷᠣᠨ ᠠᠴᠠ ᠢᠷᠡᠵᠦ ᠪᠠᠷ᠎ᠠ ᠪᠣᠯᠵᠣ ᠰᠤᠷᠤᠯᠴᠠᠬᠤ ᠬᠡᠷ ᠪᠦᠯᠢ ᠦᠷ᠎ᠡ ᠬᠡᠦᠬᠡᠳ ᠤᠨ ᠢᠶᠠᠨ ᠰᠤᠷᠭᠠᠭᠤᠯᠢ ᠳᠤ ᠪᠠᠶᠢᠬᠤ ᠭᠡᠷᠡᠴᠢ ᠶᠢ ᠬᠠᠩᠭᠠᠬᠤ ᠬᠡᠷᠡᠭᠲᠡᠶ᠃      3 . ᠠᠵᠤ ᠠᠬᠤᠶ ᠶᠢᠨ ᠬᠥᠭᠵᠢᠯᠲᠡ ᠳᠤ ᠣᠷᠣᠭᠤᠯᠤᠨ ᠠᠪᠴᠢᠷᠠᠬᠤ ᠴᠢᠬᠤᠯᠠᠲᠠᠶ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠵᠢᠴᠢ ᠳᠤᠲᠠᠭᠳᠠᠵᠤ ᠪᠠᠶᠢᠭ᠎ᠠ ᠪᠠᠴᠢᠮ ᠬᠡᠷᠡᠭᠴᠡᠭᠡᠲᠦ ᠴᠢᠳᠠᠪᠤᠷᠢᠲᠠᠨ ᠳᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠬᠢᠵᠦ ᠥᠭᠭᠦᠭᠰᠡᠨ ᠬᠠᠮᠢᠶ᠎ᠠ ᠪᠥᠬᠦᠶ ᠭᠡᠷᠡᠴᠢ ᠶᠢ ᠬᠠᠩᠭᠠᠬᠤ ᠬᠡᠷᠡᠭᠲᠡᠶ᠃      4 . ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠨᠢᠭᠡᠳᠦᠭᠡᠷ ᠹᠷᠣᠨᠲ ᠤᠨ ᠬᠠᠲᠠᠭᠤᠵᠢᠯᠲᠠᠶ ᠠᠵᠢᠯ ᠤᠨ ᠪᠠᠶᠢᠷᠢ ᠶᠢᠨ ᠠᠵᠢᠯᠲᠠᠨ ᠨᠢᠭᠡ ᠵᠢᠯ ᠠᠴᠠ ᠳᠡᠭᠡᠭᠰᠢ ᠠᠵᠢᠯᠯᠠᠬᠤ ᠶᠢᠨ ᠬᠠᠮᠲᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠭᠡᠷᠡᠴᠢ ᠭᠠᠷᠭᠠᠵᠤ ᠥᠭᠬᠦ ᠬᠡᠷᠡᠭᠲᠡᠶ᠃      5 . ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠬᠥᠮᠦᠰ ᠲᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠵᠦ ᠥᠭᠭᠦᠭᠰᠡᠨ ᠬᠠᠮᠢᠶ᠎ᠠ ᠪᠦᠬᠦᠢ ᠭᠡᠷᠡᠴᠢ ᠵᠢᠴᠢ ᠣᠯᠤᠭᠰᠠᠨ ᠬᠠᠮᠢᠶ᠎ᠠ ᠪᠦᠬᠦᠢ ᠢᠷᠠᠭᠤ ᠠᠯᠳᠠᠷ ᠤᠨ ᠦᠨᠡᠮᠯᠡᠯ ᠢ ᠬᠠᠩᠭᠠᠬᠤ ᠬᠡᠷᠡᠭᠲᠡᠶ᠃      6 . ᠴᠡᠷᠢᠭ ᠠᠴᠠ ᠬᠠᠯᠠᠭᠳᠠᠭᠰᠠᠳ ᠴᠡᠷᠢᠭ ᠠᠴᠠ ᠰᠢᠯᠵᠢᠭᠰᠡᠳ ᠤᠨ ᠦᠨᠡᠮᠯᠡᠯ ᠬᠠᠩᠭᠠᠬᠤ ᠬᠡᠷᠡᠭᠲᠡᠶ᠃      7 . ᠭᠠᠳᠠᠨ᠎ᠠ ᠠᠴᠠ ᠢᠷᠡᠵᠦ ᠬᠦᠴᠦ ᠶᠠᠪᠤᠭᠰᠠᠳ ᠵᠢᠴᠢ ᠡᠷᠦᠬᠡ ᠶᠢᠨ ᠳᠣᠲᠣᠷᠠᠬᠢ ᠬᠥᠮᠦᠨ ᠠᠮᠠ ᠨᠢ ᠪᠠᠶᠢᠭ᠎ᠠ ᠠᠶᠢᠮᠠᠭ ᠬᠤᠲᠠ ᠶᠢᠨ ᠢᠶᠠᠨ ᠭᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠲᠤᠯᠠᠭ᠎ᠠ ᠬᠦᠷᠲᠡᠭᠡᠳᠦᠶ ᠣᠷᠣᠨ ᠰᠠᠭᠤᠴᠠ ᠶᠢᠨ ᠢᠶᠠᠨ ᠬᠠᠮᠢᠶ᠎ᠠ ᠪᠦᠬᠦᠢ ᠭᠡᠷᠡᠴᠢ ᠶᠢ ᠬᠠᠩᠭᠠᠬᠤ ᠬᠡᠷᠡᠭᠲᠡᠶ᠃      ᠲᠦᠷᠪᠡ᠂ ᠲᠦᠷᠢᠶᠡᠰᠦᠯᠡᠨ ᠬᠤᠳᠠᠯᠳᠤᠬᠤ ᠠᠷᠭ᠎ᠠ᠃      ︵ᠨᠢᠭᠡ︶ ᠭᠦᠢᠴᠡᠳᠬᠡᠬᠦ ᠪᠠᠷᠢᠮᠵᠢᠶ᠎ᠠ᠃       ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢ ᠭᠤᠶᠤᠴᠢᠯᠠᠬᠤ ᠳᠤ ᠬᠡᠷ ᠪᠦᠯᠢ᠂ ᠭᠠᠭᠴᠠ ᠪᠡᠶ᠎ᠡ ᠬᠥᠮᠦᠰ᠂ ᠣᠯᠠᠨ ᠬᠥᠮᠦᠨ ᠬᠠᠮᠲᠤᠷᠠᠨ ᠲᠦᠷᠢᠶᠡᠰᠦᠯᠡᠬᠦ ᠠᠷᠭ᠎ᠠ ᠮᠠᠶ᠋ᠢᠭ ᠢᠶᠠᠷ ᠭᠤᠶᠤᠴᠢᠯᠠᠵᠤ ᠪᠣᠯᠤᠨ᠎ᠠ᠂ ᠳᠣᠭᠢᠷᠠᠭᠤᠯᠤᠨ ᠥᠭᠴᠦ ᠲᠦᠷᠢᠶᠡᠰᠦᠯᠡᠭᠦᠯᠬᠦ ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠶ ᠶᠢ ᠳᠤᠤᠷᠠᠬᠢ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠶ᠄       ︵1︶  2 ᠬᠥᠮᠦᠨ ᠠᠴᠠ ᠳᠣᠷᠣᠭᠰᠢ ︵2 ᠬᠥᠮᠦᠨ ᠪᠠᠭᠲᠠᠨ᠎ᠠ︶ ᠲᠣᠬᠢᠷᠠᠭᠤᠯᠤᠨ ᠲᠦᠷᠢᠶᠡᠰᠦᠯᠡᠬᠦ ᠪᠠᠷᠢᠯᠭ᠎ᠠ ᠶᠢᠨ ᠲᠠᠯᠠᠪᠠᠶ ᠨᠢ 50 ᠲᠡᠭᠰᠢ ᠳᠥᠷᠪᠡᠯᠵᠢᠨ ᠮᠧᠲᠷ ᠠᠴᠠ ᠳᠣᠷᠣᠭᠰᠢ ᠣᠷᠣᠨ ᠰᠠᠭᠤᠴᠠ᠃       ︵2︶  3 ᠬᠥᠮᠦᠨ ᠠᠴᠠ ᠳᠡᠭᠡᠭᠰᠢ ︵3 ᠬᠥᠮᠦᠨ ᠪᠠᠭᠲᠠᠨ᠎ᠠ︶ ᠲᠣᠬᠢᠷᠠᠭᠤᠯᠤᠨ ᠲᠦᠷᠢᠶᠡᠰᠦᠯᠡᠬᠦ ᠪᠠᠷᠢᠯᠭ᠎ᠠ ᠶᠢᠨ ᠲᠠᠯᠠᠪᠠᠶ ᠨᠢ 5070 ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ᠃        ᠭᠡᠷ ᠪᠦᠯᠢ ᠶᠢᠨ ᠪᠦᠷᠢᠯᠳᠦᠬᠦᠨ ᠳᠤᠨᠢ ᠵᠥᠪᠬᠡᠨ ᠡᠴᠢᠭᠡ ᠥᠬᠢᠨ ᠪᠤᠶᠤ ᠡᠬᠡ ᠬᠦᠦ ᠬᠤᠶᠠᠭᠤᠯᠠ ᠪᠠᠶᠢᠪᠠᠯ᠂ 3 ᠬᠥᠮᠦᠨ ᠤ ᠪᠠᠷᠢᠮᠵᠢᠶ᠎ᠠ ᠪᠠᠷ ᠲᠦᠷᠢᠶᠡᠰᠦ ᠲᠣᠬᠢᠷᠠᠭᠤᠯᠵᠤ ᠪᠣᠯᠤᠨ᠎ᠠ᠃ ᠭᠤᠶᠤᠴᠢᠯᠠᠭᠴᠢ ᠵᠥᠪᠬᠡᠨ ᠨᠢᠭᠡ ᠢᠵᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠬᠦ ᠪᠠᠷ ᠬᠢᠵᠠᠭᠠᠷᠯᠠᠨ᠎ᠠ᠃        ︵ᠬᠤᠶᠠᠷ︶ ᠲᠦᠷᠢᠶᠡᠰᠦᠯᠡᠨ ᠬᠤᠳᠠᠯᠳᠤᠬᠤ ᠶᠢᠨ ᠦᠨ᠎ᠡ ᠲᠣᠭᠲᠠᠭᠠᠬᠤ ᠪᠠᠷᠢᠮᠵᠢᠶ᠎ᠠ ᠪᠠ ᠬᠠᠮᠢᠶᠠᠷᠤᠯᠲᠠ᠃        ᠭᠤᠶᠤᠴᠢᠯᠠᠭᠴᠢ ᠠᠴᠠ ᠬᠢᠨᠠᠨ ᠬᠠᠷᠭᠤᠭᠤᠯᠬᠤ ᠶᠢ ᠥᠩᠭᠡᠷᠡᠭᠡᠭᠰᠡᠨ ᠤ ᠳᠠᠷᠠᠭ᠎ᠠ ᠵᠠᠰᠠᠭ ᠤᠨ ᠣᠷᠳᠣᠨ ᠳᠤ 20000 ᠲᠥᠭᠦᠷᠢᠭ ︵ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠷ ᠪᠦᠯᠢ ᠶᠢᠨ 10000 ᠲᠥᠭᠦᠷᠢᠭ︶ ᠤᠨ ᠪᠠᠷᠢᠴᠠᠭᠠᠨ ᠤ ᠮᠥᠩᠭᠦ ᠲᠤᠰᠢᠶᠠᠬᠤ ᠴᠢᠬᠤᠯᠠᠲᠠᠶ ᠪᠠᠶᠢᠵᠤ᠂ ᠭᠡᠷ᠎ᠡ ᠲᠣᠭᠲᠠᠭᠰᠠᠨ ᠤ ᠳᠠᠷᠠᠭ᠎ᠠ᠂ ᠲᠣᠰ ᠲᠥᠰᠦᠯ ᠳᠤ ᠲᠣᠭᠲᠠᠭᠠᠭᠰᠠᠨ ᠬᠡᠷ ᠬᠤᠳᠠᠯᠳᠤᠬᠤ ᠦᠨ᠎ᠡ ᠬᠠᠩᠰᠢ ᠪᠠᠷ ᠪᠥᠬᠦ ᠬᠡᠷ ᠤᠨ ᠵᠣᠭᠤᠰ ᠢ ᠲᠤᠰᠢᠶᠠᠵᠤ ᠪᠠᠲᠤᠯᠠᠭ᠎ᠠ ᠶᠢᠨ ᠮᠥᠩᠭᠦ ᠪᠣᠯᠭᠠᠨ᠎ᠠ᠃ ᠤᠯᠤᠰ ᠤᠨ ᠲᠥᠷᠥ ᠶᠢᠨ ᠪᠣᠳᠣᠯᠭ᠎ᠠ ᠵᠥᠪᠰᠢᠶᠡᠷᠡᠭᠰᠡᠨ ᠪᠠᠶᠢᠳᠠᠯ ᠳᠣᠣᠷ᠎ᠠ᠂ ᠲᠦᠷᠢᠶᠡᠰᠦᠯᠡᠭᠡᠳ ᠪᠦᠬᠦᠯᠢ ᠲᠠᠪᠤᠨ ᠵᠢᠯ ᠪᠣᠯᠤᠭᠰᠠᠨ ᠤ ᠳᠠᠷᠠᠭ᠎ᠠ ᠭᠤᠶᠤᠴᠢᠯᠠᠭᠴᠢ ᠬᠡᠷᠪᠡ ᠭᠡᠷ ᠪᠠᠶᠢᠰᠢᠩ ᠬᠤᠳᠠᠯᠳᠤᠨ ᠠᠪᠬᠤ ᠰᠠᠨᠠᠭ᠎ᠠ ᠲᠠᠢ ᠪᠣᠯ᠂ ᠲᠤᠰᠢᠶᠠᠭᠰᠠᠨ ᠪᠠᠲᠤᠯᠠᠭ᠎ᠠ ᠶᠢᠨ ᠮᠥᠩᠭᠦ ᠪᠠᠨ ᠭᠡᠷ ᠪᠠᠶᠢᠰᠢᠩ ᠤᠨ 70 % ᠶᠢᠨ ᠥᠮᠴᠢᠯᠡᠬᠦ ᠡᠷᠬᠡ ᠪᠠᠷ ᠰᠣᠯᠢᠵᠤ᠂ ᠭᠤᠶᠤᠴᠢᠯᠠᠭᠴᠢ ᠠᠴᠠ ᠵᠠᠰᠠᠭ ᠤᠨ ᠣᠷᠳᠣᠨ ᠳᠤ ᠭᠤᠷᠪᠠᠳᠤᠭᠠᠷ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠶᠢ ᠤᠷᠢᠵᠤ ᠲᠣᠭᠲᠠᠭᠠᠳ ᠦᠯᠡᠳᠡᠭᠰᠡᠨ 30 % ᠶᠢᠨ ᠦᠯᠡᠳᠡᠪᠦᠷᠢ ᠵᠣᠭᠤᠰ ᠵᠢᠴᠢ ᠬᠠᠮᠢᠶ᠎ᠠ ᠪᠦᠬᠦᠢ ᠭᠠᠶᠢᠯᠢ ᠰᠦᠢᠳᠬᠡᠯ ᠢ ᠲᠤᠰᠢᠶᠠᠵᠤ ᠳᠠᠭᠤᠰᠤᠭᠰᠠᠨ ᠤ ᠳᠠᠷᠠᠭ᠎ᠠ᠂ ᠪᠦᠬᠦ ᠥᠮᠴᠢᠯᠡᠬᠦ ᠡᠷᠬᠡ ᠶᠢ ᠣᠯᠵᠤ᠂ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠵᠤ ᠪᠣᠯᠤᠨ᠎ᠠ᠃        1 . ᠲᠦᠷᠢᠶᠡᠰᠦᠯᠡᠭᠦᠯᠬᠦ᠄ ᠭᠠᠵᠠᠷ ᠰᠢᠷᠣᠶ ᠶᠢ ᠰᠢᠯᠵᠢᠭᠦᠯᠦᠨ ᠥᠭᠬᠦ ᠦᠨ᠎ᠡ ᠶᠢᠨ ᠵᠣᠭᠤᠰ ᠤᠨ ᠬᠥᠩᠭᠡᠯᠡᠯᠲᠡ ᠶᠢ ᠶᠡᠷᠦᠩᠬᠡᠶᠢᠯᠡᠨ ᠪᠣᠳᠣᠯᠬᠢᠯᠠᠨ᠎ᠠ᠂ ᠭᠠᠶᠢᠯᠢ ᠰᠦᠶᠳᠬᠡᠯ ᠤᠨ ᠬᠠᠷᠠᠭᠠᠯᠵᠠᠯ ᠵᠢᠴᠢ ᠪᠦᠲᠦᠭᠡᠨ ᠪᠠᠶᠢᠭᠤᠯᠤᠯᠲᠠ ᠶᠢᠨ ᠥᠪᠡᠷ ᠤᠨ ᠥᠷᠲᠡᠭ ᠵᠡᠷᠭᠡ ᠬᠦᠴᠦᠨ ᠵᠦᠶᠯ ᠤᠨ ᠳᠠᠷᠠᠭ᠎ᠠ᠂ ᠵᠠᠷᠴᠢᠮ ᠳᠡᠭᠡᠷ᠎ᠡ ᠪᠠᠨ ᠠᠳᠠᠯᠢ ᠪᠤᠰᠤ ᠭᠠᠵᠠᠷ ᠲᠤ᠂ ᠠᠳᠠᠯᠢ ᠲᠥᠷᠥᠯ ᠤᠨ ᠡᠩ ᠤᠨ ᠲᠠᠸᠠᠷ ᠤᠨ ᠣᠷᠣᠨ ᠰᠠᠭᠤᠴᠠ ᠶᠢᠨ ᠦᠨ᠎ᠡ ᠶᠢᠨ ᠲᠦᠷᠢᠶᠡᠰᠦᠨ ᠮᠥᠩᠭᠦ ᠶᠢᠨ 70 % ᠶᠢᠨ ᠦᠨ᠎ᠡ ᠶᠢ ᠲᠣᠭᠲᠠᠭᠠᠨ᠎ᠠ᠂ ᠬᠠᠮᠲᠤ᠂ ᠲᠦᠷᠢᠶᠡᠰᠦᠯᠡᠬᠦ ᠡᠲᠡᠭᠡᠳ ᠤᠨ ᠣᠷᠣᠨ ᠰᠠᠭᠤᠴᠠ ᠪᠠ ᠠᠵᠤ ᠠᠬᠤᠶ ᠶᠢᠨ ᠪᠠᠶᠢᠳᠠᠯ ᠵᠡᠷᠭᠡ ᠬᠦᠴᠦᠨ ᠵᠦᠶᠯ ᠵᠢᠴᠢ ᠲᠦᠷᠢᠶᠡᠰᠦᠯᠡᠬᠦ ᠭᠡᠷ ᠪᠠᠶᠢᠰᠢᠩ ᠤᠨ ᠣᠷᠣᠨ ᠪᠠᠶᠢᠷᠢ ᠶᠢ ᠭᠦᠶᠴᠡᠳ ᠪᠣᠳᠣᠯᠬᠢᠯᠠᠬᠤ ᠬᠡᠷᠡᠭᠲᠡᠶ᠂ ᠵᠦᠷᠢᠶᠡᠴᠢᠯᠡᠭᠰᠡᠨ ᠲᠦᠷᠢᠶᠡᠰᠦᠨ ᠮᠥᠩᠭᠦ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠄ 2020 ᠣᠨ ᠳᠤ ᠲᠦᠷᠢᠶᠡᠰᠦᠯᠡᠭᠦᠯᠬᠦ ᠪᠠᠷ ᠪᠠᠶᠢᠭ᠎ᠠ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠣᠳᠠᠲᠠᠶ ᠠᠰᠠᠷ ᠤᠨ ᠳᠠᠪᠬᠤᠷᠭ᠎ᠠ ᠶᠢᠨ ᠰᠠᠷ᠎ᠠ ᠶᠢᠨ ᠲᠦᠷᠢᠶᠡᠰᠦᠨ ᠮᠥᠩᠭᠦ ᠨᠢ ︵ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠲᠥᠰᠦᠯ ᠢᠶᠠᠷ ᠯᠠᠪᠯᠠᠯᠲᠠ ᠪᠣᠯᠭᠠᠵᠤ ᠦᠨ᠎ᠡ ᠲᠣᠭᠲᠠᠭᠠᠨ᠎ᠠ︶᠄ ᠨᠢᠭᠡᠳᠦᠭᠡᠷ ᠳᠠᠪᠬᠤᠷᠭ᠎ᠠ ᠳᠤ 5 . 5 ᠲᠥᠭᠦᠷᠢᠭ / ᠲᠡᠭᠰᠢ ᠳᠥᠷᠪᠡᠯᠵᠢᠨ ᠮᠧᠲᠷ᠂ ᠬᠤᠶᠠᠳᠤᠭᠠᠷ ᠳᠠᠪᠬᠤᠷᠭ᠎ᠠ 6 ᠲᠥᠭᠦᠷᠢᠭ / ᠲᠡᠭᠰᠢ ᠳᠥᠷᠪᠡᠯᠵᠢᠨ ᠮᠧᠲᠷ᠂ ᠭᠤᠷᠪᠠᠳᠤᠭᠠᠷ ᠳᠠᠪᠬᠤᠷᠭ᠎ᠠ 6 ᠲᠥᠭᠦᠷᠢᠭ / ᠲᠡᠭᠰᠢ ᠳᠥᠷᠪᠡᠯᠵᠢᠨ ᠮᠧᠲᠷ᠂ ᠳᠥᠷᠪᠡᠳᠦᠭᠡᠷ ᠳᠠᠪᠬᠤᠷᠭ᠎ᠠ 5 . 5 ᠲᠥᠭᠦᠷᠢᠭ / ᠲᠡᠭᠰᠢ ᠳᠥᠷᠪᠡᠯᠵᠢᠨ ᠮᠧᠲᠷ᠂ ᠲᠠᠪᠤᠨ ᠳᠠᠪᠬᠤᠷ 4 ᠲᠥᠭᠦᠷᠢᠭ / ᠲᠡᠭᠰᠢ ᠳᠥᠷᠪᠡᠯᠵᠢᠨ ᠮᠧᠲᠷ᠂ ᠵᠢᠷᠭᠤᠳᠤᠭᠠᠷ ᠳᠠᠪᠬᠤᠷᠭ᠎ᠠ 3 ᠲᠥᠭᠦᠷᠢᠭ / ᠲᠡᠭᠰᠢ ᠳᠥᠷᠪᠡᠯᠵᠢᠨ ᠮᠧᠲᠷ᠃ ᠲᠦᠷᠢᠶᠡᠰᠦᠯᠡᠬᠦ ᠬᠤᠭᠤᠴᠠᠭ᠎ᠠ ᠨᠢ 3 ᠵᠢᠯ᠃        ︵1︶ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠵᠠᠰᠠᠭ ᠤᠨ ᠣᠷᠳᠣᠨ ᠠᠴᠠ ᠰᠠᠷ᠎ᠠ ᠪᠦᠷᠢ 2 ᠲᠥᠭᠦᠷᠢᠭ / ᠲᠡᠭᠰᠢ ᠳᠥᠷᠪᠡᠯᠵᠢᠨ ᠮᠧᠲᠷ ᠤᠨ ᠲᠦᠷᠢᠶᠡᠰᠦᠨ ᠮᠥᠩᠭᠦ ᠨᠥᠬᠦᠪᠥᠷᠢᠯᠡᠨ᠎ᠡ᠃        ︵2︶ ᠲᠦᠷᠢᠶᠡᠰᠦᠯᠡᠭᠴᠢ ᠰᠠᠷ᠎ᠠ ᠪᠦᠷᠢ ᠲᠦᠷᠢᠶᠡᠰᠦᠨ ᠮᠥᠩᠭᠦ ᠲᠤᠰᠢᠶᠠᠬᠤ ᠬᠡᠷᠡᠭ ᠦᠭᠡᠢ᠂ ᠲᠦᠷᠢᠶᠡᠰᠦᠯᠡᠬᠦ ᠭᠡᠷ᠎ᠡ ᠶᠢᠨ ᠬᠤᠭᠤᠴᠠᠭ᠎ᠠ ᠳᠦᠭᠦᠷᠦᠭᠰᠡᠨ ᠤ ᠲᠠᠷᠠᠭ᠎ᠠ ᠵᠠᠰᠠᠭ ᠤᠨ ᠣᠷᠳᠣᠨ ᠲᠤᠰᠢᠶᠠᠭᠰᠠᠨ ᠪᠠᠲᠤᠯᠠᠭ᠎ᠠ ᠶᠢᠨ ᠮᠥᠩᠭᠦ ᠠᠴᠠ ᠲᠦᠷᠢᠶᠡᠰᠦᠨ ᠮᠥᠩᠭᠦ ᠶᠢ ᠰᠠᠭᠤᠯᠭᠠᠨ ᠠᠪᠤᠭᠰᠠᠨ ᠤ ᠲᠠᠷᠠᠭ᠎ᠠ᠂ ᠲᠦᠷᠢᠶᠡᠰᠦᠯᠡᠬᠦ ᠭᠡᠷ᠎ᠡ ᠶᠢ ᠳᠠᠭᠤᠰᠬᠠᠨ᠎ᠠ᠃        2 . ᠬᠤᠳᠠᠯᠳᠤᠨ ᠠᠪᠬᠤ᠄ ᠠᠳᠠᠯᠢ ᠭᠠᠵᠠᠷ᠂ ᠠᠳᠠᠯᠢ ᠲᠥᠷᠥᠯ ᠢᠯᠭᠠᠯ ᠤᠨ ᠡᠩ ᠤᠨ ᠲᠠᠸᠠᠷ ᠤᠨ ᠣᠷᠣᠨ ᠰᠠᠭᠤᠴᠠ ᠶᠢᠨ ᠦᠨ᠎ᠡ ᠬᠠᠩᠰᠢ ᠶᠢᠨ 70 % ᠶᠢᠨ ᠦᠨ᠎ᠡ ᠬᠠᠩᠰᠢ ᠪᠠᠷ ᠲᠣᠭᠲᠠᠭᠠᠨ᠎ᠠ ︵ᠭᠦᠶᠡᠩ ᠰᠢᠶᠠᠨ ᠤ 2015 ᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠡᠷᠡᠭᠵᠢᠭᠦᠯᠬᠦ ᠲᠥᠰᠦᠯ ᠤᠨ ᠦᠨ᠎ᠡ ᠬᠠᠩᠰᠢ ᠶᠢ ᠦᠷᠭᠦᠯᠵᠢᠯᠡᠭᠦᠯᠦᠨ᠎ᠡ︶᠄ 2020 ᠣᠨ ᠳᠤ ᠬᠤᠳᠠᠯᠳᠤᠬᠤ ᠪᠠᠷ ᠪᠠᠶᠢᠭ᠎ᠠ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠣᠳᠠᠲᠠᠶ ᠠᠰᠠᠷ ᠤᠨ ᠳᠠᠪᠬᠤᠷᠭ᠎ᠠ ᠶᠢᠨ ᠬᠤᠳᠠᠯᠳᠤᠬᠤ ᠦᠨ᠎ᠡ ᠨᠢ᠄ ᠨᠢᠭᠡᠳᠦᠭᠡᠷ ᠳᠠᠪᠬᠤᠷ ᠤᠨ 980 ᠲᠥᠭᠦᠷᠢᠭ / ᠲᠡᠭᠰᠢ ᠳᠥᠷᠪᠡᠯᠵᠢᠨ ᠮᠧᠲᠷ᠂ ᠬᠤᠶᠠᠳᠤᠭᠠᠷ ᠳᠠᠪᠬᠤᠷ ᠤᠨ 1100 ᠲᠥᠭᠦᠷᠢᠭ / ᠲᠡᠭᠰᠢ ᠳᠥᠷᠪᠡᠯᠵᠢᠨ ᠮᠧᠲᠷ᠂ ᠭᠤᠷᠪᠠᠳᠤᠭᠠᠷ ᠳᠠᠪᠬᠤᠷ ᠤᠨ 1170 ᠲᠥᠭᠦᠷᠢᠭ / ᠲᠡᠭᠰᠢ ᠳᠥᠷᠪᠡᠯᠵᠢᠨ ᠮᠧᠲᠷ᠂ ᠳᠥᠷᠪᠡᠳᠦᠭᠡᠷ ᠳᠠᠪᠬᠤᠷ ᠤᠨ 980 ᠲᠥᠭᠦᠷᠢᠭ / ᠲᠡᠭᠰᠢ ᠳᠥᠷᠪᠡᠯᠵᠢᠨ ᠮᠧᠲᠷ᠂ ᠲᠠᠪᠤᠳᠤᠭᠠᠷ ᠳᠠᠪᠬᠤᠷ ᠤᠨ 760 ᠲᠥᠭᠦᠷᠢᠭ / ᠲᠡᠭᠰᠢ ᠳᠥᠷᠪᠡᠯᠵᠢᠨ ᠮᠧᠲᠷ᠂ ᠵᠢᠷᠭᠤᠳᠤᠭᠠᠷ ᠳᠠᠪᠬᠤᠷ ᠤᠨ 490 ᠲᠥᠭᠦᠷᠢᠭ / ᠲᠡᠭᠰᠢ ᠳᠥᠷᠪᠡᠯᠵᠢᠨ ᠮᠧᠲᠷ᠃        2020 ᠣᠨ ᠳᠤ ᠬᠤᠳᠠᠯᠳᠤᠬᠤ ᠪᠠᠷ ᠪᠠᠶᠢᠭ᠎ᠠ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠤᠰᠤᠳ ᠬᠡᠷ ᠪᠦᠯᠢ ᠶᠢᠨ ᠠᠰᠠᠷ ᠤᠨ ᠳᠠᠪᠬᠤᠷᠭ᠎ᠠ ᠶᠢᠨ ᠪᠣᠳᠠᠲᠠᠶ ᠬᠤᠳᠠᠯᠳᠤᠬᠤ ᠦᠨ᠎ᠡ ᠨᠢ᠄ ᠨᠢᠭᠡᠳᠦᠭᠡᠷ ᠳᠠᠪᠬᠤᠷ ᠲᠤ 1230 ᠲᠥᠭᠦᠷᠢᠭ / ᠲᠡᠭᠰᠢ ᠳᠥᠷᠪᠡᠯᠵᠢᠨ ᠮᠧᠲᠷ᠂ ᠬᠤᠶᠠᠳᠤᠭᠠᠷ ᠳᠠᠪᠬᠤᠷ ᠲᠤ 1350 ᠲᠥᠭᠦᠷᠢᠭ / ᠲᠡᠭᠰᠢ ᠳᠥᠷᠪᠡᠯᠵᠢᠨ ᠮᠧᠲᠷ᠂ ᠭᠤᠷᠪᠠᠳᠤᠭᠠᠷ ᠳᠠᠪᠬᠤᠷ ᠲᠤ 1420 ᠲᠥᠭᠦᠷᠢᠭ / ᠲᠡᠭᠰᠢ ᠳᠥᠷᠪᠡᠯᠵᠢᠨ ᠮᠧᠲᠷ᠂ ᠳᠥᠷᠪᠡᠳᠦᠭᠡᠷ ᠳᠠᠪᠬᠤᠷ ᠲᠤ 1230 ᠲᠥᠭᠦᠷᠢᠭ / ᠲᠡᠭᠰᠢ ᠳᠥᠷᠪᠡᠯᠵᠢᠨ ᠮᠧᠲᠷ᠂ ᠲᠠᠪᠤᠳᠤᠭᠠᠷ ᠳᠠᠪᠬᠤᠷ ᠲᠤ 1010 ᠲᠥᠭᠦᠷᠢᠭ / ᠲᠡᠭᠰᠢ ᠳᠥᠷᠪᠡᠯᠵᠢᠨ ᠮᠧᠲᠷ᠂ ᠵᠢᠷᠭᠤᠳᠤᠭᠠᠷ ᠳᠠᠪᠬᠤᠷ ᠲᠤ 740 ᠲᠥᠭᠦᠷᠢᠭ / ᠲᠡᠭᠰᠢ ᠳᠥᠷᠪᠡᠯᠵᠢᠨ ᠮᠧᠲᠷ ᠪᠣᠯᠤᠨ᠎ᠠ᠃        60 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠬᠤᠳᠠᠯᠳᠤᠨ ᠠᠪᠬᠤ ᠭᠡᠷ ᠪᠦᠯᠢ ᠶᠢᠨ ᠲᠡᠭᠰᠢ ᠳᠥᠷᠪᠡᠯᠵᠢᠨ ᠮᠧᠲᠷ ᠪᠦᠷᠢ ᠶᠢᠨ ᠬᠤᠳᠠᠯᠳᠤᠬᠤ ᠦᠨ᠎ᠡ ᠶᠢ ᠤᠤᠯ ᠤᠨ ᠰᠠᠭᠤᠷᠢᠨ ᠳᠡᠭᠡᠷ᠎ᠡ ᠨᠢ 50 ᠲᠥᠭᠦᠷᠢᠭ ᠨᠡᠮᠡᠬᠦ ᠴᠢᠬᠤᠯᠠ ᠲᠠᠢ᠃        ᠲᠠᠪᠤ᠂ ᠲᠦᠷᠢᠶᠡᠰᠦᠯᠡᠨ ᠬᠤᠳᠠᠯᠳᠤᠬᠤ ᠵᠢᠷᠤᠮ᠃        1 . ᠭᠤᠶᠤᠴᠢᠯᠠᠯ ᠭᠠᠷᠭᠠᠬᠤ᠃ ᠵᠢᠨᠱᠠᠨ ᠪᠠᠯᠭᠠᠰᠤᠨ ᠤ ᠰᠠᠭᠤᠭᠠᠯᠢ ᠠᠷᠠᠳ ᠡᠷᠦᠬᠡ ᠠᠮᠠ ᠶᠢᠨ ᠪᠠᠶᠢᠭ᠎ᠠ ᠰᠠᠭᠤᠭᠠᠯᠢ ︵ᠲᠣᠰᠬᠤᠨ︶ ᠵᠥᠪᠯᠡᠯ ᠳᠤ ᠬᠦᠷᠴᠦ ᠭᠤᠶᠤᠴᠢᠯᠠᠯ ᠤᠨ ᠬᠦᠰᠦᠨᠦᠭᠲᠦ ᠠᠪᠬᠤ ᠶᠢᠨ ᠬᠠᠮᠲᠤ ᠬᠠᠮᠢᠶ᠎ᠠ ᠪᠥᠬᠦᠶ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠨ᠎ᠠ ᠵᠢᠨᠱᠠᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠭᠠᠯᠢ ᠠᠷᠠᠳ ᠬᠠᠷᠢᠶ᠎ᠠ ᠬᠦᠷᠢᠶᠡᠯᠡᠩ ᠲᠣᠭᠤᠷᠢᠭ ᠤᠨ ᠲᠣᠰᠬᠤᠨ ᠤ ᠠᠷᠠᠳ ᠤᠨ ᠵᠥᠪᠯᠡᠯ ᠳᠤ ᠬᠦᠷᠴᠦ ᠭᠤᠶᠤᠴᠢᠯᠠᠯ ᠤᠨ ᠬᠦᠰᠦᠨᠦᠭᠲᠦ ᠪᠠᠨ ᠠᠪᠬᠤ ᠶᠢᠨ ᠬᠠᠮᠲᠤ ᠬᠠᠮᠢᠶ᠎ᠠ ᠪᠥᠬᠦᠶ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠨ᠎ᠠ ᠪᠤᠰᠤᠳ ᠲᠠᠪᠤᠨ ᠪᠠᠯᠭᠠᠰᠤᠨ ᠤ ᠰᠠᠭᠤᠭᠠᠯᠢ ᠠᠷᠠᠳ ᠬᠠᠷᠢᠶᠠᠲᠤ ᠪᠠᠯᠭᠠᠰᠤᠨ ᠤ ᠵᠠᠰᠠᠭ ᠤᠨ ᠣᠷᠳᠣᠨ ᠤ ᠭᠠᠴᠠᠭᠠᠨ ᠤ ᠵᠥᠪᠯᠡᠯ ᠳᠤ ᠬᠦᠷᠴᠦ ᠭᠤᠶᠤᠴᠢᠯᠠᠯ ᠤᠨ ᠬᠦᠰᠦᠨᠦᠭᠲᠦ ᠠᠪᠬᠤ ᠶᠢᠨ ᠬᠠᠮᠲᠤ ᠬᠤᠯᠪᠣᠭᠳᠠᠯ ᠪᠦᠬᠦᠢ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠨ᠎ᠠ᠃ ᠲᠤᠰ ᠰᠢᠶᠠᠨ ᠤ ᠡᠷᠦᠬᠡ ᠠᠮᠠ ᠶᠢᠨ ᠳᠠᠩᠰᠠ ᠶᠢᠨ ᠪᠤᠰᠤ ᠭᠤᠶᠤᠴᠢᠯᠠᠭᠴᠢ ᠣᠳᠣ ᠶᠢᠨ ᠰᠠᠭᠤᠭ᠎ᠠ ᠭᠠᠵᠠᠷ ᠤᠨ ᠰᠠᠭᠤᠭᠠᠯᠢ ᠠᠷᠠᠳ ᠤᠨ ᠵᠥᠪᠯᠡᠯ ᠪᠤᠶᠤ ᠬᠦᠷᠢᠶᠡᠯᠡᠩ ᠲᠣᠭᠤᠷᠢᠭ ᠲᠤ ᠬᠦᠷᠴᠦ᠂ ᠡᠯ᠎ᠡ ᠪᠠᠯᠭᠠᠰᠤᠨ ᠤ ᠵᠠᠰᠠᠭ ᠤᠨ ᠣᠷᠳᠣᠨ ᠤ ᠭᠠᠴᠠᠭᠠᠨ ᠤ ᠠᠷᠠᠳ ᠤᠨ ᠵᠥᠪᠯᠡᠯ ᠠᠴᠠ ᠭᠤᠶᠤᠴᠢᠯᠠᠯ ᠤᠨ ᠬᠦᠰᠦᠨᠦᠭᠲᠦ ᠠᠪᠬᠤ ᠶᠢᠨ ᠬᠠᠮᠲᠤ ᠬᠤᠯᠪᠣᠭᠳᠠᠯ ᠪᠦᠬᠦᠢ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠨ᠎ᠠ᠃ ᠭᠤᠶᠤᠴᠢᠯᠠᠭᠴᠢ ᠬᠠᠮᠢᠶ᠎ᠠ ᠪᠥᠬᠦᠶ ᠭᠤᠶᠤᠴᠢᠯᠠᠯ ᠤᠨ ᠮᠠᠲ᠋ᠧᠷᠢᠶᠠᠯ ᠢᠶᠠᠨ ᠰᠠᠭᠤᠭ᠎ᠠ ᠭᠠᠵᠠᠷ ᠤᠨ ᠰᠠᠭᠤᠭᠠᠯᠢ ︵ᠲᠣᠰᠬᠤᠨ︶ ᠤᠨ ᠵᠥᠪᠯᠡᠯ ᠳᠤ ᠲᠤᠰᠢᠶᠠᠵᠤ᠂ ᠪᠠᠶᠢᠭ᠎ᠠ ᠭᠠᠵᠠᠷ ᠤᠨ ᠰᠠᠭᠤᠭᠠᠯᠢ ︵ᠲᠣᠰᠬᠤᠨ︶ ᠤᠨ ᠵᠥᠪᠯᠡᠯ ᠨᠢ ᠭᠥᠯᠢᠶᠡᠨ ᠠᠪᠤᠭᠰᠠᠨ ᠤ ᠳᠠᠷᠠᠭ᠎ᠠ᠂ ᠨᠠᠷᠢᠨ ᠬᠢᠨᠠᠮᠠᠭᠠᠶ ᠬᠠᠷᠭᠤᠭᠤᠯᠵᠤ᠂ ᠨᠠᠷᠢᠨ ᠬᠢᠨᠠᠮᠠᠭᠠᠶ ᠬᠢᠨᠠᠨ ᠪᠠᠶᠢᠴᠠᠭᠠᠵᠤ᠂ ᠬᠠᠷᠭᠤᠭᠤᠯᠤᠭᠠᠳ ᠪᠤᠷᠤᠭᠤ ᠥᠬᠡᠶ ᠪᠣᠯᠤᠭᠰᠠᠨ ᠤ ᠳᠠᠷᠠᠭ᠎ᠠ᠂ ᠬᠠᠷᠢᠶ᠎ᠠ ᠲᠣᠭᠤᠷᠢᠭ ᠲᠠᠭᠠᠨ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ ᠪᠣᠯᠤᠨ᠎ᠠ᠂ ᠢᠯᠡ ᠨᠡᠶᠢᠲᠡᠯᠡᠵᠦ ᠳᠠᠭᠤᠰᠤᠭᠰᠠᠨ ᠤ ᠳᠠᠷᠠᠭ᠎ᠠ ᠬᠠᠷᠢᠶ᠎ᠠ ᠪᠠᠯᠭᠠᠰᠤᠨ ᠤ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠪᠠᠶᠢᠴᠠᠭᠠᠯᠭᠠᠬᠤ ᠬᠡᠷᠡᠭᠲᠡᠶ᠃        ᠲᠠᠶᠢᠯᠪᠤᠷᠢ᠄ ᠪᠤᠶ ᠪᠦᠬᠦᠢ ᠮᠡᠳᠡᠭᠦᠯᠬᠦ ᠬᠦᠰᠦᠨᠦᠭᠲᠦ ᠶᠢ ᠴᠥᠮ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠨᠢᠭᠡᠳᠦᠯᠲᠡᠶ ᠳᠠᠷᠤᠮᠠᠯᠯᠠᠨ ᠵᠣᠬᠢᠶᠠᠵᠤ ᠣᠯᠭᠤᠨ᠎ᠠ᠃         2 . ᠠᠩᠬᠠᠨ ᠤ ᠬᠢᠨᠠᠯᠲᠠ᠃         ᠡᠯ᠎ᠡ ᠪᠠᠯᠭᠠᠰᠤᠨ ᠤ ᠬᠢᠨ ᠭᠤᠶᠤᠴᠢᠯᠠᠯ ᠢ ᠰᠢᠶᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ᠤ ᠣᠷᠣᠨ ᠰᠠᠭᠤᠴᠠ ᠶᠢᠨ ᠪᠠᠶᠢᠳᠠᠯ ᠢ ᠪᠠᠶᠢᠴᠠᠭᠠᠨ᠎ᠠ᠃ ᠡᠯ᠎ᠡ ᠪᠠᠯᠭᠠᠰᠤᠨ ᠤ ᠭᠤᠤᠯ ᠤᠳᠤᠷᠢᠳᠬᠤ ᠵᠣᠬᠢᠶᠠᠨ ᠪᠠᠶᠢᠭᠤᠯᠤᠯᠲᠠ ᠨᠢ ᠬᠤᠪᠢᠳᠠᠨ ᠬᠠᠮᠢᠶᠠᠷᠴᠤ ᠪᠠᠶᠢᠭ᠎ᠠ ᠪᠠᠯᠭᠠᠰᠤᠨ ᠤ ᠳᠠᠷᠤᠭ᠎ᠠ᠂ ᠠᠷᠠᠳ ᠤᠨ ᠶᠠᠪᠤᠳᠠᠯ ᠤᠨ ᠺᠠᠳ᠋ᠷ᠂ ᠲᠣᠮᠢᠯᠠᠭᠰᠠᠨ ᠰᠠᠯᠪᠤᠷᠢ ᠶᠢᠨ ᠬᠠᠷᠢᠭᠤᠴᠠᠯᠭᠠᠲᠠᠨ᠂ ᠰᠠᠭᠤᠭᠠᠯᠢ ︵ᠲᠣᠰᠬᠤᠨ︶ ᠵᠥᠪᠯᠡᠯ ᠤᠨ ᠬᠠᠷᠢᠭᠤᠴᠠᠯᠭᠠᠲᠠᠨ᠂ ᠰᠠᠭᠤᠭᠠᠯᠢ ᠠᠷᠠᠳ ᠤᠨ ᠲᠥᠯᠥᠭᠡᠯᠡᠭᠴᠢ ᠪᠠᠷ ᠪᠦᠷᠢᠯᠳᠦᠭᠰᠡᠨ 10 ᠬᠥᠮᠦᠨ ᠠᠴᠠ ᠳᠤᠲᠠᠭᠤ ᠦᠭᠡᠢ ᠦᠨᠡᠯᠡᠬᠦ ᠳᠤᠭᠤᠶᠢᠯᠠᠩ ᠠᠴᠠ ᠦᠨᠡᠯᠡᠯᠲᠡ ᠬᠢᠨ᠎ᠡ᠃ ᠵᠥᠪᠯᠡᠨ ᠲᠣᠭᠲᠠᠭᠠᠭᠰᠠᠨ ᠤ ᠳᠠᠷᠠᠭ᠎ᠠ ᠳᠡᠭᠡᠭᠰᠢ ᠮᠡᠳᠡᠭᠦᠯᠬᠦ ᠪᠠᠷ ᠪᠠᠶᠢᠭ᠎ᠠ ᠭᠤᠶᠤᠴᠢᠯᠠᠭᠴᠢ ᠳᠤ 7 ᠡᠳᠦᠷ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠭᠰᠡᠨ ᠤ ᠳᠠᠷᠠᠭ᠎ᠠ ᠠᠩᠬ᠎ᠠ ᠬᠢᠨᠠᠭᠰᠠᠨ ᠰᠠᠨᠠᠯ ᠢᠶᠠᠨ ᠳᠤᠷᠠᠳᠴᠤ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃         3 . ᠲᠡᠬᠢᠠ ᠰᠢᠭᠦᠬᠦ᠃ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠭᠤᠶᠤᠴᠢᠯᠠᠯ ᠤᠨ ᠮᠠᠲ᠋ᠧᠷᠢᠶᠠᠯ ᠢ ᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠬᠢᠨᠠᠨ ᠬᠠᠷᠭᠤᠭᠤᠯᠤᠭᠰᠠᠨ ᠤ ᠳᠠᠷᠠᠭᠠᠬᠢ ᠨᠥᠬᠦᠴᠡᠯ ᠳᠤ ᠨᠡᠶᠢᠴᠡᠬᠦ ᠬᠡᠷ ᠪᠦᠯᠢ ᠶᠢ ᠡᠯ᠎ᠡ ᠬᠠᠷᠢᠶ᠎ᠠ ᠲᠣᠭᠤᠷᠢᠭ᠂ ᠭᠦᠶᠡᠩ ᠲᠧᠯᠸᠢᠰ ᠬᠤᠷᠢᠶ᠎ᠠ ᠳᠡᠭᠡᠷ᠎ᠡ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠡᠳᠦᠷ᠂ ᠵᠠᠷᠯᠠᠨ ᠨᠡᠶᠢᠲᠡᠯᠡᠭᠡᠳ ᠤᠨᠳᠤᠤ ᠰᠠᠨᠠᠯ ᠥᠬᠡᠶ ᠬᠡᠷ ᠪᠦᠯᠢ ᠶᠢ ᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ ᠭᠤᠶᠤᠴᠢᠯᠠᠬᠤ ᠨᠥᠬᠦᠴᠡᠯ ᠳᠤ ᠨᠡᠶᠢᠴᠡᠬᠦ ᠦᠭᠡᠶ ᠪᠣᠯ ᠬᠦᠷᠢᠶᠡᠯᠡᠩ ᠲᠣᠭᠤᠷᠢᠭ᠂ ᠡᠯ᠎ᠡ ᠪᠠᠯᠭᠠᠰᠤ᠂ ᠰᠠᠭᠤᠭᠠᠯᠢ ᠠᠷᠠᠳ ᠤᠨ ᠵᠥᠪᠯᠡᠯ ᠳᠤ ᠪᠤᠴᠠᠭᠠᠵᠤ᠂ ᠬᠦᠷᠢᠶᠡᠯᠡᠩ ᠲᠣᠭᠤᠷᠢᠭ᠂ ᠡᠯ᠎ᠡ ᠪᠠᠯᠭᠠᠰᠤ᠂ ᠰᠠᠭᠤᠭᠠᠯᠢ ᠠᠷᠠᠳ ᠤᠨ ᠵᠥᠪᠯᠡᠯ ᠠᠴᠠ ᠭᠤᠶᠤᠴᠢᠯᠠᠭᠴᠢ ᠳᠤ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃         4 . ︽ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠲᠦᠷᠢᠶᠡᠰᠦᠯᠡᠬᠦ ᠰᠠᠨᠠᠮᠵᠢ ᠶᠢᠨ ᠪᠢᠴᠢᠭ ︾ ᠢ ᠬᠢᠨᠠᠨ ᠣᠯᠭᠤᠨ᠎ᠠ᠃ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠠᠩᠰᠠᠯᠠᠭᠤᠯᠤᠭᠰᠠᠨ ᠤ ᠳᠠᠷᠠᠭᠠᠬᠢ ᠭᠤᠶᠤᠴᠢᠯᠠᠭᠰᠠᠨ ᠬᠡᠷ ᠪᠦᠯᠢ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠡᠷ ᠪᠦᠯᠢ ᠶᠢᠨ ᠲᠠᠩᠰᠠ ᠡᠪᠬᠡᠮᠡᠯ ᠪᠠᠶᠢᠭᠤᠯᠵᠤ᠂ ᠨᠥᠬᠦᠴᠡᠯ ᠳᠤ ᠨᠡᠶᠢᠴᠡᠭᠰᠡᠨ ᠪᠠᠶᠢᠪᠠᠯ᠂ ︽ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠯ ᠤᠨ ᠰᠠᠨᠠᠮᠵᠢ ᠶᠢᠨ ᠪᠢᠴᠢᠭ︾ ᠢ ᠬᠢᠨᠠᠨ ᠣᠯᠭᠤᠨ᠎ᠠ᠃         5 . ᠨᠡᠷᠡᠰ ᠤᠨ ᠵᠢᠭᠰᠠᠭᠠᠯᠲᠠ ᠳᠤ ᠣᠷᠣᠬᠤ ᠵᠢᠴᠢ ᠬᠡᠷ ᠪᠠᠶᠢᠰᠢᠩ ᠰᠣᠩᠭᠤᠬᠤ ᠲᠠᠰ ᠳᠠᠷᠠᠭᠠᠯᠠᠯ ᠢ ᠲᠣᠭᠲᠠᠭᠠᠨ᠎ᠠ᠃ ᠭᠤᠶᠤᠴᠢᠯᠠᠭᠴᠢ ᠶᠢᠨ ᠲᠤᠭ᠎ᠠ ᠨᠢ ᠭᠡᠷ ᠪᠠᠶᠢᠰᠢᠩ ᠤᠨ ᠢᠷᠡᠯᠲᠡ ᠠᠴᠠ ᠶᠡᠭᠡ ᠪᠣᠯᠬᠤ ᠦᠶᠡᠰ᠂ ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢ ᠲᠤᠰ ᠵᠢᠯ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠪᠤᠶᠤ ᠠᠰᠠᠷᠠᠨ ᠬᠠᠷᠠᠭᠠᠯᠵᠠᠬᠤ ᠡᠲᠡᠭᠡᠳ ᠲᠤ ᠤᠷᠢᠳᠠᠪᠠᠷ ᠲᠦᠷᠢᠶᠡᠰᠦᠯᠡᠨ ᠥᠭᠴᠦ᠂ ᠪᠠᠲᠤᠯᠠᠪᠠᠰᠤ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠪᠠᠲᠤᠯᠠᠭᠰᠠᠨ ᠰᠠᠭᠤᠷᠢᠨ ᠳᠡᠭᠡᠷ᠎ᠡ ᠭᠤᠶᠤᠴᠢᠯᠠᠬᠤ ᠨᠥᠬᠦᠴᠡᠯ ᠳᠠᠬᠢ ᠭᠡᠷ ᠪᠠᠶᠢᠰᠢᠩ ᠤᠨ ᠢᠷᠡᠯᠲᠡ ᠶᠢ ᠤᠷᠢᠳᠠᠪᠠᠷ ᠰᠣᠩᠭᠤᠬᠤ ᠨᠥᠬᠦᠴᠡᠯ ᠳᠤ ᠨᠡᠶᠢᠴᠡᠬᠦ ᠶᠢᠰᠦᠨ ᠲᠥᠷᠥᠯ ᠤᠨ ᠬᠥᠮᠦᠰ ᠢ ᠪᠠᠲᠤᠯᠠᠵᠤ᠂ ᠦᠯᠡᠳᠡᠭᠰᠡᠨ ᠭᠤᠶᠤᠴᠢᠯᠠᠭᠰᠠᠨ ᠭᠡᠷ ᠪᠦᠯᠢ ᠨᠢ ᠡᠷᠬᠡ ᠲᠡᠭᠰᠢ᠂ ᠲᠥᠪ ᠭᠤᠤᠯᠴᠢ᠂ ᠢᠯᠡ ᠪᠠᠶᠢᠯᠭᠠᠬᠤ ᠵᠠᠷᠴᠢᠮ ᠶᠣᠰᠣᠭᠠᠷ᠂ ᠨᠣᠮᠧᠷ ᠡᠷᠭᠢᠭᠦᠯᠬᠦ ᠠᠷᠭ᠎ᠠ ᠮᠠᠶ᠋ᠢᠭ ᠢᠶᠠᠷ ᠲᠣᠭᠲᠠᠭᠰᠠᠨ ᠴᠠᠭ ᠬᠤᠭᠤᠴᠠᠭ᠎ᠠ ᠶᠢᠨ ᠳᠣᠲᠣᠷ᠎ᠠ ᠳᠠᠩᠰᠠᠯᠠᠭᠤᠯᠬᠤ ᠪᠠᠷ ᠭᠤᠶᠤᠴᠢᠯᠠᠭᠰᠠᠨ ᠭᠤᠶᠤᠴᠢᠯᠠᠭᠴᠢ ᠶᠢ ᠵᠢᠭᠰᠠᠭᠠᠬᠤ ᠶᠢᠨ ᠬᠠᠮᠲᠤ᠂ ᠡᠭᠡᠯᠵᠢᠯᠡᠨ ᠬᠦᠯᠢᠶᠡᠬᠦ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ᠎ᠠ᠃ ᠵᠢᠩᠬᠢᠨᠢ ᠪᠠᠷ ᠡᠯᠰᠡᠭᠳᠡᠬᠦ ᠭᠤᠶᠤᠴᠢᠯᠠᠭᠴᠢ ᠶᠢᠨ ᠲᠤᠭ᠎ᠠ ᠬᠡᠮᠵᠢᠶ᠎ᠡ ᠶᠢ ᠭᠡᠷ ᠪᠠᠶᠢᠰᠢᠩ ᠤᠨ ᠢᠷᠡᠯᠲᠡ ᠶᠢᠨ ᠪᠣᠳᠠᠲᠠᠶ ᠲᠤᠭ᠎ᠠ ᠬᠡᠮᠵᠢᠶ᠎ᠡ ᠶᠢ ᠦᠨᠳᠦᠰᠦᠯᠡᠨ ᠲᠣᠭᠲᠠᠭᠠᠵᠤ᠂ ᠡᠯᠰᠡᠭᠳᠡᠬᠦ ᠭᠤᠶᠤᠴᠢᠯᠠᠭᠴᠢ ᠶᠢᠨ ᠲᠤᠭ᠎ᠠ ᠬᠡᠮᠵᠢᠶ᠎ᠡ ᠶᠢ ᠭᠡᠷ ᠪᠠᠶᠢᠰᠢᠩ ᠤᠨ ᠢᠷᠡᠯᠲᠡ ᠶᠢᠨ ᠲᠤᠭ᠎ᠠ ᠬᠡᠮᠵᠢᠶ᠎ᠡ ᠶᠢᠨ 10 % ᠪᠠᠷ ᠲᠣᠭᠲᠠᠭᠠᠨ᠎ᠠ᠃        ᠡᠭᠡᠯᠵᠢᠯᠡᠨ ᠬᠦᠯᠢᠶᠡᠬᠦ ᠬᠤᠭᠤᠴᠠᠭᠠᠨ ᠳᠤ᠂ ᠭᠤᠶᠤᠴᠢᠯᠠᠭᠴᠢ ᠶᠢᠨ ᠣᠷᠣᠨ ᠰᠠᠭᠤᠴᠠ ᠵᠢᠴᠢ ᠭᠡᠷ ᠪᠦᠯᠢ ᠶᠢᠨ ᠬᠥᠮᠦᠨ ᠤ ᠲᠤᠭ᠎ᠠ ᠵᠡᠷᠭᠡ ᠪᠠᠶᠢᠳᠠᠯ ᠳᠤ ᠬᠤᠪᠢᠷᠠᠯᠲᠠ ᠭᠠᠷᠪᠠᠯ᠂ ᠪᠠᠶᠢᠭ᠎ᠠ ᠬᠦᠷᠢᠶᠡᠯᠡᠩ ᠲᠣᠭᠤᠷᠢᠭ᠂ ᠪᠠᠯᠭᠠᠰᠤ᠂ ᠰᠠᠭᠤᠭᠠᠯᠢ ᠠᠷᠠᠳ ᠤᠨ ᠵᠥᠪᠯᠡᠯ ᠳᠤ ᠴᠠᠭ ᠲᠤᠬᠠᠶ ᠳᠤᠨᠢ ᠪᠢᠴᠢᠭᠯᠡᠭᠰᠡᠨ ᠮᠠᠲ᠋ᠧᠷᠢᠶᠠᠯ ᠢᠶᠠᠨ ᠦᠨᠡᠨ ᠪᠣᠳᠠᠲᠠᠶ ᠪᠠᠷ ᠲᠤᠰᠢᠶᠠᠵᠤ᠂ ᠬᠢᠷᠢ ᠬᠡᠮ ᠢ ᠨᠢ ᠳᠠᠬᠢᠨ ᠬᠢᠨᠠᠬᠤ ᠬᠡᠷᠡᠭᠲᠡᠶ᠃       6 . ᠭᠡᠷ ᠰᠣᠩᠭᠤᠬᠤ᠃ ᠵᠢᠩᠬᠢᠨᠢ ᠪᠠᠷ ᠡᠯᠰᠡᠭᠳᠡᠭᠰᠡᠨ ᠭᠤᠶᠤᠴᠢᠯᠠᠭᠴᠢ ᠶᠢᠨ ᠲᠣᠰ ᠬᠥᠮᠦᠨ ᠨᠢ ᠪᠡᠶ᠎ᠡ ᠶᠢᠨ ᠦᠨᠡᠮᠯᠡᠯ ᠵᠢᠴᠢ ︽ᠲᠦᠷᠢᠶᠡᠰᠦᠯᠡᠬᠦ ᠰᠠᠨᠠᠮᠵᠢ ᠶᠢᠨ ᠪᠢᠴᠢᠭ︾ ᠢᠶᠠᠨ ᠠᠪᠴᠤ ᠲᠣᠭᠲᠠᠭᠰᠠᠨ ᠴᠠᠭ ᠤᠨ ᠳᠣᠲᠣᠷ᠎ᠠ ︵10 ᠤ ᠡᠳᠦᠷ︶ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠮᠡᠳᠡᠭᠳᠡᠭᠰᠡᠨ ᠬᠤᠷᠠᠯ ᠤᠨ ᠲᠠᠯᠠᠪᠠᠶ ᠳᠤ ᠬᠦᠷᠴᠦ ᠨᠣᠮᠧᠷ ᠰᠤᠭᠤᠯᠤᠨ ᠬᠡᠷ ᠪᠠᠶᠢᠰᠢᠩ ᠰᠣᠩᠭᠤᠨ᠎ᠠ᠃ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ 12 ᠳᠠᠪᠬᠤᠷᠭ᠎ᠠ ᠠᠴᠠ ᠤᠷᠢᠳᠠᠪᠠᠷ ᠲᠦᠷᠢᠶᠡᠰᠦᠯᠡᠬᠦ ᠨᠥᠬᠦᠴᠡᠯ ᠳᠤ ᠨᠡᠶᠢᠴᠡᠬᠦ ᠵᠡᠮᠳᠡᠭᠴᠦᠳ ᠵᠢᠴᠢ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠲᠦᠷᠢᠶᠡᠰᠦᠯᠡᠨ ᠥᠭᠴᠦ᠂ 12 ᠳᠠᠪᠬᠤᠷᠭ᠎ᠠ ᠭᠡᠷ ᠪᠠᠶᠢᠰᠢᠩ ᠤᠨ ᠢᠷᠡᠯᠲᠡ ᠬᠠᠩᠭᠠᠵᠤ ᠳᠡᠶᠢᠯᠬᠦ ᠦᠭᠡᠶ ᠦᠶ᠎ᠡ ᠳᠤ᠂ ᠦᠯᠡᠳᠡᠭᠰᠡᠨ ᠵᠡᠮᠳᠡᠭᠴᠦᠳ ᠵᠢᠴᠢ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠡᠩ ᠤᠨ ᠭᠡᠷ ᠪᠦᠯᠢ ᠯᠦᠭᠡ ᠭᠡᠷ ᠪᠠᠶᠢᠰᠢᠩ ᠰᠣᠩᠭᠤᠬᠤ ᠳᠡᠰ ᠳᠠᠷᠠᠭᠠᠯᠠᠯ ᠤᠨ ᠶᠣᠰᠣᠭᠠᠷ ᠨᠢᠭᠡᠳᠦᠯᠲᠡᠶ ᠭᠡᠷ ᠰᠣᠩᠭᠤᠨ᠎ᠠ᠃        ᠵᠢᠩᠬᠢᠨᠢ ᠪᠠᠷ ᠣᠷᠣᠵᠤ ᠢᠷᠡᠭᠰᠡᠨ ᠭᠤᠶᠤᠴᠢᠯᠠᠭᠴᠢ ᠶᠢᠨ ᠰᠣᠩᠭᠤᠯᠲᠠ ᠬᠢᠬᠦ ᠪᠠᠨ ᠪᠤᠯᠢᠭᠰᠠᠨ ᠬᠡᠷ ᠪᠠᠶᠢᠰᠢᠩ ᠤᠨ ᠢᠷᠡᠯᠲᠡ ᠳᠤ᠂ ᠣᠷᠣᠯᠠᠭᠴᠢ ᠬᠥᠮᠦᠨ ᠣᠷᠣᠵᠤ ᠢᠷᠡᠭᠰᠡᠨ ᠭᠤᠶᠤᠴᠢᠯᠠᠭᠴᠢ ᠲᠠᠰ ᠳᠠᠷᠠᠭᠠᠯᠠᠯ ᠶᠣᠰᠣᠭᠠᠷ ᠦᠯᠡᠳᠡᠵᠦ ᠪᠠᠶᠢᠭ᠎ᠠ ᠲᠠᠶᠠᠭᠳᠠᠭᠰᠠᠨ ᠬᠡᠷ ᠪᠠᠶᠢᠰᠢᠩ ᠤᠨ ᠢᠷᠡᠯᠲᠡ ᠶᠢ ᠰᠣᠩᠭᠤᠵᠤ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠡᠷ ᠪᠠᠶᠢᠰᠢᠩ ᠤᠨ ᠢᠷᠡᠯᠲᠡ ᠶᠢ ᠰᠣᠩᠭᠤᠵᠤ ᠣᠯᠤᠭᠰᠠᠨ ᠬᠡᠷ ᠪᠦᠯᠢ ᠳᠤ ︽ᠲᠦᠷᠢᠶᠡᠰᠦᠯᠡᠬᠦ ᠶᠢ ᠵᠥᠪᠰᠢᠶᠡᠷᠡᠬᠦ ᠦᠨᠡᠮᠯᠡᠯ︾ ᠣᠯᠭᠤᠨ᠎ᠠ       7 . ᠲᠦᠷᠢᠶᠡᠰᠦᠯᠡᠬᠦ ᠭᠠᠷ ᠭᠦᠢᠴᠡᠳᠬᠡᠯ ᠬᠢᠬᠦ᠃ ᠭᠡᠷ ᠪᠠᠶᠢᠰᠢᠩ ᠰᠣᠩᠭᠤᠨ ᠠᠪᠤᠭᠰᠠᠨ ᠬᠦᠷᠢᠶ᠎ᠡ ᠬᠡᠪᠴᠢᠶᠡᠨ ᠳᠤ ᠤᠷᠤᠭᠰᠠᠨ ᠭᠡᠷ ᠪᠦᠯᠢ ᠨᠢ ᠲᠣᠭᠲᠠᠭᠰᠠᠨ ᠬᠤᠭᠤᠴᠠᠭᠠᠨ ᠳᠣᠲᠣᠷ᠎ᠠ ︵15 ᠡᠳᠦᠷ︶ ᠪᠡᠶ᠎ᠡ ᠶᠢᠨ ᠦᠨᠡᠮᠯᠡᠯ᠂ ︽ᠲᠦᠷᠢᠶᠡᠰᠦᠯᠡᠬᠦ ᠶᠢ ᠵᠥᠪᠰᠢᠶᠡᠷᠡᠭᠰᠡᠨ ᠦᠨᠡᠮᠯᠡᠯ︾ ᠢᠶᠠᠨ ᠠᠪᠴᠤ ᠵᠢᠭᠠᠨ ᠲᠣᠭᠲᠠᠭᠠᠭᠰᠠᠨ ᠳᠠᠩᠰᠠᠯᠠᠨ ᠲᠡᠮᠳᠡᠭᠯᠡᠬᠦ ᠲᠤᠬᠠᠶ ᠶᠢᠨ ᠲᠠᠯᠠᠪᠠᠶ ᠳᠤ ᠬᠦᠷᠴᠦ ᠲᠦᠷᠢᠶᠡᠰᠦᠯᠡᠬᠦ ᠭᠠᠷᠳᠠᠮ ᠢ ᠭᠦᠢᠴᠡᠳᠬᠡᠬᠦ ᠶᠢᠨ ᠬᠠᠮᠲᠤ ᠭᠡᠷ᠎ᠡ ᠲᠣᠭᠲᠠᠵᠤ᠂ ᠭᠡᠷ ᠪᠠᠶᠢᠰᠢᠩ ᠤᠨ ᠪᠠᠲᠤᠯᠠᠭ᠎ᠠ ᠶᠢᠨ ᠮᠥᠩᠭᠦ ᠲᠤᠰᠢᠶᠠᠵᠤ᠂ ᠣᠷᠣᠵᠤ ᠰᠠᠭᠤᠬᠤ ᠬᠠᠮᠢᠶ᠎ᠠ ᠪᠦᠬᠦᠢ ᠭᠠᠷᠳᠠᠮ ᠢ ᠭᠦᠢᠴᠡᠳᠬᠡᠨ᠎ᠡ᠃       8 . ᠲᠣᠭᠲᠠᠭᠠᠭᠰᠠᠨ ᠬᠤᠭᠤᠴᠠᠭᠠᠨ ᠳᠣᠲᠣᠷ᠎ᠠ ᠭᠡᠷ᠎ᠡ ᠲᠣᠭᠲᠠᠭᠠᠭᠰᠠᠨ ᠦᠭᠡᠢ᠂ ᠪᠠᠲᠤᠯᠠᠪᠤᠷᠢ ᠶᠢᠨ ᠮᠥᠩᠭᠦ ᠲᠤᠰᠢᠶᠠᠭᠰᠠᠨ ᠦᠭᠡᠢ᠂ ᠣᠷᠣᠵᠤ ᠰᠠᠭᠤᠬᠤ ᠬᠤᠯᠪᠣᠭᠳᠠᠯ ᠪᠦᠬᠦᠢ ᠭᠠᠷ ᠭᠦᠢᠴᠡᠳᠬᠡᠯ ᠬᠢᠭᠰᠡᠨ ᠭᠤᠶᠤᠴᠢᠯᠠᠭᠴᠢ ᠶᠢ ᠠᠶᠠᠨᠳᠠᠭᠠᠨ ᠲᠠᠶᠠᠭᠳᠠᠭᠰᠠᠨ ᠢᠶᠠᠷ ᠦᠵᠡᠨ᠎ᠡ᠂ ᠲᠤᠰ ᠤᠳᠠᠭᠠᠨ ᠤ ᠲᠤᠬᠢᠷᠠᠭᠤᠯᠤᠨ ᠥᠭᠴᠦ ᠲᠦᠷᠢᠶᠡᠰᠦᠯᠡᠭᠦᠯᠬᠦ ᠭᠤᠶᠤᠴᠢᠯᠠᠯ ᠬᠦᠴᠦᠨ ᠦᠭᠡᠢ ᠪᠣᠯᠤᠨ᠎ᠠ᠂ ᠭᠡᠪᠡᠴᠦ ᠲᠠᠬᠢᠵᠤ ᠭᠤᠶᠤᠴᠢᠯᠠᠵᠤ ᠪᠣᠯᠤᠨ᠎ᠠ᠂ ᠭᠤᠶᠤᠴᠢᠯᠠᠬᠤ ᠴᠠᠭ ᠢ ᠲᠠᠬᠢᠵᠤ ᠭᠤᠶᠤᠴᠢᠯᠠᠭᠰᠠᠨ ᠡᠳᠦᠷ ᠢᠶᠠᠷ ᠪᠤᠳᠤᠨ᠎ᠠ᠃        ᠵᠢᠷᠭᠤᠭ᠎ᠠ᠂ ᠪᠣᠳᠠᠲᠠᠶ ᠱᠠᠭᠠᠷᠳᠠᠯᠭ᠎ᠠ᠃        ︵ᠨᠢᠭᠡ︶ ᠶᠡᠷᠦᠩᠬᠡᠶ ᠱᠠᠭᠠᠷᠳᠠᠯᠭ᠎ᠠ᠃        1. ᠭᠡᠷ ᠪᠦᠯᠢ ᠶᠢᠨ ᠬᠤᠪᠢ ᠶᠢᠨ ᠥᠮᠴᠢᠯᠡᠯ ᠤᠨ ᠡᠷᠬᠡ ᠦᠭᠡᠢ ᠣᠷᠣᠨ ᠰᠠᠭᠤᠴᠠ ᠭᠤᠶᠤᠴᠢᠯᠠᠬᠤ ᠭᠡᠳᠡᠭ ᠨᠢ ᠦᠯᠦ ᠬᠥᠳᠡᠯᠬᠦ ᠭᠦᠷᠦᠩᠭᠡ ᠶᠢᠨ ᠡᠷᠬᠡ ᠶᠢ ᠳᠠᠩᠰᠠᠯᠠᠬᠤ ᠪᠠᠶᠢᠭᠤᠯᠭ᠎ᠠ ᠶᠢᠨ ᠰᠦᠯᠵᠢᠶᠡᠨ ᠳᠡᠭᠡᠷ᠎ᠡ ᠳᠠᠩᠰᠠᠯᠠᠭᠤᠯᠤᠭᠰᠠᠨ ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠪᠠᠶᠢᠬᠤ ᠦᠭᠡᠢ᠂ ᠥᠮᠴᠢᠯᠡᠯ ᠤᠨ ᠡᠷᠬᠡ ᠶᠢᠨ ᠦᠨᠡᠮᠯᠡᠯ ᠣᠯᠤᠭᠰᠠᠨ ᠦᠭᠡᠢ ᠭᠡᠷ ᠪᠠᠶᠢᠰᠢᠩ ᠢ ᠵᠢᠭᠠᠵᠤ ᠪᠠᠶᠢᠨ᠎ᠠ᠃        2. ᠭᠤᠶᠤᠴᠢᠯᠠᠭᠴᠢ ᠨᠢ ᠡᠷᠬᠡᠪᠰᠢ ᠢᠷᠭᠡᠨ ᠤ ᠬᠡᠷᠡᠭ ᠤᠨ ᠪᠦᠷᠢᠨ ᠠᠵᠢᠯᠯᠠᠭ᠎ᠠ ᠶᠢᠨ ᠴᠢᠳᠠᠪᠤᠷᠢ ᠲᠠᠢ ᠪᠠᠶᠢᠵᠤ᠂ ᠬᠠᠩᠭᠠᠭᠰᠠᠨ ᠮᠡᠳᠡᠭᠦᠯᠬᠦ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ ᠲᠤ ᠠᠯᠢᠪᠠ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃        3 . ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠭᠤᠶᠤᠴᠢᠯᠠᠭᠴᠢ ᠨᠢ ᠭᠤᠶᠤᠴᠢᠯᠠᠭᠴᠢ ᠵᠢᠴᠢ ᠲᠡᠳᠡᠨ ᠤ ᠬᠡᠷ ᠪᠦᠯᠢ ᠶᠢᠨ ᠣᠷᠣᠨ ᠰᠠᠭᠤᠴᠠ ᠶᠢᠨ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠦᠯᠬᠦ ᠶᠢᠨ ᠬᠠᠮᠲᠤ ᠪᠠᠲᠤᠯᠠᠭ᠎ᠠ ᠶᠢᠨ ᠪᠢᠴᠢᠭ ᠲᠣᠭᠲᠠᠭᠠᠬᠤ ᠬᠡᠷᠡᠭᠲᠡᠶ᠃       4 . ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠭᠦᠯᠬᠦ ᠪᠤᠶᠤ ᠬᠤᠳᠠᠯᠳᠤᠬᠤ ᠪᠡᠯᠡ ᠮᠥᠩᠭᠦ ᠶᠢ ᠡᠷᠬᠡᠪᠰᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠡᠯᠡ ᠮᠥᠩᠭᠦ ᠶᠢᠨ ᠲᠤᠰᠬᠠᠶ ᠳᠠᠩᠰᠠᠨ ᠳᠤ ᠪᠦᠬᠦ ᠲᠤᠭ᠎ᠠ ᠪᠠᠷ ᠨᠢ ᠬᠠᠳᠠᠭᠠᠯᠠᠵᠤ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠪᠦᠲᠦᠭᠡᠨ ᠪᠠᠶᠢᠭᠤᠯᠤᠯᠲᠠ ᠵᠢᠴᠢ ᠡᠳᠦᠷ ᠲᠤᠲᠤᠮ ᠤᠨ ᠬᠠᠮᠠᠭᠠᠯᠠᠯᠲᠠ ᠬᠠᠮᠢᠶᠠᠷᠤᠯᠲᠠ ᠵᠡᠷᠭᠡ ᠳᠤ ᠲᠤᠰᠬᠠᠶ ᠵᠦᠢᠯ ᠢᠶᠠᠷ ᠬᠡᠷᠡᠭᠯᠡᠬᠦ ᠬᠡᠷᠡᠭᠲᠡᠶ᠂ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠶ᠃        5 . ᠭᠤᠶᠤᠴᠢᠯᠠᠭᠴᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠨ ᠬᠤᠳᠠᠯᠳᠤᠵᠤ ᠪᠠᠶᠢᠭ᠎ᠠ ᠡᠲᠡᠭᠡᠳ ᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠳᠤ ᠤᠨᠳᠤᠤ ᠰᠠᠨᠠᠯ ᠲᠠᠢ ᠪᠠᠶᠢᠪᠠᠯ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠳᠠᠬᠢᠨ ᠬᠢᠨᠠᠭᠤᠯᠬᠤ ᠭᠤᠶᠤᠴᠢᠯᠠᠯ ᠭᠠᠷᠭᠠᠵᠤ ᠪᠣᠯᠤᠨ᠎ᠠ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠴᠠᠭ ᠲᠤᠬᠠᠶ ᠳᠤᠨᠢ ᠳᠠᠬᠢᠨ ᠬᠢᠨᠠᠬᠤ ᠬᠡᠷᠡᠭᠲᠡᠶ᠃         ︵ᠬᠤᠶᠠᠷ︶ ᠭᠤᠶᠤᠴᠢᠯᠠᠨ ᠬᠤᠳᠠᠯᠳᠤᠨ ᠠᠪᠬᠤ ᠭᠡᠷ ᠪᠦᠯᠢ ᠶᠢᠨ ᠱᠠᠭᠠᠷᠳᠠᠯᠭ᠎ᠠ᠃        1 . ᠭᠤᠶᠤᠴᠢᠯᠠᠭᠴᠢ ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠬᠤᠳᠠᠯᠳᠤᠨ ᠠᠪᠤᠪᠠᠯ᠂ ᠥᠮᠴᠢᠯᠡᠬᠦ ᠡᠷᠬᠡ ᠨᠢ ᠬᠢᠵᠠᠭᠠᠷᠲᠤ ᠥᠮᠴᠢᠯᠡᠬᠦ ᠡᠷᠬᠡ ᠳᠤ ᠬᠠᠷᠢᠶᠠᠯᠠᠭᠳᠠᠵᠤ᠂ ᠵᠠᠰᠠᠭ ᠤᠨ ᠣᠷᠳᠣᠨ ᠤ ᠲᠥᠰᠦᠯ ᠳᠤ ᠲᠣᠭᠲᠠᠭᠠᠭᠰᠠᠨ ᠦᠨ᠎ᠡ ᠬᠠᠩᠰᠢ ᠪᠠᠷ ᠪᠦᠬᠦ ᠲᠠᠯᠠᠪᠠᠶ ᠶᠢ ᠬᠤᠳᠠᠯᠳᠤᠨ ᠠᠪᠤᠭᠰᠠᠨ ᠤ ᠳᠠᠷᠠᠭ᠎ᠠ ᠵᠥᠪᠬᠡᠨ 70 % ᠶᠢᠨ ᠥᠮᠴᠢᠯᠡᠬᠦ ᠡᠷᠬᠡ ᠲᠠᠢ ᠪᠠᠶᠢᠵᠤ᠂ ᠦᠯᠡᠳᠡᠭᠰᠡᠨ 30 % ᠶᠢᠨ ᠥᠮᠴᠢᠯᠡᠬᠦ ᠡᠷᠬᠡ ᠨᠢ ᠵᠠᠰᠠᠭ ᠤᠨ ᠣᠷᠳᠣᠨ ᠳᠤ ᠥᠮᠴᠢᠯᠡᠭᠳᠡᠨ᠎ᠡ᠃        2 . ᠬᠤᠪᠢ ᠬᠥᠮᠦᠨ ᠤ ᠬᠤᠳᠠᠯᠳᠤᠨ ᠠᠪᠤᠭᠰᠠᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠨᠢ᠂ ᠤᠯᠤᠰ ᠤᠨ ᠲᠥᠷᠥ ᠶᠢᠨ ᠪᠣᠳᠣᠯᠭ᠎ᠠ ᠪᠠᠷ ᠵᠥᠪᠰᠢᠶᠡᠷᠡᠭᠰᠡᠨ ᠪᠠᠶᠢᠳᠠᠯ ᠳᠤᠤᠷ᠎ᠠ᠂ ᠪᠦᠬᠦᠯᠢ ᠲᠠᠪᠤᠨ ᠵᠢᠯ ᠪᠣᠯᠤᠭᠰᠠᠨ ᠤ ᠳᠠᠷᠠᠭ᠎ᠠ ᠭᠤᠶᠤᠴᠢᠯᠠᠭᠴᠢ ᠬᠡᠷᠪᠡ ᠦᠷᠭᠦᠯᠵᠢᠯᠡᠨ ᠬᠡᠷ ᠪᠠᠶᠢᠰᠢᠩ ᠬᠤᠳᠠᠯᠳᠤᠨ ᠠᠪᠬᠤ ᠳᠤ ᠭᠦᠷᠪᠡᠯ᠂ ᠵᠠᠰᠠᠭ ᠤᠨ ᠣᠷᠳᠣᠨ ᠠᠴᠠ ᠪᠠᠯᠠ ᠣᠷᠣᠭᠤᠯᠤᠨ ᠪᠥᠲᠥᠭᠡᠨ ᠪᠠᠶᠢᠭᠤᠯᠤᠭᠰᠠᠨ ᠳᠤ ᠬᠠᠷᠢᠶᠠᠯᠠᠭᠳᠠᠪᠠᠯ᠂ ᠭᠤᠶᠤᠴᠢᠯᠠᠭᠴᠢ ᠨᠢ ᠳᠠᠬᠢᠨ ᠵᠠᠰᠠᠭ ᠤᠨ ᠣᠷᠳᠣᠨ ᠳᠤ ᠦᠨᠡᠯᠡᠨ ᠵᠢᠱᠢᠬᠦ ᠰᠠᠯᠠᠭ᠎ᠠ ᠮᠥᠴᠢᠷ ᠢᠶᠠᠷ ᠳᠡᠮᠵᠢᠨ ᠲᠣᠭᠲᠠᠭᠠᠭᠰᠠᠨ ᠠᠷᠠᠯᠵᠢᠶ᠎ᠠ ᠪᠦᠲᠦᠭᠰᠡᠨ ᠦᠨ᠎ᠡ ᠶᠢᠨ ᠵᠣᠭᠤᠰ ᠤᠨ 30 % ᠶᠢᠨ ᠬᠡᠷ ᠪᠠᠶᠢᠰᠢᠩ ᠤᠨ ᠦᠯᠡᠳᠡᠪᠦᠷᠢ ᠵᠣᠭᠤᠰ ᠵᠢᠴᠢ ᠬᠠᠮᠢᠶ᠎ᠠ ᠪᠥᠬᠦᠶ ᠭᠠᠶᠢᠯᠢ ᠰᠦᠶᠳᠬᠡᠯ ᠢ ᠲᠤᠰᠢᠶᠠᠭᠰᠠᠨ ᠤ ᠳᠠᠷᠠᠭ᠎ᠠ᠂ ᠪᠥᠬᠦ ᠥᠮᠴᠢᠯᠡᠬᠦ ᠡᠷᠬᠡ ᠶᠢ ᠣᠯᠵᠤ᠂ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠵᠤ ᠪᠣᠯᠤᠨ᠎ᠠ᠃        3 . ᠲᠠᠪᠤᠨ ᠵᠢᠯ ᠤᠨ ᠳᠣᠲᠣᠷ᠎ᠠ ᠳᠤᠷ᠎ᠠ ᠪᠠᠷ ᠢᠶᠠᠨ ᠲᠣᠭᠲᠠᠭᠠᠭᠰᠠᠨ ᠬᠤᠳᠠᠯᠳᠤᠬᠤ᠂ ᠳᠠᠭᠠᠭᠠᠯᠲᠠ ᠬᠢᠬᠦ᠂ ᠪᠠᠷᠢᠴᠠᠭᠠᠯᠠᠬᠤ ᠵᠡᠷᠭᠡ ᠬᠡᠯᠪᠡᠷᠢ ᠶᠢᠨ ᠭᠡᠷ᠎ᠡ ᠪᠦᠬᠦᠨ ᠴᠥᠮ ᠬᠦᠴᠦᠨ ᠦᠭᠡᠢ ᠭᠡᠷ᠎ᠡ ᠳᠤ ᠲᠣᠭᠠᠴᠠᠭᠳᠠᠵᠤ᠂ ᠬᠠᠤᠯᠢ ᠴᠠᠭᠠᠵᠠ ᠳᠤ ᠬᠠᠮᠠᠭᠠᠯᠠᠭᠳᠠᠬᠤ ᠦᠭᠡᠢ᠃         ︵ᠭᠤᠷᠪᠠ︶ ᠭᠡᠷ ᠪᠦᠯᠢ ᠲᠦᠷᠢᠶᠡᠰᠦᠯᠡᠬᠦ ᠱᠠᠭᠠᠷᠳᠠᠯᠭ᠎ᠠ᠃         1 . ᠲᠦᠷᠢᠶᠡᠰᠦᠯᠡᠭᠴᠢ ᠨᠢ ᠲᠦᠷᠢᠶᠡᠰᠦᠯᠡᠭᠰᠡᠨ ᠬᠤᠭᠤᠴᠠᠭᠠᠨ ᠳᠤ ᠨᠠᠰᠤ ᠪᠠᠷᠠᠭᠰᠠᠨ ᠪᠠᠶᠢᠪᠠᠯ᠂ ᠲᠦᠷᠢᠶᠡᠰᠦᠯᠡᠭᠰᠡᠨ ᠭᠡᠷ ᠪᠦᠯᠢ ᠨᠢ ᠤᠤᠯ ᠤᠨ ᠲᠦᠷᠢᠶᠡᠰᠦᠯᠡᠬᠦ ᠭᠡᠷ᠎ᠡ ᠶᠢᠨ ᠶᠣᠰᠣᠭᠠᠷ ᠦᠷᠭᠦᠯᠵᠢᠯᠡᠨ ᠲᠦᠷᠢᠶᠡᠰᠦᠯᠡᠵᠦ ᠪᠣᠯᠤᠨ᠎ᠠ᠂ ᠭᠡᠪᠡᠴᠦ ᠤᠤᠯ ᠤᠨ ᠲᠦᠷᠢᠶᠡᠰᠦᠯᠡᠭᠴᠢ ᠨᠢ ᠨᠠᠰᠤ ᠪᠠᠷᠠᠭᠰᠠᠨ ᠤ ᠲᠡᠷᠠᠭ᠎ᠠ 10 ᠡᠳᠦᠷ ᠤᠨ ᠳᠣᠲᠣᠷ᠎ᠠ ᠨᠥᠬᠦᠴᠡᠯ ᠳᠤ ᠨᠡᠶᠢᠴᠡᠭᠰᠡᠨ ᠰᠢᠨ᠎ᠡ ᠲᠦᠷᠢᠶᠡᠰᠦᠯᠡᠭᠴᠢ ᠶᠢ ᠲᠡᠬᠢᠠ ᠲᠣᠭᠲᠠᠭᠠᠵᠤ᠂ ᠲᠦᠷᠢᠶᠡᠰᠦᠯᠡᠬᠦ ᠭᠡᠷ᠎ᠡ ᠶᠢ ᠬᠤᠪᠢᠷᠠᠭᠤᠯᠬᠤ ᠬᠡᠷᠡᠭᠲᠡᠢ᠂ ᠲᠦᠷᠢᠶᠡᠰᠦᠯᠡᠬᠦ ᠬᠤᠭᠤᠴᠠᠭ᠎ᠠ ᠶᠢ ᠤᠤᠯ ᠤᠨ ᠭᠡᠷ᠎ᠡ ᠶᠢᠨ ᠦᠯᠡᠳᠡᠭᠰᠡᠨ ᠴᠠᠭ ᠢᠶᠠᠷ ᠪᠤᠳᠦᠨ᠎ᠡ᠃ ᠲᠦᠷᠢᠶᠡᠰᠦᠯᠡᠬᠦ ᠭᠡᠷ ᠪᠦᠯᠢ ᠨᠢ ᠨᠥᠬᠦᠴᠡᠯ ᠳᠤ ᠨᠡᠶᠢᠴᠡᠬᠦ ᠰᠢᠨ᠎ᠡ ᠲᠦᠷᠢᠶᠡᠰᠦᠯᠡᠭᠴᠢ ᠶᠢ ᠲᠣᠭᠲᠠᠭᠠᠭᠰᠠᠨ ᠦᠭᠡᠢ ᠪᠠᠶᠢᠳᠠᠯ ᠳᠣᠣᠷ᠎ᠠ᠂ ᠲᠦᠷᠢᠶᠡᠰᠦᠯᠡᠬᠦ ᠭᠡᠷ᠎ᠡ ᠶᠢ ᠬᠠᠮᠲᠤ ᠳᠤᠨᠢ ᠳᠠᠭᠤᠰᠬᠠᠵᠤ᠂ ᠲᠦᠷᠢᠶᠡᠰᠦᠯᠡᠬᠦ ᠭᠡᠷ ᠪᠦᠯᠢ ᠨᠢ ᠲᠦᠷᠢᠶᠡᠰᠦᠯᠡᠭᠰᠡᠨ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠠᠨ ᠪᠤᠴᠠᠭᠠᠵᠤ ᠥᠭᠬᠦ ᠬᠡᠷᠡᠭᠲᠡᠢ᠃         2. ᠲᠦᠷᠢᠶᠡᠰᠦᠯᠡᠭᠴᠢ ᠨᠢ ᠭᠡᠷ ᠪᠠᠶᠢᠰᠢᠩ ᠵᠢᠴᠢ ᠲᠠᠭᠠᠯᠳᠠ ᠲᠥᠬᠦᠭᠡᠷᠦᠮᠵᠢ ᠪᠠᠨ ᠬᠠᠶᠢᠷᠠᠯᠠᠨ ᠬᠠᠮᠠᠭᠠᠯᠠᠬᠤ ᠪᠥᠭᠡᠳ ᠵᠦᠢ ᠵᠣᠬᠢᠰᠲᠠᠢ ᠬᠡᠷᠡᠭᠯᠡᠬᠦ ᠬᠡᠷᠡᠭᠲᠡᠢ᠂ ᠦᠨᠡᠬᠡᠷ ᠣᠷᠣᠨ ᠰᠠᠭᠤᠴᠠ ᠶᠢᠨ ᠬᠡᠷᠡᠭᠴᠡᠭᠡ ᠠᠴᠠ ᠪᠤᠯᠵᠤ ᠬᠤᠶᠠᠳᠠᠬᠢ ᠤᠳᠠᠭ᠎ᠠ ᠵᠠᠰᠠᠵᠤ ᠴᠢᠮᠡᠭᠯᠡᠬᠦ ᠴᠢᠬᠤᠯᠠᠲᠠᠢ ᠪᠠᠶᠢᠪᠠᠯ᠂ ᠲᠦᠷᠢᠶᠡᠰᠦᠯᠡᠭᠴᠢ ᠨᠢ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠲᠣᠪᠴᠢ᠊ ᠡᠶ᠎ᠡ ᠳᠤ ᠪᠢᠴᠢᠭ ᠤᠨ ᠭᠤᠶᠤᠴᠢᠯᠠᠯ ᠭᠠᠷᠭᠠᠬᠤ ᠬᠡᠷᠡᠭᠲᠡᠢ᠂ ᠬᠢᠨᠠᠨ ᠵᠥᠪᠰᠢᠶᠡᠷᠡᠭᠦᠯᠪᠡᠯ ᠰᠠᠶ᠋ᠢ ᠵᠠᠰᠠᠵᠤ ᠴᠢᠮᠡᠭᠯᠡᠵᠦ ᠪᠣᠯᠤᠨ᠎ᠠ᠂ ᠵᠠᠰᠠᠵᠤ ᠴᠢᠮᠡᠭᠯᠡᠭᠰᠡᠨ ᠵᠠᠷᠤᠳᠠᠯ ᠢ ᠲᠦᠷᠢᠶᠡᠰᠦᠯᠡᠭᠴᠢ ᠥᠪᠡᠰᠦᠪᠡᠨ ᠡᠭᠦᠷᠭᠡᠯᠡᠨ᠎ᠡ᠂ ᠲᠦᠷᠢᠶᠡᠰᠦ ᠪᠤᠴᠠᠭᠠᠬᠤ ᠦᠶ᠎ᠡ ᠳᠤ ᠲᠥᠯᠥᠪᠦᠷᠢ ᠥᠭᠬᠦ ᠦᠭᠡᠢ᠃           3 ᠲᠦᠷᠢᠶᠡᠰᠦᠯᠡᠭᠴᠢ ᠲᠦᠷᠢᠶᠡᠰᠦᠯᠡᠬᠦ ᠭᠡᠷ᠎ᠡ ᠶᠢᠨ ᠬᠤᠭᠤᠴᠠᠭ᠎ᠠ ᠨᠢ ᠳᠦᠭᠦᠷᠦᠭᠰᠡᠨ ᠤ ᠲᠠᠷᠠᠭ᠎ᠠ ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠠᠴᠠ ᠤᠬᠤᠷᠢᠨ ᠭᠠᠷᠬᠤ ᠬᠡᠷᠡᠭᠲᠡᠢ᠂ ᠦᠷᠭᠦᠯᠵᠢᠯᠡᠨ ᠲᠦᠷᠢᠶᠡᠰᠦᠯᠡᠬᠦ ᠴᠢᠬᠤᠯᠠᠲᠠᠢ ᠪᠠᠶᠢᠪᠠᠯ᠂ ᠭᠡᠷ᠎ᠡ ᠶᠢᠨ ᠬᠤᠭᠤᠴᠠᠭ᠎ᠠ ᠳᠦᠭᠦᠷᠬᠦ ᠠᠴᠠ 3 ᠰᠠᠷ᠎ᠠ ᠶᠢᠨ ᠡᠮᠦᠨ᠎ᠡ ᠰᠢᠶᠠᠨ ᠤ ᠣᠷᠣᠨ ᠰᠠᠭᠤᠴᠠ ᠶᠢᠨ ᠪᠥᠳᠥᠭᠡᠨ ᠪᠠᠶᠢᠭᠤᠯᠤᠯᠲᠠ ᠶᠢᠨ ᠲᠣᠪᠴᠢ᠊ ᠡᠶ᠎ᠡ ᠳᠤ ᠭᠤᠶᠤᠴᠢᠯᠠᠯ ᠭᠠᠷᠭᠠᠵᠤ᠂ ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠦᠷᠢᠶᠡᠰᠦᠯᠡᠬᠦ ᠭᠡᠷ᠎ᠡ ᠶᠢ ᠲᠠᠬᠢᠵᠥ ᠲᠣᠭᠲᠠᠭᠠᠨ᠎ᠠ᠂ ᠲᠦᠷᠢᠶᠡᠰᠦᠯᠡᠭᠴᠢ ᠨᠢ ᠤᠤᠯ ᠤᠨ ᠲᠦᠷᠢᠶᠡᠰᠦᠯᠡᠭᠰᠡᠨ ᠣᠷᠣᠨ ᠰᠠᠭᠤᠴᠠ ᠳᠠᠭᠠᠨ ᠤᠷᠢᠳᠠᠪᠠᠷ ᠲᠦᠷᠢᠶᠡᠰᠦᠯᠡᠬᠦ ᠡᠷᠬᠡ ᠶᠢ ᠡᠳ᠋ᠯᠡᠨ᠎ᠡ᠃         4 ᠲᠦᠷᠢᠶᠡᠰᠦᠯᠡᠭᠴᠢ ᠨᠢ ᠬᠤᠳᠠᠯᠳᠤᠨ ᠠᠪᠬᠤ᠂ ᠪᠡᠯᠡᠭᠯᠡᠨ ᠬᠦᠷᠭᠡᠬᠦ᠂ ᠵᠠᠯᠭᠠᠮᠵᠢᠯᠠᠬᠤ ᠵᠡᠷᠭᠡ ᠠᠷᠭ᠎ᠠ ᠮᠠᠶ᠋ᠢᠭ ᠢᠶᠠᠷ ᠲᠣᠰ ᠭᠠᠵᠠᠷ ᠲᠤ ᠣᠷᠣᠨ ᠰᠠᠭᠤᠴᠠ ᠣᠯᠤᠭᠰᠠᠨ ᠪᠥᠭᠡᠳ ᠵᠠᠰᠠᠭ ᠤᠨ ᠣᠷᠳᠣᠨ ᠤ ᠨᠡᠶᠢᠲᠡᠯᠡᠭᠰᠡᠨ ᠬᠥᠮᠦᠨ ᠳᠤᠮᠳᠠᠴᠢ ᠶᠢᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠢ ᠶᠢᠨ ᠪᠠᠷᠢᠮᠵᠢᠶ᠎ᠠ ᠳᠤ ᠭᠦᠷᠦᠭᠰᠡᠨ ᠪᠠᠶᠢᠪᠠᠯ᠂ ᠲᠦᠷᠢᠶᠡᠰᠦᠯᠡᠭᠰᠡᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠰᠤᠯᠠᠯᠠᠵᠤ ᠪᠤᠴᠠᠭᠠᠬᠤ ᠬᠡᠷᠡᠭᠲᠡᠢ᠃         5 . ᠲᠦᠷᠢᠶᠡᠰᠦᠯᠡᠭᠴᠢ ᠨᠢ ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢ ᠬᠤᠳᠠᠯᠳᠤᠬᠤ᠂ ᠰᠢᠯᠵᠢᠭᠦᠯᠦᠨ ᠵᠢᠭᠡᠯᠡᠭᠦᠯᠬᠦ᠂ ᠲᠦᠷᠢᠶᠡᠰᠦᠯᠡᠭᠦᠯᠬᠦ ︵ᠰᠢᠯᠵᠢᠭᠦᠯᠦᠨ ᠲᠦᠷᠢᠶᠡᠰᠦᠯᠡᠭᠦᠯᠬᠦ︶᠂ ᠰᠤᠯᠠ ᠲᠠᠯᠪᠢᠬᠤ᠂ ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ ᠥᠬᠡᠶ᠃          ᠳᠣᠯᠤᠭ᠎ᠠ᠂ ᠬᠢᠨᠠᠯᠲᠠ ᠬᠠᠮᠢᠶᠠᠷᠤᠯᠲᠠ᠃         1 . ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠪᠠᠲᠤᠯᠠᠭ᠎ᠠ ᠣᠯᠤᠭᠰᠠᠨ ᠭᠤᠶᠤᠴᠢᠯᠠᠭᠴᠢ ᠨᠢ ᠡᠷᠦᠬᠡ ᠠᠮᠠ ᠶᠢᠨ ᠪᠠᠶᠢᠭ᠎ᠠ ᠭᠠᠵᠠᠷ ᠤᠨ ᠢᠶᠠᠨ ᠪᠠᠯᠭᠠᠰᠤ ᠶᠢᠨ ᠵᠠᠰᠠᠭ ᠤᠨ ᠣᠷᠳᠣᠨ ᠳᠠᠭᠠᠨ ᠭᠡᠷ ᠪᠦᠯᠢ ᠶᠢᠨ ᠬᠥᠮᠦᠨ ᠠᠮᠠ᠂ ᠣᠷᠣᠯᠭ᠎ᠠ ᠵᠢᠴᠢ ᠣᠷᠣᠨ ᠰᠠᠭᠤᠴᠠ ᠶᠢᠨ ᠬᠤᠪᠢᠷᠠᠯᠲᠠ ᠶᠢᠨ ᠪᠠᠶᠢᠳᠠᠯ ᠢᠶᠠᠨ ᠣᠨ ᠢᠶᠠᠷ ᠦᠨᠡᠨ ᠮᠥᠨ ᠢᠶᠠᠷ ᠨᠢ ᠮᠡᠳᠡᠭᠦᠯᠬᠦ ᠬᠡᠷᠡᠭᠲᠡᠶ᠃         2 . ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠡᠷ ᠪᠦᠯᠢ ᠶᠢᠨ ᠲᠠᠩᠰᠠ ᠡᠪᠬᠡᠮᠡᠯ ᠢ ᠴᠠᠭ ᠲᠤᠬᠠᠶ ᠳᠤᠨᠢ ᠪᠠᠶᠢᠭᠤᠯᠵᠤ᠂ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠨ᠂ ᠪᠠᠲᠤᠯᠠᠭᠤᠯᠤᠭᠰᠠᠨ ᠲᠦᠷᠢᠶᠡᠰᠦᠯᠡᠭᠰᠡᠨ ᠬᠡᠷ ᠪᠦᠯᠢ ᠳᠤ ᠲᠣᠭᠲᠠᠮᠠᠯ ᠬᠤᠭᠤᠴᠠᠭ᠎ᠠ ᠲᠠᠢ ᠪᠠᠷ ᠬᠦᠷᠴᠦ ᠰᠤᠷᠪᠤᠯᠵᠢᠯᠠᠨ᠂ ᠰᠤᠭᠤᠴᠢᠨ ᠪᠠᠶᠢᠴᠠᠭᠠᠵᠤ᠂ ᠲᠡᠭᠦᠨ ᠤ ᠬᠥᠮᠦᠨ ᠠᠮᠠ᠂ ᠣᠷᠣᠯᠭ᠎ᠠ ᠵᠢᠴᠢ ᠣᠷᠣᠨ ᠰᠠᠭᠤᠴᠠ ᠵᠡᠷᠭᠡ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ᠃  
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ  ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号