2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2021/11/28
      ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ    ᠶᠠᠩ ᠡᠯ ᠰᠢ ᠲᠥᠯᠥᠭᠡᠯᠡᠭᠴᠢᠳ ᠡ᠄      ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠰᠤᠯᠠ ᠣᠷᠣᠯᠴᠠᠭᠰᠠᠳ ᠰᠠᠨᠠᠯ ᠢᠶᠠᠨ ᠭᠠᠷᠭᠠᠬᠤ ᠪᠣᠯᠪᠠᠤ᠃      ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠠ 2020 ᠣᠨ ᠤ ᠠᠵᠢᠯ ᠤᠨ ᠡᠷᠭᠢᠴᠡᠭᠦᠯᠦᠯ      ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠰᠢᠶᠠᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠦᠴᠦᠨ ᠢᠶᠠᠨ ᠬᠤᠷᠠᠮᠳᠤᠭᠤᠯᠤᠭᠰᠠᠨ ᠲᠠᠪᠤᠨ ᠵᠢᠯ ᠪᠣᠯᠤᠨ᠎ᠠ᠃ ᠲᠠᠪᠤᠨ ᠵᠢᠯ ᠤᠨ ᠲᠤᠷᠰᠢ᠂ ᠨᠠᠷᠢᠨ ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠠᠵᠢᠯ ᠤᠨ ᠪᠠᠶᠢᠷᠢᠯᠠᠭᠤᠯᠤᠯᠲᠠ ᠪᠣᠯᠤᠨ ᠰᠢᠶᠠᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠵᠤ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠤ ᠲᠣᠭᠲᠠᠭᠠᠭᠰᠠᠨ ᠭᠤᠣᠯ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠦᠬᠦ ᠬᠦᠴᠦ ᠪᠠᠷ ᠢᠶᠠᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠤᠷᠤᠭᠰᠢᠲᠠᠢ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃      ᠡᠨᠡ ᠪᠣᠯ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠬᠤ ᠬᠠᠮᠤᠭ ᠤᠨ ᠬᠦᠴᠦᠨ ᠪᠦᠬᠦᠢ ᠲᠠᠪᠤᠨ ᠵᠢᠯ ᠮᠥᠨ᠂ ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠷ ᠪᠦᠬᠦ ᠲᠠᠯ᠎ᠠ ᠶᠢ ᠡᠵᠡᠮᠳᠡᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠴᠢᠨᠠᠷᠲᠠᠢ ᠠᠮᠵᠢᠯᠲᠠ ᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠲᠠᠪᠤᠨ ᠵᠢᠯ ᠤᠨ ᠲᠤᠷᠰᠢ᠂ ᠬᠤᠷᠢᠭ᠎ᠠ ᠱᠤᠭᠤᠮ ᠤᠨ ᠰᠡᠳᠬᠢᠬᠦᠢ ᠶᠢ ᠢᠮᠠᠭᠲᠠ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢᠶᠠᠨ ᠨᠥᠬᠦᠪᠥᠷᠢᠯᠡᠨ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠴᠢᠬᠤᠯᠠ ᠪᠣᠭᠤᠮᠲᠠ ᠶᠢ ᠬᠦᠴᠦᠯᠡᠨ ᠳᠠᠪᠠᠵᠠᠢ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠨᠡᠶᠢᠲᠡ 5 . 37 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ︽ᠲᠠᠪᠤᠨ ᠨᠢᠭᠡ ᠪᠦᠯᠦᠭ︾ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠲᠣᠪᠤᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠰᠢᠶᠳᠪᠦᠷᠢᠯᠡᠵᠦ᠂ ᠠᠵᠤ ᠦᠶᠯᠡᠰ ᠢᠶᠠᠷ ᠬᠠᠪᠰᠤᠷᠤᠨ ᠲᠡᠳᠬᠦᠬᠦ ᠳᠤ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠡᠷᠦᠬᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠦᠨᠳᠦᠰᠦᠨ ᠵᠦᠶᠯ ᠢ ᠪᠠᠲᠤᠯᠠᠬᠤ ᠶᠢ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠡᠷᠦᠬᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠵᠢᠯ ᠳᠤᠮᠳᠠᠴᠢ ᠪᠠᠷ 22 % ᠢᠶᠠᠷ ᠨᠡᠮᠡᠭᠳᠡᠵᠦ᠂ 12130 ᠲᠥᠭᠦᠷᠢᠭ ᠲᠤ ᠬᠦᠷᠴᠦ᠂ 5152 ᠡᠷᠦᠬᠡ ᠶᠢᠨ 9959 ᠬᠥᠮᠦᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠡᠷᠦᠬᠡ ᠶᠠᠳᠠᠭᠤ ᠠᠴᠠ ᠠᠩᠭᠢᠵᠢᠷᠠᠬᠤ᠂ ᠲᠣᠰᠬᠤᠨ ᠢ ᠶᠠᠳᠠᠭᠤ ᠠᠴᠠ ᠠᠩᠭᠢᠵᠢᠷᠠᠭᠤᠯᠬᠤ᠂ ᠰᠢᠶᠠᠨ ᠢ ᠶᠠᠳᠠᠭᠤ ᠠᠴᠠ ᠠᠩᠭᠢᠵᠢᠷᠠᠭᠤᠯᠬᠤ ᠶᠢ ᠲᠡᠦᠬᠡᠲᠦ ᠴᠢᠨᠠᠷᠲᠠᠶ ᠪᠠᠷ ᠪᠡᠶᠡᠯᠡᠭᠦᠯᠪᠡ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠣᠷᠴᠢᠨ ᠲᠣᠭᠤᠷᠢᠨ ᠤ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ 1 . 24 ᠳ᠋ᠦᠩᠰᠢᠭᠤᠷ ᠲᠥᠭᠦᠷᠢᠭ ᠣᠷᠣᠭᠤᠯᠤᠨ 19 . 7 ᠲᠡᠭᠰᠢ ᠳᠥᠷᠪᠡᠯᠵᠢᠨ ᠺᠢᠯᠣᠮᠧᠲᠷ ᠤᠨ ᠸᠧᠨ ᠭᠧ ᠴᠢ ᠶᠢᠨ ᠠᠭᠤᠷᠬᠠᠶ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠵᠦ᠂ ᠠᠭᠤᠷᠬᠠᠶ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠨ᠎ᠠ᠃ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ 101 ᠠᠵᠤ ᠠᠬᠤᠶᠢᠯᠠᠯ ᠢ ᠢᠯᠭᠠᠷᠠᠭᠤᠯᠤᠨ ᠬᠦᠴᠦᠨ ᠦᠭᠡᠢ ᠪᠣᠯᠭᠠᠪᠠ᠃ ᠭᠤᠣᠯ ᠮᠥᠷᠡᠨ ᠤ ᠳᠠᠷᠤᠭ᠎ᠠ ᠶᠢᠨ ᠳᠦᠷᠢᠮᠲᠦ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠠᠶᠢᠷ ᠴᠢᠯᠠᠭᠤ ᠮᠠᠯᠲᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠳᠠᠯᠳᠠᠭᠤᠷ ᠬᠤᠯᠠᠭᠠᠶᠢᠯᠠᠨ ᠮᠠᠯᠲᠠᠬᠤ ᠳᠤ ᠡᠷᠡᠰ ᠴᠣᠬᠢᠯᠲᠠ ᠥᠭᠭᠦᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ 47 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠡᠳ᠋ ᠤᠨ ᠵᠠᠰᠠᠭ ᠤᠨ ᠠᠵᠢᠯᠯᠠᠭᠠᠨ ᠣᠨᠴᠠᠭᠠᠢ ᠬᠦᠴᠢᠷᠳᠡᠯ ᠲᠠᠢ ᠪᠠᠶᠢᠳᠠᠯ ᠳᠣᠣᠷ᠎ᠠ᠂ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ ᠨᠡᠶᠢᠲᠡ 28 . 83 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠲᠥᠯᠥᠪᠯᠡᠭᠡ ᠠᠴᠠ 13 . 3 ᠵᠠᠭᠤᠨ ᠤ ᠨᠢᠭᠡᠴᠢ ᠳᠠᠪᠠᠭᠤᠯᠵᠤ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠥᠷᠢᠲᠦᠭᠰᠡᠨ ᠵᠣᠭᠤᠰ ᠢ ᠪᠦᠬᠦᠨ ᠢ ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠ ᠳᠤ ᠥᠷᠢᠲᠦᠭᠰᠡᠨ ᠵᠥᠷᠢᠴᠡᠯ ᠦᠭᠡᠢ ᠳᠠᠩᠰᠠᠨ ᠵᠣᠭᠤᠰ ᠢ ᠪᠦᠬᠦᠨ ᠢ ᠲᠥᠯᠥᠵᠦ ᠳᠠᠭᠤᠰᠬᠠᠪᠠ᠃      ᠡᠨᠡ ᠪᠣᠯ ᠠᠵᠤ ᠠᠬᠤᠶ ᠶᠢᠨ ᠨᠡᠮᠡᠭᠳᠡᠯ ᠤᠨ ᠴᠢᠨᠠᠷ ᠰᠠᠶᠢᠲᠠᠶ ᠲᠠᠪᠤᠨ ᠵᠢᠯ ᠪᠣᠯᠤᠨ᠎ᠠ᠂ ᠪᠢᠳᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ ᠯᠠᠪᠳᠠᠭᠤᠨ ᠪᠠᠲᠤᠲᠠᠶ ᠠᠯᠬᠤᠮ ᠢ ᠠᠯᠬᠤᠪᠠ᠃ ᠲᠠᠪᠤᠨ ᠵᠢᠯ ᠤᠨ ᠲᠤᠷᠰᠢ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠯ ᠳᠤᠮᠳᠠᠴᠢ ᠪᠠᠷ 5 . 1 % ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠨᠠᠩ ᠴᠢᠨᠠᠷ ᠴᠢᠨᠰᠠᠭ᠎ᠠ ᠦᠷ᠎ᠡ ᠠᠰᠢᠭ ᠲᠠᠢ ᠪᠣᠯᠪᠠ᠃ ︽ᠨᠢᠭᠡ ᠲᠡᠮᠦᠷ ᠢᠶᠠᠷ ᠭᠤᠣᠯᠯᠠᠭᠤᠯᠬᠤ︾ ᠪᠠᠶᠢᠳᠠᠯ ᠢ ᠬᠤᠪᠢᠷᠠᠭᠤᠯᠵᠤ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ ᠰᠢᠨ᠎ᠡ ᠡᠨᠧᠷᠭᠢ ᠶᠢᠨ ᠵᠢᠷᠭᠤᠭᠠᠨ ᠶᠡᠭᠡ ᠬᠡᠰᠡᠭ ᠢ ᠠᠩᠬ᠎ᠠ ᠠᠯᠬᠤᠮ ᠪᠦᠷᠢᠯᠳᠦᠭᠦᠯᠪᠡ᠃ ᠵᠢᠨᠱᠠᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠤᠷᠤᠭᠰᠠᠨ ᠠᠵᠤ ᠠᠬᠤᠶᠢᠯᠠᠯ 23 ᠪᠠᠶᠢᠭᠰᠠᠨ ᠠᠴᠠ ᠪᠠᠨ ᠨᠡᠮᠡᠭᠳᠡᠭᠡᠳ 38 ᠪᠣᠯᠵᠣ᠂ ᠦᠶᠯᠡᠳᠬᠦᠨ ᠤ ᠪᠥᠬᠦ ᠥᠷᠲᠡᠭ 2016 ᠣᠨ ᠳᠤ 12 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠳᠡᠭᠡᠭᠰᠢᠯᠡᠭᠡᠳ 117 ᠳ᠋ᠦᠩᠰᠢᠭᠤᠷ ᠲᠥᠭᠦᠷᠢᠭ ᠪᠣᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ 11 ᠳᠠᠬᠢᠨ ᠰᠢᠬᠠᠮ ᠨᠡᠮᠡᠭᠳᠡᠪᠡ᠃ ᠳᠣᠷᠣᠨᠠᠳᠠᠬᠢᠨ ᠤ ᠬᠦᠰᠡᠯ᠂ ᠰᠢᠨᠵᠢᠶᠠᠩ ᠤᠨ ᠣᠨᠴᠠ ᠬᠦᠴᠦᠳᠡᠯ ᠥᠭᠡᠷᠡᠴᠢᠯᠡᠬᠦ ᠠᠵᠢᠯᠴᠢᠨ ᠵᠡᠷᠭᠡ ᠳᠤᠮᠳᠠᠳᠤ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠢ ᠣᠷᠣᠭᠤᠯᠤᠨ ᠠᠪᠴᠢᠷᠠᠵᠤ ᠮᠠᠨ ᠤ ᠰᠢᠶᠠᠨ ᠳᠤ ᠪᠡᠯᠡ ᠣᠷᠣᠭᠤᠯᠤᠨ᠎ᠠ᠃ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 24 ᠲᠦᠮᠡᠨ ᠬᠢᠯᠦᠸᠠᠲ ᠪᠠᠶᠢᠭᠰᠠᠨ ᠠᠴᠠ ᠪᠠᠨ 129 . 3 ᠲᠦᠮᠡᠨ ᠬᠢᠯᠦᠸᠠᠲ ᠪᠣᠯᠵᠣ ᠳᠡᠭᠡᠭᠰᠢᠯᠡᠪᠡ᠃ ᠠᠮᠤ ᠪᠤᠳᠠᠭᠠᠨ ᠤ ᠤᠨᠠᠯᠲᠠ ᠭᠤᠷᠪᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ 13 . 8 ᠲᠦᠮᠡᠨ ᠮᠦ ᠠᠴᠠ ᠪᠠᠨ 23 ᠲᠦᠮᠡᠨ ᠮᠦ ᠪᠣᠯᠤᠨ ᠨᠡᠮᠡᠭᠳᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 2 . 23 ᠲᠦᠮᠡᠨ ᠮᠦ ᠠᠴᠠ ᠪᠠᠨ 14 ᠲᠦᠮᠡᠨ ᠮᠦ ᠪᠣᠯᠤᠨ ᠨᠡᠮᠡᠭᠳᠡᠪᠡ᠃ ᠲᠢᠶᠠᠨ ᠹᠧᠩ ᠺᠣᠮᠫᠠᠨᠢ ᠨᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠤᠯᠤᠰ ᠤᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢᠶᠠᠷ ᠦᠨᠡᠯᠡᠭᠳᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠤᠬᠠᠶ ᠶᠢᠨ ᠭᠠᠵᠠᠷ ᠲᠤᠨᠢ ᠤᠯᠠᠷᠢᠭᠤᠯᠬᠤ ᠨᠣᠷᠮ᠎ᠠ ᠨᠢ 65 % ᠳᠤ ᠬᠥᠷᠪᠡ᠃ ᠲᠠᠷᠢᠶᠠᠯᠠᠩ ᠳᠤ ᠬᠤᠯᠪᠣᠭᠳᠠᠭᠰᠠᠨ ᠲᠠᠸᠠᠷ ᠤᠨ ᠲᠡᠮᠳᠡᠭ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠨᠢ ᠲᠣᠰ ᠲᠣᠰ 42 ᠪᠠ 45 ᠬᠤᠪᠢ ᠳᠤ ᠬᠦᠷᠴᠦ᠂ 8 ᠭᠠᠵᠠᠷ ᠵᠦᠶ ᠶᠢᠨ ᠲᠡᠮᠳᠡᠭ ᠤᠨ ᠭᠡᠷᠡᠴᠢᠯᠡᠯ ᠤᠨ ᠲᠠᠸᠠᠷ ᠤᠨ ᠲᠡᠮᠳᠡᠭ ᠨᠢ ᠭᠤᠤᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠢ ᠬᠠᠮᠤᠷᠴᠤ ᠂ ᠭᠦᠶᠡᠩ ᠤᠨ ᠬᠤᠨᠴᠢᠷ᠂ ᠭᠦᠶᠡᠩ ᠤᠨ ᠰᠠᠭᠠᠭ᠂ ᠭᠦᠶᠡᠩ ᠤᠨ ᠬᠤᠨᠢᠨ ᠮᠢᠬ᠎ᠠ ᠨᠢ ᠪᠥᠬᠦ ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠪᠠ᠃ 360 ᠺᠢᠯᠣᠮᠧᠲᠷ ᠤᠨ ᠵᠢᠭᠤᠯᠴᠢᠯᠠᠯ ᠤᠨ ᠵᠠᠰᠠᠮᠠᠯ ᠵᠠᠮ ᠢ ᠪᠠᠶᠢᠭᠤᠯᠤᠨ ᠲᠡᠷᠭᠡ ᠨᠡᠪᠲᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠨᠡᠷᠡᠰ ᠤᠨ ᠵᠢᠭᠰᠠᠭᠠᠯᠲᠠ ᠳᠤ ᠣᠷᠣᠵᠤ᠂ ᠴᠦᠨ ᠺᠦᠨ ᠱᠠᠨ ᠤᠯᠤᠰ ᠤᠨ 4 A ᠲᠠᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠦᠳᠲᠡᠷ ᠲᠦᠷᠭᠡᠨ ᠦᠰᠦᠨ ᠪᠤᠶᠢᠵᠢᠵᠤ᠂ ᠤᠯᠤᠰ ᠠᠴᠠ ᠲᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠢᠷᠠᠭᠤ ᠠᠯᠳᠠᠷ ᠢ ᠬᠦᠷᠲᠡᠪᠡ᠃      ᠡᠨᠡ ᠪᠣᠯ ᠠᠷᠠᠳ ᠣᠯᠠᠨ ᠤ ᠠᠰᠢᠭ ᠭᠥᠷᠳᠡᠭᠰᠡᠨ ᠲᠥᠷᠥᠭᠳᠡᠯ ᠨᠠᠩ ᠴᠢᠩᠭ᠎ᠠ ᠲᠠᠪᠤᠨ ᠵᠢᠯ ᠮᠥᠨ᠂ ᠪᠢᠳᠡ ᠠᠷᠠᠳ ᠲᠦᠮᠡᠨ ᠢᠶᠠᠷ ᠭᠤᠤᠯ ᠪᠣᠯᠭᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠤᠤᠷ ᠢ ᠤᠯᠠᠮ ᠠᠴᠠ ᠤᠯᠠᠮ ᠪᠠᠲᠤ ᠰᠦᠯᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠪᠠ᠃ ᠲᠠᠪᠤᠨ ᠵᠢᠯ ᠤᠨ ᠲᠤᠷᠰᠢ᠂ ᠠᠷᠠᠳ ᠲᠦᠮᠡᠨ ᠢ ᠳᠡᠭᠡᠳᠦᠯᠡᠬᠦ ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠪᠦᠬᠦ ᠰᠢᠶᠠᠨ ᠤ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠳ᠋ ᠤᠨ ᠵᠠᠰᠠᠭ ᠤᠨ ᠵᠠᠷᠤᠯᠭ᠎ᠠ ᠶᠢᠨ 80 % ᠠᠴᠠ ᠳᠡᠭᠡᠭᠰᠢᠬᠢ ᠶᠢ ᠡᠵᠡᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 34309 ᠲᠥᠭᠦᠷᠢᠭ᠂ 16602 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ ᠲᠣᠰ ᠲᠣᠰ 5 . 2 %᠂ 8 . 7 % ᠨᠡᠮᠡᠭᠳᠡᠪᠡ᠃ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠠᠷᠠᠭᠠᠯᠵᠠᠯ ᠤᠨ ᠬᠢᠷᠢ ᠲᠦᠪᠰᠢᠨ ᠵᠢᠯ ᠳᠠᠷᠠᠭᠠᠯᠠᠨ ᠳᠡᠭᠡᠭᠰᠢᠯᠡᠪᠡ᠃ ᠤᠯᠤᠰ ᠤᠨ ᠲᠠᠷᠢᠶᠠᠴᠢᠨ ᠬᠦᠴᠦ ᠶᠠᠪᠤᠭᠰᠠᠳ ᠵᠡᠷᠭᠡ ᠬᠥᠮᠦᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠲᠤᠷᠰᠢᠯᠲᠠ ᠶᠢᠨ ᠴᠢᠭ ᠤᠨ ᠰᠢᠶᠠᠨ ᠳᠤ ᠵᠢᠭᠰᠠᠭᠠᠨ ᠣᠷᠣᠭᠤᠯᠤᠨ᠎ᠠ᠃ 1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠵᠤ᠂ 7 ᠵᠢᠯ ᠳᠠᠷᠠᠭᠠᠯᠠᠨ ᠵᠢᠯ ᠪᠦᠷᠢ 100 ᠲᠦᠮᠡᠨ ᠲᠥᠭᠦᠷᠢᠭ ᠤᠨ ᠪᠠᠯᠠ ᠣᠷᠣᠭᠤᠯᠤᠨ ᠨᠢᠭᠡᠳᠦᠭᠡᠷ ᠹᠷᠣᠨᠲ ᠤᠨ ᠪᠠᠭᠰᠢ ᠶᠢ ᠱᠠᠩᠨᠠᠵᠤ᠂ 5 ︽ᠶᠠᠳᠠᠭᠤ ᠶᠢ ᠲᠡᠳᠬᠦᠬᠦ ᠬᠠᠮᠲᠤ ᠪᠠᠷ ᠪᠥᠲᠥᠭᠡᠨ ᠪᠠᠶᠢᠭᠤᠯᠬᠤ ᠲᠥᠷᠥᠯ ᠵᠦᠶᠯ ᠤᠨ ᠠᠩᠭᠢ︾ ᠶᠢ ᠡᠭᠦᠳᠦᠨ ᠪᠠᠶᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠵᠢᠯ ᠳᠠᠷᠠᠭᠠᠯᠠᠨ ᠳᠡᠭᠡᠭᠰᠢᠯᠡᠵᠦ᠂ ᠭᠠᠳᠠᠷ ᠲᠠᠪᠤᠨ ᠬᠤᠰᠢᠭᠤ ᠰᠢᠶᠠᠨ ᠲᠣᠭᠤᠷᠢᠭ ᠤᠨ ᠡᠮᠦᠨ᠎ᠡ ᠡᠩᠨᠡᠭᠡᠨ ᠳᠤ ᠪᠠᠶᠢᠬᠤ ᠶᠢ ᠢᠮᠠᠭᠲᠠ ᠪᠠᠲᠤᠯᠠᠪᠠ᠃ 3400 ᠲᠦᠮᠡᠨ ᠲᠥᠭᠦᠷᠢᠭ ᠪᠠᠯᠠ ᠣᠷᠣᠭᠤᠯᠵᠤ᠂ ᠴᠥᠮ᠎ᠡ ᠶᠢᠨ ᠰᠣᠷᠢᠨᠵᠢᠨ᠂ CT ᠵᠡᠷᠭᠡ ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠴᠤ᠂ 4400 ᠲᠦᠮᠡᠨ ᠲᠥᠭᠦᠷᠢᠭ ᠪᠠᠯᠠ ᠣᠷᠣᠭᠤᠯᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠪᠦᠬᠦᠨ ᠢ ᠪᠠᠷᠢᠮᠵᠢᠶ᠎ᠠ ᠳᠤ ᠬᠦᠷᠭᠡᠨ᠎ᠡ᠃ 8700 ᠲᠦᠮᠡᠨ ᠲᠥᠭᠦᠷᠢᠭ ᠪᠠᠯᠠ ᠣᠷᠣᠭᠤᠯᠵᠤ ᠰᠢᠶᠠᠨ ᠤ ᠰᠣᠶᠣᠯ ᠤᠷᠠᠯᠢᠭ ᠤᠨ ᠲᠥᠪ ᠢ ᠪᠠᠶᠢᠭᠤᠯᠤᠨ᠂ ᠨᠢᠭᠡ ᠪᠦᠯᠦᠭ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ︽ᠴᠢᠨ ᠹᠤᠩ  ᠭᠦᠶᠠᠩ︾ ᠨᠢ ᠠᠷᠪᠠᠨ ᠶᠡᠭᠡ ᠰᠤᠷᠭᠠᠭᠤᠯᠢ ᠶᠢᠨ ᠳᠠᠭᠤᠤ ᠬᠥᠭᠵᠢᠮ ᠤᠨ ᠪᠦᠲᠦᠭᠡᠯ ᠢᠶᠠᠷ ᠦᠨᠡᠯᠡᠭᠳᠡᠵᠦ᠂ ᠪᠥᠬᠦ ᠤᠯᠤᠰ ᠤᠨ ᠤᠳᠬ᠎ᠠ ᠤᠷᠠᠯᠢᠭ ᠢᠶᠠᠷ ᠶᠠᠳᠠᠭᠤ ᠶᠢ ᠲᠡᠳᠬᠦᠵᠦ ᠴᠢᠨᠡᠭᠡᠯᠢᠭᠵᠢᠭᠦᠯᠬᠦ ᠠᠵᠢᠯᠯᠠᠭᠠᠨ ᠤ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠵᠦ᠂ ᠲᠥᠪ ᠤᠨ ᠤᠬᠠᠭᠤᠯᠬᠤ ᠬᠡᠯᠲᠡᠰ ᠠᠴᠠ ᠪᠥᠬᠦ ᠤᠯᠤᠰ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠤᠷᠰᠢᠯᠲᠠ ᠶᠢᠨ ᠭᠠᠵᠠᠷ ᠣᠷᠣᠨ ᠢᠶᠠᠷ ᠲᠣᠭᠲᠠᠭᠠᠭᠳᠠᠵᠤ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠪᠥᠬᠦ ᠤᠯᠤᠰ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠲᠤᠷᠰᠢᠯᠲᠠ ᠶᠢᠨ ᠭᠠᠵᠠᠷ ᠣᠷᠣᠨ ᠢᠶᠠᠷ ᠵᠢᠭᠰᠠᠭᠠᠭᠳᠠᠪᠠ᠃     ᠡᠨᠡ ᠪᠣᠯ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠤᠷᠢᠳᠤ ᠭᠠᠷᠤᠭ᠎ᠠ ᠥᠬᠡᠶ ᠲᠠᠪᠤᠨ ᠵᠢᠯ ᠮᠥᠨ᠂ ᠪᠢᠳᠡ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠬᠤᠲᠠ ᠬᠥᠳᠡᠭᠡ ᠶᠢᠨ ᠬᠥᠭᠵᠢᠯᠲᠡ ᠶᠢᠨ ᠪᠠᠶᠢᠷᠢᠰᠢᠯ ᠢ ᠳᠠᠬᠢᠨ ᠴᠣᠭᠴᠠᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠪᠠ᠃ ᠲᠠᠪᠤᠨ ᠵᠢᠯ ᠤᠨ ᠲᠤᠷᠰᠢ᠂ ᠬᠥᠮᠦᠨ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠮᠵᠢᠯᠴᠠᠨ ᠠᠬᠢᠭᠤᠯᠬᠤ ᠶᠢ ᠢᠮᠠᠭᠲᠠ ᠪᠠᠷᠢᠮᠲᠠᠯᠠᠵᠤ᠂ ᠠᠭᠤᠰᠤᠯᠴᠠᠭᠰᠠᠨ ᠦᠷ᠎ᠡ ᠪᠦᠲᠦᠮᠵᠢ ᠪᠠᠷ ᠠᠮᠢᠳᠤᠷᠠᠯ ᠤᠨ ᠴᠢᠨᠠᠷ ᠴᠢᠨᠰᠠᠭ᠎ᠠ ᠶᠢᠨ ᠰᠢᠨ᠎ᠡ ᠳᠠᠪᠠᠯᠲᠠ ᠶᠢ ᠴᠢᠷᠮᠠᠶᠢᠨ ᠪᠣᠶ ᠪᠣᠯᠭᠠᠪᠠ᠃ ᠬᠤᠲᠠ ᠶᠢᠨ ᠲᠥᠪ ᠤᠨ ᠨᠤᠷᠠᠬᠤ ᠠᠶᠤᠯᠲᠠᠶ ᠬᠠᠭᠤᠴᠢᠨ ᠪᠠᠶᠢᠰᠢᠩ ᠰᠣᠯᠪᠢᠴᠠᠭᠰᠠᠨ ᠣᠳᠣᠬᠢ ᠪᠠᠶᠢᠳᠠᠯ ᠳᠤ ᠬᠠᠨᠳᠤᠭᠤᠯᠤᠨ᠂ ᠨᠡᠶᠢᠲᠡ 14 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 6000 ᠡᠷᠦᠬᠡ 180 ᠲᠦᠮᠡᠨ ᠲᠡᠭᠰᠢ ᠳᠥᠷᠪᠡᠯᠵᠢᠨ ᠮᠧᠲᠷ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠨᠤᠷᠠᠭᠠᠵᠤ ᠨᠡᠭᠦᠯᠭᠡᠨ ᠥᠭᠡᠷᠡᠴᠢᠯᠡᠨ ᠰᠢᠨᠡᠳᠬᠡᠵᠦ᠂ ᠪᠠᠶᠢᠭᠤᠯᠤᠭᠰᠠᠨ ᠲᠣᠭᠤᠷᠢᠭ ᠤᠨ ᠲᠠᠯᠠᠪᠠᠶ ᠶᠢᠨ ᠲᠠᠪᠤᠨ ᠤ ᠨᠢᠭᠡ ᠰᠢᠬᠠᠮ ᠢ ᠡᠵᠡᠯᠡᠨ᠂ ᠠᠯᠲᠠ ᠶᠡᠭᠡ ᠵᠡᠭᠡᠯᠢ᠂ ᠤᠮᠠᠷᠠᠲᠤ ᠸᠧᠶ ᠶᠡᠭᠡ ᠵᠡᠭᠡᠯᠢ᠂ ᠬᠤᠸᠠᠢ ᠱᠦᠸᠧ ᠶᠡᠭᠡ ᠵᠡᠭᠡᠯᠢ ᠵᠡᠷᠭᠡ ᠬᠤᠲᠠ ᠶᠢᠨ ᠲᠣᠭᠤᠷᠢᠭ ᠤᠨ ᠭᠤᠤᠯ ᠵᠠᠮ ᠢ ᠥᠭᠡᠷᠡᠴᠢᠯᠡᠨ ᠪᠠᠶᠢᠭᠤᠯᠵᠤ ᠰᠢᠨ᠎ᠡ ᠪᠠᠷ ᠪᠠᠶᠢᠭᠤᠯᠤᠨ᠂ ᠮᠤ᠋ ᠯᠠᠨ ᠴᠡᠴᠡᠷᠯᠢᠭ᠂ ᡁᠢ ᠰᠢᠩ ᠴᠡᠴᠡᠷᠯᠢᠭ ᠢ ᠪᠠᠶᠢᠭᠤᠯᠵᠤ᠂ ᠰᠢᠨ᠎ᠡ ᠬᠠᠭᠤᠴᠢᠨ ᠬᠤᠲᠠ ᠶᠢᠨ ᠲᠣᠭᠤᠷᠢᠭ ᠤᠨ ᠠᠭᠤᠰᠤᠯᠴᠠᠨ ᠬᠥᠭᠵᠢᠬᠦ ᠲᠦᠭᠵᠢᠷᠡᠯ ᠢ ᠨᠡᠪᠲᠡᠷᠡᠭᠦᠯᠦᠨ᠂ ᠬᠤᠲᠠ ᠪᠠᠯᠭᠠᠰᠤᠨ ᠤ ᠪᠠᠶᠢᠷᠢᠰᠢᠯ ᠢ ᠨᠠᠩ ᠠᠭᠤᠵᠢᠭᠤ ᠲᠠᠯᠪᠢᠭᠤ ᠪᠣᠯᠭᠠᠪᠠ᠃ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠱᠤᠭᠤᠮ ᠤᠨ ᠪᠦᠷᠬᠦᠴᠡ ᠶᠢᠨ ᠨᠣᠷᠮ᠎ᠠ 74 % ᠪᠠᠶᠢᠭᠰᠠᠨ ᠠᠴᠠ ᠪᠠᠨ ᠨᠡᠮᠡᠭᠳᠡᠭᠡᠳ 90 % ᠪᠣᠯᠵᠣ᠂ ᠲᠥᠪᠯᠡᠷᠡᠩᠭᠦᠶ ᠢᠯᠴᠢ ᠬᠠᠩᠭᠠᠬᠤ ᠨᠣᠷᠮ᠎ᠠ 78 % ᠪᠠᠶᠢᠭᠰᠠᠨ ᠠᠴᠠ ᠪᠠᠨ ᠨᠡᠮᠡᠭᠳᠡᠭᠡᠳ 96 . 4 % ᠪᠣᠯᠵᠣ᠂ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠵᠦᠯᠭᠡ ᠭᠠᠵᠠᠷ ᠤᠨ ᠨᠣᠷᠮ᠎ᠠ 30 . 64 % ᠳᠤ ᠬᠥᠷᠪᠡ᠃ ᠤᠷᠢᠳ ᠬᠤᠵᠢᠳ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠪᠠᠷ ᠦᠨᠡᠯᠡᠭᠳᠡᠪᠡ᠃ ᠨᠡᠶᠢᠲᠡ 37 . 28 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 487 ᠲᠣᠰᠬᠤᠨ ᠤ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠪᠡ᠃ ᠬᠥᠳᠡᠭᠡ ᠲᠣᠰᠬᠤᠨ ᠤ 1 . 85 ᠲᠦᠮᠡᠨ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ 8400 ᠲᠦᠮᠡᠨ ᠲᠥᠭᠦᠷᠢᠭ ᠪᠠᠯᠠ ᠣᠷᠣᠭᠤᠯᠵᠤ᠂ 200 ᠲᠣᠰᠬᠤᠨ ᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠨ᠎ᠠ᠃ ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ 2᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ 10 ᠶᠢ ᠡᠭᠦᠳᠦᠨ ᠪᠠᠶᠢᠭᠤᠯᠪᠠ᠃ 8 . 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠪᠠ ᠵᠡᠭᠡᠯᠢ ᠭᠤᠳᠤᠮᠵᠢ ᠶᠢ 1177  ᠺᠢᠯᠣᠮᠧᠲᠷ ᠬᠠᠲᠠᠭᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃ 22 . 8 ᠳ᠋ᠦᠩᠰᠢᠭᠤᠷ ᠲᠥᠭᠦᠷᠢᠭ ᠪᠠᠯᠠ ᠣᠷᠣᠭᠤᠯᠵᠤ ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠭᠤᠤᠯᠳᠠᠯᠭ᠎ᠠ ᠲᠠᠢ ᠢᠨᠵᠧᠨᠧᠷᠢᠩ ᠢ 181 ᠲᠦᠮᠡᠨ ᠮᠥ ᠬᠡᠷᠡᠭᠵᠢᠭᠦᠯᠵᠦ᠂ ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠨᠢ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠡᠭᠦᠷᠭᠡ ᠶᠢᠨ ᠭᠤᠷᠪᠠᠨ ᠤ ᠨᠢᠭᠡ ᠬᠤᠪᠢ ᠶᠢ ᠡᠵᠡᠯᠡᠵᠦ᠂ ᠢᠨᠵᠧᠨᠧᠷᠢᠩ ᠤᠨ ᠶᠡᠷᠦᠩᠬᠡᠶ ᠡᠭᠦᠷᠭᠡ ᠶᠢᠨ ᠬᠡᠮᠵᠢᠶ᠎ᠡ ᠨᠢ ᠪᠥᠬᠦ ᠤᠯᠤᠰ ᠤᠨ ᠬᠤᠰᠢᠭᠤ ᠰᠢᠶᠠᠨ ᠲᠣᠭᠤᠷᠢᠭ ᠤᠨ ᠨᠢᠭᠡᠳᠦᠭᠡᠷ ᠲᠤ ᠣᠷᠣᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠨᠢ 2016 ᠣᠨ ᠤ ᠬᠢ ᠠᠴᠠ 5 . 9 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ 20 . 99 % ᠳᠤ ᠬᠦᠷᠴᠦ᠂ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠨᠢ ︽ᠪᠥᠬᠦ ᠤᠯᠤᠰ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠠᠮᠲᠤ ᠨᠢᠭᠡᠴᠢ︾ ᠪᠠᠷ ᠦᠨᠡᠯᠡᠭᠳᠡᠪᠡ᠃      ᠡᠨᠡ ᠪᠣᠯ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠲᠠᠪᠤᠨ ᠵᠢᠯ ᠪᠣᠯᠤᠨ᠎ᠠ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠲᠠᠪᠤᠨ ᠵᠢᠯ ᠤᠨ ᠲᠤᠷᠰᠢ᠂ ᠬᠤᠷᠢᠭ᠎ᠠ ᠱᠤᠭᠤᠮ ᠪᠣᠯᠤᠨ ᠥᠨᠳᠥᠷ ᠪᠠᠷᠢᠮᠵᠢᠶ᠎ᠠ ᠶᠢ ᠤᠶᠠᠯᠳᠤᠭᠤᠯᠬᠤ ᠶᠢ ᠢᠮᠠᠭᠲᠠ ᠪᠠᠷᠢᠮᠲᠠᠯᠠᠵᠤ᠂ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠶᠢᠨ ᠬᠠᠮᠲᠤ᠂ ᠵᠠᠰᠠᠭ ᠶᠠᠪᠤᠭᠤᠯᠬᠤ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠪᠡ᠃ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠨ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠰᠢᠨᠲᠠᠷᠠᠰᠢ ᠦᠭᠡᠢ ᠪᠠᠷᠢᠮᠲᠠᠯᠠᠨ᠎ᠠ᠃ ︽ᠵᠠᠰᠠᠭ ᠤᠨ ᠣᠷᠳᠣᠨ ᠤ ᠠᠵᠢᠯ ᠤᠨ ᠲᠦᠷᠢᠮ︾ ᠢ ᠲᠣᠭᠲᠠᠭᠠᠵᠤ᠂ ︽ᠭᠤᠷᠪᠠᠨ ᠴᠢᠬᠤᠯᠠ ᠨᠢᠭᠡ ᠶᠡᠭᠡ︾ ᠬᠠᠮᠲᠤ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠰᠢᠶᠠᠨ ᠤ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠨ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯᠯᠠᠭᠠᠨ ᠢ ᠨᠠᠩ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠣᠯᠭᠠᠪᠠ᠃ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠨᠡᠶᠢᠲᠡᠯᠡᠬᠦ ᠠᠴᠠ ᠡᠮᠦᠨ᠎ᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ  ᠬᠤᠷᠢᠶ᠎ᠡ ᠳᠤ ᠮᠡᠳᠡᠭᠦᠯᠬᠦ ᠲᠦᠷᠢᠮ ᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ 633 ᠬᠤᠪᠢ ᠰᠢᠢᠳᠪᠦᠷᠢᠯᠡᠪᠡ᠃ ᠠᠶᠤᠯ ᠥᠬᠡᠶ ᠦᠶᠯᠡᠳᠪᠦᠷᠢᠯᠡᠯ ᠤᠨ ᠬᠢᠨᠠᠯᠲᠠ ᠲᠠᠯᠪᠢᠭᠴᠢ᠂ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠯᠲᠠ ᠲᠠᠯᠪᠢᠭᠴᠢ᠂ ᠠᠮᠤᠷ ᠢ ᠬᠠᠮᠠᠭᠠᠯᠠᠬᠤ ᠬᠠᠪᠰᠤᠷᠤᠨ ᠬᠠᠮᠢᠶᠠᠷᠤᠭᠴᠢ ᠵᠡᠷᠭᠡ ᠶᠢᠨ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠵᠦ᠂ ᠲᠣᠰᠬᠤᠨ ︵ᠨᠡᠶᠢᠭᠡᠮ ᠲᠣᠭᠤᠷᠢᠭ︶ ᠤ ︽1 + N︾ ᠲᠤᠤᠷᠵᠢᠭᠰᠠᠨ ᠦᠶᠯᠡᠴᠢᠯᠡᠭᠡ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠵᠠᠬᠢᠳᠠᠯ ᠰᠤᠷᠪᠤᠯᠵᠢᠯᠠᠯ ᠤᠨ ᠶᠡᠷᠦᠩᠬᠡᠶ ᠬᠡᠮᠵᠢᠶ᠎ᠡ ᠶᠢ 50 % ᠠᠴᠠ ᠳᠡᠭᠡᠭᠰᠢ ᠪᠠᠷ ᠪᠠᠭᠤᠷᠠᠭᠤᠯᠤᠨ᠂ ᠠᠶᠤᠯ ᠥᠬᠡᠶ ᠦᠶᠯᠡᠳᠪᠦᠷᠢᠯᠡᠯ ᠤᠨ ᠪᠠᠶᠢᠳᠠᠯ ᠢ ᠲᠣᠭᠲᠠᠭᠤᠨ ᠪᠠᠶᠢᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠯᠠᠪᠳᠠᠭᠤᠨ ᠪᠠᠲᠤᠲᠠᠶ ᠥᠷᠨᠢᠭᠦᠯᠦᠨ᠂ ᠠᠮᠤᠷ ᠠᠮᠤᠭᠤᠯᠠᠩ ᠭᠦᠶᠡᠩ ᠤᠨ ᠪᠥᠲᠥᠭᠡᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃ ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠠ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠤᠷᠤᠭᠰᠢᠲᠠᠶ ᠪᠡᠶᠡᠯᠡᠭᠦᠯᠵᠦ᠂ ᠬᠤᠶᠠᠷ ᠢ ᠬᠦᠷᠢᠶᠡᠯᠡᠬᠦ᠂ ᠦᠨᠳᠦᠰᠦᠲᠡᠨ᠂ ᠴᠠᠭ ᠠᠭᠤᠷ᠂ ᠠᠷᠠᠳ ᠤᠨ ᠠᠭᠠᠷ ᠤᠨ ᠰᠡᠷᠭᠡᠶᠢᠯᠡᠯᠲᠡ᠂ ᠳᠠᠩᠰᠠ ᠡᠪᠬᠡᠮᠡᠯ᠂ ᠡᠮᠡᠭᠲᠡᠶᠢᠴᠦᠳ ᠬᠡᠦᠬᠡᠳ᠂ ᠤᠯᠠᠭᠠᠨ ᠵᠠᠭᠠᠯᠮᠠᠶᠢᠲᠠᠨ᠂ ᠵᠡᠮᠳᠡᠭᠴᠦᠳ ᠤᠨ ᠬᠤᠯᠪᠣᠭ᠎ᠠ ᠵᠡᠷᠭᠡ ᠦᠢᠯᠡᠰ ᠰᠢᠨ᠎ᠡ ᠳᠠᠪᠰᠢᠯᠲᠠ ᠲᠠᠢ ᠪᠣᠯᠪᠠ᠃       ᠲᠥᠯᠥᠭᠡᠯᠡᠭᠴᠢᠳ ᠡ᠂ 2020 ᠤᠨ ᠪᠣᠯ ᠪᠠᠰᠠ ᠴᠤ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠪᠢᠳᠡ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶ ᠲᠣᠭᠲᠠᠭᠤᠨ ᠢᠶᠠᠷ ᠨᠡᠮᠡᠭᠳᠡᠵᠦ᠂ ᠨᠡᠶᠢᠭᠡᠮ ᠡᠶ᠎ᠡ ᠵᠣᠬᠢᠴᠠᠩᠭᠤᠶ ᠲᠣᠭᠲᠠᠭᠤᠨ ᠪᠠᠶᠢᠵᠤ᠂ ᠬᠥᠭᠵᠢᠯᠲᠡ ᠵᠢᠱᠢᠯᠲᠡ ᠠᠴᠠ ᠰᠠᠶᠢᠨ ᠪᠣᠯᠪᠠ᠃      ᠨᠢᠭᠡ ᠳᠤ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠡᠷᠭᠡᠶᠢᠯᠡᠨ ᠡᠵᠡᠮᠳᠡᠬᠦ ᠰᠢᠰᠲ᠋ᠧᠮ ᠢ ᠦᠳᠲᠡᠷ ᠲᠦᠷᠭᠡᠨ ᠪᠠᠶᠢᠭᠤᠯᠵᠤ᠂ ᠨᠡᠶᠢᠲᠡ 452 ᠬᠥᠮᠦᠨ ᠢ ᠲᠥᠪᠯᠡᠷᠡᠭᠦᠯᠦᠨ ᠲᠤᠰᠠᠭᠠᠷᠯᠠᠵᠤ᠂ 6 . 3 ᠲᠦᠮᠡᠨ ᠬᠥᠮᠦᠨ ᠤᠳᠠᠭ᠎ᠠ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ 9227 ᠬᠥᠮᠦᠨ ᠤᠳᠠᠭ᠎ᠠ᠂ ᠡᠳ᠋ ᠪᠣᠳᠠᠰ ᠵᠢᠴᠢ ᠣᠷᠴᠢᠨ ᠲᠣᠭᠤᠷᠢᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ 1897 ᠤᠳᠠᠭ᠎ᠠ ᠬᠢᠵᠦ᠂ ᠪᠥᠬᠦ ᠰᠢᠶᠠᠨ ᠳᠤ ᠣᠨᠣᠰᠢᠯᠠᠭᠳᠠᠭᠰᠠᠨ ᠥᠬᠡᠶ᠂ ᠰᠡᠵᠢᠭᠯᠡᠰᠢ ᠥᠬᠡᠶ ᠡᠪᠡᠳᠴᠢᠨ ᠤ ᠵᠢᠱᠢᠶ᠎ᠡ ᠲᠠᠢ ᠪᠠᠶᠢᠬᠤ ᠶᠢ ᠪᠠᠲᠤᠯᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠪᠠᠷᠢᠮᠵᠢᠶ᠎ᠠ ᠶᠢᠨ ᠲᠤᠷᠰᠢᠯᠲᠠ ᠶᠢᠨ ᠲᠠᠰᠤᠭ 2᠂ ᠲᠥᠪᠯᠡᠷᠡᠭᠦᠯᠦᠨ ᠲᠤᠰᠠᠭᠠᠷᠯᠠᠬᠤ ᠴᠡᠭ 1᠂ ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠶᠳᠪᠦᠷᠢᠯᠡᠬᠦ ᠥᠷᠲᠡᠭᠡ 1 ᠶᠢ ᠪᠠᠶᠢᠭᠤᠯᠵᠤ᠂ ᠲᠤᠰᠠᠭᠠᠷᠯᠠᠬᠤ ᠪᠡᠯᠡᠳᠬᠡᠯ ᠪᠠᠭᠤᠳᠠᠯ 6 ᠶᠢ ᠰᠣᠩᠭᠤᠨ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠡᠳ᠋ ᠪᠣᠳᠠᠰ ᠤᠨ ᠨᠥᠭᠡᠴᠡ 30 ᠡᠳᠦᠷ ᠳᠦᠭᠦᠷᠡᠩ ᠳᠠᠭᠠᠭᠠᠴᠠ ᠲᠠᠢ ᠠᠵᠢᠯᠯᠠᠭᠠᠨ ᠤ ᠬᠡᠷᠡᠭᠴᠡᠭᠡ ᠶᠢ ᠬᠠᠩᠭᠠᠵᠤ᠂ ᠭᠤᠤᠯᠳᠠᠯᠭ᠎ᠠ ᠲᠠᠢ ᠬᠥᠮᠦᠰ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠡᠮᠬᠢ ᠵᠢᠷᠤᠮ ᠲᠠᠢ ᠥᠷᠨᠢᠭᠦᠯᠪᠡ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠵᠡᠷᠭᠡ ᠪᠠᠷ ᠰᠠᠶᠢᠲᠤᠷ ᠠᠳᠬᠤᠵᠤ᠂ ᠪᠥᠬᠦ ᠰᠢᠶᠠᠨ ᠳᠤ ᠬᠤᠯᠤᠭᠠᠨ᠎ᠠ ᠶᠢᠨ ᠬᠤᠭᠤᠷᠣᠨᠳᠣ᠂ ᠬᠥᠮᠦᠨ ᠤ ᠬᠤᠭᠤᠷᠣᠨᠳᠣ ᠬᠤᠯᠤᠭᠠᠨ᠎ᠠ ᠶᠢᠨ ᠬᠢᠵᠢᠭ ᠡᠭᠦᠰᠦᠭᠰᠡᠨ ᠥᠬᠡᠶ᠃      ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠣᠯᠤᠨ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ︽ᠡᠭᠦᠳᠡ ᠪᠠᠨ ᠬᠠᠭᠠᠬᠤ ᠥᠬᠡᠶ︾ ᠪᠠᠶᠢᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠢᠯᠡᠨ ᠳᠠᠪᠠᠵᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ︽ᠳᠥᠷᠪᠡ ᠶᠢ ᠲᠠᠶᠠᠭᠳᠠᠬᠤ ᠥᠬᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠶᠠᠳᠠᠭᠤ ᠶᠢ ᠲᠡᠳᠬᠦᠬᠦ ᠪᠠᠯᠠ ᠮᠥᠩᠭᠦ ᠶᠢ 9200 ᠭᠠᠷᠤᠶ ᠲᠦᠮᠡᠨ ᠲᠥᠭᠦᠷᠢᠭ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠪᠡ᠃ ᠦᠯᠡᠳᠡᠭᠰᠡᠨ 6 ᠡᠷᠦᠬᠡ ᠶᠢᠨ 13 ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠵᠤ᠂ 60 ᠡᠷᠦᠬᠡ ᠶᠢᠨ 110 ᠬᠥᠮᠦᠨ ᠳᠤ ᠬᠠᠪᠢᠳᠠᠬᠤ ᠡᠷᠦᠬᠡ ᠪᠠ 36 ᠡᠷᠦᠬᠡ ᠶᠢᠨ 77 ᠬᠥᠮᠦᠨ ᠢ ᠶᠠᠳᠠᠭᠤ ᠠᠴᠠ ᠠᠩᠭᠢᠵᠢᠷᠠᠭᠤᠯᠬᠤ ᠬᠢᠨᠠᠨ ᠬᠡᠮᠵᠢᠯᠲᠡ ᠶᠢᠨ ᠡᠷᠦᠬᠡ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠬᠦᠷᠢᠶ᠎ᠡ ᠬᠡᠪᠴᠢᠶᠡᠨ ᠳᠤ ᠣᠷᠣᠭᠤᠯᠵᠤ᠂ ᠳᠡᠭᠡᠳᠦ ᠱᠠᠲᠤᠨ ᠤ ᠬᠠᠷᠢᠭᠤ ᠲᠤᠰᠬᠠᠯ ᠪᠠ ᠥᠪᠡᠷ ᠢᠶᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠪᠦᠬᠦᠨ ᠢ ᠪᠠᠶᠢᠴᠠᠭᠠᠨ ᠳᠠᠭᠤᠰᠬᠠᠪᠠ᠃ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠪᠠ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠳᠡᠭᠡᠰᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠥᠷᠢ᠂ ᠦᠢᠯᠡᠰ ᠪᠣᠰᠬᠠᠵᠤ ᠠᠵᠢᠯ ᠣᠯᠭᠤᠬᠤ ᠨᠥᠬᠦᠪᠥᠷᠢ ᠂ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠵᠡᠷᠭᠡ 1200 ᠲᠦᠮᠡᠨ ᠲᠥᠭᠦᠷᠢᠭ ᠢ ᠨᠠᠶᠢᠳᠠᠪᠤᠷᠢᠵᠢᠭᠤᠯᠵᠤ᠂ 1525 ᠬᠥᠮᠦᠨ ᠳᠤ ᠠᠵᠢᠯ ᠣᠯᠭᠤᠬᠤ ᠶᠢ ᠠᠬᠢᠭᠤᠯᠵᠤ᠂ 842 ᠬᠥᠮᠦᠨ ᠳᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠤᠨ᠎ᠠ ᠶᠠᠳᠠᠭᠤ ᠬᠦᠴᠢᠷᠳᠡᠯᠲᠡᠶ ᠲᠣᠰᠬᠤᠨ ᠶᠠᠳᠠᠭᠤ ᠬᠦᠴᠢᠷᠳᠡᠯᠲᠡᠶ ᠡᠷᠦᠬᠡ ᠶᠢᠨ ᠲᠠᠷᠢᠶᠠᠯᠠᠩ ᠤᠨ ᠪᠦᠲᠦᠭᠡᠭᠳᠡᠬᠦᠨ ᠤ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ 8 ᠵᠦᠶᠯ ᠤᠨ ᠪᠦᠲᠦᠭᠡᠭᠳᠡᠬᠦᠨ ᠢ ︽ᠪᠥᠬᠦ ᠤᠯᠤᠰ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠪᠦᠲᠦᠭᠡᠭᠳᠡᠬᠦᠨ︾ ᠤ ᠭᠠᠷᠴᠠᠭ ᠲᠤ ᠣᠷᠣᠭᠤᠯᠵᠤ᠂ 7376 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠦᠲᠦᠭᠡᠭᠳᠡᠬᠦᠨ ᠢ ᠪᠣᠷᠣᠯᠠᠭᠤᠯᠪᠠ᠃ ᠶᠢᠨ ᠰᠢᠨ ᠽᠧ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠤᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠰᠢᠶᠠᠨ ᠪᠠᠯᠭᠠᠰᠤ ᠲᠣᠰᠬᠤᠨ ᠤ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢ ᠪᠡᠶᠡᠯᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠨᠢᠭᠡ ᠪᠦᠯᠦᠭ ᠤᠯᠠᠨ ᠲᠦᠮᠡᠨ ᠲᠠᠢ ᠤᠶᠢᠢᠷᠠᠳᠤᠭᠰᠠᠨ᠂ ᠠᠮᠢᠵᠢᠷᠠᠯ ᠤᠨ ᠬᠦᠴᠦᠨ ᠲᠠᠢ ᠲᠤᠷᠰᠢᠯᠭ᠎ᠠ ᠠᠷᠭ᠎ᠠ ᠬᠢᠳᠡᠯ ᠢ ᠪᠦᠷᠢᠯᠳᠦᠭᠦᠯᠵᠡᠢ᠄ ᠲᠣᠭᠤᠷᠢᠭ ᠬᠤᠲᠠ ᠰᠢᠶᠠᠨ ᠪᠠᠯᠭᠠᠰᠤ ᠲᠣᠰᠬᠤᠨ ᠤ ᠡᠯ᠎ᠡ ᠱᠠᠲᠤᠨ ᠤ ᠶᠠᠳᠠᠭᠤ ᠶᠢ ᠲᠡᠳᠬᠦᠬᠦ ᠬᠦᠴᠦᠨ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠡᠷᠦᠬᠡ ᠳᠤ ᠬᠦᠷᠦᠭᠰᠡᠨ ᠠᠵᠤ ᠦᠢᠯᠡᠰ ᠪᠣᠯᠤᠨ ᠡᠳ᠋ ᠬᠦᠷᠦᠩᠭᠡ ᠶᠢᠨ ᠠᠰᠢᠭ ᠣᠷᠣᠯᠭ᠎ᠠ ᠶᠢᠨ ᠲᠦᠷᠦᠯ ᠵᠦᠢᠯ ᠬᠠᠷᠢᠯᠴᠠᠨ ᠨᠥᠬᠦᠪᠥᠷᠢᠯᠡᠵᠦ ᠬᠠᠷᠢᠯᠴᠠᠨ ᠠᠬᠢᠭᠤᠯᠵᠤ᠂ ᠠᠮᠢ ᠠᠬᠤᠢ ᠪᠣᠯᠤᠨ ᠶᠠᠳᠠᠭᠤ ᠶᠢ ᠲᠡᠳᠬᠦᠬᠦ ᠬᠤᠶᠠᠷ ᠲᠠᠯ᠎ᠠ ᠪᠠᠷ ᠠᠰᠢᠭ ᠬᠦᠷᠳᠡᠬᠦ ᠶᠢ ᠬᠠᠮᠲᠤ ᠪᠠᠷ ᠠᠬᠢᠭᠤᠯᠵᠤ᠂ ︽ᠦᠭᠡ ᠶᠠᠷᠢᠬᠤ︾  ᠰᠠᠶᠢᠨ ᠳᠤᠷ᠎ᠠ ᠶᠢᠨ ᠦᠢᠯᠡᠴᠢᠯᠡᠭᠡ ᠪᠣᠯᠤᠨ ︽ᠡᠷᠴᠢ ᠵᠣᠷᠢᠭ ᠤᠶᠤᠨ ᠤᠬᠠᠭᠠᠨ ᠬᠤᠶᠠᠷ ᠲᠠᠯ᠎ᠠ ᠪᠠᠷ ᠲᠡᠳᠬᠦᠬᠦ︾ ᠰᠡᠳᠬᠢᠯ ᠨᠢᠭᠡᠳᠦᠨ ᠬᠦᠴᠦ ᠬᠠᠮᠲᠤᠳᠬᠠᠬᠤ ᠵᠡᠷᠭᠡ ᠪᠣᠯᠤᠨ᠎ᠠ᠃ ᠡᠳᠡᠭᠡᠷ ᠲᠤᠷᠰᠢᠯᠭ᠎ᠠ ᠠᠷᠭ᠎ᠠ ᠬᠢᠳᠡᠯ ᠨᠢ ᠤᠳᠠᠭᠠᠨ ᠳᠠᠭᠠᠭᠠᠮᠠᠭᠠᠢ ︽ᠪᠢᠯᠬᠠᠬᠤ ᠦᠢᠯᠡᠳᠦᠯ︾ ᠭᠠᠷᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠤ ᠰᠠᠭᠤᠷᠢ ᠲᠠᠯᠪᠢᠵᠤ ᠥᠭᠴᠡᠢ᠃ 1 ᠬᠤᠪᠢ ᠬᠥᠮᠦᠨ᠂ 1 ᠬᠠᠮᠲᠤ ᠨᠢᠭᠡᠴᠢ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠬᠥᠬᠢᠭᠦᠯᠦᠨ ᠰᠠᠶᠢᠰᠢᠶᠠᠭᠳᠠᠪᠠ᠃       ᠭᠤᠷᠪᠠ ᠳᠤ ᠨᠡᠮᠡᠭᠳᠡᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠤᠯᠪᠠ᠃ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 4 . 6 % ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ ᠲᠡᠷᠢᠭᠦᠨ ᠳᠤ ᠣᠷᠣᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 6 . 9 % ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ ᠭᠤᠷᠪᠠᠳᠤᠭᠠᠷ ᠲᠤ ᠣᠷᠣᠪᠠ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠴᠢᠩᠭᠠᠷᠠᠪᠠ᠃ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠰᠢᠢᠳᠪᠦᠷᠢᠯᠡᠬᠦ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 4480 ᠲᠦᠮᠡᠨ ᠲᠥᠭᠦᠷᠢᠭ ᠤᠨ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠵᠤ᠂ 1848 ᠲᠦᠮᠡᠨ ᠲᠥᠭᠦᠷᠢᠭ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠠᠰᠤᠵᠤ ᠬᠡᠯᠲᠦᠷᠢᠭᠦᠯᠵᠦ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 6 . 02 ᠳ᠋ᠦᠩᠰᠢᠭᠤᠷ ᠲᠥᠭᠦᠷᠢᠭ ᠪᠠᠭᠤᠷᠠᠭᠤᠯᠪᠠ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠬᠦᠷᠭᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ 4 . 74 ᠳ᠋ᠦᠩᠰᠢᠭᠤᠷ ᠲᠥᠭᠦᠷᠢᠭ ᠴᠢᠷᠮᠠᠶᠢᠨ ᠤᠯᠪᠠ᠃ ᠪᠦᠬᠦ ᠵᠢᠯ ᠳᠤ 923 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ 576 ᠠᠵᠤ ᠠᠬᠤᠶᠢᠯᠠᠯ᠂ 1335 ᠬᠥᠮᠦᠨ ᠳᠤ ᠰᠢᠨ᠎ᠡ ᠪᠠᠷ ᠠᠵᠢᠯ ᠣᠯᠭᠤᠵᠤ᠂ 5792 ᠲᠦᠮᠡᠨ ᠲᠥᠭᠦᠷᠢᠭ ᠤᠨ ᠦᠢᠯᠡᠰ ᠪᠣᠰᠬᠠᠬᠤ ᠵᠢᠭᠡᠯᠡᠯᠭᠡ ᠲᠠᠯᠪᠢᠪᠠ᠃ ᠠᠵᠤ ᠦᠢᠯᠡᠰ ᠤᠨ ᠡᠷᠭᠢᠯᠲᠡ ᠲᠣᠭᠲᠠᠭᠤᠨ ᠤ ᠳᠤᠮᠳᠠ ᠰᠠᠶᠢᠵᠢᠷᠠᠪᠠ᠃ ᠰᠢᠨ ᠾᠧᠩ ᠹᠤᠩ ᠬᠥᠩᠭᠡᠨᠴᠠᠭᠠᠨ ᠴᠠᠬᠢᠯᠭᠠᠨ ᠤ ᠲᠥᠷᠥᠯ ᠵᠦᠶᠯ ᠨᠢ ᠳᠠᠭᠠᠭᠠᠴᠠ ᠳᠦᠭᠦᠷᠡᠩ ᠠᠵᠢᠯᠯᠠᠵᠤ᠂ ᠵᠢᠨᠱᠠᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ 4600 ᠭᠠᠷᠤᠶ ᠠᠵᠢᠯᠴᠢᠨ ᠬᠡᠷᠡᠭᠯᠡᠵᠦ᠂ ᠡᠭᠦᠨ ᠳᠤ 70 % ᠣᠷᠴᠢᠮ ᠨᠢ ᠲᠣᠰ ᠭᠠᠵᠠᠷ ᠤᠨ ᠬᠥᠮᠦᠰ ᠪᠣᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ 25 % ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ ᠨᠢᠭᠡᠳᠦᠭᠡᠷ ᠲᠤ ᠣᠷᠣᠵᠤ᠂ ᠠᠵᠢᠯ ᠢᠶᠠᠨ ᠰᠡᠷᠭᠦᠭᠡᠭᠰᠡᠨ ᠨᠣᠷᠮ᠎ᠠ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠣᠷᠮ᠎ᠠ ᠲᠣᠰ ᠲᠣᠰ 96 . 9 %᠂ 100 % ᠬᠦᠷᠴᠡᠢ᠃ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 78 . 88 ᠳ᠋ᠦᠩᠰᠢᠭᠤᠷ ᠬᠢᠯᠦᠸᠠᠲ ᠴᠠᠭ ᠲᠤ ᠬᠦᠷᠴᠦ᠂ 71 % ᠪᠠᠷ ᠨᠡᠮᠡᠭᠳᠡᠪᠡ᠃ ᠭᠤᠤᠯ ᠪᠣᠯᠬᠤ ᠠᠵᠤ ᠦᠶᠯᠡᠳᠪᠦᠷᠢ ᠶᠢᠨ ᠦᠶᠯᠡᠳᠬᠦᠨ ᠤ ᠭᠠᠷᠤᠯᠲᠠ ᠲᠤᠯᠤᠭᠠᠨ ᠬᠤᠪᠢ ᠰᠢᠬᠠᠮ ᠨᠡᠮᠡᠭᠳᠡᠵᠦ᠂ ᠲᠡᠮᠦᠷ ᠤᠨ ᠨᠠᠷᠢᠯᠢᠭ ᠨᠤᠨᠲᠠᠭ ᠤᠨ ᠭᠠᠷᠤᠯᠲᠠ 61 . 8 % ᠪᠠᠷ ᠨᠡᠮᠡᠭᠳᠡᠵᠦ 342 . 6 ᠲᠦᠮᠡᠨ ᠲᠣᠨ ᠳᠤ ᠬᠦᠷᠴᠦ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠭᠠᠷᠤᠯᠲᠠ 113 . 5 % ᠪᠠᠷ ᠨᠡᠮᠡᠭᠳᠡᠪᠡ᠃ ᠠᠮᠤ ᠪᠤᠳᠠᠭ᠎ᠠ ᠡᠯᠪᠡᠭ ᠬᠤᠷᠢᠶᠠᠯᠲᠠ ᠣᠯᠵᠤ᠂ ᠲᠠᠷᠢᠮᠠᠯ ᠤᠨ ᠲᠠᠯᠠᠪᠠᠢ 170 ᠲᠦᠮᠡᠨ ᠮᠦ ᠳᠤ ᠬᠦᠷᠴᠦ᠂ ᠤᠨᠠᠯᠲᠠ 2 . 2 ᠳ᠋ᠦᠩᠰᠢᠭᠤᠷ ᠵᠢᠩ ᠳᠤ ᠬᠦᠷᠪᠡ᠃ ᠪᠡᠯᠡ ᠣᠷᠣᠭᠤᠯᠤᠯᠲᠠ ᠬᠡᠷᠡᠭᠯᠡᠭᠡᠨ ᠤ ᠪᠦᠲᠦᠴᠡ ᠶᠢ ᠰᠢᠯᠢᠳᠡᠭᠵᠢᠭᠦᠯᠬᠦ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ 30᠂ ᠮᠧᠩ ᠨᠧᠩ ᠤᠨ 10 ᠲᠦᠮᠡᠨ ᠬᠢᠯᠦᠸᠠᠲ ᠤᠨ ᠭᠡᠷᠡᠯᠴᠢ ᠴᠡᠨᠡᠭ ᠤᠨ ᠳᠠᠭᠠᠭᠤᠯᠤᠭᠴᠢ᠂ ᠰᠢ ᠪᠧᠢ ᠪᠠᠷᠢᠯᠭ᠎ᠠ ᠶᠢᠨ ᠮᠠᠰᠢᠨ ᠮᠧᠬᠠᠨᠢᠭ ᠵᠡᠷᠭᠡ 15 ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠶᠡᠷᠭᠦ ᠨᠡᠮᠡᠭᠳᠡᠯ ᠢ ᠠᠬᠢᠭᠤᠯᠪᠠ᠃ ᠠᠵᠤ ᠦᠶᠯᠡᠳᠪᠦᠷᠢ ᠶᠢᠨ ᠪᠡᠯᠡ ᠣᠷᠣᠭᠤᠯᠤᠯᠲᠠ 4 . 8 % ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠪᠦᠬᠦ ᠬᠤᠲᠠ ᠶᠢᠨ ᠠᠵᠤ ᠦᠶᠯᠡᠳᠪᠦᠷᠢ ᠶᠢᠨ ᠪᠡᠯᠡ ᠣᠷᠣᠭᠤᠯᠤᠯᠲᠠ ᠶᠢᠨ 15 % ᠶᠢ ᠡᠵᠡᠯᠡᠪᠡ ᠠᠷᠠᠳ ᠤᠨ ᠪᠠᠯᠠ ᠣᠷᠣᠭᠤᠯᠤᠯᠲᠠ ᠶᠢᠨ ᠬᠤᠪᠢ ᠶᠢᠨ ᠵᠢᠩ ᠵᠢᠷᠭᠤᠭᠠᠨ ᠬᠤᠪᠢ ᠶᠢ ᠳᠠᠪᠠᠵᠤ᠂ ᠠᠷᠠᠳ ᠤᠨ ᠪᠠᠯᠠ ᠣᠷᠣᠭᠤᠯᠤᠯᠲᠠ ᠶᠢᠨ ᠢᠲᠡᠭᠡᠯ ᠴᠢᠩᠭᠠᠷᠠᠪᠠ᠃ ᠦᠶᠯᠡᠴᠢᠯᠡᠭᠡᠨ ᠤ ᠦᠶᠯᠡᠰ ᠲᠣᠭᠲᠠᠭᠤᠨ ᠢᠶᠠᠷ ᠰᠡᠷᠭᠦᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠤ ᠪᠠᠭᠤᠷᠠᠯᠲᠠ ᠶᠢᠨ ᠬᠡᠮᠵᠢᠶ᠎ᠡ ᠲᠦᠷᠦᠭᠦᠦ ᠬᠠᠭᠠᠰ ᠵᠢᠯ ᠤᠨ ᠬᠢ ᠠᠴᠠ 10 . 5 ᠵᠠᠭᠤᠨ ᠤ ᠨᠢᠭᠡᠴᠢ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 5 . 8 % ᠪᠠᠷ ᠪᠠᠭᠤᠷᠠᠪᠠ᠃ ᠰᠢᠨ᠎ᠡ ᠪᠠᠷ ᠮᠠᠨᠳᠤᠭᠰᠠᠨ ᠬᠡᠷᠡᠭᠯᠡᠭᠡ ᠠᠮᠢᠵᠢᠷᠠᠯ ᠤᠨ ᠬᠦᠴᠦᠨ ᠢᠶᠠᠨ ᠢᠯᠡᠷᠡᠭᠦᠯᠵᠦ᠂ 12 ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠨ᠂ ᠨᠡᠶᠢᠲᠡ 200 ᠲᠦᠮᠡᠨ ᠵᠠᠬᠢᠶᠠᠯᠠᠭ᠎ᠠ ᠬᠦᠷᠭᠡᠵᠦ᠂ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 3000 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6 ᠳᠠᠬᠢᠨ ᠨᠡᠮᠡᠭᠳᠡᠪᠡ᠃       ᠲᠦᠷᠪᠡ ᠳᠤ ᠥᠭᠡᠷᠡᠴᠢᠯᠡᠯᠲᠡ ᠨᠡᠭᠡᠭᠡᠯᠳᠡ ᠤᠯᠠᠮ ᠨᠢᠭᠡ ᠠᠯᠬᠤᠮ ᠭᠦᠨᠵᠡᠭᠡᠶᠢᠷᠡᠪᠡ᠃ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠪᠠᠷᠢᠮᠵᠢᠶ᠎ᠠ ᠪᠣᠯᠭᠠᠨ᠎ᠠ᠃ ︽ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠵᠦ᠂ ᠠᠵᠤ ᠠᠬᠤᠶᠢᠯᠠᠯ ᠤᠨ ᠠᠵᠢᠯ ᠬᠡᠷᠡᠭ ᠭᠦᠶᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠴᠢᠩᠭᠠᠷᠠᠭᠤᠯᠬᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠨᠡᠮᠡᠭᠳᠡᠭᠦᠯᠬᠦ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ 97 ᠵᠦᠶᠯ ᠤᠨ ᠪᠣᠳᠠᠲᠠᠶ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ︽ᠨᠢᠭᠡ ᠥᠷᠲᠡᠭᠡ ᠮᠠᠶ᠋ᠢᠭ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ᠂ ᠲᠥᠪᠯᠡᠷᠡᠭᠦᠯᠦᠨ ᠦᠶᠯᠡᠴᠢᠯᠡᠬᠦ︾ ᠶᠢ ᠳᠡᠯᠭᠡᠷᠡᠭᠦᠯᠵᠦ᠂ ᠰᠢᠶᠠᠨ ᠪᠠᠯᠭᠠᠰᠤ ᠲᠣᠰᠬᠤᠨ ︵ᠨᠡᠶᠢᠭᠡᠮ ᠲᠣᠭᠤᠷᠢᠭ︶ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠣᠳᠠᠲᠤ ᠴᠣᠭᠴᠠ ᠶᠢᠨ ᠲᠢᠩᠬᠢᠮ ᠪᠠ ᠳᠠᠭᠠᠭᠠᠴᠢᠯᠠᠵᠤ ᠪᠠᠶᠢᠭ᠎ᠠ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠤᠨ ᠴᠢᠳᠠᠮᠵᠢ ᠪᠡᠯᠡᠳᠬᠡᠮᠵᠢ ᠶᠢ ᠥᠷᠭᠡᠳᠬᠡᠨ᠂ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ ᠥᠭᠡᠷᠡᠴᠢᠯᠡᠯᠲᠡ ᠶᠢ ᠪᠡᠶᠡᠯᠡᠭᠦᠯᠦᠨ᠎ᠡ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮᠵᠢ ᠶᠢ ᠪᠣᠶ ᠪᠣᠯᠭᠠᠵᠤ᠂ ︽ᠳᠠᠷᠦ᠋ᠢᠬᠠᠨ ᠭᠦᠶᠴᠡᠳᠬᠡᠬᠦ᠂ ᠰᠦᠯᠵᠢᠶ᠎ᠡ ᠪᠠᠷ ᠭᠦᠶᠴᠡᠳᠬᠡᠬᠦ᠂ ᠨᠢᠭᠡ ᠯᠡ ᠤᠳᠠᠭ᠎ᠠ ᠳᠤ ᠭᠦᠶᠴᠡᠳᠬᠡᠬᠦ ︾ ᠵᠦᠶᠯᠡᠰ ᠢ ᠲᠣᠰ ᠲᠣᠰ 74 ᠵᠦᠶᠯ᠂ 172 ᠵᠦᠶᠯ᠂ 202 ᠵᠦᠶᠯ ᠳᠤ ᠬᠦᠷᠦᠭᠦᠯᠦᠨ᠎ᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠦᠨᠡᠯᠡᠯᠲᠡ︾ ᠶᠢᠨ ᠲᠦᠷᠢᠮ ᠢ ᠬᠡᠷᠡᠭᠵᠢᠭᠦᠯᠵᠦ᠂ ᠣᠯᠠᠨ ᠲᠦᠮᠡᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠠᠷᠠᠳ ᠤᠨ ᠡᠵᠡᠩᠨᠡᠯᠲᠡ ᠶᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ 1 . 33 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠯᠡᠯᠴᠡᠭᠡᠷ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠡᠶᠡᠯᠡᠭᠦᠯᠦᠭᠰᠡᠨ ᠪᠠᠶᠢᠳᠠᠯ ᠢ ᠡᠮᠬᠢᠯᠡᠨ ᠵᠢᠭᠰᠠᠭᠠᠨ ᠪᠠᠶᠢᠴᠠᠭᠠᠵᠤ᠂ ᠢᠲᠡᠭᠡᠮᠵᠢᠲᠦ ᠵᠢᠭᠡᠯᠡᠯᠭᠡ ᠣᠯᠤᠭᠰᠠᠨ᠂ ᠭᠡᠷ᠎ᠡ ᠶᠢ ᠭᠦᠶᠴᠡᠳᠬᠡᠭᠰᠡᠨ ᠵᠡᠷᠭᠡ ᠲᠦᠪᠡᠭᠲᠡᠶ ᠠᠰᠠᠭᠤᠳᠠᠯ ᠢ ᠬᠦᠴᠦᠯᠡᠨ ᠨᠡᠪᠲᠡᠷᠡᠭᠦᠯᠪᠡ᠃ ᠪᠥᠬᠦ ᠠᠵᠢᠯᠲᠠᠳ ᠬᠥᠳᠡᠯᠦᠯᠴᠡᠵᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠴᠢᠩᠭᠠᠳᠬᠠᠪᠠ᠃ ᠪᠣᠯᠣᠳ ᠲᠡᠮᠦᠷ᠂ ᠬᠥᠩᠭᠡᠨᠴᠠᠭᠠᠨ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ 8 ᠠᠵᠤ ᠦᠶᠯᠡᠰ ᠤᠨ ᠬᠡᠯᠬᠢᠶ᠎ᠡ ᠶᠢᠨ ᠲᠣᠭᠤᠷᠢᠨ ᠳᠤ᠂ ᠠᠵᠤ ᠦᠶᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠵᠢᠷᠤᠭ ᠤᠨ ᠵᠢᠭᠰᠠᠯ ᠢ ᠨᠠᠶᠢᠷᠠᠭᠤᠯᠤᠨ ᠵᠣᠬᠢᠶᠠᠵᠤ᠂ ᠨᠡᠶᠢᠲᠡ 130 ᠭᠠᠷᠤᠶ ᠠᠵᠤ ᠠᠬᠤᠶᠢᠯᠠᠯ ᠲᠠᠢ ᠵᠣᠯᠭᠠᠭᠤᠯᠵᠤ᠂ 23 ᠲᠥᠷᠥᠯ ᠵᠦᠶᠯ ᠳᠤ ᠭᠡᠷ᠎ᠡ ᠲᠣᠭᠲᠠᠵᠤ᠂ ᠵᠥᠪᠳᠡᠯᠴᠡᠬᠡᠷ ᠤᠨ ᠶᠡᠷᠦᠩᠬᠡᠶ ᠪᠠᠯᠠ ᠣᠷᠣᠭᠤᠯᠤᠯᠲᠠ 231 . 1 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠳᠣᠲᠣᠭᠠᠳᠤ ᠭᠠᠳᠠᠭᠠᠳᠤ ᠠᠴᠠ 11 . 64 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠣᠷᠣᠭᠤᠯᠤᠨ ᠠᠪᠴᠢᠷᠠᠵᠤ᠂ ᠬᠠᠮᠢᠶ᠎ᠠ ᠪᠥᠬᠦᠶ ᠡᠮᠦᠨᠡᠬᠢ ᠬᠤᠭᠤᠴᠠᠭᠠᠨ ᠤ ᠠᠵᠢᠯ ᠢ ᠨᠢᠭᠡᠨᠲᠡ ᠥᠷᠨᠢᠭᠦᠯᠪᠡ᠃       ᠲᠠᠪᠤ ᠳᠤ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠪᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠪᠠᠲᠤᠯᠠᠭᠰᠠᠨ ᠠᠷᠠᠳ ᠤᠨ ᠠᠮᠢᠳᠤᠷᠠᠯ ᠤᠨ 5 ᠪᠣᠳᠠᠲᠤ ᠶᠠᠪᠤᠳᠠᠯ ᠤᠨ ᠲᠥᠷᠥᠯ ᠵᠦᠶᠯ ᠢ ᠪᠦᠬᠦᠨ ᠢ ᠭᠦᠶᠴᠡᠳᠬᠡᠵᠦ ᠳᠠᠭᠤᠰᠬᠠᠨ᠂ 1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠢᠯᠴᠢ ᠴᠠᠬᠢᠯᠭᠠᠨ ᠤ ᠬᠤᠯᠪᠣᠭᠠᠯᠠᠨ ᠦᠶᠯᠡᠳᠪᠦᠷᠢᠯᠡᠵᠦ ᠢᠯᠴᠢ ᠬᠠᠩᠭᠠᠬᠤ ᠲᠥᠷᠥᠯ ᠵᠦᠶᠯ ᠢ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠵᠤ᠂ ᠳᠤᠯᠠᠭᠠᠯᠠᠭ᠎ᠠ ᠶᠢ ᠨᠠᠩ ᠲᠣᠭᠲᠠᠭᠤᠨ᠂ ᠣᠷᠴᠢᠨ ᠲᠣᠭᠤᠷᠢᠨ ᠤ ᠬᠠᠮᠠᠭᠠᠯᠠᠯᠲᠠ᠂ ᠢᠯᠴᠢ ᠶᠢᠨ ᠠᠰᠢᠭᠯᠠᠮᠵᠢ ᠨᠠᠩ ᠰᠠᠶᠢᠨ᠂ ᠳᠤᠯᠠᠭᠠᠯᠠᠭ᠎ᠠ ᠶᠢᠨ ᠰᠦᠶᠳᠬᠡᠯ ᠢ ᠲᠡᠭᠰᠢ ᠳᠥᠷᠪᠡᠯᠵᠢᠨ ᠮᠧᠲᠷ ᠪᠦᠷᠢ ᠳᠤ 0 . 7 ᠲᠥᠭᠦᠷᠢᠭ ᠪᠠᠭᠤᠷᠠᠭᠤᠯᠵᠤ᠂ ᠣᠯᠠᠨ ᠲᠦᠮᠡᠨ ᠤ ᠳᠠᠷᠤᠭᠠᠰᠤ ᠶᠢ 838 ᠲᠦᠮᠡᠨ ᠲᠥᠭᠦᠷᠢᠭ ᠬᠥᠩᠭᠡᠯᠡᠪᠡ 9464 ᠲᠦᠮᠡᠨ ᠲᠥᠭᠦᠷᠢᠭ ᠤᠨ ᠪᠠᠯᠠ ᠣᠷᠣᠭᠤᠯᠤᠭᠰᠠᠨ 8 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠶᠯ ᠨᠢ 6500 ᠲᠠᠷᠢᠶᠠᠴᠢᠨ ᠡᠷᠦᠬᠡ ᠳᠤ ᠠᠰᠢᠭ ᠬᠦᠷᠲᠡᠭᠡᠪᠡ 5369 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠰᠢᠩ ᠱᠦᠨ ᠰᠢ ᠠᠴᠠ ᠸᠠᠩ ᠷᠦ᠋ ᠳ᠋ᠢ ᠬᠦᠷᠬᠦ ᠵᠠᠰᠠᠮᠠᠯ ᠵᠠᠮ ᠤᠨ ᠲᠥᠷᠥᠯ ᠵᠦᠢᠯ ᠪᠠᠶᠢᠭᠤᠯᠤᠭᠳᠠᠵᠤ ᠲᠡᠷᠭᠡ ᠨᠡᠪᠲᠡᠷᠡᠪᠡ 7100 ᠲᠦᠮᠡᠨ ᠲᠥᠭᠦᠷᠢᠭ ᠪᠠᠯᠠ ᠣᠷᠣᠭᠤᠯᠵᠤ᠂ ᠡᠳ᠋ ᠬᠥᠷᠥᠩᠭᠡ ᠶᠢᠨ ᠠᠰᠢᠭ ᠣᠷᠣᠯᠭ᠎ᠠ᠂ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ᠂ ᠡᠷᠦᠬᠡ ᠳᠤ ᠬᠦᠷᠦᠭᠰᠡᠨ ᠠᠵᠤ ᠦᠶᠯᠡᠰ ᠵᠡᠷᠭᠡ ᠲᠦᠢᠯ ᠤᠨ ᠣᠨᠣᠪᠴᠢᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠥᠷᠥᠯ ᠵᠦᠶᠯ ᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠬᠦᠴᠦᠲᠡᠶ ᠪᠠᠲᠤᠯᠠᠪᠠ 2340 ᠲᠦᠮᠡᠨ ᠲᠥᠭᠦᠷᠢᠭ ᠤᠨ ᠪᠡᠯᠡ ᠣᠷᠣᠭᠤᠯᠵᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ 478 ᠠᠶᠢᠯ ᠲᠣᠰᠬᠤᠨ ᠬᠤᠭ ᠨᠣᠪᠰᠢ ᠰᠢᠶᠳᠪᠦᠷᠢᠯᠡᠬᠦ ᠴᠢᠳᠠᠪᠤᠷᠢ ᠲᠠᠢ ᠪᠣᠯᠵᠤ᠂ 200 ᠵᠢᠱᠢᠶ᠎ᠡ ᠦᠵᠡᠭᠦᠯᠬᠦ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠨᠣᠷᠮ᠎ᠠ ᠶᠢ 100 % ᠳᠤ ᠬᠦᠷᠦᠭᠦᠯᠦᠨ᠎ᠡ᠃ ︽ᠭᠤᠶᠤ ᠰᠠᠶᠢᠬᠠᠨ ᠬᠦᠷᠢᠶ᠎ᠡ ᠬᠠᠰᠢᠶ᠎ᠠ︾ ᠶᠢᠨ ᠵᠢᠱᠢᠶ᠎ᠡ ᠦᠵᠡᠭᠦᠯᠬᠦ ᠡᠷᠦᠬᠡ 1100 ᠶᠢ ᠰᠣᠩᠭᠤᠨ ᠪᠤᠢ ᠪᠣᠯᠭᠠᠵᠤ᠂ ᠸᠠᠨ ᠱᠧᠩ ᠬᠤᠤ ᠲᠣᠰᠬᠤᠨ ︽ᠪᠦᠬᠦ ᠤᠯᠤᠰ ᠠᠴᠠ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ︾ ᠢᠶᠠᠷ ᠦᠨᠡᠯᠡᠭᠳᠡᠪᠡ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠴᠢᠳᠠᠪᠤᠷᠢ ᠳᠡᠭᠡᠭᠰᠢᠯᠡᠪᠡ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ 2500 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠭᠦᠶᠡᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠰᠢᠨ᠎ᠡ ᠬᠤᠲᠠ ᠲᠣᠭᠤᠷᠢᠭ ᠤᠨ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠰᠠᠷ᠂ ᠳᠣᠯᠣᠳᠤᠭᠠᠷ ᠬᠡᠦᠬᠡᠳ ᠤᠨ ᠴᠡᠴᠡᠷᠯᠢᠭ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠠᠩᠭᠢ ᠶᠢᠨ ᠰᠦᠯᠵᠢᠶᠡᠨ ᠳᠤ ᠭᠠᠷᠬᠤ ᠬᠥᠮᠦᠨ ᠤ ᠲᠤᠭ᠎ᠠ ᠶᠢ 20 % ᠪᠠᠷ ᠨᠡᠮᠡᠭᠳᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ 10 ᠵᠢᠯ ᠳᠠᠷᠠᠭᠠᠯᠠᠨ ᠪᠦᠬᠦ ᠬᠤᠲᠠ ᠶᠢᠨ ᠠᠵᠢᠯ ᠮᠡᠷᠭᠡᠵᠢᠯ ᠤᠨ ᠲᠥᠷᠥᠯ ᠤᠨ ᠰᠤᠷᠭᠠᠭᠤᠯᠢ ᠳᠤ ᠲᠡᠷᠢᠭᠦᠯᠡᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠰᠢᠰᠲ᠋ᠧᠮᠵᠢ ᠲᠠᠰᠤᠷᠠᠯᠲᠠ ᠥᠬᠡᠶ ᠲᠡᠭᠦᠯᠳᠡᠷᠵᠢᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ 91 . 4 % ᠳᠤ ᠬᠦᠷᠴᠦ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠨᠣᠷᠮ᠎ᠠ 56 . 1 % ᠳᠤ ᠬᠥᠷᠪᠡ᠃ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠨᠠᠶᠢᠷ᠂ ᠰᠣᠶᠣᠯ ᠢ ᠦᠨᠳᠦᠰᠦᠨ ᠱᠠᠲᠤᠨ ᠳᠤ ᠬᠦᠷᠭᠡᠬᠦ ᠵᠡᠷᠭᠡ ᠠᠵᠢᠯᠯᠠᠭ᠎ᠠ ᠶᠢ 140 ᠭᠠᠷᠤᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠪᠡ᠃ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ᠃ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠦᠯᠡᠳᠡᠭᠳᠡᠯ ᠵᠦᠢᠯᠡᠰ ᠤᠨ ︽ᠦᠨᠡᠮᠯᠡᠯ ᠠᠪᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠶᠡᠭᠡ ᠬᠦᠴᠦ ᠣᠷᠣᠭᠤᠯᠤᠨ ᠰᠢᠢᠳᠪᠦᠷᠢᠯᠡᠵᠦ᠂ 23 ᠵᠢᠵᠢᠭ ᠲᠣᠭᠤᠷᠢᠭ ᠤᠨ 9894 ᠢᠵᠢ ᠣᠷᠣᠨ ᠰᠠᠭᠤᠴᠠ ᠶᠢᠨ ᠦᠯᠦ ᠬᠥᠳᠡᠯᠬᠦ ᠬᠦᠷᠦᠩᠭᠡ ᠶᠢᠨ ᠡᠷᠬᠡ ᠶᠢ ᠠᠩᠬ᠎ᠠ ᠤᠳᠠᠭ᠎ᠠ ᠳᠠᠩᠰᠠᠯᠠᠭᠤᠯᠤᠨ ᠭᠦᠢᠴᠡᠳᠬᠡᠬᠦ ᠠᠵᠢᠯ ᠢ ᠪᠡᠶᠡᠯᠡᠭᠦᠯᠵᠦ ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠣᠭᠠᠯᠠᠨ ᠡᠷᠦᠭᠡ ᠬᠤᠪᠢᠶᠠᠨ ᠭᠦᠢᠴᠡᠳᠬᠡᠬᠦ ᠵᠠᠮ ᠢ ᠨᠡᠪᠲᠡᠷᠡᠭᠦᠯᠵᠦ᠂ ᠪᠦᠬᠦ ᠰᠢᠶᠠᠨ ᠤ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠦᠯᠡᠳᠡᠭᠳᠡᠯ ᠵᠦᠢᠯᠡᠰ ᠤᠨ 60 . 6 % ᠶᠢ ᠡᠵᠡᠯᠡᠪᠡ᠃ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠢᠳᠡᠪᠬᠢᠲᠡᠢ ᠪᠠᠷ ᠰᠢᠢᠳᠪᠦᠷᠢᠯᠡᠵᠦ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 91 . 2 % ᠲᠤ ᠬᠦᠷᠴᠦ᠂ ᠪᠡᠭᠡᠵᠢᠩ ᠳᠤ ᠣᠷᠣᠵᠤ ᠲᠣᠭᠤᠷᠢᠭ ᠲᠤ ᠬᠦᠷᠴᠦ ᠬᠤᠲᠠ ᠳᠤ ᠬᠦᠷᠴᠦ ᠳᠡᠭᠡᠭᠰᠢ ᠰᠤᠷᠪᠤᠯᠵᠢᠯᠠᠭᠰᠠᠨ ᠬᠥᠮᠦᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 13 . 8 % ᠪᠠᠷ ᠪᠠᠭᠤᠷᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠲᠡᠭᠦᠰ ᠠᠮᠵᠢᠯᠲᠠ ᠲᠠᠢ ᠰᠡᠭᠦᠯ ᠬᠤᠷᠢᠶᠠᠵᠤ᠂ ᠠᠯᠢ ᠣᠯᠠᠨ ᠲᠣᠭᠲᠠᠴᠠ ᠶᠢᠨ ᠴᠢᠨᠠᠷᠲᠠᠶ ᠦᠷ᠎ᠡ ᠪᠦᠲᠦᠭᠡᠯ ᠢ ᠪᠦᠷᠢᠯᠳᠦᠭᠦᠯᠪᠡ ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠲᠠᠰᠤᠷᠠᠯᠳᠠ ᠥᠭᠡᠢ ᠳᠡᠭᠡᠭᠰᠢᠯᠡᠭᠦᠯᠵᠦ᠂ ᠬᠥᠮᠦᠨ ᠤ ᠬᠦᠴᠦ ᠪᠠᠷ ᠪᠣᠷᠣᠭᠠᠨ ᠣᠷᠣᠭᠤᠯᠵᠤ ᠮᠥᠨᠳᠥᠷ  ᠢ ᠰᠡᠷᠭᠡᠶᠢᠯᠡᠬᠦ ᠠᠵᠢᠯ ᠢ ᠴᠢᠩᠭᠠᠷᠠᠭᠤᠯᠤᠨ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ  ᠴᠢᠩᠭᠠᠳᠬᠠᠵᠤ ᠂ ᠨᠡᠭᠦᠷᠡᠰᠦᠨ ᠠᠭᠤᠷᠬᠠᠢ ᠶᠢᠨ ᠪᠤᠰᠤ ᠠᠭᠤᠯᠠ᠂ ᠪᠠᠷᠢᠯᠭ᠎ᠠ ᠶᠢᠨ ᠠᠵᠢᠯ ᠵᠡᠷᠭᠡ ᠬᠦᠷᠢᠶᠡᠨ ᠤ ᠠᠶᠤᠯ ᠥᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠦᠨ᠂ ᠠᠶᠤᠯ ᠥᠭᠡᠢ ᠦᠢᠯᠡᠳᠪᠦᠷᠢᠯᠡᠯ ᠤᠨ ᠠᠳᠡᠯ  ᠢ  12.5 % ᠪᠠᠷ ᠪᠠᠭᠤᠷᠠᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠶᠢᠨ ᠬᠤᠤ ᠲᠣᠰᠬᠤᠨ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠰᠬᠤᠨ︾ ᠢᠶᠠᠷ ᠦᠨᠡᠯᠡᠭᠳᠡᠵᠦ᠂ 6 ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠪᠠ᠃       ᠲᠥᠯᠥᠭᠡᠯᠡᠭᠴᠢᠳ ᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠨᠢ ᠦᠨᠡᠬᠡᠷ ᠬᠢᠯᠪᠠᠷ ᠪᠤᠰᠤ ᠶᠤᠮ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠰᠢᠶᠠᠨ ᠤ ᠨᠠᠮ ᠤᠨ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠮᠥᠨ᠂ ᠪᠦᠬᠦ ᠰᠢᠶᠠᠨ ᠤ ᠺᠠᠳ᠋ᠷ ᠤᠯᠠᠨ ᠲᠦᠮᠡᠨ ᠤ ᠪᠣᠭᠤᠮᠲᠠ ᠰᠢᠪᠲᠤᠯᠤᠭᠰᠠᠨ ᠤ ᠦᠷ᠎ᠡ ᠳ᠋ᠦᠩ ᠮᠥᠨ᠃ ᠠᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠭᠦᠶᠡᠩ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠨᠠᠶᠢᠵᠠ ᠨᠠᠷ᠂ ᠨᠢᠭᠡᠳᠦᠭᠡᠷ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠶᠠᠳᠠᠭᠤ ᠶᠢ ᠲᠡᠳᠬᠦᠬᠦ ᠺᠠᠳ᠋ᠷ ᠪᠠ ᠬᠢᠵᠢᠭ ᠲᠠᠢ ᠲᠡᠮᠡᠴᠡᠵᠦ ᠪᠠᠶᠢᠭ᠎ᠠ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕       ᠠᠮᠵᠢᠯᠲᠠ ᠪᠠᠨ ᠨᠤᠲᠠᠯᠠᠬᠤ ᠶᠢᠨ ᠬᠠᠮᠲᠤ᠂ ᠲᠣᠭᠲᠠᠭᠤᠨ ᠢᠶᠠᠷ ᠨᠡᠮᠡᠭᠳᠡᠭᠦᠯᠬᠦ ᠰᠠᠭᠤᠷᠢ ᠬᠠᠷᠠᠬᠠᠨ ᠪᠠᠲᠤ ᠪᠠᠬᠢ ᠪᠢᠰᠢ᠂ ᠭᠤᠣᠯᠯᠠᠭᠴᠢ ᠠᠵᠤ ᠠᠬᠤᠶᠢᠯᠠᠯ ᠴᠥᠭᠡᠨ᠂ ᠤᠯᠠᠮᠵᠢᠯᠠᠯᠲᠤ ᠠᠵᠤ ᠦᠢᠯᠡᠰ ᠡᠨᠧᠷᠭᠢ ᠶᠢᠨ ᠬᠤᠷᠣᠭᠳᠠᠯ ᠪᠣᠯᠤᠨ ᠣᠷᠴᠢᠨ ᠲᠣᠭᠤᠷᠢᠨ ᠤ ᠪᠠᠭᠲᠠᠭᠠᠮᠵᠢ ᠶᠢᠨ ᠬᠢᠵᠠᠭᠠᠷᠯᠠᠯ ᠳᠤ ᠤᠴᠠᠷᠠᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠤᠪᠢ ᠶᠢᠨ ᠵᠢᠩ ᠳᠣᠣᠷ᠎ᠠ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠤᠨ ᠡᠭᠦᠷᠭᠡ ᠬᠦᠨᠳᠦ ᠵᠠᠮ ᠬᠤᠯᠠ ᠪᠠᠶᠢᠬᠤ ᠶᠢ ᠡᠷᠬᠡᠪᠰᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡ ᠳᠤ ᠳᠤᠲᠠᠭᠤᠳᠠᠯ ᠣᠷᠣᠰᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠳᠤ ᠦᠷᠭᠦᠯᠵᠢᠯᠡᠨ ᠬᠦᠴᠦᠯᠡᠬᠦ ᠴᠢᠬᠤᠯᠠᠲᠠᠢ ᠪᠠᠶᠢᠨ᠎ᠠ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠯᠡ  ᠳᠣᠪᠣᠶᠢᠮ᠎ᠠ ᠪᠠᠶᠢᠵᠤ᠂ ᠤᠯᠠᠮᠵᠢᠯᠠᠯᠲᠤ ᠡᠳ᠋ ᠤᠨ ᠬᠦᠴᠦᠨ ᠤ ᠲᠤᠬᠢᠷᠠᠭᠤᠯᠤᠯᠳᠠ ᠶᠢᠨ ᠣᠷᠣᠨ ᠵᠠᠢ ᠪᠠᠭᠠᠰᠴᠤ᠂ ᠡᠳ᠋ ᠤᠨ ᠬᠦᠴᠦᠨ ᠤ ᠨᠡᠮᠡᠭᠳᠡᠯ ᠤᠨ ᠰᠢᠨ᠎ᠡ ᠴᠡᠭ ᠢ ᠬᠠᠷᠠᠬᠠᠨ ᠪᠤᠶᠢᠵᠢᠭᠤᠯᠵᠤ᠂ ︽ᠭᠤᠷᠪᠠ ᠶᠢ ᠪᠠᠲᠤᠯᠠᠬᠤ︾ ᠳᠠᠷᠤᠯᠲᠠ ᠯᠤᠲᠤ ᠶᠡᠭᠡ ᠪᠠᠶᠢᠵᠤ᠂ ᠡᠳ᠋ ᠤᠨ ᠵᠠᠰᠠᠭ ᠤᠨ ᠲᠤᠬᠢᠷᠠᠭᠤᠯᠤᠯᠳᠠ ᠶᠢᠨ ᠣᠷᠣᠨ ᠵᠠᠢ ᠪᠠᠭᠠᠰᠴᠠᠢ ᠡᠯ᠎ᠡ ᠲᠥᠷᠥᠯ ᠤᠨ ᠲᠥᠷᠥᠯᠬᠢ ᠠᠶᠤᠯ ᠲᠦᠭᠰᠢᠭᠦᠷᠢ ᠪᠣᠯᠤᠨ ᠡᠭᠦᠰᠦᠮᠡᠯ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠮᠡᠳᠡᠨ᠎ᠡ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠣᠮᠲᠣᠭᠠᠶᠢᠯᠠᠵᠤ ᠪᠣᠯᠬᠤ ᠥᠬᠡᠶ ᠪᠥᠬᠦ ᠤᠯᠤᠰ ᠤᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠬᠠᠷᠠᠯᠲᠠ ᠠᠴᠠ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠵᠠᠰᠠᠭ ᠤᠨ ᠣᠷᠳᠣᠨ ᠤ ᠠᠯᠪᠠᠨ ᠲᠤᠰᠢᠶᠠᠯᠲᠠᠨ ᠤ ᠣᠶᠢᠯᠠᠭᠠᠭᠳᠠᠬᠤᠨ ᠢ ᠰᠢᠨᠡᠳᠬᠡᠭᠰᠡᠨ ᠢᠶᠠᠷ ᠬᠦᠷᠦᠯᠴᠡᠬᠦ ᠥᠬᠡᠶ᠂ ᠲᠤᠰᠬᠠᠶᠢᠵᠢᠭᠰᠠᠨ᠂ ᠨᠠᠷᠢᠯᠢᠬᠵᠢᠭᠤᠯᠤᠭᠰᠠᠨ ᠬᠡᠮᠵᠢᠶ᠎ᠡ ᠪᠠᠷ ᠬᠦᠷᠦᠯᠴᠡᠬᠦ ᠥᠬᠡᠶ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠭᠦᠨ ᠢ ᠪᠢᠳᠡ ᠡᠷᠬᠡᠪᠰᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠬᠦᠴᠦᠲᠡᠢ ᠠᠷᠭ᠎ᠠ  ᠬᠡᠮᠵᠢᠶ᠎ᠡ ᠠᠪᠴᠤ ᠪᠠᠶᠢᠭᠠᠳ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃             ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ           ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ       ᠲᠥᠯᠥᠭᠡᠯᠡᠭᠴᠢᠳ ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ ᠪᠦᠬᠦ ᠲᠠᠯ᠎ᠠ ᠪᠠᠷ ᠡᠬᠢᠯᠡᠭᠦᠯᠬᠦ ᠠᠩᠬᠠᠳᠤᠭᠠᠷ ᠲᠠᠪᠤᠨ ᠵᠢᠯ ᠮᠥᠨ᠂ ᠪᠠᠰᠠ ᠴᠤ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠨ᠎ᠡ ᠭᠠᠷᠤᠭ᠎ᠠ ᠳᠡᠭᠡᠷ᠎ᠡ ᠦᠷ᠎ᠡ ᠪᠦᠲᠦᠭᠡᠯ ᠢᠶᠠᠨ ᠪᠠᠬᠢᠵᠢᠭᠦᠯᠦᠨ ᠳᠠᠬᠢᠨ ᠮᠣᠷᠳᠠᠵᠤ᠂ ᠰᠢᠨ᠎ᠡ ᠨᠢᠭᠡ ᠡᠭᠡᠯᠵᠢ ᠶᠢᠨ ᠬᠥᠭᠵᠢᠯᠲᠡ ᠶᠢᠨ ᠥᠷᠢᠰᠥᠯᠳᠦᠭᠡᠨ ᠤ ᠳᠤᠮᠳᠠ ᠵᠣᠷᠢᠭ ᠰᠠᠨᠠᠭ᠎ᠠ ᠪᠠᠨ ᠬᠥᠪᠴᠢᠯᠡᠨ ᠳᠠᠬᠢᠨ ᠬᠥᠭᠡᠭᠡᠵᠦ ᠭᠦᠢᠴᠡᠨ ᠳᠠᠪᠠᠵᠤ ᠭᠠᠷᠬᠤ ᠲᠠᠪᠤᠨ ᠵᠢᠯ ᠮᠥᠨ᠃       ᠶᠡᠷᠦᠩᠬᠡᠶᠢᠯᠡᠨ ᠰᠤᠳᠤᠯᠤᠨ ᠮᠠᠭᠠᠳᠯᠠᠬᠤ᠂ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠮᠠᠨ ᠤ ᠰᠢᠶᠠᠨ ᠮᠥᠨ ᠯᠡ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ ᠪᠠᠶᠢᠨ᠎ᠠ᠂ ᠡᠯ᠎ᠡ ᠵᠦᠶᠯ ᠤᠨ ᠰᠢᠨ᠎ᠡ ᠢᠳᠡᠪᠬᠢ ᠬᠦᠴᠦᠨ ᠵᠦᠶᠯ ᠲᠦᠷᠭᠡᠨ ᠲᠥᠪᠯᠡᠷᠡᠪᠡ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠬᠤ᠂ ᠤᠯᠤᠰ ᠤᠨ ᠭᠠᠳᠠᠭᠠᠳᠤ ᠳᠣᠲᠣᠭᠠᠳᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠪᠠ᠂ ᠰᠢᠨ᠎ᠡ ᠨᠢᠭᠡ ᠡᠭᠡᠯᠵᠢ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠵᠡᠷᠭᠡ ᠣᠷᠣᠨ ᠪᠦᠰᠡ ᠶᠢᠨ ᠵᠣᠬᠢᠴᠠᠭᠤᠯᠭ᠎ᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠪᠡ᠂ ᠠᠵᠤ ᠦᠶᠯᠡᠰ ᠤᠨ ᠤᠯᠤᠰ ᠤᠨ ᠳᠣᠲᠣᠭᠠᠳᠤ ᠳᠤ ᠡᠮᠬᠢ ᠵᠢᠷᠤᠮ ᠲᠠᠢ ᠪᠠᠷ ᠰᠢᠯᠵᠢᠬᠦ ᠶᠢ ᠠᠬᠢᠭᠤᠯᠤᠨ᠎ᠠ᠂ ᠣᠷᠣᠨ ᠪᠦᠰᠡ ᠶᠢᠨ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠵᠡᠷᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠠᠬᠢᠭᠤᠯᠪᠠ᠂ ᠬᠥᠭᠵᠢᠭᠰᠡᠨ ᠭᠠᠵᠠᠷ ᠣᠷᠣᠨ ᠪᠣᠯᠤᠨ ᠬᠥᠭᠵᠢᠭᠡᠳᠦᠶ ᠭᠠᠵᠠᠷ ᠣᠷᠣᠨ ᠤ ᠬᠠᠮᠲᠤ ᠶᠢᠨ ᠬᠥᠭᠵᠢᠯᠲᠡ ᠶᠢ ᠨᠠᠩ ᠰᠠᠶᠢᠲᠤᠷ ᠠᠬᠢᠭᠤᠯᠤᠨ᠎ᠠ᠂ ᠯᠠᠪᠲᠠᠶ ᠪᠢᠳᠡᠨ ᠤ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠤᠮ᠂ ᠥᠷᠭᠡᠨ ᠠᠭᠤᠳᠠᠮ ᠣᠷᠣᠨ ᠵᠠᠶ ᠶᠢ ᠠᠵᠤ ᠦᠶᠯᠡᠰ ᠤᠨ ᠳᠠᠭᠠᠭᠠᠨ ᠠᠪᠬᠤ ᠰᠠᠭᠤᠷᠢᠨ ᠭᠠᠵᠠᠷ ᠪᠣᠯᠭᠠᠨ ᠬᠤᠪᠢᠷᠠᠭᠤᠯᠤᠨ᠎ᠠ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠪᠡᠯᠡ ᠣᠷᠣᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠪᠣᠯᠭᠠᠨ ᠬᠤᠪᠢᠷᠠᠭᠤᠯᠤᠨ᠎ᠠ᠂ ᠨᠡᠩ ᠶᠡᠭᠡ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠠᠪᠴᠢᠷᠠᠯ᠎ᠠ ᠣᠨᠴᠠᠭᠠᠶᠢᠯᠠᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠬᠦᠴᠦᠨ ᠢᠶᠠᠨ ᠲᠥᠪᠯᠡᠷᠡᠭᠦᠯᠦᠨ ᠪᠥᠬᠦ ᠤᠯᠤᠰ ᠤᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠪᠠ᠂ ᠪᠦᠬᠦ ᠬᠦᠴᠦᠨ ᠢᠶᠠᠷ ᠢᠶᠠᠨ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠶᠢ ᠪᠠᠶᠢᠭᠤᠯᠬᠤ ᠬᠡᠷᠡᠭᠲᠡᠢ᠂ ᠵᠢᠱᠢᠶ᠎ᠡ ᠦᠵᠡᠭᠦᠯᠬᠦ ᠣᠷᠣᠨ᠂ ᠬᠥᠳᠡᠯᠭᠡᠭᠦᠷ᠂ ᠪᠦᠬᠦ ᠬᠤᠲᠠ ᠶᠢᠨ ᠰᠢᠨ᠎ᠡ ᠨᠢᠭᠡᠨ ᠡᠭᠡᠯᠵᠢ ᠶᠢᠨ ᠲᠦᠷᠭᠡᠨ ᠬᠥᠭᠵᠢᠯᠲᠡ ᠶᠢᠨ ᠬᠤᠭᠤᠴᠠᠭᠠᠨ ᠳᠤ ᠣᠷᠣᠬᠤ ᠶᠢ ᠠᠬᠢᠭᠤᠯᠤᠨ᠎ᠠ᠂ ᠪᠤᠭᠤᠲᠤ ᠬᠤᠲᠠ ᠶᠢᠨ ︽ᠳᠥᠷᠪᠡᠨ ᠰᠠᠭᠤᠷᠢᠨ ᠭᠠᠵᠠᠷ ᠬᠤᠶᠠᠷ ᠲᠥᠪ ᠨᠢᠭᠡ ᠥᠨᠳᠦᠷᠯᠢᠭ ᠨᠢᠭᠡ ᠰᠢᠰᠲ᠋ᠧᠮ︾ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠶᠡᠷᠦᠩᠬᠡᠶ ᠳᠡᠭᠡᠨ ᠮᠠᠨ ᠤ ᠰᠢᠶᠠᠨ ᠤ ᠪᠡᠶᠡᠴᠢ ᠴᠣᠭᠴᠠ ᠶᠢᠨ ᠴᠢᠳᠠᠮᠵᠢ ᠲᠠᠢ᠂ ᠭᠤᠤᠯᠯᠠᠬᠤ ᠠᠵᠤ ᠦᠶᠯᠡᠰ ᠢ ᠵᠣᠯᠭᠠᠭᠤᠯᠬᠤ᠂ ᠪᠢᠳᠡ ᠰᠢᠨ᠎ᠡ ᠮᠠᠲ᠋ᠧᠷᠢᠶᠠᠯ ᠳᠤ ᠪᠠᠶᠢᠨ᠎ᠠ᠂ ᠰᠢᠨ᠎ᠡ ᠡᠨᠧᠷᠭᠢ᠂ ᠲᠠᠷᠢᠶᠠᠯᠠᠩ ᠮᠠᠯ ᠠᠵᠤ ᠠᠬᠤᠶ ᠶᠢᠨ ᠢᠳᠡᠭᠡᠨ ᠵᠡᠷᠭᠡ ᠬᠦᠷᠢᠶᠡᠨ ᠳᠤ ᠥᠪᠡᠷᠮᠢᠴᠡ ᠳᠠᠪᠠᠭᠤᠯᠢᠭ ᠲᠠᠯ᠎ᠠ ᠲᠠᠢ ᠪᠠᠶᠢᠳᠠᠭ᠂ ᠪᠦᠬᠦ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠬᠦᠯᠢᠶᠡᠨ ᠠᠪᠤᠨ᠎ᠠ᠂ ᠣᠷᠣᠨ ᠪᠦᠰᠡ ᠶᠢᠨ ᠠᠵᠤ ᠦᠶᠯᠡᠰ ᠤᠨ ᠠᠵᠢᠯ ᠤᠨ ᠬᠤᠪᠢᠶᠠᠷᠢᠯᠠᠯ ᠳᠤ ᠣᠷᠣᠯᠴᠠᠬᠤ᠂ ᠬᠥᠭᠵᠢᠯᠲᠡ ᠶᠢᠨ ᠬᠤᠷᠳᠤᠴᠠ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠶᠢᠬᠤ᠂ ᠪᠠᠰᠠ ᠪᠣᠳᠠᠲᠤ ᠰᠠᠭᠤᠷᠢ ᠲᠠᠢ ᠰᠢᠶᠠᠨ ᠤ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠠᠴᠠ ᠪᠢᠳᠡᠨ ᠤ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠰᠢᠨ᠎ᠡ ᠵᠠᠮ ᠢᠶᠠᠷ ᠰᠠᠶᠢᠲᠤᠷ ᠵᠠᠮᠨᠠᠬᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠂ ᠪᠢᠳᠡ ᠬᠠᠷᠠᠯᠲᠠ ᠪᠠᠷ ᠬᠥᠲᠥᠯᠥᠨ ᠳᠠᠭᠠᠭᠤᠯᠬᠤ ᠪᠠᠨ ᠴᠢᠩᠭᠠᠳᠬᠠᠵᠤ᠂ ᠠᠵᠠ ᠲᠣᠬᠢᠶᠠᠯ ᠤᠨ ᠤᠬᠠᠮᠰᠠᠷ ᠢᠶᠠᠨ ᠴᠢᠩᠭᠠᠳᠬᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠳᠠᠭ ᠯᠠ ᠶᠤᠮ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠪᠤᠭᠤᠲᠤ ᠶᠢ ᠪᠥᠲᠥᠭᠡᠨ ᠪᠠᠶᠢᠭᠤᠯᠬᠤ ᠠᠶᠠᠨ ᠵᠠᠮ ᠳᠤ ᠯᠠᠪᠲᠠᠶ ᠭᠦᠶᠡᠩ ᠠᠴᠠ ᠲᠦᠷᠭᠡᠨ ᠤᠷᠤᠭᠰᠢᠯᠠᠵᠤ ᠴᠢᠳᠠᠬᠤ ᠶᠤᠮ︕        ᠰᠢᠶᠠᠨ ᠤ ᠨᠠᠮ ᠤᠨ ᠬᠤᠷᠢᠶᠠᠨ ᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠪᠢᠳᠡ ︽ᠭᠦᠶᠡᠩ ᠰᠢᠶᠠᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠲᠣᠪᠴᠢ ︵ᠲᠥᠰᠦᠯ︶︾ ᠶᠢ ᠲᠣᠭᠲᠠᠭᠠᠵᠤ᠂ ᠲᠤᠰ ᠤᠳᠠᠭᠠᠨ ᠤ ᠶᠡᠭᠡ ᠬᠤᠷᠠᠯ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠪᠡ᠃ ᠠᠳᠡ ᠢᠷᠡᠭᠡᠳᠦᠢ ᠶᠢᠨ ᠲᠠᠪᠤᠨ ᠵᠢᠯ ᠤᠨ ᠭᠤᠣᠯ ᠬᠠᠷᠠᠯᠲᠠ ᠡᠭᠦᠷᠭᠡ ᠶᠢᠨ ᠲᠤᠬᠠᠢ ᠲᠣᠪᠴᠢ ᠮᠡᠳᠡᠭᠦᠯᠦᠯᠲᠡ ᠬᠢᠶ᠎ᠠ᠃        ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠡᠭᠦᠷᠭᠡ ᠪᠣᠯ᠄ ᠪᠦᠬᠦ ᠬᠤᠲᠠ ᠶᠢᠨ ︽ᠳᠥᠷᠪᠡᠨ ᠰᠠᠭᠤᠷᠢᠨ ᠭᠠᠵᠠᠷ ᠬᠤᠶᠠᠷ ᠲᠥᠪ ᠨᠢᠭᠡ ᠥᠨᠳᠦᠷᠯᠢᠭ ᠭᠠᠵᠠᠷ ᠨᠢᠭᠡ ᠰᠢᠰᠲ᠋ᠧᠮ︾ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠬᠦᠯᠢᠶᠡᠨ ᠠᠪᠬᠤ ᠲᠣᠭᠤᠷᠢᠨ ᠳᠤ᠂ ᠰᠢᠶᠠᠨ ᠤ ᠪᠦᠰᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠣᠨᠣᠪᠴᠢᠲᠠᠶ ᠪᠠᠷ ᠪᠠᠶᠢᠷᠢ ᠲᠣᠭᠲᠠᠭᠠᠨ ᠬᠥᠭᠵᠢᠭᠦᠯᠬᠦ ᠶᠢ ᠬᠡᠷᠡᠭᠵᠢᠭᠦᠯᠵᠦ᠂ ᠣᠷᠣᠨ ᠪᠦᠰᠡ ᠶᠢᠨ ᠥᠷᠢᠰᠥᠯᠳᠦᠬᠦ ᠬᠦᠴᠦᠨ ᠲᠠᠢ ᠣᠯᠠᠨ ᠡᠰᠢᠵᠢᠭᠰᠡᠨ ᠬᠥᠭᠵᠢᠯᠲᠡ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠮᠠᠲ᠋ᠧᠷᠢᠶᠠᠯ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠶᠯᠡᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠥᠩᠭᠡᠨ ᠴᠠᠭᠠᠨ᠂ ᠪᠣᠯᠣᠳ ᠲᠡᠮᠦᠷ ᠴᠢᠳᠬᠤᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠵᠡᠷᠭᠡ ᠭᠤᠤᠯᠯᠠᠬᠤ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ ᠪᠤᠵᠠᠭᠠᠶᠢᠷᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠪᠣᠯᠣᠳ ᠲᠡᠮᠦᠷ᠂ ᠬᠥᠩᠭᠡᠨ ᠴᠠᠭᠠᠨ ᠤ ᠦᠶᠯᠡᠰ ᠢ ᠪᠣᠬᠢᠷᠲᠤᠯ ᠥᠬᠡᠶ ᠪᠣᠯᠭᠠᠨ ᠥᠭᠡᠷᠡᠴᠢᠯᠡᠬᠦ ᠶᠢ ᠪᠡᠶᠡᠯᠡᠭᠦᠯᠵᠦ᠂ ᠬᠤᠸᠠ ᠸᠧᠶ ᠲᠠᠷᠢᠶᠠᠯᠠᠩ ᠤᠨ ᠬᠤᠪᠴᠠᠰᠤ ᠵᠠᠰᠠᠯ ᠤᠨ ᠤᠶᠤᠨᠲᠤ ᠬᠥᠨᠳᠡᠶ ︵ ᠶᠢᠨ ᠱᠠᠨ ᠬᠥ᠋︶ ᠶᠢ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠲᠣᠮᠣ ᠣᠶᠤᠨᠴᠢ ᠤᠰᠤ ᠠᠷᠪᠢᠯᠠᠬᠤ ᠤᠰᠤᠯᠠᠯᠲᠠ ᠶᠢ ᠨᠢᠭᠡ ᠴᠣᠭᠴᠠᠵᠢᠭᠤᠯᠤᠭᠰᠠᠨ ᠲᠥᠬᠦᠭᠡᠷᠦᠮᠵᠢ ᠦᠶᠯᠡᠳᠬᠦ ᠭᠠᠷᠤᠯᠲᠠ ᠶᠢᠨ ᠣᠷᠣᠨ ᠪᠣᠯᠭᠠᠨ᠎ᠠ᠃ ᠣᠳᠣ ᠦᠶ᠎ᠡ ᠶᠢᠨ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠰᠠᠯᠬᠢᠨ ᠬᠦᠴᠦᠨ ᠤ ᠴᠠᠬᠢᠯᠭᠠᠨ ᠤ ᠭᠡᠷᠡᠯ ᠸᠣᠯᠲ ᠤᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 300 ᠲᠦᠮᠡᠨ ᠬᠢᠯᠦᠸᠠᠲ ᠰᠢᠨ᠎ᠡ ᠪᠠᠷ ᠨᠡᠮᠡᠭᠳᠡᠭᠦᠯᠵᠦ᠂ ᠴᠠᠬᠢᠯᠭᠠᠨ ᠤ ᠰᠤᠷᠪᠤᠯᠵᠢ ᠶᠢᠨ ᠲᠣᠣᠷ ᠢ ᠳᠠᠭᠠᠭᠠᠴᠠ ᠲᠠᠢ ᠬᠠᠳᠠᠭᠠᠯᠠᠬᠤ ᠪᠠ ᠰᠠᠯᠬᠢᠨ ᠬᠦᠴᠦᠨ ᠤ ᠴᠠᠬᠢᠯᠭᠠᠨ ᠤ ᠭᠡᠷᠡᠯ ᠸᠣᠯᠲ ᠢᠶᠠᠷ ᠤᠰᠤᠲᠥ᠋ᠷᠥᠭᠴᠢ ᠬᠢᠬᠦ ᠨᠥᠭᠡᠴᠡ ᠡᠨᠧᠷᠭᠢ ᠶᠢ ᠨᠡᠯᠢᠶᠡᠳ ᠶᠡᠭᠡ ᠠᠬᠢᠴᠠ ᠲᠠᠢ ᠪᠣᠯᠭᠠᠵᠤ᠂ ᠰᠢᠨ᠎ᠡ ᠡᠨᠧᠷᠭᠢ ᠶᠢᠨ ᠠᠵᠤ ᠠᠬᠤᠶ ᠨᠢ ᠪᠦᠬᠦ ᠰᠢᠶᠠᠨ ᠤ ᠴᠢᠬᠤᠯᠠ ᠠᠵᠤ ᠠᠬᠤᠶ ᠶᠢᠨ ᠨᠡᠮᠡᠭᠳᠡᠯ ᠤᠨ ᠲᠦᠢᠯ ᠪᠣᠯᠵᠤ᠂ ᠵᠢᠨᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ 500 ᠳ᠋ᠦᠩᠰᠢᠭᠤᠷ ᠲᠥᠭᠦᠷᠢᠭ ᠤᠨ ᠲᠠᠰ ᠤᠨ ᠣᠳᠣ ᠦᠶ᠎ᠡ ᠶᠢᠨ ᠰᠢᠨ᠎ᠡ ᠬᠡᠯᠪᠡᠷᠢ ᠶᠢᠨ ᠪᠣᠬᠢᠷᠲᠤᠯ ᠦᠭᠡᠶ ᠳᠣᠣᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠮᠠᠨ ᠤ ᠰᠢᠶᠠᠨ ᠨᠢ ᠪᠤᠭᠤᠲᠤ ᠶᠢᠨ ᠮᠢᠩᠭᠠᠨ ᠲᠦᠮᠡᠨ ᠬᠢᠯᠦᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠡᠵᠡᠩᠨᠡᠵᠦ ᠬᠠᠮᠠᠭᠠᠯᠠᠬᠤ ᠲᠥᠪ ᠪᠣᠯᠤᠭᠰᠠᠨ ᠪᠠᠶᠢᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠤᠬᠠᠶ ᠶᠢᠨ ᠭᠠᠵᠠᠷ ᠲᠤᠨᠢ ᠡᠳ ᠰᠢᠭᠦᠯᠦᠨ ᠬᠤᠪᠢᠷᠠᠭᠤᠯᠬᠤ ᠨᠣᠷᠮ᠎ᠠ ᠶᠢ 85 % ᠳᠤ ᠬᠦᠷᠦᠭᠦᠯᠵᠦ᠂ ︽ᠨᠡᠷᠡᠲᠦ ᠰᠢᠯᠢᠳᠡᠭ ᠣᠨᠴᠠ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠵᠡᠯᠡᠬᠦ ᠬᠠᠷᠢᠴᠠᠯ ᠢ 15 % ᠠᠴᠠ ᠳᠡᠭᠡᠭᠰᠢ ᠳᠤ ᠬᠦᠷᠦᠭᠦᠯᠵᠦ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠢ 25 ᠠᠴᠠ70  ᠪᠣᠯᠳᠡᠯ᠎ᠡ ᠰᠢᠨ᠎ᠡ ᠨᠡᠮᠡᠭᠳᠡᠭᠦᠯᠪᠡ᠃ ᠣᠷᠣᠨ ᠪᠦᠰᠡ ᠶᠢᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠵᠢᠨᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠶ ᠱᠤᠭᠤᠮ ᠢᠶᠠᠷ ᠭᠤᠣᠯ ᠲᠦᠰᠢᠭ ᠪᠣᠯᠭᠠᠵᠤ᠂ ᠠᠵᠤ ᠦᠢᠯᠡᠳᠪᠦᠷᠢ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠱᠠᠨᠪᠸᠢ ᠣᠷᠣᠨ ᠤ ᠠᠵᠤ ᠦᠢᠯᠡᠳᠪᠦᠷᠢ ᠶᠢᠨ ᠦᠢᠯᠡᠳᠬᠦᠨ ᠤ ᠪᠠᠷᠠᠭᠠᠨ ᠤ ᠭᠦᠢᠯᠭᠡᠭᠡᠨ ᠤ ᠲᠥᠪ ᠢ ᠪᠤᠶ ᠪᠣᠯᠭᠠᠨ᠎ᠠ ᠴᠦᠨ ᠺᠦᠨ ᠱᠠᠨ ᠠᠭᠤᠯᠠ᠂ ᠴᠢᠨ ᠴᠠᠩ ᠴᠧᠩ ᠵᠡᠷᠭᠡ ᠭᠤᠤᠯᠳᠠᠯᠭ᠎ᠠ ᠲᠠᠢ ᠦᠵᠡᠮᠵᠢ ᠶᠢᠨ ᠣᠷᠣᠨ ᠢᠶᠠᠷ ᠵᠠᠩᠭᠢᠯᠠᠭ᠎ᠠ ᠶᠢᠨ ᠴᠡᠭ ᠪᠣᠯᠭᠠᠵᠤ᠂ ᠰᠦᠯᠵᠢᠶᠡᠨ ᠳᠡᠭᠡᠷᠡᠬᠢ ᠳᠡᠭᠡᠭᠰᠢᠯᠡᠯᠲᠡ᠂ ᠨᠡᠶᠢᠳᠡᠮ ᠳᠡᠭᠡᠷᠡᠬᠢ ᠠᠭᠤᠰᠤᠯᠴᠠᠯ ᠢ ᠳᠠᠶᠢᠴᠢᠯᠠᠨ᠂ ᠪᠥᠬᠦ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠭᠥᠯᠢᠶᠡᠨ ᠠᠪᠬᠤ ᠬᠥᠮᠦᠨ ᠤ ᠲᠤᠭ᠎ᠠ ᠶᠢ 400 ᠲᠦᠮᠡᠨ ᠬᠥᠮᠦᠨ ᠤᠳᠠᠭ᠎ᠠ ᠶᠢ ᠳᠠᠪᠠᠭᠤᠯᠵᠤ᠂ ᠣᠷᠣᠯᠭ᠎ᠠ ᠶᠢ 5 ᠳ᠋ᠦᠩᠰᠢᠭᠤᠷ ᠲᠥᠭᠦᠷᠢᠭ ᠲᠤ ᠬᠦᠷᠭᠡᠨ᠎ᠡ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠢ ᠰᠠᠶᠢᠲᠤᠷ ᠪᠥᠲᠥᠭᠡᠨ ᠪᠠᠶᠢᠭᠤᠯᠬᠤ ᠪᠠᠷ ᠭᠤᠤᠯᠳᠠᠯᠭ᠎ᠠ ᠪᠣᠯᠭᠠᠵᠤ᠂ ᠰᠦᠯᠵᠢᠶᠡᠨ ᠭᠠᠳᠠᠨᠠᠬᠢ ᠰᠠᠭᠤᠷᠢ ᠶᠢ ᠪᠠᠬᠢᠵᠢᠭᠦᠯᠦᠨ᠂ ᠰᠦᠯᠵᠢᠶᠡᠨ ᠳᠡᠭᠡᠷᠡᠬᠢ ᠣᠷᠣᠨ ᠵᠠᠶ ᠶᠢ ᠥᠷᠭᠡᠳᠬᠡᠵᠦ᠂ ᠪᠤᠭᠤᠲᠤ ᠬᠤᠲᠠ ᠶᠢᠨ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠵᠦ ᠲᠠᠷᠬᠠᠭᠠᠬᠤ ᠲᠥᠪ ᠢ ᠪᠠᠶᠢᠭᠤᠯᠤᠨ᠎ᠠ᠃ ᠣᠷᠣᠨ ᠪᠦᠰᠡ ᠶᠢᠨ ᠴᠢᠨᠠᠷᠲᠠᠶ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠥᠩᠭᠡᠨ ᠴᠠᠭᠠᠨ ᠤ ᠮᠠᠭᠨᠢ ᠶᠢᠨ ᠬᠠᠶᠢᠯᠤᠰᠢ᠂ ᠪᠠᠯ ᠴᠢᠯᠠᠭᠤᠨ ᠤ ᠠᠯᠺᠧᠨ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠢᠨᠵᠧᠨᠧᠷᠢᠩ ᠤᠨ ᠰᠤᠳᠤᠯᠭᠠᠨ ᠤ ᠲᠥᠪ ᠢ ᠳᠠᠬᠢᠨ 23 ᠪᠠᠶᠢᠭᠤᠯᠬᠤ ᠪᠠᠷ ᠴᠢᠷᠮᠠᠶᠢᠨ᠎ᠠ᠃ ᠨᠡᠭᠡᠭᠡᠯᠲᠡ ᠬᠢᠬᠦ ᠰᠢᠨ᠎ᠡ ᠥᠨᠳᠦᠷᠯᠢᠭ ᠭᠠᠵᠠᠷ ᠢ ᠪᠥᠲᠥᠭᠡᠨ ᠪᠠᠶᠢᠭᠤᠯᠬᠤ ᠲᠠᠯ᠎ᠠ ᠪᠠᠷ᠂ ᠬᠠᠲᠤᠨ ᠭᠤᠤᠯ ᠤᠨ ︽ᠬᠡᠳᠦᠨ︾ ᠥᠰᠥᠭ ᠤᠨ ᠮᠤᠷᠦ᠋ᠢᠯᠲᠠ ᠶᠢᠨ ᠬᠤᠲᠠ ᠶᠢᠨ ᠲᠣᠭᠤᠷᠢᠭ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠥᠭᠡᠮᠨᠡᠷᠡᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠥᠭᠵᠢᠬᠦ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠣᠭᠤᠷᠴᠤᠭ ᠬᠠᠷᠢᠶ᠎ᠠ ᠭᠠᠵᠠᠷ ᠤᠨ ᠠᠵᠤ ᠠᠬᠤᠶ︾ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠮᠠᠨᠳᠤᠯ ᠪᠣᠭᠤᠮᠲᠠ ᠠᠴᠠ ᠬᠤᠲᠠ ᠲᠣᠭᠤᠷᠢᠭ ᠤᠨ ᠬᠦᠶᠰᠦ ᠭᠠᠵᠠᠷ ᠬᠥᠷᠬᠦ ᠳᠠᠪᠠᠭᠤᠯᠢᠭ ᠲᠤ ᠲᠦᠰᠢᠭᠯᠡᠨ᠂ ᠪᠥᠬᠦ ᠬᠤᠲᠠ ᠶᠢᠨ ᠠᠵᠤ ᠦᠶᠯᠡᠰ ᠤᠨ ᠰᠢᠯᠵᠢᠯᠲᠡ ᠶᠢ ᠵᠠᠯᠭᠠᠨ ᠵᠣᠯᠭᠠᠭᠤᠯᠬᠤ ᠴᠢᠬᠤᠯᠠ ᠰᠠᠭᠤᠷᠢᠨ ᠭᠠᠵᠠᠷ ᠪᠠ ᠣᠷᠣᠰ ᠮᠣᠩᠭᠤᠯ ᠤᠨ ᠡᠬᠢ ᠪᠠᠶᠠᠯᠢᠭ ᠢ ᠤᠯᠠᠷᠢᠭᠤᠯᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃       ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠲᠡᠮᠡᠴᠡᠬᠦ ᠬᠠᠷᠠᠯᠲᠠ ᠪᠣᠯ᠄ ᠪᠦᠬᠦ ᠰᠢᠶᠠᠨ ᠤ ᠭᠤᠣᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢ ᠪᠦᠬᠦ ᠬᠤᠲᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠳᠣᠣᠷ᠎ᠠ ᠦᠭᠡᠢ ᠪᠠᠶᠢᠯᠭᠠᠵᠤ᠂ ᠬᠤᠲᠠ ᠲᠣᠭᠤᠷᠢᠭ ᠯᠤᠭ᠎ᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠭᠠᠳᠠᠨᠠᠬᠢ ᠲᠠᠪᠤᠨ ᠬᠤᠰᠢᠭᠤ ᠰᠢᠶᠠᠨ ᠲᠣᠭᠤᠷᠢᠭ ᠤᠨ ᠪᠠᠶᠢᠷᠢ ᠳᠠᠷᠠᠭᠠᠯᠠᠯ ᠢ ᠴᠢᠷᠮᠠᠶᠢᠨ ᠳᠡᠭᠡᠭᠰᠢᠯᠡᠭᠦᠯᠦᠨ᠎ᠡ᠃ ᠨᠢᠭᠡ ᠳᠤ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠰᠢᠨ᠎ᠡ ᠳᠡᠭᠡᠭᠰᠢᠯᠡᠯᠲᠡ ᠲᠠᠢ ᠪᠣᠯᠪᠠ᠃ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ ᠵᠢᠯ ᠪᠦᠷᠢ ᠳᠤᠮᠳᠠᠴᠢ ᠪᠠᠷ 6 % ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ ᠵᠢᠯ ᠪᠦᠷᠢ ᠳᠤᠮᠳᠠᠴᠢ ᠪᠠᠷ 8 % ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 10 % ᠠᠴᠠ ᠳᠡᠭᠡᠭᠰᠢ ᠨᠡᠮᠡᠭᠳᠡᠭᠦᠯᠵᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ 6 % ᠠᠴᠠ ᠳᠡᠭᠡᠭᠰᠢ ᠨᠡᠮᠡᠭᠳᠡᠭᠦᠯᠵᠦ᠂ ᠲᠠᠷᠢᠶᠠᠴᠢᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ 7 % ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 6 % ᠠᠴᠠ ᠳᠡᠭᠡᠭᠰᠢ ᠨᠡᠮᠡᠭᠳᠡᠭᠦᠯᠦᠨ᠎ᠡ᠃ ᠬᠤᠶᠠᠷ ᠲᠤ ᠭᠤᠷᠪᠠᠨ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠰᠢᠨ᠎ᠡ ᠬᠥᠭᠵᠢᠯᠲᠡ ᠲᠠᠢ ᠪᠣᠯᠪᠠ᠃ ᠪᠦᠲᠦᠮᠵᠢᠲᠡᠶ ᠪᠡᠯᠡ ᠣᠷᠣᠭᠤᠯᠤᠯᠲᠠ ᠶᠢ ᠤᠯᠠᠮ ᠨᠢᠭᠡ ᠠᠯᠬᠤᠮ ᠥᠷᠭᠡᠳᠬᠡᠵᠦ᠂ ᠪᠦᠲᠦᠮᠵᠢᠲᠡᠶ ᠬᠠᠩᠭᠠᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠦᠨ᠂ ᠪᠡᠯᠡ ᠣᠷᠣᠭᠤᠯᠤᠯᠲᠠ ᠶᠢ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ 30 ᠵᠦᠢᠯ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 70 ᠵᠦᠢᠯ ᠣᠷᠣᠭᠤᠯᠵᠤ ᠢᠷᠡᠬᠦ ᠪᠠᠷ ᠴᠢᠷᠮᠠᠶᠢᠵᠤ᠂ ᠪᠦᠬᠦ ᠰᠢᠶᠠᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠠᠬᠢ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠢ ᠵᠢᠯ ᠪᠦᠷᠢ ᠳᠤᠮᠳᠠᠴᠢ ᠪᠠᠷ 70 % ᠠᠴᠠ ᠳᠡᠭᠡᠭᠰᠢ ᠳᠤ ᠬᠦᠷᠦᠭᠦᠯᠦᠨ᠎ᠡ᠃ ᠠᠵᠤ ᠦᠢᠯᠡᠳᠪᠦᠷᠢ ᠪᠠᠷ ᠤᠳᠤᠷᠢᠳᠤᠮᠵᠢ ᠪᠣᠯᠭᠠᠭᠰᠠᠨ᠂ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠭᠰᠡᠨ᠂ ᠦᠢᠯᠡᠴᠢᠯᠡᠭᠡ ᠶᠢ ᠰᠢᠯᠢᠳᠡᠭᠵᠢᠭᠦᠯᠦᠭᠰᠡᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠎ᠡ᠃ ᠭᠤᠷᠪᠠ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ ᠲᠠᠪᠰᠢᠯᠳᠠ ᠶᠢ ᠪᠡᠶᠡᠯᠡᠭᠦᠯᠪᠡ᠃ ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠭ᠎ᠠ᠂ ᠭᠤᠣᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠦᠴᠦᠯᠡᠴᠡ ᠶᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠬᠦᠷᠦᠭᠦᠯᠵᠦ᠂ ᠤᠯᠤᠰ ᠤᠨ ᠭᠠᠵᠠᠷ ᠰᠢᠷᠣᠶ ᠶᠢ ᠶᠡᠭᠡ ᠬᠡᠪᠴᠢᠶ᠎ᠡ ᠪᠠᠷ ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠃ ᠳᠥᠷᠪᠡ ᠳᠤ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠢᠨ᠎ᠡ ᠲᠦᠪᠰᠢᠨ ᠳᠤ ᠬᠦᠷᠭᠡᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠦ᠂ ᠣᠷᠣᠯᠭ᠎ᠠ ᠶᠢᠨ ᠵᠥᠷᠢᠶ᠎ᠡ ᠪᠠᠭᠠᠰᠤᠭᠠᠳ 1 . 95᠄ 1  ᠪᠣᠯᠭᠠᠨ᠎ᠠ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3 . 9 % ᠶᠢᠨ ᠳᠣᠲᠣᠷ᠎ᠠ ᠬᠢᠵᠠᠭᠠᠷᠯᠠᠨ᠎ᠠ᠃ ᠬᠡᠷᠡᠭᠯᠡᠭᠡᠨ ᠤ ᠴᠢᠳᠠᠪᠤᠷᠢ ᠪᠠ ᠬᠡᠷᠡᠭᠯᠡᠭᠡᠨ ᠤ ᠳᠡᠰ ᠳᠠᠪᠬᠤᠷᠭ᠎ᠠ ᠢᠯᠡᠳᠲᠡ ᠳᠡᠭᠡᠭᠰᠢᠯᠡᠪᠡ᠃ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠰᠤᠷᠭᠠᠨ ᠬᠥᠮᠦᠵᠢᠯ᠂ ᠰᠣᠶᠣᠯ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠵᠡᠷᠭᠡ ᠦᠨᠳᠦᠰᠦᠨ ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮᠵᠢ ᠶᠢ ᠨᠠᠩ ᠪᠦᠷᠢᠨ ᠪᠣᠯᠭᠠᠨ᠎ᠠ᠃ ᠲᠠᠪᠤ ᠳᠤ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠪᠤᠷᠢ ᠰᠢᠨ᠎ᠡ ᠳᠡᠭᠡᠭᠰᠢᠯᠡᠯᠲᠡ ᠲᠠᠢ ᠪᠣᠯᠪᠠ᠃ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠤᠨ ᠬᠠᠮᠵᠢᠯᠴᠠᠨ ᠪᠠᠶᠢᠭᠤᠯᠬᠤ ᠠᠵᠢᠯ ᠢᠳᠡᠪᠬᠢᠲᠡᠶ ᠠᠬᠢᠴᠠ ᠲᠠᠢ ᠪᠣᠯᠵᠣ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠣᠯᠤᠨ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢᠨ ᠲᠦᠪᠰᠢᠨ ᠢᠯᠡᠳᠲᠡ ᠳᠡᠭᠡᠭᠰᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠮᠵᠢ ᠲᠣᠭᠲᠠᠴᠠ ᠨᠠᠩ ᠲᠡᠭᠦᠯᠳᠡᠷᠵᠢᠵᠦ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠢᠯᠡᠳᠲᠡ ᠴᠢᠩᠭᠠᠷᠠᠵᠤ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠨᠠᠩ ᠬᠦᠴᠦᠲᠡᠶ ᠪᠣᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠭᠦᠨᠵᠡᠭᠡᠶᠢᠷᠡᠨ ᠠᠬᠢᠵᠤ᠂ ᠦᠨᠳᠦᠰᠦᠲᠡᠨ ᠤ ᠨᠢᠭᠲᠠᠷᠠᠯ ᠤᠨ ᠬᠦᠴᠦᠨ ᠤᠯᠠᠮ ᠨᠢᠭᠡ ᠠᠯᠬᠤᠮ ᠴᠢᠩᠭᠠᠷᠠᠪᠠ᠃           ᠲᠥᠯᠥᠭᠡᠯᠡᠭᠴᠢᠳ ᠡ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠢ ᠪᠦᠬᠦ ᠲᠠᠯ᠎ᠠ ᠪᠠᠷ ᠡᠬᠢᠯᠡᠭᠦᠯᠵᠦ᠂ ᠪᠦᠬᠦ ᠬᠤᠲᠠ ᠶᠢᠨ ᠬᠥᠭᠵᠢᠯᠲᠡ ᠶᠢᠨ ᠶᠡᠭᠡ ᠤᠷᠤᠰᠬᠠᠯ ᠳᠤᠮᠳᠠ ᠭᠦᠶᠡᠩ ᠤᠨ ᠴᠤᠭ ᠵᠢᠪᠬᠤᠭ᠎ᠠ ᠶᠢ ᠢᠯᠡᠷᠡᠭᠦᠯᠵᠦ᠂ ᠭᠦᠶᠡᠩ ᠤᠨ ᠬᠦᠨᠳᠦᠴᠡ ᠶᠢ ᠢᠯᠡᠷᠡᠭᠦᠯᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠦᠨᠳᠦ ᠨᠠᠶᠢᠳᠠᠯᠭ᠎ᠠ ᠶᠢ ᠠᠴᠢᠶᠠᠯᠠᠵᠤ᠂ ᠪᠦᠬᠦ ᠰᠢᠶᠠᠨ ᠤ ᠠᠷᠠᠳ ᠲᠦᠮᠡᠨ ᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠠᠴᠢᠶᠠᠯᠠᠵᠤ᠂ ᠪᠢᠳᠡ ᠬᠠᠷᠠᠯᠲᠠ ᠪᠠᠨ ᠰᠤᠯᠠᠷᠠᠭᠤᠯᠤᠯ ᠦᠭᠡᠢ ᠪᠠᠷᠢᠮᠲᠠᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠲᠥᠯᠥᠪᠵᠢᠭᠦᠯᠭᠡ ᠶᠢᠨ ᠵᠢᠷᠤᠭᠯᠠᠭᠰᠠᠨ ᠠᠤᠭ᠎ᠠ ᠲᠥᠰᠦᠪ ᠢ ᠴᠢᠷᠮᠠᠶᠢᠨ ᠪᠡᠶᠡᠯᠡᠭᠦᠯᠦᠶ᠎ᠡ︕                   2021 ᠣᠨ ᠤ ᠠᠵᠢᠯ ᠤᠨ ᠲᠤᠬᠢᠷᠠᠭᠤᠯᠤᠯᠳᠠ       2021 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠦᠬᠦ ᠰᠢᠶᠠᠨ ᠤ ᠬᠥᠭᠵᠢᠯᠲᠡ ᠶᠢᠨ ᠠᠩᠬᠠᠨ ᠤ ᠠᠯᠬᠤᠮ ᠢ ᠰᠠᠶᠢᠲᠤᠷ ᠠᠯᠬᠤᠬᠤ ᠨᠢ ᠲᠦᠢᠯ ᠤᠨ ᠴᠢᠬᠤᠯᠠ ᠶᠤᠮ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠬᠤ ᠬᠡᠷᠡᠭᠲᠡᠶ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠠᠵᠢᠯ ᠤᠨ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠠᠵᠤ ᠠᠬᠤᠶ ᠶᠢᠨ ᠡᠷᠭᠢᠯᠲᠡ ᠶᠢ ᠰᠠᠶᠢᠲᠤᠷ ᠠᠳᠬᠤᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠨ᠂ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠲᠡᠷᠢᠭᠦᠨ ᠤ ᠬᠢ ᠶᠢ ᠴᠢᠷᠮᠠᠶᠢᠨ ᠡᠭᠦᠳᠴᠦ᠂ ᠬᠠᠮᠤᠭ ᠤᠨ ᠰᠠᠶᠢᠨ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠬᠤ᠂ ᠲᠡᠮᠦᠷ ᠢ ᠠᠳᠬᠤᠪᠠᠯ ᠤᠷᠤᠮ ᠲᠠᠢ ᠪᠠᠶᠢᠬᠤ ᠣᠪᠣᠷ ᠪᠠᠶᠢᠳᠠᠯ ᠢᠶᠠᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠦᠨᠡᠨ ᠬᠦ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ᠃       ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠰᠢᠶᠠᠨ ᠤ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠠᠴᠠ ᠡᠨᠡ ᠵᠢᠯ ᠤᠨ ᠭᠤᠣᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠨᠠᠭᠠᠳᠤ ᠵᠠᠬ᠎ᠠ ᠶᠢᠨ ᠬᠠᠷᠠᠯᠲᠠ ᠶᠢ ᠳᠤᠷᠠᠳᠤᠨ ᠭᠠᠷᠭᠠᠪᠠ᠂ ᠡᠭᠦᠨ ᠤ ᠰᠠᠭᠤᠷᠢᠨ ᠳᠡᠭᠡᠷ᠎ᠡ᠂ ᠪᠣᠳᠠᠲᠤ ᠰᠠᠭᠤᠷᠢ ᠪᠠ ᠬᠥᠭᠵᠢᠯᠲᠡ ᠶᠢᠨ ᠬᠡᠷᠡᠭᠴᠡᠭᠡ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠪᠢᠳᠡ ᠪᠦᠬᠦ ᠬᠦᠴᠦᠨ ᠢᠶᠠᠷ ᠢᠶᠠᠨ ᠳᠤᠮᠳᠠ ᠱᠤᠭᠤᠮ ᠤᠨ ᠬᠠᠷᠠᠯᠲᠠ ᠶᠢ ᠪᠡᠶᠡᠯᠡᠭᠦᠯᠬᠦ ᠬᠡᠷᠡᠭᠲᠡᠶ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 10 % ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 50 % ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 8 % ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 8 % ᠪᠠᠷ ᠨᠡᠮᠡᠭᠳᠡᠭᠦᠯᠵᠦ᠂ ᠲᠠᠷᠢᠶᠠᠴᠢᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 9 . 5 % ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 10 % ᠪᠠᠷ ᠨᠡᠮᠡᠭᠳᠡᠭᠦᠯᠦᠨ᠎ᠡ᠃ ᠬᠤᠷᠢᠭ᠎ᠠ ᠱᠤᠭᠤᠮ ᠤᠨ ᠬᠠᠷᠠᠯᠲᠠ ᠪᠣᠯ ᠡᠨᠡ ᠵᠢᠯ ᠤᠨ ᠠᠵᠢᠯ ᠤᠨ ᠬᠠᠮᠤᠭ ᠤᠨ ᠳᠤᠤᠷ᠎ᠠ ᠪᠠᠷᠢᠮᠵᠢᠶ᠎ᠠ ᠮᠥᠨ᠂ ᠳᠤᠮᠳᠠ ᠱᠤᠭᠤᠮ ᠤᠨ ᠬᠠᠷᠠᠯᠲᠠ ᠪᠣᠯ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠪ ᠤᠨ ᠱᠠᠭᠠᠷᠳᠠᠯᠭ᠎ᠠ ᠪᠠ ᠦᠨᠳᠦᠰᠦᠨ ᠪᠠᠶᠢᠷᠢ ᠲᠣᠭᠲᠠᠭᠠᠯᠲᠠ ᠮᠥᠨ᠂ ᠪᠣᠳᠠᠲᠠᠶ ᠠᠵᠢᠯ ᠤᠨ ᠳᠤᠮᠳᠠ ᠪᠢᠳᠡ ᠪᠠᠰᠠ ᠨᠠᠩ ᠰᠠᠶᠢᠨ ᠦᠷ᠎ᠡ ᠪᠦᠲᠦᠭᠡᠯ ᠤᠯᠬᠤ ᠪᠠᠷ ᠴᠢᠷᠮᠠᠶᠢᠬᠤ ᠬᠡᠷᠡᠭᠲᠡᠶ᠃ ᠡᠭᠦᠨ ᠤ ᠲᠤᠯᠠᠳᠠ᠂ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄          ᠨᠢᠭᠡ᠂ ᠲᠡᠷᠢᠭᠦᠨ ᠤ ᠪᠠᠶᠢᠷᠢ ᠪᠠᠷ ᠴᠢᠷᠮᠠᠶᠢᠨ ᠬᠥᠭᠵᠢᠯᠲᠡ ᠶᠢ ᠠᠳᠬᠤᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃       ︵ᠨᠢᠭᠡ︶ ᠠᠵᠤ ᠦᠢᠯᠡᠰ ᠤᠨ ᠬᠡᠯᠬᠢᠶ᠎ᠡ ᠥᠷᠲᠡᠭ ᠤᠨ ᠬᠡᠯᠬᠢᠶ᠎ᠡ ᠶᠢᠨ ᠲᠦᠪᠰᠢᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ ᠨᠡᠮᠡᠭᠳᠡᠯ ᠢ ᠲᠣᠭᠲᠠᠪᠤᠷᠢᠵᠢᠭᠤᠯᠬᠤ ᠰᠠᠭᠤᠷᠢ ᠶᠢ ᠪᠠᠬᠢᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠠᠮᠠᠭᠠᠯᠠᠨ ᠬᠥᠭᠵᠢᠭᠡᠬᠦ ᠬᠡᠷᠡᠭᠲᠡᠢ᠃ ᠠᠵᠤ ᠠᠬᠤᠶᠢᠯᠠᠯ ᠡᠷᠭᠢᠯᠡᠬᠦ ᠶᠠᠪᠤᠴᠠ ᠶᠢ ᠴᠣᠮᠬᠠᠳᠬᠠᠵᠤ᠂ ᠠᠵᠤ ᠠᠬᠤᠶᠢᠯᠠᠯ ᠢ ᠳᠡᠩᠰᠡᠯᠡᠨ ᠲᠡᠮᠳᠡᠭᠯᠡᠬᠦ᠂ ᠲᠠᠮᠠᠭ᠎ᠠ ᠰᠡᠶᠢᠯᠦᠨ ᠵᠣᠬᠢᠶᠠᠬᠤ᠂ ᠪᠠᠷᠢᠮᠲᠠ ᠭᠤᠶᠤᠴᠢᠯᠠᠨ ᠠᠪᠬᠤ ᠴᠠᠭ ᠢ ᠪᠦᠬᠦᠨ ᠢ 0 . 5 ᠠᠵᠢᠯᠯᠠᠬᠤ ᠡᠳᠦᠷ ᠪᠣᠯᠭᠠᠨ ᠪᠠᠭᠠᠰᠬᠠᠪᠠ᠃ ᠭᠤᠷᠪᠠᠨ ᠠᠵᠤ ᠦᠶᠯᠡᠰ ᠢ ᠵᠡᠷᠭᠡᠪᠡᠷ ᠬᠥᠭᠵᠢᠭᠦᠯᠬᠦ᠂ ᠲᠣᠮᠣ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢ ᠵᠡᠷᠭᠡᠪᠡᠷ ᠨᠡᠮᠡᠭᠳᠡᠭᠦᠯᠬᠦ ᠶᠢ ᠠᠬᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ 1500 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠪᠴᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠵᠢᠯ ᠤᠨ ᠳᠣᠲᠣᠷ᠎ᠠ ︽ᠳᠥᠷᠪᠡᠨ ᠳᠡᠭᠡᠳᠦ︾ ᠠᠵᠤ ᠠᠬᠤᠶᠢᠯᠠᠯ ᠤᠨ ᠶᠡᠷᠦᠩᠬᠡᠶ ᠬᠡᠮᠵᠢᠶ᠎ᠡ ᠶᠢᠨ ᠨᠡᠮᠡᠭᠳᠡᠯ ᠤᠨ ᠬᠡᠮᠵᠢᠶ᠎ᠡ ᠶᠢ 20 % ᠠᠴᠠ ᠳᠡᠭᠡᠭᠰᠢ ᠳᠤ ᠬᠦᠷᠦᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠪᠦᠲᠦᠴᠡ ᠶᠢ ᠨᠠᠩ ᠰᠢᠯᠢᠳᠡᠭᠵᠢᠭᠦᠯᠦᠨ᠎ᠡ᠃ ᠤᠳᠤ ᠪᠠᠶᠢᠭ᠎ᠠ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠲᠡᠮᠦᠷ ᠤᠨ ᠨᠠᠷᠢᠯᠢᠭ ᠨᠤᠨᠲᠠᠭ ᠰᠢᠯᠢᠵᠦ ᠰᠣᠩᠭᠤᠬᠤ ᠠᠵᠤ ᠠᠬᠤᠶᠢᠯᠠᠯ ᠢ ᠤᠯᠠᠮ ᠨᠢᠭᠡ ᠠᠯᠬᠤᠮ ᠨᠢᠭᠡᠳᠬᠡᠨ ᠵᠢᠷᠤᠮᠵᠢᠭᠤᠯᠵᠤ᠂ ᠬᠠᠢ ᠮᠢᠩ ᠤᠨ 20 ᠲᠦᠮᠡᠨ ᠲᠣᠨ ᠤ ᠨᠠᠷᠢᠯᠢᠭ ᠴᠢᠳᠬᠤᠮᠠᠯ ᠲᠣᠨᠤᠭ᠂ ᠬᠤᠸᠠ ᠫᠦ ᠶᠢᠨ 40 ᠲᠦᠮᠡᠨ ᠲᠣᠨ ᠤ ᠵᠢᠭᠤᠲᠠᠩᠭᠤᠢ ᠮᠥᠬᠦᠯᠢᠭᠲᠦ ᠪᠡᠭᠡ ᠶᠢᠨ ᠴᠢᠳᠬᠤᠮᠠᠯ ᠲᠣᠨᠤᠭ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠳ᠋ᠠ ᠠᠨ ᠪᠣᠯᠣᠳ ᠲᠡᠮᠦᠷ ᠤᠨ ᠪᠦᠬᠦᠯᠢ ᠴᠣᠭᠴᠠ ᠪᠠᠷ ᠨᠡᠭᠦᠯᠭᠡᠬᠦ ᠶᠢ ᠠᠬᠢᠭᠤᠯᠵᠤ᠂ ᠪᠣᠯᠣᠳ ᠲᠡᠮᠦᠷ ᠤᠨ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠨ᠎ᠠ᠃ ᠰᠢᠨ ᠾᠧᠩ ᠹᠧᠩ ᠬᠥᠩᠭᠡᠨᠴᠠᠭᠠᠨ ᠴᠠᠬᠢᠯᠭᠠᠨ ᠤ ᠲᠥᠷᠥᠯ ᠵᠦᠢᠯ ᠳᠤ ᠲᠦᠰᠢᠭᠯᠡᠨ᠂ 20 ᠲᠦᠮᠡᠨ ᠲᠣᠨ ᠬᠥᠩᠭᠡᠨᠴᠠᠭᠠᠨ ᠤ ᠬᠠᠶᠢᠯᠤᠰᠢ ᠶᠢᠨ ᠲᠥᠷᠥᠯ ᠵᠦᠢᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠥᠩᠭᠡᠨᠴᠠᠭᠠᠨ ᠤ ᠤᠰᠤ ᠶᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠢ ᠬᠡᠯᠪᠡᠷᠢ ᠲᠡᠶᠢᠰᠢ ᠬᠤᠪᠢᠷᠠᠬᠤ ᠶᠢ ᠦᠷᠭᠦᠯᠵᠢᠯᠡᠨ ᠠᠬᠢᠭᠤᠯᠵᠤ᠂ 10 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 0 . 85 ᠲᠦᠮᠡᠨ ᠮᠦ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢ ᠬᠡᠷᠡᠭᠵᠢᠭᠦᠯᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠨ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠦᠶᠡᠩ ᠤᠨ ᠪᠠ ᠪᠦᠦ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠳᠤ ᠣᠷᠣᠬᠤ ᠠᠵᠤ ᠠᠬᠤᠶᠢᠯᠠᠯ ᠢ ᠰᠢᠨ᠎ᠡ ᠪᠠᠷ 3ᠡᠷᠦᠬᠡ ᠶᠢ 15 ᠡᠷᠦᠬᠡ ᠳᠤ ᠬᠦᠷᠭᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠤᠬᠠᠢ ᠶᠢᠨ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 70 % ᠳᠤ ᠬᠦᠷᠭᠡᠨ᠎ᠡ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠬᠦ ᠬᠡᠷᠡᠭᠲᠡᠢ᠃ 50 ᠲᠦᠮᠡᠨ ᠬᠢᠯᠦᠸᠠᠲ ᠰᠢᠨ᠎ᠡ ᠡᠨᠧᠷᠭᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠰᠢᠨᠵᠢᠶᠠᠩ ᠤᠨ ᠣᠨᠴᠣᠭᠤᠶ ᠬᠦᠴᠦᠳᠡᠯ ᠥᠭᠡᠷᠡᠴᠢᠯᠡᠬᠦ ᠴᠠᠬᠢᠯᠭᠠᠨ ᠤ ᠠᠵᠢᠯ ᠤᠨ ᠰᠤᠪᠤᠷᠭᠠᠨ ᠲᠦᠩᠰᠡ ᠦᠢᠯᠡᠳᠬᠦ᠂ 20 ᠲᠦᠮᠡᠨ ᠲᠣᠨ ᠭᠡᠷᠡᠯ ᠸᠣᠯᠲ ᠤᠨ ᠰᠢᠯ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠵᠣᠬᠢᠬᠤ ᠬᠡᠪᠴᠢᠶᠡᠲᠦ ᠦᠢᠯᠡᠳᠦᠯ ᠪᠦᠬᠦᠢ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠯᠦᠭᠯᠡᠯ ᠢ ᠲᠦᠷᠭᠡᠬᠡᠨ ᠪᠤᠶ ᠪᠣᠯᠭᠠᠨ᠎ᠠ᠃ ᠾᠦᠢ ᠬᠤᠤ ᠶᠢᠨ 9 ᠲᠦᠮᠡᠨ ᠲᠣᠨ ᠮᠠᠭᠨᠢ ᠶᠢᠨ ᠠᠯᠺᠧᠨ ᠮᠠᠲ᠋ᠧᠷᠢᠶᠠᠯ᠂  ᠣᠦ ᠶᠤᠸᠠᠨ ᠯᠢᠲ᠋ᠢ ᠶᠢᠨ ᠢᠶᠣᠨ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ᠂ ᠵᠢᠶᠠᠨ ᠷᠦᠩ ᠤᠨ 15 ᠲᠦᠮᠡᠨ ᠲᠣᠨ ᠴᠢᠯᠠᠭᠤᠯᠢᠭ ᠬᠥᠪᠥᠩ ᠵᠢᠴᠢ ᠬᠤᠸᠠ ᠸᠧᠶ ᠲᠠᠷᠢᠶᠠᠯᠠᠩ ᠤᠨ  ᠵᠠᠰᠠᠯ ᠤᠨ ᡁᠢ ᠬᠥ᠋ ᠵᠡᠷᠭᠡ ᠲᠥᠷᠥᠯ ᠵᠦᠶᠯ ᠤᠨ ᠠᠬᠢᠴᠠ ᠶᠢ ᠲᠦᠷᠭᠡᠳᠬᠡᠵᠦ᠂ ᠰᠢᠨ᠎ᠡ ᠮᠠᠲ᠋ᠧᠷᠢᠶᠠᠯ ᠪᠠ ᠲᠣᠨᠤᠭ ᠲᠥᠬᠦᠭᠡᠷᠦᠮᠵᠢ ᠦᠶᠯᠡᠳᠬᠦ ᠠᠵᠤ ᠦᠶᠯᠡᠰ ᠤᠨ ᠠᠵᠤ ᠦᠶᠯᠡᠳᠪᠦᠷᠢ ᠶᠢᠨ ᠠᠵᠤ ᠠᠬᠤᠶ ᠳᠠᠬᠢ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ︽ᠲᠤᠭ᠎ᠠ ᠪᠠᠷᠢᠮᠲᠠ ᠶᠢ ᠬᠡᠷᠡᠭᠯᠡᠨ ᠣᠶᠤᠨ ᠤᠬᠠᠭᠠᠨ ᠢ ᠨᠡᠮᠡᠭᠳᠡᠭᠦᠯᠬᠦ︾ ᠶᠢ ᠳᠡᠮᠵᠢᠵᠦ᠂ ᠪᠣᠳᠠᠲᠤ ᠴᠣᠭᠴᠠ ᠶᠢᠨ ᠠᠵᠤ ᠠᠬᠤᠶ ᠪᠠ ᠲᠣᠭᠠᠴᠢᠯᠠᠭᠰᠠᠨ ᠠᠵᠤ ᠠᠬᠤᠶ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃        ︵ᠬᠤᠶᠠᠷ︶ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠪᠠᠷ ᠭᠤᠣᠯᠳᠠᠯᠭ᠎ᠠ ᠪᠣᠯᠭᠠᠨ ᠨᠡᠮᠡᠭᠳᠡᠯ ᠢ ᠲᠣᠭᠲᠠᠪᠤᠷᠢᠵᠢᠭᠤᠯᠬᠤ ᠣᠷᠣᠨ ᠵᠠᠢ ᠶᠢ ᠥᠷᠭᠡᠳᠬᠡᠨ᠎ᠡ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠮᠠᠨ ᠤ ᠰᠢᠶᠠᠨ ᠤ ᠣᠳᠣᠬᠢ ᠱᠠᠲᠤᠨ ᠳᠤ ᠠᠪᠴᠤ ᠬᠡᠯᠡᠪᠡᠯ᠂ ᠬᠡᠷᠡᠭᠯᠡᠭᠡᠨ ᠤ ᠳᠠᠯᠳᠠ ᠬᠦᠴᠦᠨ ᠬᠢᠵᠠᠭᠠᠷ ᠲᠠᠢ᠂ ᠭᠠᠳᠠᠭᠠᠳᠤ ᠭᠠᠷᠭᠠᠯᠲᠠ ᠨᠢ ᠪᠠᠷᠤᠭ ᠳᠠᠩ ᠪᠠᠶᠢᠵᠤ᠂ ᠪᠡᠯᠡ ᠣᠷᠣᠭᠤᠯᠤᠯᠲᠠ ᠨᠢ ᠣᠷᠣᠯᠠᠭᠤᠯᠵᠤ ᠪᠣᠯᠤᠰᠢ ᠦᠭᠡᠶ ᠦᠢᠯᠡᠳᠦᠯ ᠲᠠᠢ ᠶᠤᠮ᠃ 38 ᠴᠢᠬᠤᠯᠠ ᠶᠡᠭᠡ ᠲᠥᠷᠥᠯ ᠵᠦᠢᠯ ᠢ ᠭᠤᠣᠯᠳᠠᠯᠭ᠎ᠠ ᠲᠠᠢ ᠰᠠᠶᠢᠲᠤᠷ ᠬᠡᠷᠡᠭᠵᠢᠭᠦᠯᠵᠦ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠢᠶᠠᠨ ᠰᠡᠷᠭᠦᠭᠡᠬᠦ ᠶᠢ ᠦᠨᠡᠨᠬᠦ ᠪᠠᠲᠤᠯᠠᠵᠤ ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠡᠬᠢᠯᠡᠭᠦᠯᠵᠦ᠂ ᠰᠠᠷ᠎ᠠ ᠪᠦᠷᠢ ᠶᠢᠨ ᠪᠡᠯᠡ ᠣᠷᠣᠭᠤᠯᠤᠯᠲᠠ ᠶᠢᠨ ᠲᠡᠩᠴᠡᠭᠦᠷᠢᠲᠡᠶ ᠠᠬᠢᠴᠠ ᠶᠢ ᠪᠠᠲᠤᠯᠠᠵᠤ᠂ ᠨᠢᠭᠡ ᠪᠦᠯᠦᠭ ᠰᠣᠳᠣᠨ ᠪᠠᠷᠢᠯᠭ᠎ᠠ ᠶᠢ ᠴᠢᠷᠮᠠᠶᠢᠨ ᠪᠠᠶᠢᠭᠤᠯᠵᠤ᠂ ᠪᠦᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 65 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ 80 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠠᠵᠤ ᠦᠢᠯᠡᠰ ᠤᠨ ᠪᠡᠯᠡ ᠣᠷᠣᠭᠤᠯᠤᠯᠲᠠ ᠢᠯᠠᠩᠭᠤᠶ᠎ᠠ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠬᠤᠪᠢ ᠶᠢᠨ ᠵᠢᠩ ᠢ 70 % ᠠᠴᠠ ᠳᠡᠭᠡᠭᠰᠢ ᠳᠤ ᠬᠦᠷᠦᠭᠦᠯᠦᠨ᠎ᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠤᠨ᠂ 2 . 5 ᠳ᠋ᠦᠩᠰᠢᠭᠤᠷ ᠲᠥᠭᠦᠷᠢᠭ ᠣᠷᠣᠭᠤᠯᠵᠤ ᠪᠠᠶᠢᠭᠠᠳ ᠶᠢᠨ ᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠥᠷᠭᠡᠷᠢᠭ ᠭᠤᠷᠪᠠᠳᠤᠭᠠᠷ ᠵᠠᠮ ᠤᠨ ᠢᠨᠵᠧᠨᠧᠷᠢᠩ ᠢ ᠬᠡᠷᠡᠭᠵᠢᠭᠦᠯᠵᠦ᠂ ᠨᠡᠶᠢᠲᠡ 5 . 2  ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠶ ᠬᠡᠷᠡᠭᠯᠡᠬᠦ ᠱᠤᠭᠤᠮ ᠤᠨ ᠲᠥᠷᠥᠯ ᠵᠦᠢᠯ ᠢ ᠡᠬᠢᠯᠡᠭᠦᠯᠦᠨ᠎ᠡ᠃ 1 . 48 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ 77 . 6  ᠺᠢᠯᠣᠮᠧᠲᠷ ᠤᠨ ᠵᠠᠮ  ᠤᠨ ᠥᠭᠡᠷᠡᠴᠢᠯᠡᠨ ᠵᠠᠰᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ 4600 ᠲᠦᠮᠡᠨ ᠲᠥᠭᠦᠷᠢᠭ ᠤᠨ ᠪᠡᠯᠡ ᠣᠷᠣᠭᠤᠯᠤᠨ᠂ ᠸᠧᠨ ᠭᠧ ᠴᠢ ᠠᠴᠠ ᠡᠯ ᠰᠢᠶᠠᠩ ᠨᠡᠶᠢᠲᠡ ᠶᠢᠨ ᠬᠡᠷᠡᠭᠯᠡᠭᠡᠨ ᠤ ᠠᠵᠤ ᠦᠢᠯᠡᠰ ᠤᠨ ᠵᠠᠰᠠᠮᠠᠯ ᠵᠠᠮ ᠤᠨ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠭᠦᠶᠡᠩ ᠠᠴᠠ ᠪᠠᠢ ᠶᠦᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠰᠠᠶᠢᠲᠤᠷ ᠬᠢᠨ᠎ᠡ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠨᠠᠩ ᠶᠡᠭᠡ ᠡᠷᠴᠢᠮ ᠢᠶᠠᠷ ᠴᠢᠩᠭᠠᠳᠬᠠᠬᠤ ᠬᠡᠷᠡᠭᠲᠡᠶ᠃ ︽ᠲᠥᠷᠥᠯ ᠵᠦᠶᠯ ᠢ ᠰᠤᠷᠪᠤᠯᠵᠢᠯᠠᠨ ᠮᠡᠳᠡᠭᠡ ᠵᠠᠩᠭᠢ ᠶᠢ ᠠᠳᠬᠤᠬᠤ ᠂ ᠲᠥᠷᠥᠯ ᠵᠦᠶᠯ ᠤᠨ ᠭᠡᠷ᠎ᠡ ᠲᠣᠭᠲᠠᠬᠤ ᠶᠢ ᠠᠳᠬᠤᠬᠤ᠂ ᠲᠥᠷᠥᠯ ᠵᠦᠶᠯ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠲᠥᠷᠥᠯ ᠵᠦᠶᠯ ᠢ ᠨᠠᠶᠢᠳᠠᠪᠤᠷᠢᠵᠢᠭᠤᠯᠬᠤ ᠶᠢ ᠠᠳᠬᠤᠬᠤ︾ ᠱᠠᠭᠠᠷᠳᠠᠯᠭ᠎ᠠ ᠶᠣᠰᠣᠭᠠᠷ᠂ ᠨᠢᠳᠤᠨᠤᠨ ᠠᠴᠠ ᠨᠠᠰᠢᠬᠢ ᠠᠷᠠᠯᠵᠢᠶᠠᠴᠢᠨ ᠤᠷᠢᠬᠤ ᠲᠥᠷᠥᠯ ᠵᠦᠶᠯ ᠢ ᠡᠮᠬᠢᠯᠡᠨ ᠳᠢᠭᠯᠡᠵᠦ᠂ ᠺᠣᠮᠫᠠᠨᠢ ᠶᠢᠨ ᠳᠠᠩᠰᠠᠯᠠᠭᠤᠯᠤᠯᠲᠠ ᠶᠢ ᠨᠢᠭᠡᠨᠲᠡ ᠡᠬᠢᠯᠡᠭᠦᠯᠦᠭᠰᠡᠨ ᠵᠡᠷᠭᠡ ᠡᠮᠦᠨᠡᠬᠢ ᠬᠤᠭᠤᠴᠠᠭᠠᠨ ᠤ ᠠᠵᠢᠯ ᠤᠨ ᠲᠥᠷᠥᠯ ᠵᠦᠶᠯ ᠢ ᠭᠤᠤᠯᠳᠠᠯᠭ᠎ᠠ ᠲᠠᠢ ᠠᠩᠬᠠᠷᠴᠤ᠂ ᠨᠢᠭᠡ ᠪᠦᠯᠦᠭ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠠᠶᠢᠭᠤᠯᠵᠤ ᠪᠠᠶᠢᠭ᠎ᠠ ᠴᠢᠬᠤᠯᠠ ᠶᠡᠭᠡ ᠲᠥᠷᠥᠯ ᠵᠦᠶᠯ ᠤᠨ ᠨᠠᠷᠢᠨ ᠲᠠᠩᠰᠠᠨ ᠳᠤ ᠴᠠᠭ ᠲᠤᠬᠠᠶ ᠳᠤᠨᠢ ᠣᠷᠣᠭᠤᠯᠤᠨ᠎ᠠ ᠪᠣᠯᠣᠳ ᠲᠡᠮᠦᠷ᠂ ᠬᠥᠩᠭᠡᠨ ᠴᠠᠭᠠᠨ ᠤ ᠮᠠᠭᠨᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠵᠡᠷᠭᠡ ᠭᠤᠤᠯᠯᠠᠬᠤ ᠠᠵᠤ ᠦᠶᠯᠡᠰ ᠤᠨ ᠬᠡᠯᠬᠢᠶ᠎ᠡ ᠶᠢᠨ 500 ᠬᠦᠴᠦᠷᠬᠡᠭ ᠪᠣᠯᠤᠨ ᠬᠥᠲᠥᠴᠢ ᠠᠵᠤ ᠠᠬᠤᠶᠢᠯᠠᠯ ᠢ ᠡᠮᠬᠢᠯᠡᠵᠦ᠂ ᠪᠥᠬᠦ ᠲᠠᠯ᠎ᠠ ᠪᠠᠷ ᠬᠤᠳᠠᠯᠳᠤᠭᠠᠴᠢᠨ ᠤᠷᠢᠬᠤ ᠰᠠᠭᠤᠷᠢᠨ ᠳᠡᠭᠡᠷ᠎ᠡ ᠪᠠᠶᠢᠷᠢ ᠰᠣᠯᠪᠢᠴᠠᠨ ᠬᠤᠳᠠᠯᠳᠤᠭᠠᠴᠢᠨ ᠤᠷᠢᠬᠤ᠂ ᠲᠦᠢᠯ ᠤᠨ ᠣᠨᠣᠪᠴᠢᠲᠠᠶ ᠪᠠᠷ ᠬᠤᠳᠠᠯᠳᠤᠭᠠᠴᠢᠨ ᠤᠷᠢᠬᠤ ᠶᠢ ᠪᠡᠶᠡᠯᠡᠭᠦᠯᠵᠦ᠂ ᠭᠡᠷ᠎ᠡ ᠲᠣᠭᠲᠠᠬᠤ ᠲᠥᠷᠥᠯ ᠵᠦᠶᠯ ᠢᠶᠠᠷ ᠭᠤᠤᠯ ᠪᠣᠯᠭᠠᠭᠰᠠᠨ ᠨᠥᠭᠡᠴᠡᠯᠡᠬᠦ ᠲᠥᠷᠥᠯ ᠵᠦᠶᠯ ᠤᠨ ᠨᠠᠷᠢᠨ ᠬᠠᠭᠤᠳᠠᠰᠤ ᠶᠢ ᠪᠣᠶ ᠪᠣᠯᠭᠠᠨ᠎ᠠ᠃ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠦᠷᠢᠮᠵᠢᠭᠰᠡᠨ ᠪᠠᠷᠢᠮᠵᠢᠶᠠᠵᠢᠭᠰᠠᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠪᠠ ᠲᠥᠪᠯᠡᠷᠡᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠠᠵᠢᠯᠲᠠᠨ ᠢᠶᠠᠷ ᠢᠶᠠᠨ ᠭᠠᠷᠳᠠᠬᠤ ᠶᠢ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠭᠦᠷᠭᠡ ᠶᠢ ᠬᠤᠪᠢᠶᠠᠷᠢᠯᠠᠬᠤ ᠲᠥᠰᠦᠯ ᠢ ᠲᠣᠭᠲᠠᠭᠠᠵᠤ᠂ ᠬᠦᠷᠢᠶᠡᠯᠡᠩ ᠲᠣᠭᠤᠷᠢᠭ᠂ ᠪᠠᠯᠭᠠᠰᠤ᠂ ᠰᠠᠯᠠᠭ᠎ᠠ ᠮᠥᠴᠢᠷ ᠤᠨ ᠬᠤᠳᠠᠯᠳᠤᠭᠠᠴᠢᠨ ᠤᠷᠢᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠢᠯ ᠤᠨ ᠳᠣᠲᠣᠷ᠎ᠠ 260 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠳᠤ ᠭᠡᠷ᠎ᠡ ᠲᠣᠭᠲᠠᠵᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠢ 5 ᠠᠴᠠ ᠳᠡᠭᠡᠭᠰᠢ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠢ 10 ᠠᠴᠠ ᠳᠡᠭᠡᠭᠰᠢ ᠣᠷᠣᠭᠤᠯᠤᠨ ᠠᠪᠴᠢᠷᠠᠵᠤ᠂ ᠣᠷᠣᠨ ᠤ ᠳᠣᠲᠣᠷ᠎ᠠ ᠭᠠᠳᠠᠨᠠᠬᠢ ᠪᠠᠯᠠ ᠮᠥᠩᠭᠦ ᠶᠢ 12 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠬᠡᠷᠡᠭᠯᠡᠭᠡ ᠶᠢ ᠴᠢᠷᠮᠠᠶᠢᠨ ᠥᠷᠭᠡᠳᠬᠡᠬᠦ ᠬᠡᠷᠡᠭᠲᠡᠢ᠃ ᠣᠯᠠᠨ ᠲᠦᠮᠡᠨ ᠤ ︽ᠢᠳᠡᠵᠦ ᠡᠮᠦᠰᠬᠦ ᠶᠠᠪᠤᠵᠤ ᠰᠠᠭᠤᠬᠤ᠂ ᠵᠤᠭᠠᠴᠠᠨ ᠬᠤᠳᠠᠯᠳᠤᠨ ᠠᠪᠬᠤ ᠡᠮᠴᠢᠯᠡᠭᠡ ᠬᠥᠮᠦᠵᠢᠯ᠂ ᠰᠣᠶᠣᠯ ᠰᠤᠷᠭᠠᠨ ᠬᠥᠮᠦᠵᠢᠯ ᠪᠡᠶ᠎ᠡ ᠶᠢᠨ ᠲᠠᠮᠢᠷ ᠵᠤᠭ᠎ᠠ ᠴᠡᠩᠭᠡᠯ ᠵᠡᠷᠭᠡ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢᠳᠤᠷᠠᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠤᠨ ᠨᠠᠷᠢᠯᠢᠬᠵᠢᠭᠰᠠᠨ᠂ ᠴᠢᠨᠠᠷ ᠰᠠᠶᠢᠲᠠᠶ ᠬᠥᠭᠵᠢᠬᠦ ᠶᠢ ᠠᠬᠢᠭᠤᠯᠤᠨ᠎ᠠ᠃ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠥᠷᠭᠡᠨ ᠣᠯᠠᠨ ᠲᠦᠮᠡᠨ᠂ ᠲᠢᠶᠠᠨ ᠾᠧ᠂ ᠲᠠᠷᠢᠮᠠᠯ ᠤᠨ ᠬᠦᠷᠢᠶᠡᠯᠡᠩ ᠵᠡᠷᠭᠡ ᠪᠣᠳᠠᠲᠤ ᠴᠣᠭᠴᠠ ᠶᠢᠨ ᠬᠤᠳᠠᠯᠳᠤᠭᠠᠨ ᠤ ᠴᠠᠭᠠᠷᠢᠭ ᠤᠨ ᠬᠡᠷᠡᠭᠯᠡᠭᠡ ᠳᠤ ᠦᠵᠡᠭᠦᠯᠬᠦ ᠬᠥᠲᠥᠯᠥᠨ ᠳᠠᠭᠠᠭᠤᠯᠬᠤ ᠦᠶᠯᠡᠳᠦᠯ ᠢ ᠥᠷᠭᠡᠳᠬᠡᠨ᠎ᠡ᠃ ᠮᠠᠨ ᠤ ᠰᠢᠶᠠᠨ 2021 ᠣᠨ ᠤ ᠳᠤᠮᠳᠠᠳᠤ ᠤᠯᠤᠰ ᠤᠨ ᠰᠢᠶᠠᠨ ᠤ ᠬᠡᠪᠴᠢᠶᠡᠨ ᠤ ᠡᠯᠧᠺᠲᠷᠣᠨ ᠬᠤᠳᠠᠯᠳᠤᠭᠠᠨ ᠤ ᠥᠷᠢᠰᠥᠯᠳᠦᠬᠦ ᠬᠦᠴᠦᠨ ᠤ ᠵᠠᠭᠤᠨ ᠬᠦᠴᠦᠷᠬᠡᠭ ᠲᠤ ᠰᠣᠩᠭᠤᠭᠳᠠᠭᠰᠠᠨ ᠠᠵᠠ ᠲᠣᠬᠢᠶᠠᠯ ᠢ ᠠᠳᠬᠤᠵᠤ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠳᠤ ᠲᠣᠰ ᠭᠠᠵᠠᠷ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠥᠬᠦᠪᠥᠷᠢ ᠶᠢ ᠦᠷᠭᠦᠯᠵᠢᠯᠡᠨ ᠣᠯᠭᠤᠵᠤ᠂ ︽ᠰᠦᠯᠵᠢᠶᠡᠵᠢᠭᠰᠡᠨ ᠠᠵᠤ ᠠᠬᠤᠶ︾ ᠶᠢᠨ ᠳᠠᠶᠢᠴᠢᠯᠠᠬᠤ ᠦᠶᠯᠡᠳᠦᠯ ᠢ ᠪᠠᠳᠠᠷᠠᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢᠨ ᠨᠠᠩ ᠰᠠᠶᠢᠨ ᠠᠭᠤᠰᠤᠯᠴᠠᠬᠤ ᠶᠢ ᠠᠬᠢᠭᠤᠯᠤᠨ᠎ᠠ᠃ ᠴᠢᠨ ᠤᠯᠤᠰ ᠠᠴᠠ ᠴᠠᠭᠠᠨ ᠬᠡᠷᠡᠮ ᠤᠨ ᠤᠯᠤᠰ ᠠᠴᠠ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠡᠬᠢᠯᠡᠭᠦᠯᠵᠦ᠂ ᠴᠦᠨ ᠺᠦᠨ ᠱᠠᠨ ᠦᠵᠡᠮᠵᠢ ᠶᠢᠨ ᠣᠷᠣᠨ ᠤ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠧᠢ ᠸᠧᠢ ᠵᠢᠵᠢᠭ ᠪᠠᠯᠭᠠᠰᠤ᠂ ᠲᠢᠶᠠᠨ ᠹᠧᠩ ᠪᠠᠭᠤᠳᠠᠯ ᠤᠨ ᠲᠥᠷᠦᠯ ᠵᠦᠢᠯ ᠢ ᠦᠷᠭᠦᠯᠵᠢᠯᠡᠨ ᠡᠬᠢᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠬᠡᠯᠬᠢᠶ᠎ᠡ ᠡᠵᠡᠩᠨᠡᠯᠲᠡ ᠶᠢ ᠥᠷᠭᠡᠳᠬᠡᠬᠦ ᠶᠢ ᠵᠣᠷᠢᠭᠵᠢᠭᠤᠯᠵᠤ᠂ ᠲᠢᠶᠠᠨ ᠹᠧᠩ᠂ ᠯᠦ ᠰᠢᠩ ᠵᠡᠷᠭᠡ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠳᠡᠮᠵᠢᠨ᠎ᠡ᠃ ᠣᠶᠢᠷ᠎ᠠ ᠶᠢᠨ ᠵᠢᠯ ᠤᠨ ᠲᠤᠷᠰᠢ ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠲᠦᠭᠦᠬᠡᠶ ᠮᠠᠲ᠋ᠧᠷᠢᠶᠠᠯ ᠪᠣᠯᠤᠨ ᠠᠵᠤ ᠦᠢᠯᠡᠳᠪᠦᠷᠢ ᠶᠢᠨ ᠦᠢᠯᠡᠳᠬᠦᠨ ᠤ ᠲᠡᠭᠡᠭᠡᠪᠦᠷᠢ ᠶᠢᠨ ᠬᠡᠮᠵᠢᠶ᠎ᠡ ᠶᠢᠨ ᠦᠳᠲᠡᠷ ᠲᠦᠷᠭᠡᠨ ᠥᠷᠭᠡᠳᠬᠦ ᠰᠠᠭᠤᠷᠢ ᠳᠤ ᠲᠦᠰᠢᠭᠯᠡᠨ᠂ ᠪᠠᠷᠠᠭᠠᠨ ᠤ ᠭᠦᠢᠯᠭᠡᠭᠡᠨ ᠤ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠣᠷᠣᠭᠤᠯᠵᠤ ᠢᠷᠡᠨ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ᠂ ᠵᠠᠮ ᠲᠡᠭᠡᠭᠡᠪᠦᠷᠢ ᠶᠢᠨ ᠦᠢᠯᠡᠰ ᠤᠨ ᠲᠤᠰᠬᠠᠶᠢᠵᠢᠬᠤ ᠴᠢᠭᠯᠡᠯ ᠲᠡᠰᠢ ᠬᠥᠭᠵᠢᠬᠦ ᠶᠢ ᠲᠦᠯᠬᠢᠨ ᠠᠬᠢᠭᠤᠯᠵᠤ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠨᠡᠩ ᠰᠠᠶᠢᠨ ᠨᠥᠯᠥᠭᠡᠯᠡᠨ ᠳᠠᠶᠢᠴᠢᠯᠠᠵᠤ ᠪᠦᠬᠦ ᠰᠢᠶᠠᠨ ᠤ ᠠᠵᠤ ᠠᠬᠤᠶ ᠶᠢ ᠳᠠᠶᠢᠴᠢᠯᠠᠨ᠎ᠠ᠃        ᠬᠤᠶᠠᠷ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠪᠠᠷᠢᠮᠵᠢᠶ᠎ᠠ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢᠨ ᠦᠶᠯᠡᠰ ᠢ ᠬᠥᠭᠵᠢᠭᠦᠯᠬᠦ ᠰᠢᠮᠡᠳᠦ ᠬᠥᠷᠥᠰᠥ ᠶᠢ ᠵᠤᠵᠠᠭᠠᠳᠬᠠᠨ᠎ᠠ᠃       ︵ᠨᠢᠭᠡ︶ ᠪᠥᠬᠦ ᠲᠠᠯ᠎ᠠ ᠶᠢᠨ ᠭᠦᠨ ᠲᠠᠰ ᠳᠠᠪᠬᠤᠷᠭ᠎ᠠ ᠶᠢᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠣᠷᠴᠢᠨ ᠨᠥᠬᠦᠴᠡᠯ ᠢ ᠪᠠᠶᠢᠭᠤᠯᠬᠤ ᠬᠡᠷᠡᠭᠲᠡᠶ᠃ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠡᠭᠡᠳᠦ ᠱᠠᠲᠤᠨ ᠤ ᠳᠣᠷᠣᠭᠰᠢ ᠪᠠᠭᠤᠯᠭᠠᠬᠤ ᠵᠦᠶᠯᠡᠰ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠵᠣᠯᠭᠠᠭᠤᠯᠵᠤ᠂ ︽ᠭᠥᠯᠢᠶᠡᠨ ᠠᠪᠴᠤ ᠳᠡᠶᠢᠯᠬᠦ︾ ᠶᠢ ᠦᠨᠡᠨ ᠬᠦ ᠪᠠᠲᠤᠯᠠᠨ᠎ᠠ ᠬᠠᠮᠢᠶᠠᠷᠤᠯᠲᠠ ᠶᠢ ᠦᠢᠯᠡᠴᠢᠯᠡᠭᠡ ᠳᠤ ᠠᠭᠤᠰᠬᠠᠬᠤ ᠶᠢ ᠪᠠᠷᠢᠮᠲᠠᠯᠠᠵᠤ᠂ ︽ᠬᠤᠶᠠᠷ ᠢ ᠲᠣᠬᠢᠶᠠᠯᠳᠤᠯ ᠢᠶᠠᠷ ᠰᠣᠩᠭᠤᠬᠤ ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠰᠠᠶᠢᠲᠤᠷ ᠬᠠᠮᠢᠶᠠᠷᠬᠤ︾ ᠶᠢ ᠦᠨᠡᠨ ᠬᠦ ᠪᠠᠲᠤᠯᠠᠨ᠎ᠠ ᠲᠥᠷᠥᠯ ᠵᠦᠶᠯ ᠢ ᠬᠢᠨᠠᠨ ᠵᠥᠪᠰᠢᠶᠡᠷᠡᠬᠦ᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠵᠡᠷᠭᠡ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠳᠤᠲᠠᠭᠳᠠᠵᠤ ᠪᠠᠶᠢᠭ᠎ᠠ ᠠᠰᠠᠭᠤᠳᠠᠯ ᠢ ᠭᠥᠯᠢᠶᠡᠨ ᠠᠪᠴᠤ ᠰᠢᠶᠳᠪᠦᠷᠢᠯᠡᠬᠦ᠂ ᠭᠠᠵᠠᠷ ᠰᠢᠷᠣᠶ ᠠᠪᠤᠮᠠᠭᠴᠠ ᠠᠵᠢᠯ ᠡᠬᠢᠯᠡᠭᠦᠯᠬᠦ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ᠂ ᠲᠥᠪᠯᠡᠷᠡᠭᠦᠯᠦᠨ ᠦᠶᠯᠡᠴᠢᠯᠡᠬᠦ︾ ᠥᠭᠡᠷᠡᠴᠢᠯᠡᠯᠲᠡ ᠶᠢᠨ ᠬᠠᠮᠤᠷᠬᠤ ᠨᠣᠷᠮ᠎ᠠ ᠶᠢ 100 % ᠳᠤ ᠬᠦᠷᠦᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠪᠦᠬᠦᠨ ᠢ ︽ᠰᠦᠯᠵᠢᠶ᠎ᠡ ᠪᠠᠷ ᠭᠦᠶᠴᠡᠳᠬᠡᠬᠦ︾ ᠶᠢ ᠴᠢᠷᠮᠠᠶᠢᠨ ᠪᠡᠶᠡᠯᠡᠭᠦᠯᠵᠦ᠂ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠲᠤ ᠴᠣᠩᠬᠤᠪᠴᠢ ᠪᠠᠷ ᠬᠤᠤᠰ ᠠᠮᠠᠷᠠᠯᠲᠠ ᠶᠢᠨ ᠡᠳᠦᠷ ᠤᠨ ᠦᠶᠯᠡᠴᠢᠯᠡᠭᠡᠨ ᠤ ᠲᠦᠷᠢᠮ ᠢ ᠬᠡᠷᠡᠭᠵᠢᠭᠦᠯᠦᠨ᠂ ︽ᠦᠶᠯᠡᠴᠢᠯᠡᠭᠡ ᠶᠢ ᠰᠢᠯᠢᠳᠡᠭᠵᠢᠭᠦᠯᠬᠦ︾ ᠶᠢ ᠦᠨᠡᠨᠬᠦ ᠪᠠᠲᠤᠯᠠᠨ᠎ᠠ᠃ ︽ᠴᠥᠭᠡᠨ ᠲᠦᠷᠭᠡᠨ ᠰᠠᠶᠢᠨ︾ ᠪᠠᠶᠢᠬᠤ ᠶᠢ ᠲᠦᠷᠭᠡᠳᠬᠡᠨ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠬᠢᠨᠠᠨ ᠵᠥᠪᠰᠢᠶᠡᠷᠡᠬᠦ ᠵᠦᠶᠯᠡᠰ ᠢᠶᠠᠷ ᠬᠠᠮᠤᠭ ᠤᠨ ᠪᠠᠭ᠎ᠠ᠂ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠬᠤᠷᠳᠤᠴᠠ ᠪᠠᠷ ᠬᠠᠮᠤᠭ ᠤᠨ ᠲᠦᠷᠭᠡᠨ᠂ ᠦᠶᠯᠡᠴᠢᠯᠡᠭᠡᠨ ᠤ ᠬᠢᠷᠢ ᠲᠦᠪᠰᠢᠨ ᠢᠶᠠᠷ ᠬᠠᠮᠤᠭ ᠤᠨ ᠰᠠᠶᠢᠨ ᠬᠠᠷᠠᠯᠲᠠ ᠳᠠᠰᠢ ᠤᠷᠤᠭᠰᠢᠯᠠᠭᠤᠯᠬᠤ ᠶᠢ ᠠᠬᠢᠭᠤᠯᠤᠨ᠎ᠠ᠃ ᠲᠡᠷᠢᠭᠦᠨ ᠵᠡᠷᠭᠡ ᠶᠢᠨ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠠᠬᠢ ᠵᠠᠰᠠᠭ ᠤᠨ ᠣᠷᠳᠣᠨ ᠤ ᠥᠯᠢᠭᠡᠷ ᠳᠠᠭᠤᠷᠢᠶᠠᠯ ᠪᠣᠯᠬᠤ ᠦᠶᠯᠡᠳᠦᠯ ᠢ ᠪᠠᠳᠠᠷᠠᠭᠤᠯᠵᠤ᠂ ᠠᠮᠠᠯᠠᠭᠰᠠᠨ ᠵᠦᠶᠯᠡᠰ ᠢ ᠰᠠᠨᠠᠭᠠᠴᠢᠯᠠᠭ᠎ᠠ ᠠᠴᠠ ᠪᠠᠨ ᠪᠡᠶᠡᠯᠡᠭᠦᠯᠦᠨ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠲᠠᠢ ᠪᠠᠶᠢᠬᠤ ᠪᠠ ᠬᠤᠪᠢ ᠬᠥᠮᠦᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠲᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠭᠡᠷ᠎ᠡ ᠶᠢᠨ ᠵᠣᠷᠢᠭ ᠰᠠᠨᠠᠭ᠎ᠠ ᠶᠢ ᠦᠶᠯᠡᠳᠦᠯᠭᠡᠵᠢᠭᠦᠯᠵᠦ᠂ ︽ᠠᠵᠢᠯ ᠶᠠᠪᠤᠳᠠᠯ ᠭᠦᠶᠴᠡᠳᠬᠡᠬᠦ ᠳᠤ ᠬᠥᠮᠦᠨ ᠢ ᠡᠷᠢᠬᠦ ᠥᠬᠡᠶ︾ ᠪᠠᠶᠢᠬᠤ ᠬᠡᠪ ᠰᠤᠷᠲᠠᠯ ᠢ ᠰᠠᠨᠠᠭᠠᠴᠢᠯᠠᠵᠤ᠂ ᠲᠣᠭᠲᠠᠭᠤᠨ ᠡᠷᠬᠡ ᠲᠡᠭᠰᠢ ᠢᠯᠡ ᠲᠣᠳᠣ᠂ ᠵᠢᠱᠢᠵᠦ ᠪᠣᠯᠬᠤᠶᠢᠴᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ ᠲᠡᠷᠢᠭᠦᠨ ᠵᠡᠷᠭᠡ ᠶᠢᠨ ᠠᠵᠤ ᠦᠶᠯᠡᠰ ᠤᠨ ᠣᠷᠴᠢᠨ ᠲᠣᠭᠤᠷᠢᠨ ᠢ ᠪᠠᠶᠢᠭᠤᠯᠬᠤ ᠬᠡᠷᠡᠭᠲᠡᠶ᠃ ᠪᠦᠬᠦ ᠬᠤᠲᠠ ᠶᠢᠨ ᠠᠵᠤ ᠦᠢᠯᠡᠰ ᠤᠨ ᠶᠡᠭᠡ ᠲᠠᠯ᠎ᠠ ᠳᠤ ᠠᠭᠤᠰᠤᠯᠴᠠᠬᠤ ᠶᠢ ᠲᠦᠷᠭᠡᠳᠬᠡᠵᠦ᠂ ᠠᠵᠤ ᠦᠢᠯᠡᠰ ᠤᠨ ᠬᠠᠮᠵᠢᠯᠴᠠᠭ᠎ᠠ ᠶᠢᠨ ᠲᠥᠬᠦᠷᠵᠢᠭᠦᠯᠦᠯᠲᠡ᠂ ᠵᠠᠬ᠎ᠠ ᠳᠡᠯᠭᠡᠭᠦᠷ ᠤᠨ ᠰᠢᠩᠭᠡᠯᠲᠡ᠂ ᠰᠤᠳᠤᠯᠤᠨ ᠨᠡᠭᠡᠭᠡᠬᠦ ᠵᠢᠷᠤᠭ ᠲᠥᠯᠥᠪᠯᠡᠭᠡ ᠶᠢᠨ ᠳᠡᠮᠵᠢᠯᠭᠡ ᠵᠢᠴᠢ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠦᠨ᠎ᠡ᠃ ᠡᠷᠬᠡ ᠲᠡᠭᠰᠢ ᠪᠠᠷ ᠦᠷᠢᠰᠦᠯᠳᠦᠬᠦ ᠲᠦᠷᠢᠮ ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠥᠨᠳᠥᠷ ᠪᠦᠲᠦᠮᠵᠢᠲᠡᠢ ᠲᠤᠬᠢᠷᠠᠭᠤᠯᠬᠤ ᠶᠢ ᠠᠬᠢᠭᠤᠯᠤᠨ᠎ᠠ᠃ ᠲᠡᠷᠢᠭᠦᠨ ᠵᠡᠷᠭᠡ ᠶᠢᠨ ᠬᠥᠮᠦᠨ ᠰᠣᠶᠣᠯ ᠤᠨ ᠣᠷᠴᠢᠨ ᠲᠣᠭᠤᠷᠢᠨ ᠢ ᠪᠠᠶᠢᠭᠤᠯᠬᠤ ᠬᠡᠷᠡᠭᠲᠡᠶ᠃ ︽ᠬᠥᠮᠦᠨ ᠪᠦᠬᠦᠨ ᠴᠥᠮ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠮᠥᠨ᠂ ᠶᠠᠪᠤᠳᠠᠯ ᠪᠦᠬᠦᠨ ᠴᠥᠮ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠨᠠᠷᠢᠨ ᠵᠦᠢᠯᠡᠰ ᠠᠴᠠ ᠭᠠᠷᠳᠠᠨ᠂ ᠪᠠᠭ᠎ᠠ ᠶᠠᠪᠤᠳᠠᠯ ᠠᠴᠠ ᠭᠠᠷᠳᠠᠨ ᠬᠢᠵᠦ᠂ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠨᠡᠶᠢᠭᠡᠮ ᠳᠠᠶᠠᠭᠠᠷ ᠲᠤ ᠰᠢᠨ᠎ᠡ ᠶᠢ ᠡᠭᠦᠳᠬᠦ ᠶᠢ ᠳᠡᠮᠵᠢᠬᠦ᠂ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠬᠤᠳᠠᠯᠳᠤᠭᠠᠴᠢᠨ ᠢ ᠳᠣᠲᠣᠨᠣᠴᠢᠯᠠᠵᠤ ᠬᠤᠳᠠᠯᠳᠤᠭᠠᠴᠢᠨ ᠢ ᠬᠦᠨᠳᠦᠳᠬᠡᠵᠦ ᠬᠤᠳᠠᠯᠳᠤᠭᠠᠴᠢᠨ ᠢ ᠬᠠᠶᠢᠷᠠᠯᠠᠵᠤ ᠬᠤᠳᠠᠯᠳᠤᠭᠠᠴᠢᠨ ᠢ ᠬᠠᠶᠢᠷᠠᠯᠠᠬᠤ  ᠰᠠᠶᠢᠨ ᠰᠠᠶᠢᠬᠠᠨ       ᠣᠷᠴᠢᠨ ᠨᠥᠬᠦᠴᠡᠯ ᠢ ᠪᠤᠢ ᠪᠣᠯᠭᠠᠨ᠎ᠠ᠃       ︵ᠬᠤᠶᠠᠷ︶ ᠡᠯ᠎ᠡ ᠲᠥᠷᠥᠯ ᠤᠨ ᠬᠦᠴᠦᠨ ᠵᠦᠶᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠣᠯᠪᠠᠰᠤᠷᠠᠯ ᠪᠠ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠴᠠᠭ ᠲᠤᠬᠠᠶ ᠳᠤᠨᠢ ᠵᠣᠯᠭᠠᠭᠤᠯᠵᠤ᠂ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠪᠡᠯᠡ ᠬᠤᠷᠠᠮᠳᠤᠭᠤᠯᠬᠤ ᠳᠤ ᠬᠦᠴᠢᠷ ᠠᠰᠠᠭᠤᠳᠠᠯ ᠢ ᠨᠠᠮᠳᠠᠭᠤᠯᠵᠤ᠂ ᠵᠠᠰᠠᠭ ᠠᠵᠤ ᠠᠬᠤᠶᠢᠯᠠᠯ ᠪᠠᠩᠬᠢ ᠶᠢ ᠣᠨᠣᠪᠴᠢᠲᠠᠢ ᠵᠣᠯᠭᠠᠭᠤᠯᠬᠤ ᠶᠢ ᠠᠬᠢᠭᠤᠯᠵᠤ᠂ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠦᠶᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠪᠠᠷ ᠴᠢᠷᠮᠠᠶᠢᠨ ᠣᠯᠤᠨ᠎ᠠ᠃ ᠲᠠᠷᠢᠶᠠᠯᠠᠩ ᠢ ᠲᠡᠳᠬᠦᠬᠦ ᠵᠢᠭᠡᠯᠡᠯᠭᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠭᠠᠵᠠᠷ ᠰᠢᠷᠣᠶ ᠶᠢ ᠵᠦᠢ ᠵᠣᠬᠢᠰᠲᠠᠶ ᠨᠡᠭᠡᠭᠡᠨ ᠠᠰᠢᠭᠯᠠᠵᠤ ᠂ ᠬᠦᠷᠢᠶᠡᠯᠡᠩ ᠳᠤ ᠣᠷᠣᠬᠤ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠭᠠᠵᠠᠷ ᠰᠢᠷᠣᠶ ᠶᠢᠨ ᠨᠡᠮᠡᠭᠳᠡᠯ ᠢ ᠴᠢᠷᠮᠠᠶᠢᠨ ᠣᠯᠬᠤ ᠬᠡᠷᠡᠭᠲᠡᠶ᠃ ᠨᠢᠭᠡᠨᠲᠡ ᠲᠠᠲᠠᠪᠤᠷᠢᠯᠠᠭᠰᠠᠨ ᠪᠥᠭᠡᠳ ᠬᠡᠷᠡᠭᠯᠡᠭᠡᠳᠦᠶ ᠭᠠᠵᠠᠷ ᠰᠢᠷᠣᠶ ᠶᠢ ᠬᠤᠭᠤᠴᠠᠭ᠎ᠠ ᠬᠢᠵᠠᠭᠠᠷᠯᠠᠨ ᠡᠭᠡᠭᠦᠯᠦᠨ ᠬᠤᠷᠢᠶᠠᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠠᠮᠢᠳᠤᠯᠢᠭᠵᠢᠭᠤᠯᠤᠨ᠂ ︽ᠵᠥᠪᠰᠢᠶᠡᠷᠡᠭᠡᠳ ᠬᠠᠩᠭᠠᠭᠠᠳᠤᠶ︾ ᠭᠠᠵᠠᠷ ᠰᠢᠷᠣᠶ ᠶᠢ 70 ᠾᠧᠺᠲ᠋ᠠᠷ ᠰᠢᠩᠭᠡᠭᠡᠨ ᠠᠰᠢᠭᠯᠠᠬᠤ ᠬᠡᠷᠡᠭᠲᠡᠶ᠃ ᠭᠠᠵᠠᠷ ᠰᠢᠷᠣᠢ ᠶᠢᠨ ᠰᠠᠭᠤᠷᠢ ᠪᠠᠷᠢᠮᠵᠢᠶ᠎ᠠ ᠭᠠᠵᠠᠷ ᠤᠨ ᠦᠨ᠎ᠡ ᠶᠢᠨ ᠰᠢᠨᠡᠴᠢᠯᠡᠯᠲᠡ ᠶᠢ ᠪᠡᠶᠡᠯᠡᠭᠦᠯᠵᠦ᠂ ᠬᠠᠳᠠᠭᠠᠯᠠᠯᠲᠠ ᠶᠢ ᠨᠡᠮᠡᠭᠳᠡᠭᠦᠯᠬᠦ ᠲᠠᠢ ᠬᠤᠯᠪᠣᠭᠳᠠᠭᠤᠯᠬᠤ᠂ ᠲᠣᠭᠲᠠᠭᠠᠯ ᠢ ᠵᠥᠷᠢᠴᠡᠬᠦ ᠶᠢ ᠨᠡᠮᠡᠭᠳᠡᠭᠦᠯᠬᠦ ᠲᠠᠢ ᠬᠤᠯᠪᠣᠭᠳᠠᠭᠤᠯᠬᠤ ᠭᠠᠵᠠᠷ ᠰᠢᠷᠣᠢ ᠶᠢᠨ ᠬᠠᠮᠢᠶᠠᠷᠤᠯᠲᠠ ᠶᠢᠨ ᠲᠣᠭᠲᠠᠴᠠ ᠶᠢ ᠠᠬᠢᠭᠤᠯᠵᠤ᠂ ᠭᠠᠵᠠᠷ ᠰᠢᠷᠣᠢ ᠬᠠᠩᠭᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠡᠨᠧᠷᠭᠢ ᠶᠢᠨ ᠬᠤᠷᠣᠭᠳᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠶᠢ ᠠᠬᠢᠭᠤᠯᠵᠤ᠂ ︽ᠪᠤᠭᠤᠲᠤ ᠬᠤᠲᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠡᠯ᠎ᠡ ᠵᠦᠶᠯ ᠤᠨ ᠡᠨᠧᠷᠭᠢ ᠶᠢᠨ ᠬᠤᠷᠣᠭᠳᠠᠯ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠰᠠᠶᠢᠲᠤᠷ ᠬᠡᠷᠡᠭᠵᠢᠭᠦᠯᠵᠦ᠂ ᠣᠲᠣ ᠶᠢᠨ ᠪᠠᠶᠢᠭ᠎ᠠ ᠡᠨᠧᠷᠭᠢ ᠶᠢᠨ ᠬᠤᠷᠣᠭᠳᠠᠯ᠂ ᠰᠢᠨ᠎ᠡ ᠪᠠᠷ ᠭᠠᠷᠭᠠᠬᠤ ᠲᠥᠷᠥᠯ ᠵᠦᠶᠯ ᠤᠨ ᠡᠨᠧᠷᠭᠢ ᠶᠢᠨ ᠬᠤᠷᠣᠭᠳᠠᠯ ᠤᠨ ᠬᠡᠷᠡᠭᠴᠡᠭᠡ ᠱᠠᠭᠠᠷᠳᠠᠯᠭ᠎ᠠ ᠶᠢ ᠠᠵᠤ ᠠᠬᠤᠶᠢᠯᠠᠯ ᠳᠠᠷᠠᠭᠠᠯᠠᠨ ᠲᠥᠰᠦᠭᠡᠯᠡᠨ ᠪᠤᠳᠤᠵᠤ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠬᠤᠴᠣᠷᠤᠩᠭᠤᠶ ᠦᠶᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ᠂ ᠵᠠᠬ᠎ᠠ ᠳᠡᠯᠭᠡᠭᠦᠷᠴᠢᠯᠡᠨ ᠡᠨᠧᠷᠭᠢ ᠶᠢᠨ ᠬᠤᠷᠣᠭᠳᠠᠯ ᠤᠨ ᠭᠦᠶᠴᠡᠳᠬᠡᠯ ᠲᠤᠭ᠎ᠠ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠮᠵᠢᠯᠴᠠᠨ ᠬᠦᠴᠦᠯᠡᠵᠦ᠂ ᠬᠦᠴᠦᠨ ᠢᠶᠠᠨ ᠲᠥᠪᠯᠡᠷᠡᠭᠦᠯᠦᠨ ᠲᠣᠮᠣ ᠲᠥᠷᠥᠯ ᠵᠦᠶᠯ ᠰᠠᠶᠢᠨ ᠲᠥᠷᠥᠯ ᠵᠦᠶᠯ ᠢ ᠪᠠᠲᠤᠯᠠᠬᠤ ᠬᠡᠷᠡᠭᠲᠡᠶ᠃ ᠰᠠᠭᠤᠷᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠡᠯᠡ ᠮᠥᠩᠭᠦ ᠶᠢ ᠢᠳᠡᠪᠬᠢᠲᠡᠢ ᠪᠠᠷ ᠲᠡᠮᠡᠴᠡᠨ ᠣᠯᠵᠤ᠂ ᠴᠢᠬᠤᠯᠠ ᠶᠡᠭᠡ ᠵᠦᠢᠯᠡᠰ ᠤᠨ ᠲᠡᠭᠡᠭᠡᠪᠦᠷᠢ ᠪᠠ ᠡᠳ᠋ ᠪᠠᠷᠠᠭᠠᠨ ᠤ ᠭᠦᠢᠯᠭᠡᠭᠡ᠂ ᠦᠢᠯᠡᠳᠪᠦᠷᠢᠯᠡᠯ ᠡᠵᠡᠩᠨᠡᠯᠲᠡ᠂ ᠮᠡᠳᠡᠭᠡ ᠵᠠᠩᠭᠢᠵᠢᠯᠲᠠ ᠶᠢᠨ ᠥᠭᠡᠷᠡᠴᠢᠯᠡᠯᠲᠡ ᠵᠡᠷᠭᠡ ᠬᠡᠷᠡᠭᠴᠡᠭᠡ ᠲᠠᠢ ᠤᠶᠠᠯᠳᠤᠭᠤᠯᠤᠨ᠂ ᠵᠦᠢᠯᠡᠰ ᠤᠨ ᠪᠦᠲᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ ᠳᠠᠬᠢ ᠤᠰᠤ᠂ ᠴᠠᠬᠢᠯᠭᠠᠨ᠂ ᠵᠠᠮ᠂ ᠮᠡᠳᠡᠭᠡ ᠬᠤᠯᠪᠣᠭ᠎ᠠ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠡᠯᠧᠮᠧᠨ᠋ᠲ ᠤᠨ ᠬᠠᠩᠭᠠᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠤᠶᠤᠨ ᠴᠢᠳᠠᠯ ᠢᠶᠠᠨ ᠲᠥᠪᠯᠡᠷᠡᠭᠦᠯᠦᠨ ᠪᠦᠲᠦᠭᠡᠨ ᠪᠠᠶᠢᠭᠤᠯᠤᠯᠲᠠ ᠬᠢᠬᠦ᠂ ᠦᠢᠯᠡᠳᠪᠦᠷᠢᠯᠡᠯ ᠢ ᠠᠳᠬᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ᠃       ︵ᠭᠤᠷᠪᠠ︶ ᠠᠵᠤ ᠠᠬᠤᠶ ᠶᠢᠨ ᠠᠵᠢᠯᠯᠠᠭᠠᠨ ᠤ ᠬᠢᠨᠠᠨ ᠰᠢᠨᠵᠢᠵᠦ ᠲᠣᠬᠢᠷᠠᠭᠤᠯᠬᠤ ᠶᠢ ᠴᠢᠩᠭᠠᠳᠬᠠᠨ᠎ᠠ᠃ ᠵᠢᠷᠤᠭ ᠡᠯᠭᠦᠨ ᠪᠠᠶᠢᠯᠳᠤᠬᠤ ᠶᠢ ᠬᠡᠷᠡᠭᠵᠢᠭᠦᠯᠵᠦ᠂ 38 ᠴᠢᠬᠤᠯᠠ ᠶᠡᠭᠡ ᠲᠦᠷᠦᠯ ᠵᠦᠢᠯ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠳᠤ ᠪᠠᠶᠢᠯᠳᠤᠭᠠᠨ ᠤ ᠵᠢᠷᠤᠭ ᠭᠠᠷᠭᠠᠵᠤ᠂ ︽ᠤᠯᠠᠭᠠᠨ ᠬᠠᠷ᠎ᠠ ᠰᠠᠮᠪᠠᠷ᠎ᠠ︾ ᠶᠢᠨ ᠲᠦᠷᠢᠮ ᠢ ᠢᠵᠢ ᠪᠦᠷᠢᠳᠦᠬᠦᠯᠵᠤ᠂ ᠬᠠᠷᠠᠯᠲᠠ ᠪᠠᠨ ᠨᠠᠷᠢᠯᠢᠬᠵᠢᠭᠤᠯᠵᠤ᠂ ᠴᠠᠭ ᠢᠶᠠᠨ ᠲᠣᠩᠭᠤᠷᠠᠭᠤᠯᠤᠨ ᠵᠢᠭᠰᠠᠭᠠᠵᠤ᠂ ᠦᠷ᠎ᠡ ᠪᠦᠲᠦᠮᠵᠢ ᠪᠠᠨ ᠢᠯᠡᠷᠡᠭᠦᠯᠵᠦ᠂ ᠵᠦᠷᠢᠶ᠎ᠡ ᠪᠠᠨ ᠮᠡᠳᠡᠭᠳᠡᠵᠦ᠂ ᠬᠠᠷᠠᠯᠲᠠ ᠪᠠᠷ ᠬᠠᠷᠢᠭᠤᠴᠠᠯᠭ᠎ᠠ ᠪᠠᠨ ᠭᠡᠳᠡᠷᠬᠦ ᠰᠢᠬᠠᠮᠳᠠᠭᠤᠯᠵᠤ᠂ ᠴᠠᠭ ᠢᠶᠠᠷ ᠠᠬᠢᠴᠠ ᠶᠢ ᠭᠡᠳᠡᠷᠬᠦ ᠰᠢᠬᠠᠮᠳᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢᠨ ︽ᠢᠯᠡ ᠭᠠᠷᠳᠠᠴᠠ︾ ᠶᠢ ᠴᠣᠭᠴᠠᠯᠠᠬᠤ ᠬᠡᠷᠡᠭᠲᠡᠢ᠃ ᠶᠡᠷᠦᠩᠬᠡᠶ ᠪᠠᠶᠢᠯᠳᠤᠭᠠᠨ ᠤ ᠵᠢᠷᠤᠭ ᠤᠨ ᠰᠠᠭᠤᠷᠢᠨ ᠳᠡᠭᠡᠷ᠎ᠡ᠂ ᠡᠯ᠎ᠡ ᠬᠠᠷᠢᠭᠤᠴᠠᠯᠭᠠᠲᠤ ᠨᠢᠭᠡᠴᠡ ᠨᠢ ᠲᠣᠰ ᠰᠠᠯᠠᠭ᠎ᠠ ᠮᠥᠴᠢᠷ᠂ ᠲᠥᠷᠥᠯ ᠵᠦᠶᠯ ᠤᠨ ᠲᠤᠬᠠᠶ ᠶᠢᠨ ᠲᠠᠯᠠᠪᠠᠶ ᠳᠤ ᠬᠤᠪᠢᠶᠠᠷᠢ ᠪᠠᠶᠢᠯᠳᠤᠭᠠᠨ ᠤ ᠵᠢᠷᠤᠭ ᠲᠣᠬᠢᠷᠠᠭᠤᠯᠵᠤ᠂ ᠪᠣᠳᠠᠲᠠᠶ ᠠᠬᠢᠴᠠ ᠶᠢᠨ ᠲᠣᠬᠢᠷᠠᠭᠤᠯᠤᠯᠲᠠ ᠪᠠ ᠴᠤᠪᠤᠷᠠᠯ ᠢ ᠢᠯᠡ ᠨᠡᠶᠢᠲᠡᠯᠡᠨ᠎ᠡ᠃ ᠳᠡᠭᠡᠳᠦ ᠬᠡᠮᠵᠢᠶ᠎ᠡ ᠪᠠᠷ ᠠᠬᠢᠭᠤᠯᠬᠤ ᠶᠢ ᠬᠡᠷᠡᠭᠵᠢᠭᠦᠯᠵᠦ᠂ ᠡᠯᠭᠦᠭᠡ ᠵᠢᠷᠤᠭ ᠲᠤ ᠵᠢᠭᠰᠠᠭᠠᠨ ᠪᠠᠶᠢᠯᠳᠤᠬᠤ ᠵᠦᠶᠯᠡᠰ ᠲᠤ᠂ ᠪᠥᠬᠦ ᠰᠢᠶᠠᠨ ᠤ ᠱᠠᠲᠤᠨ ᠤ ᠤᠳᠤᠷᠢᠳᠤᠯᠭ᠎ᠠ ᠪᠣᠯᠤᠨ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ︽ᠪᠠᠶᠢᠯᠳᠤᠭᠴᠢ︾ ᠶᠢᠨ ᠳᠦᠷᠢ ᠶᠢᠨ ᠪᠠᠶᠢᠷᠢ ᠲᠣᠭᠲᠠᠭᠠᠯᠲᠠ ᠶᠢ ᠳᠣᠪᠤᠶᠢᠯᠭᠠᠵᠤ᠂ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠱᠠᠲᠤ ᠱᠠᠲᠤ ᠪᠠᠷ ᠡᠭᠦᠷᠭᠡ ᠬᠤᠪᠢᠶᠠᠬᠤ ᠶᠢ ᠰᠡᠷᠭᠡᠶᠢᠯᠡᠵᠦ᠂ ︽ᠳᠡᠭᠡᠳᠦ ᠳᠤᠮᠳᠠ ᠬᠠᠯᠠᠭᠤᠨ ᠳᠤᠤᠷᠠᠳᠤ ᠱᠠᠲᠤ︾ ᠶᠢ ᠡᠷᠡᠰ ᠬᠤᠷᠢᠭᠯᠠᠵᠤ᠂ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠶ᠃ ᠲᠤᠰᠬᠠᠶ ᠠᠩᠭᠢ ᠪᠠᠷ ᠠᠬᠢᠭᠤᠯᠬᠤ ᠶᠢ ᠬᠡᠷᠡᠭᠵᠢᠭᠦᠯᠵᠦ᠂ ᠴᠢᠬᠤᠯᠠ ᠶᠡᠭᠡ ᠲᠥᠷᠥᠯ ᠵᠦᠶᠯ ᠤᠨ ᠭᠠᠷᠳᠠᠮ ᠭᠦᠶᠴᠡᠳᠬᠡᠬᠦ ᠪᠠᠲᠤᠯᠠᠭ᠎ᠠ ᠶᠢᠨ ᠳᠤᠭᠤᠶᠢᠯᠠᠩ ᠪᠠᠶᠢᠭᠤᠯᠵᠤ᠂ ᠲᠥᠷᠥᠯ ᠵᠦᠶᠯ ᠲᠣᠭᠲᠠᠭᠠᠬᠤ᠂ ᠲᠥᠯᠥᠪᠵᠢᠭᠦᠯᠬᠦ᠂ ᠭᠠᠵᠠᠷ ᠰᠢᠷᠣᠶ᠂ ᠣᠷᠴᠢᠨ ᠲᠣᠭᠤᠷᠢᠨ ᠤ ᠦᠨᠡᠯᠡᠯᠲᠡ ᠬᠢᠬᠦ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ ᠭᠦᠶᠴᠡᠳᠬᠡᠬᠦ ᠬᠡᠷᠡᠭᠲᠡᠶ᠃ ᠪᠣᠳᠠᠲᠠᠶ ᠲᠥᠷᠥᠯ ᠵᠦᠶᠯ ᠨᠢᠭᠡᠪᠦᠷᠢ ᠪᠠᠷ ᠨᠢᠭᠡᠴᠢ ᠪᠣᠯᠭᠠᠨ᠂ ᠳᠠᠭᠠᠭᠠᠴᠢᠯᠠᠨ ᠬᠤᠯᠪᠣᠭᠠᠯᠠᠬᠤ ᠰᠢᠶᠠᠨ ᠤ ᠱᠠᠲᠤᠨ ᠤ ᠤᠳᠤᠷᠢᠳᠤᠯᠭ᠎ᠠ ᠲᠦᠷᠦᠭᠦᠯᠡᠨ ᠲᠥᠷᠥᠯ ᠵᠦᠶᠯ ᠤᠨ ᠲᠤᠰᠬᠠᠶ ᠠᠩᠭᠢ ᠶᠢ ᠪᠦᠷᠢᠯᠳᠦᠭᠦᠯᠵᠦ᠂ ︽ᠨᠢᠭᠡ ᠲᠥᠷᠥᠯ ᠵᠦᠶᠯ᠂ ᠨᠢᠭᠡ ᠰᠢᠶᠠᠨ ᠤ ᠱᠠᠲᠤᠨ ᠤ ᠤᠳᠤᠷᠢᠳᠤᠯᠭ᠎ᠠ᠂ ᠨᠢᠭᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠂ ᠡᠴᠦᠰ ᠲᠤᠨᠢ ᠲᠤᠯᠲᠠᠯ᠎ᠠ ᠠᠳᠬᠤᠬᠤ︾ ᠳᠠᠭᠠᠭᠠᠴᠢᠯᠠᠯᠲᠠ ᠶᠢ ᠠᠬᠢᠭᠤᠯᠬᠤ ᠲᠣᠭᠲᠠᠴᠠ ᠶᠢ ᠪᠦᠷᠢᠯᠳᠦᠭᠦᠯᠦᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠶᠢ ᠬᠡᠷᠡᠭᠵᠢᠭᠦᠯᠵᠦ᠂ ᠪᠥᠬᠦ ᠬᠤᠲᠠ ᠶᠢᠨ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠤᠭᠰᠠᠨ ᠭᠤᠤᠯᠳᠠᠯᠭ᠎ᠠ ᠲᠠᠢ ᠵᠦᠶᠯᠡᠰ ᠲᠤ᠂ ᠠᠷᠪᠠᠨ ᠡᠳᠦᠷ ᠤᠨ ᠲᠣᠬᠢᠷᠠᠭᠤᠯᠤᠯᠲᠠ᠂ ᠰᠠᠷ᠎ᠠ ᠶᠢᠨ ᠦᠨᠡᠯᠡᠯᠲᠡ᠂ ᠤᠯᠠᠷᠢᠯ ᠤᠨ ᠮᠡᠳᠡᠭᠡᠯᠡᠯ᠂ ᠲᠣᠭᠲᠠᠮᠠᠯ ᠬᠤᠭᠤᠴᠠᠭ᠎ᠠ ᠲᠠᠢ ᠵᠦᠶᠯ ᠳᠠᠷᠠᠭᠠᠯᠠᠨ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠪᠠ ᠴᠠᠭ ᠤᠨ ᠳᠠᠷᠠᠭᠠᠯᠠᠯ ᠤᠨ ᠠᠬᠢᠴᠠ ᠲᠠᠢ ᠬᠠᠷᠭᠤᠭᠤᠯᠵᠤ᠂ ᠣᠷᠣᠰᠢᠵᠤ ᠪᠠᠶᠢᠭ᠎ᠠ ᠣᠷᠣᠨ ᠪᠠᠶᠢᠷᠢ ᠶᠢ ᠡᠵᠡᠮᠰᠢᠨ᠂ ᠠᠵᠢᠯ ᠤᠨ ᠠᠬᠢᠴᠠ ᠶᠢ ᠣᠶᠢᠯᠠᠭᠠᠵᠤ᠂ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠠᠵᠢᠯ ᠤᠨ ᠠᠬᠢᠴᠠ ᠨᠢ ᠴᠠᠭ ᠤᠨ ᠠᠬᠢᠴᠠ ᠠᠴᠠ ᠲᠦᠷᠭᠡᠨ᠂ ᠭᠦᠶᠴᠡᠳᠬᠡᠯ ᠲᠤᠭ᠎ᠠ ᠶᠢ ᠪᠡᠶᠡᠯᠡᠭᠦᠯᠬᠦ ᠠᠬᠢᠴᠠ ᠨᠢ ᠴᠠᠭ ᠤᠨ ᠳᠠᠷᠠᠭᠠᠯᠠᠯ ᠤᠨ ᠠᠬᠢᠴᠠ ᠠᠴᠠ ᠲᠦᠷᠭᠡᠨ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ︽ᠳᠥᠷᠪᠡᠨ ᠥᠬᠡᠶ ᠬᠤᠶᠠᠷ ᠰᠢᠭᠤᠳ︾ ᠠᠵᠢᠯᠯᠠᠬᠤ ᠠᠷᠭ᠎ᠠ ᠶᠢ ᠬᠡᠷᠡᠭᠵᠢᠭᠦᠯᠵᠦ᠂ ᠮᠡᠳᠡᠭᠳᠡᠯ ᠪᠠᠭᠤᠯᠭᠠᠬᠤ ᠥᠬᠡᠶ᠂ ᠤᠷᠢᠳᠴᠢᠯᠠᠨ ᠮᠡᠳᠡᠭᠳᠡᠬᠦ ᠥᠬᠡᠶ᠂ ᠬᠠᠷᠢᠭᠤ ᠮᠡᠳᠡᠭᠦᠯᠦᠯᠲᠡ ᠶᠢ ᠰᠣᠨᠣᠰᠬᠤ ᠥᠬᠡᠶ᠂ ᠪᠠᠷ᠎ᠠ ᠪᠣᠯᠵᠣ ᠭᠥᠯᠢᠶᠡᠨ ᠠᠪᠬᠤ ᠥᠬᠡᠶ ᠪᠠᠷ ᠰᠢᠭᠤᠳ ᠦᠨᠳᠦᠰᠦᠨ ᠱᠠᠲᠤᠨ ᠳᠤ ᠬᠦᠷᠴᠦ᠂ ᠰᠢᠭᠤᠳ ᠲᠤᠬᠠᠶ ᠶᠢᠨ ᠲᠠᠯᠠᠪᠤᠷ ᠲᠤ ᠬᠦᠷᠴᠦ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠶᠳᠪᠦᠷᠢᠯᠡᠬᠦ ᠶᠢ ᠠᠬᠢᠭᠤᠯᠬᠤ ᠬᠡᠷᠡᠭᠲᠡᠶ᠃ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠳᠬᠠᠵᠤ᠂ ᠴᠠᠭ ᠤᠨ ᠵᠠᠩᠭᠢᠯᠠᠭ᠎ᠠ ᠶᠢᠨ ᠴᠡᠭ ᠲᠠᠢ ᠬᠠᠷᠭᠤᠭᠤᠯᠵᠤ᠂ ᠮᠥᠷᠳᠡᠨ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠵᠢᠴᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠮᠵᠢᠯᠲᠠ ᠪᠦᠲᠦᠮᠵᠢ ᠪᠠᠨ ᠳᠡᠯᠭᠡᠨ ᠦᠵᠡᠭᠦᠯᠵᠦ᠂ ᠦᠷ᠎ᠡ ᠪᠦᠲᠦᠮᠵᠢ ᠪᠠᠨ ᠵᠠᠷᠯᠠᠨ ᠮᠡᠳᠡᠭᠳᠡᠵᠦ᠂ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ᠃ ᠪᠢᠲᠡᠭᠦᠮᠵᠢᠲᠦ ᠬᠠᠮᠢᠶᠠᠷᠤᠯᠲᠠ ᠶᠢ ᠬᠡᠷᠡᠭᠵᠢᠭᠦᠯᠵᠦ᠂ ᠤᠷᠢᠳ ᠢᠶᠠᠷ ᠲᠥᠯᠥᠪᠯᠡᠭᠡ ᠲᠠᠢ᠂ ᠬᠡᠷᠡᠭ ᠶᠠᠪᠤᠳᠠᠯ ᠢ ᠬᠢᠵᠠᠭᠠᠷᠯᠠᠵᠤ᠂ ᠬᠡᠷᠡᠭ ᠤᠨ ᠲᠠᠷᠠᠭ᠎ᠠ ᠱᠠᠩᠨᠠᠵᠤ ᠲᠣᠷᠭᠠᠬᠤ ᠶᠢ ᠪᠠᠷᠢᠮᠲᠠᠯᠠᠵᠤ᠂ ᠡᠬᠢᠯᠡᠯᠲᠡ ᠲᠠᠢ ᠲᠡᠭᠦᠰᠬᠡᠯ ᠲᠠᠢ᠂ ᠴᠢᠳᠠᠮᠠᠭᠠᠢ ᠪᠠᠷ ᠬᠢᠵᠦ ᠰᠠᠶᠢᠲᠤᠷ ᠪᠦᠲᠦᠭᠡᠬᠦ ᠬᠡᠷᠡᠭᠲᠡᠢ᠃       ᠭᠤᠷᠪᠠ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠶ ᠰᠠᠭᠤᠷᠢ ᠶᠢ ᠪᠠᠬᠢᠵᠢᠭᠦᠯᠦᠨ᠎ᠡ᠃       ︵ᠨᠢᠭᠡ︶ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠤᠢ ᠰᠢᠭᠤᠢ ᠨᠤᠲᠤᠭ ᠪᠡᠯᠴᠢᠭᠡᠷ ᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠢ ᠠᠬᠤᠢ ᠶᠢᠨ ᠰᠢᠰᠲ᠋ᠧᠮ ᠢ ᠠᠶᠠᠨᠳᠠᠭᠠᠨ ᠰᠡᠷᠭᠦᠭᠡᠬᠦ ᠶᠢ ᠠᠬᠢᠭᠤᠯᠤᠨ᠎ᠠ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ 2 . 73 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠶᠢ ᠰᠡᠷᠭᠦᠭᠡᠬᠦ᠂ ᠪᠠᠶᠢᠭᠠᠯᠢᠯᠢᠭ ᠣᠢ ᠰᠢᠭᠤᠢ ᠶᠢ ᠬᠠᠮᠠᠭᠠᠯᠠᠬᠤ ᠵᠡᠷᠭᠡ ᠣᠢ ᠰᠢᠭᠤᠢ ᠶᠢᠨ ᠢᠨᠵᠧᠨᠧᠷᠢᠩ ᠢ 40 ᠲᠦᠮᠡᠨ ᠮᠦ ᠬᠡᠷᠡᠭᠵᠢᠭᠦᠯᠵᠦ᠂ ᠤᠷᠲᠤ ᠬᠤᠭᠤᠴᠠᠭᠠᠨ ᠤ ᠠᠮᠢ ᠠᠬᠤᠢ ᠶᠢᠨ ᠨᠥᠬᠦᠪᠥᠷᠢ ᠶᠢᠨ ᠲᠣᠭᠲᠠᠴᠠ ᠶᠢ ᠴᠢᠷᠮᠠᠶᠢᠨ ᠪᠡᠶᠡᠯᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠢ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠡᠬᠢᠯᠡᠭᠦᠯᠦᠨ᠎ᠡ᠃      ︵ᠬᠤᠶᠠᠷ︶ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭ᠎ᠠ ᠶᠢ ᠲᠦᠷᠭᠡᠯᠡᠨ ᠠᠬᠢᠭᠤᠯᠵᠤ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠤ ᠣᠷᠣᠨ ᠤ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠪᠠ ᠬᠡᠷᠡᠭᠴᠡᠭᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ ᠂ ᠳ᠋ᠧ ᠱᠦᠨ ᠣᠨᠴᠠ ᠪᠣᠯᠣᠳ᠂ ᠪᠤᠭᠤᠲᠤ ᠶᠢᠨ ᠪᠣᠯᠣᠳ ᠲᠡᠮᠦᠷ ᠤᠨ ᠪᠥᠮᠪᠦᠯᠢᠭ᠂ ᠲᠠᠢ ᠾᠧᠩ ᠪᠥᠮᠪᠦᠯᠢᠭ ᠲᠤ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠬᠢᠬᠦ ᠶᠢ ᠠᠬᠢᠭᠤᠯᠵᠤ᠂ ᠠᠭᠠᠷ ᠤᠨ ᠴᠢᠨᠠᠷ ᠴᠢᠨᠰᠠᠭ᠎ᠠ ᠶᠢ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠲᠣᠭᠲᠠᠭᠤᠨ ᠪᠠᠶᠢᠬᠤ ᠶᠢ ᠪᠠᠲᠤᠯᠠᠨ᠎ᠠ᠃ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ ᠬᠡᠪ ᠤᠨ ᠪᠠᠶᠢᠳᠠᠯ ᠳᠤ ᠣᠷᠣᠭᠤᠯᠬᠤ ᠶᠢ ᠠᠬᠢᠭᠤᠯᠵᠤ᠂ ᠸᠧᠨ ᠭᠧ ᠴᠢ ᠬᠡᠶ ᠶᠢᠨ ᠠᠭᠤᠷᠬᠠᠶ ᠶᠢᠨ ᠲᠣᠭᠤᠷᠢᠭ ᠤᠨ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠸᠧᠨ ᠭᠧ ᠴᠢ ᠶᠢᠨ ᠭᠠᠳᠠᠷ ᠬᠦᠷᠢᠶᠡᠨ ᠤ ᠪᠡᠶ᠎ᠡ ᠪᠠᠨ ᠳᠠᠭᠠᠭᠠᠵᠤ ᠰᠣᠩᠭᠤᠬᠤ ᠦᠶᠯᠡᠳᠪᠦᠷᠢ᠂ ᠪᠠᠶ ᠶᠦᠨ ᠠᠭᠤᠷᠬᠠᠶ ᠶᠢᠨ ᠣᠷᠣᠨ ᠪᠦᠰᠡ᠂ ᠬᠡᠰᠡᠭ ᠡᠵᠡᠭᠦᠶ ᠠᠭᠤᠷᠬᠠᠶ ᠶᠢ ᠵᠠᠰᠠᠬᠤ ᠠᠵᠢᠯ ᠢ ᠪᠡᠶᠡᠯᠡᠭᠦᠯᠵᠦ᠂ 314 ᠬᠠᠶᠠᠭᠳᠠᠮᠠᠯ ᠪᠠᠭᠤᠷᠢ ᠣᠪᠣᠭᠠᠯᠠᠬᠤ ᠲᠠᠯᠠᠪᠠᠶ ᠶᠢ ᠰᠡᠷᠭᠦᠭᠡᠨ ᠵᠠᠰᠠᠬᠤ ᠢᠨᠵᠧᠨᠧᠷᠢᠩ ᠢ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ 2 ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠺᠦᠨᠾᠧ ᠭᠤᠣᠯ ᠤᠨ ᠳᠡᠭᠡᠳᠦ ᠤᠷᠤᠰᠬᠠᠯ ᠵᠡᠷᠭᠡ ᠰᠠᠪᠠ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠴᠢᠩᠭᠠᠳᠬᠠᠨ᠂ ᠠᠮᠢ ᠠᠬᠤᠶ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠠᠬᠢᠭᠤᠯᠤᠨ᠎ᠠ᠃      ᠲᠦᠷᠪᠡ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠵᠠᠩ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃     ︵ ᠨᠢᠭᠡ︶  ᠨᠡᠶᠢᠭᠡᠮ ᠤᠨ ᠪᠠᠲᠤᠯᠠᠭ᠎ᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠢᠯ ᠣᠯᠭᠤᠬᠤ ᠦᠢᠯᠡᠰ ᠪᠣᠰᠬᠠᠬᠤ ᠵᠢᠯᠣᠭᠤᠳᠤᠯᠭ᠎ᠠ᠂ ᠪᠣᠯᠪᠠᠰᠤᠷᠠᠯ᠂ ᠦᠢᠯᠡᠴᠢᠯᠡᠭᠡ ᠵᠡᠷᠭᠡ ᠠᠵᠢᠯ ᠢ ᠰᠠᠶᠢᠲᠤᠷ ᠬᠢᠵᠦ᠂ ᠪᠦᠬᠦ ᠵᠢᠯ ᠳᠤ ᠬᠤᠲᠠ ᠪᠠᠯᠭᠠᠰᠤᠨ ᠤ 1000 ᠬᠥᠮᠦᠨ ᠳᠤ ᠰᠢᠨ᠎ᠡ ᠪᠠᠷ ᠠᠵᠢᠯ ᠣᠯᠭᠤᠨ᠎ᠠ᠃ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠠᠪᠤᠷᠠᠨ ᠲᠤᠰᠠᠯᠠᠬᠤ ᠵᠡᠷᠭᠡ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠦᠢᠯᠡᠳᠦᠯ ᠴᠢᠳᠠᠪᠤᠷᠢ ᠶᠢ ᠴᠢᠩᠭᠠᠳᠬᠠᠨ᠎ᠠ ᠃ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠠᠰᠠᠷᠠᠬᠤ᠂ ᠡᠮᠴᠢᠯᠡᠭᠡ ᠨᠠᠰᠤᠵᠢᠯ ᠢ ᠤᠶᠠᠯᠳᠤᠭᠤᠯᠬᠤ ᠵᠡᠷᠭᠡ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠦᠨ᠎ᠡ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠪᠡ᠃ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠰᠠᠶᠢᠲᠤᠷ ᠬᠢᠨ᠎ᠠ᠃      ︵ᠬᠤᠶᠠᠷ︶ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ 1300 ᠲᠦᠮᠡᠨ ᠲᠥᠭᠦᠷᠢᠭ ᠪᠠᠯᠠ ᠣᠷᠣᠭᠤᠯᠵᠤ᠂ ᠬᠤᠶᠠᠳᠤᠭᠠᠷ᠂ ᠭᠤᠷᠪᠠᠳᠤᠭᠠᠷ᠂ ᠲᠤᠸᠠᠨ ᠵᠢᠶᠧ ᠭᠤᠳᠤᠮᠵᠢ ᠶᠢᠨ ᠪᠠᠭ᠎ᠠ ᠰᠤᠷᠭᠠᠭᠤᠯᠢ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠡᠷᠡᠭᠵᠢᠭᠦᠯᠦᠨ᠎ᠡ᠃ ︽ᠶᠠᠳᠠᠭᠤ ᠶᠢ ᠲᠡᠳᠬᠦᠬᠦ ᠬᠠᠮᠲᠤᠪᠠᠷ ᠪᠠᠶᠢᠭᠤᠯᠬᠤ ᠲᠥᠷᠥᠯ ᠵᠦᠢᠯ ᠤᠨ ᠠᠩᠭᠢ︾ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠳᠤᠮᠳᠠᠳᠤ ᠪᠠᠭ᠎ᠠ ᠰᠤᠷᠭᠠᠭᠤᠯᠢ ᠬᠢᠭᠡᠳ ᠬᠤᠲᠠ ᠶᠢᠨ ᠲᠣᠭᠤᠷᠢᠭ ᠲᠠᠬᠢ ᠨᠡᠷᠡᠲᠦ ᠰᠤᠷᠭᠠᠭᠤᠯᠢ ᠬᠤᠣᠰᠯᠠᠵᠤ ᠬᠠᠮᠲᠤᠪᠠᠷ ᠪᠠᠶᠢᠭᠤᠯᠬᠤ ᠪᠦᠷᠬᠦᠴᠡ ᠶᠢ ᠥᠷᠭᠡᠳᠬᠡᠨ᠎ᠡ᠃ ︽ᠲᠠᠪᠤᠨ ᠬᠥᠮᠦᠵᠢᠯ ᠢ ᠵᠡᠷᠭᠡᠪᠡᠷ ᠴᠢᠬᠤᠯᠠᠴᠢᠯᠠᠬᠤ︾ ᠬᠥᠮᠦᠨ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ᠂ ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ᠂ ᠰᠣᠩᠭᠤᠳᠠᠭ ᠪᠦᠲᠦᠭᠡᠯ ᠤᠨ ᠤᠩᠰᠢᠯᠭ᠎ᠠ ᠵᠡᠷᠭᠡ ᠣᠨᠴᠠᠯᠢᠭ ᠲᠠᠢ ᠰᠤᠷᠭᠠᠭᠤᠯᠢ ᠡᠷᠭᠢᠯᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠰᠤᠷᠤᠭᠴᠢᠳ ᠤᠨ ᠪᠣᠯᠪᠠᠰᠤᠨ ᠬᠡᠪ ᠪᠣᠯᠪᠠᠰᠤᠷᠠᠯ᠂ ᠦᠶᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠭᠰᠢ ᠶᠢᠨ ᠬᠦᠴᠦᠨ ᠤ ᠪᠠᠶᠢᠭᠤᠯᠤᠯᠲᠠ ᠶᠢ ᠴᠢᠩᠭᠠᠷᠠᠭᠤᠯᠵᠤ᠂ ᠠᠯᠪᠠᠨ ᠰᠦᠶᠳᠬᠡᠯ ᠤᠨ ᠪᠠᠭᠰᠢ ᠶᠢᠨ ᠮᠡᠷᠭᠡᠵᠢᠯ ᠤᠨ 50 ᠰᠣᠷᠣᠭᠴᠢ ᠶᠢ ᠬᠥᠮᠦᠵᠢᠭᠦᠯᠬᠦ ᠲᠥᠯᠥᠪᠯᠡᠭᠡ ᠶᠢ ᠨᠠᠶᠢᠳᠠᠪᠤᠷᠢᠵᠢᠭᠤᠯᠤᠨ᠂ ᠪᠠᠭᠰᠢ ᠶᠢᠨ ᠡᠩᠨᠡᠭᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠣᠯᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠬᠤᠯᠪᠣᠭᠳᠠᠯ ᠪᠦᠬᠦᠢ ᠶᠠᠪᠤᠳᠠᠯ ᠢ ᠰᠠᠶᠢᠲᠤᠷ ᠬᠢᠨ᠎ᠠ᠃      ︵ᠭᠤᠷᠪᠠ︶ ᠡᠷᠡᠭᠦᠯ ᠡᠩᠬᠡ ᠭᠦᠶᠡᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ︽ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤ ᠪᠠᠷ ᠰᠡᠷᠭᠡᠶᠢᠯᠡᠬᠦ︾ ᠶᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠬᠤᠯᠤᠭᠠᠨ᠎ᠠ ᠶᠢᠨ ᠬᠢᠵᠢᠭ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠵᠦ᠂ 5427 ᠲᠦᠮᠡᠨ ᠲᠥᠭᠦᠷᠢᠭ ᠣᠷᠣᠭᠤᠯᠵᠤ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠵᠢᠴᠢ ᠬᠠᠯᠳᠠᠪᠤᠷᠢᠲᠤ ᠡᠪᠡᠳᠴᠢᠨ ᠤ ᠡᠪᠡᠳᠴᠢᠲᠡᠨ ᠤ ᠥᠷᠥᠭᠡᠨ ᠤ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ᠂ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢᠨ ᠲᠥᠪ ᠤᠨ ᠲᠥᠷᠦᠯ ᠵᠦᠢᠯ ᠢ ᠬᠡᠷᠡᠭᠵᠢᠭᠦᠯᠦᠨ᠎ᠡ᠃ ᠰᠢᠶᠠᠨ ᠤ ᠬᠡᠪᠴᠢᠶᠡᠨ ᠤ ᠨᠢᠭᠲᠠᠷᠬᠠᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠦᠶᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ ᠡᠮᠬᠢ ᠵᠢᠷᠤᠮ ᠢ ᠵᠢᠷᠤᠮᠵᠢᠭᠤᠯᠵᠤ᠂ ᠡᠪᠡᠳᠴᠢᠲᠡᠨ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠬᠦ ᠬᠡᠷᠡᠭᠲᠡᠶ᠃      ︵ᠳᠥᠷᠪᠡ︶ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠲᠣᠭᠠᠴᠢᠯᠠᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠪᠥᠬᠦ ᠠᠷᠠᠳ ᠤᠨ ᠤᠩᠰᠢᠯᠭ᠎ᠠ ᠪᠠ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ︽ᠨᠠᠢᠮᠠ ᠶᠢ ᠣᠷᠣᠭᠤᠯᠬᠤ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠦᠨ ᠬᠥᠭᠵᠢᠭᠦᠯᠵᠦ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠨᠠᠩ ᠣᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ︽ᠵᠣᠭᠤᠭ ᠳᠡᠯᠭᠡᠬᠦ︾ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠤᠶᠢᠵᠢᠭᠤᠯᠤᠨ᠎ᠠ᠃ ᠦᠷᠡᠭᠳᠡᠭᠰᠡᠨ ᠪᠠᠭᠠᠲᠤᠷᠴᠤᠳ ᠤᠨ ᠤᠩᠭᠤᠨ ᠤ ᠬᠦᠷᠢᠶᠡᠯᠡᠩ ᠤᠨ ᠦᠵᠡᠭᠦᠯᠭᠡ ᠶᠢᠨ ᠲᠢᠩᠬᠢᠮ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃      ᠲᠥᠯᠥᠭᠡᠯᠡᠭᠴᠢᠳ ᠡ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ᠂ ᠲᠦᠭᠡᠮᠡᠯ ᠬᠠᠷᠠᠭᠠᠯᠵᠠᠯ ᠤᠨ ᠴᠢᠨᠠᠷ᠂ ᠪᠣᠯᠤᠮᠵᠢᠲᠤ ᠴᠢᠨᠠᠷ ᠢ ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠵᠤ᠂ ᠰᠢᠶᠠᠨ ᠤ ᠵᠠᠰᠠᠭ ᠤᠨ ᠣᠷᠳᠣᠨ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠡᠯᠰᠡᠵᠦ᠂ ᠰᠢᠯᠢᠨ ᠰᠣᠩᠭᠤᠪᠠ᠂ ᠪᠢᠳᠡ ᠬᠤᠷᠠᠯ ᠤᠨ ᠪᠢᠯᠧᠲ ᠢᠶᠠᠷ ᠰᠢᠶᠳᠪᠦᠷᠢ ᠭᠠᠷᠭᠠᠭᠰᠠᠨ ᠦᠷ᠎ᠡ ᠳ᠋ᠦᠩ ᠢ ᠦᠨᠳᠦᠰᠦᠯᠡᠨ᠂ ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠪᠣᠳᠠᠲᠤ ᠶᠠᠪᠤᠳᠠᠯ ᠢ ᠪᠣᠳᠠᠲᠠᠶ ᠬᠢᠵᠦ᠂ ᠰᠠᠶᠢᠨ ᠶᠠᠪᠤᠳᠠᠯ ᠢ ᠰᠠᠶᠢᠲᠤᠷ ᠬᠢᠨ᠎ᠠ᠃ ᠲᠠᠪᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠳᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠮᠵᠢᠯᠴᠠᠨ ᠠᠬᠢᠭᠤᠯᠤᠨ᠎ᠠ᠃      ︵ᠨᠢᠭᠡ︶ ᠬᠤᠲᠠ ᠶᠢᠨ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ 1 . 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ 62 ᠰᠠᠭᠤᠭᠠᠯᠢ ᠲᠣᠭᠤᠷᠢᠭ ᠤᠨ 134 ᠲᠦᠮᠡᠨ ᠲᠡᠭᠰᠢ ᠳᠥᠷᠪᠡᠯᠵᠢᠨ ᠮᠧᠲᠷ ᠢ ᠬᠠᠮᠤᠷᠴᠤ᠂ 4 . 2 ᠲᠦᠮᠡᠨ ᠬᠥᠮᠦᠨ ᠠᠮᠠ ᠳᠤ ᠠᠰᠢᠭ ᠬᠦᠷᠲᠡᠭᠡᠪᠡ᠃ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠲᠠᠢ ᠤᠶᠠᠯᠳᠤᠭᠤᠯᠤᠨ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ ᠴᠠᠬᠢᠯᠭᠠᠨ ᠴᠡᠨᠡᠭᠯᠡᠬᠦ ᠱᠣᠩ ᠢ ᠰᠠᠭᠤᠭᠠᠯᠢ ᠲᠣᠭᠤᠷᠢᠭ ᠲᠤ ᠣᠷᠣᠭᠤᠯᠬᠤ ᠶᠢ ᠠᠬᠢᠭᠤᠯᠤᠨ᠎ᠠ᠃ ᠵᠡᠭᠡᠯᠢ ᠭᠤᠳᠤᠮᠵᠢ ᠶᠢ ᠵᠠᠰᠠᠵᠤ ᠥᠭᠡᠷᠡᠴᠢᠯᠡᠬᠦ ᠢᠨᠵᠧᠨᠧᠷᠢᠩ ᠢ 3080 ᠲᠦᠮᠡᠨ ᠲᠥᠭᠦᠷᠢᠭ ᠣᠷᠣᠭᠤᠯᠵᠤ᠂ 112 ᠵᠤᠷᠪᠤᠰ ᠵᠡᠭᠡᠯᠢ ᠭᠤᠳᠤᠮᠵᠢ ᠳᠤ 1 ᠲᠦᠮᠡᠨ ᠬᠥᠮᠦᠨ ᠠᠮᠠ ᠬᠤᠯᠪᠣᠭᠳᠠᠵᠠᠶ᠃ ᠠᠳᠠᠯ ᠠᠬᠤᠶ ᠶᠢᠨ ᠦᠶᠯᠡᠴᠢᠯᠡᠭᠡᠨ ᠤ ᠶᠠᠰᠤ ᠴᠢᠨᠠᠷ ᠢ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠪᠠ ᠪᠠᠷᠢᠮᠵᠢᠶᠠᠵᠢᠭᠤᠯᠬᠤ ᠶᠢ ᠪᠡᠶᠡᠯᠡᠭᠦᠯᠦᠨ᠎ᠡ᠃ ᠰᠢᠶᠠᠨ ᠤ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠡᠮᠬᠢ ᠳᠢᠭᠯᠢᠮ ᠢ ᠴᠢᠩᠭ᠎ᠠ ᠴᠡᠭᠴᠡᠯᠡᠵᠦ᠂ ᠬᠤᠲᠠ ᠶᠢᠨ ᠲᠣᠭᠤᠷᠢᠭ ᠠᠴᠠ ᠭᠦᠶᠡᠩ ᠬᠦᠷᠬᠦ ᠨᠡᠶᠢᠲᠡ ᠶᠢᠨ ᠮᠠᠰᠢᠨ ᠲᠡᠷᠭᠡ ᠶᠢ ᠵᠢᠷᠤᠮᠵᠢᠭᠤᠯᠤᠨ ᠠᠵᠢᠯᠯᠠᠭᠤᠯᠬᠤ ᠶᠢ ᠰᠠᠶᠢᠲᠤᠷ ᠠᠳᠬᠤᠵᠤ ᠪᠣᠳᠠᠲᠠᠶ ᠠᠳᠬᠤᠨ᠎ᠠ᠃ ᠴᠢᠮᠡᠭᠡ ᠬᠤᠯᠪᠣᠭᠠᠨ ᠤ ᠰᠠᠭᠤᠷᠢ ᠥᠷᠲᠡᠭᠡᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ 5 G ᠰᠦᠯᠵᠢᠶᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠴᠡᠪᠡᠷᠰᠢᠭᠦᠯᠦᠨ ᠨᠣᠭᠤᠭᠠᠷᠠᠭᠤᠯᠵᠤ ᠭᠤᠶᠤᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ ᠲᠠᠪᠤᠨ ᠵᠢᠯ ᠤᠨ ᠰᠢᠯᠵᠢᠯᠲᠡ ᠶᠢᠨ ᠬᠤᠭᠤᠴᠠᠭᠠᠨ ᠳᠠᠬᠢ ᠭᠤᠤᠯ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠣᠯᠭᠤᠯᠲᠠ᠂ ᠠᠵᠤ ᠦᠶᠯᠡᠰ ᠢᠶᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠ ᠤᠨᠳᠤᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯ ᠤᠨ ᠠᠷᠭ᠎ᠠ ᠬᠡᠮᠵᠢᠶ᠎ᠡ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠶᠢᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠵᠦ᠂ ᠰᠢᠶᠠᠨ ᠤ ᠬᠡᠪᠴᠢᠶᠡᠨ ᠳᠠᠬᠢ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠵᠡᠷᠭᠡ ᠵᠢᠵᠢᠭ ᠪᠠᠯᠭᠠᠰᠤ ᠶᠢᠨ ᠵᠠᠩᠭᠢᠯᠠᠭ᠎ᠠ ᠶᠢᠨ ᠴᠡᠭ ᠤᠨ ᠦᠶᠯᠡᠳᠦᠯ ᠢ ᠪᠠᠳᠠᠷᠠᠭᠤᠯᠵᠤ᠂ ᠰᠢᠶᠠᠨ ᠪᠠᠯᠭᠠᠰᠤ ᠲᠣᠰᠬᠤᠨ ᠤ ᠴᠢᠳᠠᠮᠵᠢ ᠶᠢ ᠵᠣᠯᠭᠠᠭᠤᠯᠵᠤ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ᠂ ᠪᠣᠬᠢᠷ ᠤᠰᠤ ᠶᠢ ᠵᠠᠰᠠᠬᠤ ᠶᠢ ᠴᠢᠩᠭᠠᠳᠬᠠᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠠᠯᠬᠤᠮ ᠠᠯᠬᠤᠮ ᠢᠶᠠᠷ ᠨᠥᠬᠦᠪᠥᠷᠢᠯᠡᠨ᠎ᠡ᠃ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠪᠠ ᠲᠠᠷᠢᠶᠠᠴᠢᠳ ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠤᠶᠢᠵᠢᠭᠤᠯᠵᠤ᠂ ᠤᠯᠠᠨ ᠵᠦᠢᠯ ᠤᠨ ᠬᠡᠯᠪᠡᠷᠢ ᠶᠢᠨ ᠵᠣᠬᠢᠰᠲᠠᠢ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠱᠠᠲᠤ ᠦᠶ᠎ᠡ ᠶᠢᠨ ᠴᠢᠨᠠᠷᠲᠠᠶ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠪᠣᠯᠪᠠᠰᠤᠨ ᠬᠥᠳᠡᠭᠡ ᠶᠢᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠤᠶᠢᠵᠢᠭᠤᠯᠵᠤ᠂ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠤᠨ᠎ᠠ᠃       ᠵᠢᠷᠭᠤᠭ᠎ᠠ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠡᠯ᠎ᠡ ᠲᠥᠷᠥᠯ ᠤᠨ ᠲᠦᠭᠰᠢᠭᠦᠷᠢ ᠶᠢ ᠴᠢᠩᠭ᠎ᠠ ᠰᠡᠷᠭᠡᠶᠢᠯᠡᠨ ᠠᠷᠢᠯᠭᠠᠨ᠎ᠠ᠃       ︵ᠨᠢᠭᠡ︶ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠣᠰᠬᠤᠨ ︵ᠨᠡᠶᠢᠭᠡᠮ ᠲᠣᠭᠤᠷᠢᠭ︶ ᠤ ᠵᠠᠰᠠᠭ ᠵᠠᠬᠢᠷᠭᠠᠨᠴᠢᠯᠠᠬᠤ ᠶᠢ ᠦᠭᠡᠶᠢᠰᠬᠡᠬᠦ ᠥᠭᠡᠷᠡᠴᠢᠯᠡᠯᠲᠡ ᠶᠢ ᠰᠦᠪᠡᠭᠴᠢᠯᠡᠨ ᠠᠬᠢᠭᠤᠯᠵᠤ᠂ ᠲᠣᠰᠬᠤᠨ ︵ᠰᠠᠭᠤᠭᠠᠯᠢ ᠠᠷᠠᠳ︶ ᠤ ᠵᠥᠪᠯᠡᠯ ᠤᠨ ︽ᠠᠵᠢᠯᠯᠠᠬᠤ ᠴᠢᠭ︾ ᠢ ᠦᠨᠡᠨᠬᠦ ︽ᠦᠢᠯᠡᠴᠢᠯᠡᠬᠦ‍ ᠴᠢᠭ︾ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠲᠣᠣᠷᠵᠢᠭᠤᠯᠤᠭᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ ᠶᠢ ᠪᠡᠶᠡᠯᠡᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠠᠯᠬᠤᠴᠠ ᠶᠢ ᠲᠦᠷᠭᠡᠳᠬᠡᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠶᠯ ᠤᠨ ︽ᠦᠨᠡᠮᠯᠡᠯ ᠭᠦᠶᠴᠡᠳᠬᠡᠬᠦ ᠳᠤ ᠬᠦᠴᠢᠷᠲᠡᠶ︾ ᠪᠠᠶᠢᠬᠤ ᠠᠰᠠᠭᠤᠳᠠᠯ ᠢ ᠲᠦᠷᠭᠡᠳᠬᠡᠨ ᠰᠢᠶᠳᠪᠦᠷᠢᠯᠡᠵᠦ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠥᠬᠦᠴᠡᠯ ᠪᠦᠷᠢᠯᠳᠦᠭᠦᠯᠦᠭᠰᠡᠨ ᠰᠠᠭᠤᠭᠠᠯᠢ ᠠᠷᠠᠳ ᠤᠨ ᠲᠣᠭᠤᠷᠢᠭ ᠤᠨ ᠬᠢᠨ ᠥᠯᠥ ᠬᠥᠳᠡᠯᠬᠦ ᠬᠥᠷᠥᠩᠭᠡ ᠶᠢ ᠠᠩᠬ᠎ᠠ ᠤᠳᠠᠭ᠎ᠠ ᠳᠠᠩᠰᠠᠯᠠᠬᠤ ᠠᠵᠢᠯ ᠢ ᠪᠦᠬᠦᠨ ᠢ ᠪᠡᠶᠡᠯᠡᠭᠦᠯᠵᠦ᠂ ᠬᠤᠶᠠᠳᠠᠬᠢ ᠤᠳᠠᠭ᠎ᠠ ᠡᠷᠦᠬᠡ ᠬᠤᠪᠢᠶᠠᠨ ᠳᠠᠩᠰᠠᠯᠠᠬᠤ ᠵᠠᠮ ᠢ ᠪᠦᠬᠦᠨ ᠢ ᠨᠡᠪᠲᠡᠷᠡᠭᠦᠯᠵᠦ᠂ ᠠᠰᠠᠭᠤᠳᠠᠯ ᠢ ᠪᠦᠬᠦᠨ ᠢ ᠰᠢᠶᠳᠪᠦᠷᠢᠯᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠦᠷᠢᠯᠳᠦᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠶᠤᠯ ᠦᠭᠡᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠯᠠᠪᠳᠠᠭᠤᠨ ᠪᠠᠲᠤᠲᠠᠶ ᠥᠷᠨᠢᠭᠦᠯᠵᠦ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠦᠨᠳᠦ ᠣᠨᠴᠠ ᠶᠡᠭᠡ ᠠᠶᠤᠯ ᠦᠭᠡᠶ ᠶᠢᠨ ᠠᠳᠡᠯ ᠭᠠᠷᠬᠤ ᠶᠢ ᠡᠷᠡᠰ ᠬᠤᠷᠢᠭᠯᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ᠎ᠡ᠃ ᠠᠷᠠᠳ ᠤᠨ ᠵᠡᠪᠰᠡᠭᠲᠦ ᠬᠦᠴᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠦᠨᠳᠦᠰᠦᠲᠡᠨ ᠱᠠᠰᠢᠨ ᠰᠤᠷᠲᠠᠬᠤᠨ᠂ ᠡᠮᠡᠭᠲᠡᠶᠢᠴᠦᠳ ᠬᠡᠦᠬᠡᠳ᠂ ᠵᠡᠮᠳᠡᠭᠴᠦᠳ ᠤᠨ ᠬᠤᠯᠪᠣᠭ᠎ᠠ ᠶᠢᠨ ᠤᠯᠠᠭᠠᠨ ᠵᠠᠭᠠᠯᠮᠠᠶᠢᠲᠠᠨ ᠤ ᠡᠪᠯᠡᠯ᠂ ᠳᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠡ᠃      ︵ᠬᠤᠶᠠᠷ︶ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠲᠦᠷᠦᠭᠦᠯᠡᠨ ᠠᠷᠪᠢᠯᠠᠨ ᠭᠠᠮᠨᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠤᠯᠠᠮ ᠴᠢᠨᠠᠭᠰᠢᠳᠠ ᠪᠠᠭᠠᠰᠬᠠᠵᠤ᠂ ᠬᠢᠵᠠᠭᠠᠷ ᠲᠠᠢ ᠪᠡᠯᠡ ᠮᠥᠩᠭᠦ ᠶᠢ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠳᠡᠭᠡᠷ᠎ᠡ ᠬᠡᠷᠡᠭᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠢᠯ ᠤᠨ 4 . 6 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠡᠶᠡᠯᠡᠭᠦᠯᠪᠡ᠃ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠡᠮᠬᠢ ᠵᠢᠷᠤᠮ ᠢ ᠬᠠᠮᠠᠭᠠᠯᠠᠵᠤ᠂ ᠰᠦᠯᠵᠢᠶᠡᠨ ᠤ ᠵᠢᠭᠡᠯᠡᠯᠭᠡ ᠵᠡᠷᠭᠡ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃       ᠲᠤᠯᠤᠭ᠎ᠠ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠵᠣᠬᠢᠴᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠪᠡ᠃      ︵ᠨᠢᠭᠡ︶ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ︽ᠬᠤᠶᠠᠷ ᠶᠡᠭᠡ ᠲᠠᠯ᠎ᠠ︾ ᠳᠤ ᠰᠠᠭᠤᠷᠢᠯᠠᠵᠤ᠂ ︽ᠤᠯᠤᠰ ᠤᠨ ᠶᠡᠭᠡ ᠲᠠᠯ᠎ᠠ︾ ᠶᠢ ᠡᠪᠦᠷᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠲᠡᠦᠬᠡ ᠶᠢ ᠰᠤᠷᠤᠯᠴᠠᠨ᠂ ᠦᠵᠡᠯ ᠰᠠᠨᠠᠭ᠎ᠠ ᠶᠢ ᠣᠶᠢᠯᠠᠭᠠᠵᠤ᠂ ᠪᠣᠳᠠᠲᠤ ᠶᠠᠪᠤᠳᠠᠯ ᠬᠢᠵᠦ᠂ ᠰᠢᠨ᠎ᠡ ᠪᠠᠶᠢᠳᠠᠯ ᠢ ᠨᠡᠭᠡᠭᠡᠵᠦ᠂ ᠨᠠᠮ ᠤᠨ ᠲᠡᠦᠬᠡ ᠶᠢ ᠰᠤᠷᠤᠯᠴᠠᠬᠤ ᠶᠢ ᠲᠤᠷᠰᠢᠯᠭ᠎ᠠ ᠪᠠᠨ ᠳ᠋ᠦᠩᠨᠡᠬᠦ᠂ ᠪᠣᠳᠠᠲᠤ ᠪᠠᠶᠢᠳᠠᠯ ᠢ ᠠᠵᠢᠭᠯᠠᠬᠤ᠂ ᠠᠵᠢᠯ ᠢᠶᠠᠨ ᠠᠬᠢᠭᠤᠯᠬᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠭᠦᠢᠴᠡᠳᠬᠡᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠢᠨᠠᠨ ᠪᠤᠳᠤᠬᠤ ᠪᠠᠶᠢᠭᠤᠯᠭ᠎ᠠ ᠶᠢᠨ ᠬᠠᠤᠯᠢ ᠶᠣᠰᠣᠭᠠᠷ ᠠᠵᠢᠯ ᠢᠶᠠᠨ ᠥᠷᠨᠢᠭᠦᠯᠬᠦ ᠶᠢ ᠳᠠᠮᠵᠢᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠦ ᠶᠢᠨ ᠠᠮᠢ ᠠᠬᠤᠢ ᠶᠢ ᠪᠤᠢ ᠪᠣᠯᠭᠠᠨ᠎ᠠ᠃       ︵ᠬᠤᠶᠠᠷ︶ ᠴᠢᠳᠠᠪᠤᠷᠢ ᠶᠢᠨ ᠭᠡᠯᠮᠡᠭᠳᠡᠯ ᠢ ᠢᠯᠠᠨ ᠳᠠᠪᠠᠵᠤ᠂ ᠲᠤᠰᠬᠠᠶᠢᠵᠢᠭᠤᠯᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ︽ᠴᠢᠳᠠᠪᠤᠷᠢ ᠶᠢᠨ ᠭᠡᠯᠮᠡᠭᠳᠡᠯ︾ ᠤᠨ ᠲᠦᠭᠰᠢᠭᠦᠷᠢᠲᠦ ᠪᠤᠳᠤᠯ ᠢ ᠦᠷᠭᠦᠯᠵᠢ ᠡᠪᠦᠷᠯᠡᠵᠦ᠂ ︽ᠬᠢᠴᠢᠶᠡᠯ ᠨᠥᠬᠦᠪᠥᠷᠢᠯᠡᠨ ᠴᠠᠬᠢᠯᠭᠠᠨ ᠨᠥᠬᠦᠪᠥᠷᠢᠯᠡᠬᠦ︾ ᠲᠤᠯᠭᠠᠮ ᠪᠤᠳᠤᠯ ᠢᠶᠠᠨ ᠴᠢᠩᠭᠠᠳᠬᠠᠵᠤ᠂ ᠶᠠᠭᠤ ᠬᠢᠪᠡᠯ ᠶᠠᠭᠤ ᠶᠢ ᠰᠤᠷᠴᠤ᠂ ᠶᠠᠭᠤ ᠳᠤᠲᠠᠭᠳᠠᠪᠠᠯ ᠶᠠᠭᠤ ᠶᠢ ᠨᠥᠬᠦᠪᠥᠷᠢᠯᠡᠵᠦ᠂ ᠮᠡᠳᠡᠯᠭᠡ ᠶᠢᠨ ᠪᠦᠲᠦᠴᠡ ᠪᠠᠨ ᠲᠡᠭᠦᠯᠳᠡᠷᠵᠢᠭᠦᠯᠵᠦ᠂ ᠲᠤᠰᠬᠠᠢ ᠮᠡᠷᠭᠡᠵᠢᠯ ᠤᠨ ᠰᠡᠳᠬᠢᠬᠦᠢ ᠪᠠᠨ ᠴᠢᠩᠭᠠᠳᠬᠠᠵᠤ᠂ ᠪᠦᠬᠦ ᠰᠡᠳᠬᠢᠯ ᠪᠦᠬᠦ ᠤᠶᠤᠨ ᠴᠢᠳᠠᠯ ᠢᠶᠠᠨ ᠬᠥᠭᠵᠢᠯᠲᠡ ᠶᠢ ᠡᠷᠢᠯᠬᠢᠯᠡᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠬᠡᠷᠡᠭᠯᠡᠵᠦ᠂ ᠪᠦᠬᠦ ᠬᠦᠴᠦᠨ ᠢᠶᠠᠷ ᠢᠶᠠᠨ ᠴᠠᠭ ᠦᠶ᠎ᠡ ᠶᠢᠨ ᠠᠶᠢᠵᠠᠮ ᠢ ᠳᠠᠭᠠᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠰᠠᠶᠢᠨ ᠬᠢᠷᠢ ᠲᠦᠪᠰᠢᠨ ᠢᠶᠠᠷ ᠪᠠᠷᠢᠮᠵᠢᠶᠠᠯᠠᠵᠤ᠂ ᠪᠠᠭ᠎ᠠ ᠶᠠᠪᠤᠳᠠᠯ ᠢ ᠨᠠᠷᠢᠯᠢᠭ ᠨᠠᠶᠢᠳᠠᠪᠤᠷᠢᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠷᠢᠨ ᠬᠢᠨᠠᠮᠠᠭᠠᠶ ᠵᠣᠷᠢᠭ ᠰᠠᠨᠠᠭ᠎ᠠ ᠶᠢ ᠪᠠᠳᠠᠷᠠᠭᠤᠯᠵᠤ ᠂ ᠪᠠᠭ᠎ᠠ ᠶᠠᠪᠤᠳᠠᠯ ᠠᠴᠠ ᠭᠠᠷᠳᠠᠵᠤ᠂ ᠨᠠᠷᠢᠯᠢᠭ ᠵᠦᠶᠯ ᠠᠴᠠ ᠭᠠᠷᠳᠠᠵᠤ᠂ ᠪᠣᠳᠠᠲᠠᠶ ᠵᠦᠶᠯ ᠠᠴᠠ ᠬᠦᠴᠦᠯᠡᠵᠦ᠂ ᠪᠠᠭ᠎ᠠ ᠶᠠᠪᠤᠳᠠᠯ᠂ ᠪᠣᠳᠠᠲᠠᠶ ᠶᠠᠪᠤᠳᠠᠯ ᠨᠢᠭᠡᠪᠦᠷᠢ ᠶᠢ ᠠᠯᠢ ᠴᠢᠳᠠᠬᠤ ᠪᠠᠷ ᠪᠦᠷᠢᠨ ᠲᠡᠭᠦᠯᠳᠡᠷ ᠪᠣᠯᠭᠠᠵᠤ᠂ ᠨᠠᠷᠢᠯᠢᠭᠵᠢᠭᠤᠯᠬᠤ ᠪᠠ ᠨᠢᠭᠲᠠ ᠠᠴᠠ ᠨᠢᠭᠲᠠᠯᠠᠬᠤ ᠲᠠᠯ᠎ᠠ ᠪᠠᠷ ᠬᠢᠷᠢ ᠲᠦᠪᠰᠢᠨ ᠣᠯᠵᠤ᠂ ᠲᠤᠭᠤᠰᠢᠲᠠᠶ ᠠᠳᠬᠤᠵᠤ᠂ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ︵ᠭᠤᠷᠪᠠ︶ ᠬᠠᠤᠯᠢ ᠪᠠᠷ ᠵᠠᠰᠠᠬᠤ ᠰᠡᠳᠬᠢᠬᠦᠶ ᠶᠢ ᠴᠢᠩᠭᠠᠷᠠᠭᠤᠯᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠦᠷᠦᠭᠦᠯᠡᠨ ᠬᠠᠤᠯᠢ ᠶᠢ ᠬᠦᠨᠳᠦᠳᠬᠡᠨ ᠬᠠᠤᠯᠢ ᠶᠢ ᠰᠤᠷᠤᠯᠴᠠᠵᠤ᠂ ᠬᠠᠤᠯᠢ ᠶᠢ ᠰᠠᠬᠢᠨ ᠬᠠᠤᠯᠢ ᠶᠢ ᠬᠡᠷᠡᠭᠯᠡᠬᠦ ᠬᠡᠷᠡᠭᠲᠡᠶ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠡᠷᠡᠰ ᠬᠡᠷᠡᠭᠵᠢᠭᠦᠯᠵᠦ᠂ ᠴᠢᠬᠤᠯᠠ ᠶᠡᠭᠡ ᠤᠴᠢᠷ ᠶᠠᠪᠤᠳᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ  ᠬᠤᠷᠢᠶ᠎ᠡ ᠳᠤ ᠮᠡᠳᠡᠭᠦᠯᠬᠦ᠂ ᠤᠯᠤᠰ ᠲᠦᠷᠦ ᠶᠢᠨ ᠵᠥᠪᠯᠡᠯᠭᠡᠨ ᠳᠤ ᠮᠡᠳᠡᠭᠳᠡᠬᠦ ᠲᠦᠷᠢᠮ ᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ᠎ᠡ᠃ ︽ᠬᠤᠲᠠ ᠶᠢᠨ ᠠᠷᠠᠳ ᠲᠤ ᠮᠡᠳᠡᠭᠦᠯᠬᠦ᠂ ᠬᠤᠲᠠ ᠶᠢᠨ ᠠᠷᠠᠳ ᠤᠨ ᠰᠠᠨᠠᠯ ᠢ ᠰᠣᠨᠣᠰᠬᠤ᠂ ᠬᠤᠲᠠ ᠶᠢᠨ ᠠᠷᠠᠳ ᠢᠶᠠᠷ ᠦᠨᠡᠯᠡᠭᠦᠯᠬᠦ︾ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠡᠶᠢᠭᠡᠮ ᠤᠨ ᠠᠩᠬᠠᠷᠴᠤ ᠪᠦᠬᠦᠢ ᠵᠦᠶᠯ ᠳᠤ ᠴᠠᠭ ᠲᠤᠬᠠᠶ ᠳᠤᠨᠢ ᠬᠠᠷᠢᠭᠤᠯᠲᠠ ᠥᠭᠭᠦᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠪᠠ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠶᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠡᠷᠬᠡ ᠶᠢ ᠢᠯᠡ ᠲᠣᠳᠣ᠂ ᠢᠯᠡ ᠲᠣᠳᠣ ᠠᠵᠢᠯᠯᠠᠭᠤᠯᠬᠤ ᠪᠣᠯᠭᠠᠨ᠎ᠠ᠃       ︵ᠳᠥᠷᠪᠡ︶ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠭᠦᠨᠵᠡᠭᠡᠶ ᠬᠡᠷᠡᠭᠵᠢᠭᠦᠯᠵᠦ᠂ ᠠᠷᠠᠳ ᠤᠨ ᠣᠶᠤᠨ ᠤᠬᠠᠭᠠᠨ ᠢ ᠥᠷᠭᠡᠨ ᠢᠶᠠᠷ ᠨᠢᠭᠲᠠᠷᠠᠭᠤᠯᠤᠨ᠂ ᠰᠡᠳᠦᠪ ᠬᠠᠷᠢᠭᠤᠯᠬᠤ ᠦᠵᠡᠯ ᠤᠬᠠᠮᠰᠠᠷ ᠢ ᠴᠢᠩᠭᠠᠷᠠᠭᠤᠯᠵᠤ᠂ ᠰᠢᠶᠳᠪᠦᠷᠢᠯᠡᠬᠦ ᠲᠥᠰᠦᠯ ᠳᠤᠷᠠᠳᠤᠨ᠂ ᠠᠵᠢᠯ ᠢ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠬᠤ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠶᠳᠪᠦᠷᠢᠯᠡᠬᠦ᠂ ᠲᠥᠷᠥ ᠶᠢᠨ ᠪᠣᠳᠣᠯᠭ᠎ᠠ ᠶᠢ ᠨᠢᠭᠡᠳᠦᠭᠡᠷ ᠹᠷᠣᠨᠲ ᠲᠤ ᠬᠡᠷᠡᠭᠵᠢᠭᠦᠯᠬᠦ᠂ ᠬᠢᠨᠠᠯᠲᠠ ᠲᠠᠯᠪᠢᠬᠤ ᠶᠢ ᠨᠢᠭᠡᠳᠦᠭᠡᠷ ᠹᠷᠣᠨᠲ ᠲᠤ ᠬᠡᠷᠡᠭᠵᠢᠭᠦᠯᠬᠦ᠂ ᠦᠷ᠎ᠡ ᠪᠦᠲᠦᠮᠵᠢ ᠶᠢ ᠨᠢᠭᠡᠳᠦᠭᠡᠷ ᠹᠷᠣᠨᠲ ᠲᠤ ᠰᠢᠯᠭᠠᠨ ᠪᠠᠶᠢᠴᠠᠭᠠᠬᠤ ᠶᠢ ᠦᠨᠡᠨᠬᠦ ᠪᠠᠲᠤᠯᠠᠨ᠎ᠠ᠃ ᠬᠠᠷᠠᠭ᠎ᠠ ᠪᠠᠨ ᠤᠯᠠᠮ ᠨᠢᠭᠡ ᠠᠯᠬᠤᠮ ᠥᠷᠭᠡᠳᠬᠡᠨ᠂ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ︽ᠭᠦᠶᠡᠩ ᠠᠴᠠ ᠭᠠᠷᠴᠤ ᠭᠦᠶᠡᠩ ᠢ ᠬᠠᠷᠠᠬᠤ︾᠂ ︽ᠢᠷᠡᠭᠡᠳᠦᠶ ᠳᠤ ᠵᠣᠭᠰᠣᠨ ᠣᠳᠣᠬᠢ ᠶᠢ ᠬᠠᠷᠠᠬᠤ︾᠂ ᠡᠷᠡᠮᠡᠬᠡᠶᠢᠯᠡᠨ ᠲᠡᠮᠡᠴᠡᠬᠦ ᠠᠵᠢᠯ ᠤᠨ ᠬᠥᠭᠡᠭᠡᠴᠡᠯᠳᠦᠯ ᠢᠶᠠᠨ ᠢᠮᠠᠭᠲᠠ ᠪᠠᠲᠤᠯᠠᠵᠤ᠂ ᠤᠷᠢᠳᠠᠴᠢ ᠴᠢᠨᠠᠷᠲᠠᠶ ᠪᠣᠳᠣᠯᠬᠢᠯᠠᠯ᠂ ᠪᠥᠬᠦ ᠲᠠᠯ᠎ᠠ ᠶᠢᠨ ᠴᠢᠨᠠᠷᠲᠠᠶ ᠲᠥᠯᠥᠪᠵᠢᠭᠦᠯᠭᠡ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠᠶᠢᠷᠢᠰᠢᠭᠤᠯᠤᠯᠲᠠ ᠶᠢ ᠴᠢᠩᠭᠠᠳᠬᠠᠵᠤ᠂ ᠪᠦᠬᠦᠯᠢ ᠴᠣᠭᠴᠠ ᠶᠢᠨ ᠴᠢᠨᠠᠷᠲᠠᠶ ᠠᠬᠢᠭᠤᠯᠵᠤ᠂ ᠥᠨᠳᠥᠷ ᠪᠠᠷᠢᠮᠵᠢᠶ᠎ᠠ ᠴᠢᠨᠠᠷ ᠰᠠᠶᠢᠲᠠᠶ ᠪᠠᠷ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠬᠤᠷᠳᠤᠴᠠ ᠶᠢᠨ ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠠᠯᠢ ᠴᠢᠳᠠᠬᠤ ᠪᠠᠷ ᠤᠷᠢᠳᠴᠢᠯᠠᠨ ᠲᠥᠯᠥᠪᠵᠢᠭᠦᠯᠵᠦ᠂ ᠤᠷᠢᠳᠴᠢᠯᠠᠨ ᠪᠠᠶᠢᠷᠢᠯᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠡᠷᠡᠭ ᠲᠤ ᠡᠪᠬᠡᠮᠡᠯ ᠦᠭᠡᠢ᠂ ᠬᠡᠷᠡᠭ ᠲᠤ ᠰᠥᠨᠢ ᠦᠭᠡᠢ ᠪᠠᠶᠢᠬᠤ ᠶᠢ ᠪᠠᠷᠢᠮᠲᠠᠯᠠᠵᠤ᠂ ᠥᠨᠥᠳᠦᠷ ᠤᠨ ᠶᠠᠪᠤᠳᠠᠯ ᠢ ᠥᠨᠥᠳᠦᠷ ᠳᠠᠭᠤᠰᠬᠠᠵᠤ ᠂ ᠮᠠᠷᠭᠠᠰᠢ ᠶᠢᠨ ᠶᠠᠪᠤᠳᠠᠯ ᠢ ᠥᠨᠥᠳᠦᠷ ᠬᠢᠵᠦ᠂ ᠬᠠᠮᠤᠭ ᠤᠨ ᠲᠦᠷᠭᠡᠨ ᠬᠤᠷᠳᠤᠴᠠ ᠪᠠᠷ ᠦᠷ᠎ᠡ ᠪᠦᠲᠦᠮᠵᠢ ᠭᠠᠷᠭᠠᠬᠤ ᠬᠡᠷᠡᠭᠲᠡᠢ᠃       ᠲᠥᠯᠥᠭᠡᠯᠡᠭᠴᠢᠳ ᠡ︕ ᠰᠢᠨ᠎ᠡ ᠠᠶᠠᠨ ᠨᠢᠭᠡᠨᠲᠡ ᠪᠦᠬᠦ ᠲᠠᠯ᠎ᠠ ᠪᠠᠷ ᠡᠬᠢᠯᠡᠪᠡ᠂ ᠡᠭᠦᠷᠭᠡ ᠬᠠᠲᠠᠭᠤ ᠪᠡᠷᠬᠡ᠂ ᠴᠠᠭ ᠪᠢᠳᠡᠨ ᠢ ᠬᠦᠯᠢᠶᠡᠬᠦ ᠦᠭᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠭᠦᠶᠡᠩ ᠰᠢᠶᠠᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠶ᠎ᠡ︕
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号