ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠥᠬᠦ ᠰᠢᠶᠠᠨ ᠤ ᠭᠤᠤᠯᠳᠠᠯᠭ᠎ᠠ ᠲᠠᠢ ᠣᠶ ᠰᠢᠭᠤᠶ ᠨᠤᠲᠤᠭ ᠪᠡᠯᠴᠢᠭᠡᠷ ᠲᠤ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠠᠪᠤᠭᠤᠯᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2021/11/28
     ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂  ᠣᠳᠣ ᠪᠦᠬᠦ ᠰᠢᠶᠠᠨ ᠤ ᠭᠤᠣᠯᠳᠠᠯᠭ᠎ᠠ ᠲᠠᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄     ᠨᠢᠭᠡ᠂ ᠭᠤᠤᠯᠳᠠᠯᠭ᠎ᠠ ᠲᠠᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠴᠠᠭ᠃     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠤᠨ ᠬᠤᠷᠢ ᠶᠢᠰᠦᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠨ᠂ ᠵᠢᠯ ᠪᠦᠷᠢ ᠶᠢᠨ 3 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ᠂ 9 ᠳ᠋ᠦᠭᠡᠷ ᠰᠠᠷ᠎ᠠ ᠶᠢᠨ 15 ᠤ ᠡᠳᠦᠷ ᠠᠴᠠ 11 ᠳ᠋ᠦᠭᠡᠷ ᠰᠠᠷ᠎ᠠ ᠶᠢᠨ 15 ᠤ ᠡᠳᠦᠷ ᠪᠣᠯᠲᠠᠯ᠎ᠠ ᠪᠣᠯ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠪᠣᠯᠤᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠪᠠᠶᠢᠭᠠᠯᠢ ᠶᠢᠨ ᠠᠭᠤᠷ ᠠᠮᠢᠰᠬᠤᠯ ᠤᠨ ᠨᠥᠬᠦᠴᠡᠯ ᠪᠣᠯᠤᠨ ᠭᠠᠯ ᠤᠨ ᠠᠶᠤᠯ ᠭᠠᠷᠬᠤ ᠵᠢᠮ᠎ᠡ ᠶᠣᠰᠣ ᠶᠢ ᠦᠨᠳᠦᠰᠦᠯᠡᠨ᠂ ᠭᠠᠯ ᠰᠡᠷᠭᠡᠶᠢᠯᠡᠬᠦ ᠬᠤᠭᠤᠴᠠᠭᠠᠨ ᠳᠤ ᠤᠷᠢᠳᠴᠢᠯᠠᠨ ᠣᠷᠣᠬᠤ ᠪᠤᠶᠤ ᠬᠤᠶᠢᠰᠢᠯᠠᠭᠤᠯᠤᠨ ᠳᠠᠭᠤᠰᠬᠠᠬᠤ ᠪᠠᠷ ᠲᠣᠭᠲᠠᠭᠠᠵᠤ ᠪᠣᠯᠤᠨ᠎ᠠ᠃ ᠵᠢᠯ ᠪᠦᠷᠢ ᠶᠢᠨ 9 ᠰᠠᠷ᠎ᠠ ᠶᠢᠨ 15 ᠤ ᠡᠳᠦᠷ ᠠᠴᠠ ᠳᠠᠷᠠᠭ᠎ᠠ ᠵᠢᠯ ᠤᠨ 5 ᠰᠠᠷ᠎ᠠ ᠶᠢᠨ 31 ᠤ ᠡᠳᠦᠷ ᠪᠣᠯᠲᠠᠯ᠎ᠠ ᠪᠣᠯ ᠮᠠᠨ ᠤ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠪᠣᠯᠤᠨ᠎ᠠ ᠲᠥᠷᠥ ᠶᠢᠨ ᠶᠠᠪᠤᠳᠠᠯ ᠤᠨ ᠬᠤᠷᠢᠶᠠᠨ ᠤ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠢ ᠦᠨᠳᠦᠰᠦᠯᠡᠬᠦ ᠶᠢᠨ ᠬᠠᠮᠲᠤ ᠮᠠᠨ ᠤ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠶᠢᠭᠠᠯᠢ ᠶᠢᠨ ᠠᠭᠤᠷ ᠠᠮᠢᠰᠬᠤᠯ ᠤᠨ ᠨᠥᠬᠦᠴᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠵᠢᠮ᠎ᠡ ᠶᠣᠰᠣ ᠶᠢ ᠦᠨᠳᠦᠰᠦᠯᠡᠨ᠂ 2021 ᠣᠨ ᠤ 2 ᠰᠠᠷ᠎ᠠ ᠶᠢᠨ 5 ᠤ ᠡᠳᠦᠷ ᠠᠴᠠ 2 ᠰᠠᠷ᠎ᠠ ᠶᠢᠨ 14 ᠤ ᠡᠳᠦᠷ᠂ 3 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 31 ᠤ ᠡᠳᠦᠷ᠂ 11 ᠰᠠᠷ᠎ᠠ ᠶᠢᠨ 1 ᠤ ᠡᠳᠦᠷ ᠠᠴᠠ 11 ᠰᠠᠷ᠎ᠠ ᠶᠢᠨ 10 ᠤ ᠡᠳᠦᠷ ᠪᠣᠯᠲᠠᠯ᠎ᠠ ᠪᠥᠬᠦ ᠰᠢᠶᠠᠨ ᠤ ᠭᠤᠤᠯᠳᠠᠯᠭ᠎ᠠ ᠲᠠᠢ ᠣᠶ ᠰᠢᠭᠤᠶ ᠨᠤᠲᠤᠭ ᠪᠡᠯᠴᠢᠭᠡᠷ ᠲᠤ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠬᠢᠬᠦ ᠪᠠᠷ ᠲᠣᠭᠲᠠᠪᠠ᠃     ᠬᠤᠶᠠᠷ᠂ ᠭᠤᠤᠯᠳᠠᠯᠭ᠎ᠠ ᠲᠠᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠪᠦᠰᠡ᠃     ᠮᠠᠨ ᠤ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠵᠠᠬᠢᠷᠤᠨ ᠬᠠᠮᠢᠶᠠᠷᠬᠤ ᠣᠷᠣᠨ ᠪᠣᠯ ᠭᠦᠶᠡᠩ ᠰᠢᠶᠠᠨ ᠤ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ︽ᠪᠠᠶᠠᠨ ᠭᠤᠤ᠂ ᠡᠮᠡᠭᠡᠯ ᠠᠭᠤᠯᠠ︾ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠤᠨ᠎ᠠ ᠭᠦᠶᠡᠩ ᠰᠢᠶᠠᠨ ᠤ ᠬᠢᠯᠢ ᠳᠣᠲᠣᠷᠠᠬᠢ ᠤᠯᠤᠰ ᠤᠨ ᠲᠠᠰ ᠤᠨ ︽ᠴᠢᠨ ᠤᠯᠤᠰ ᠤᠨ ᠣᠷᠳᠣ ᠴᠠᠭᠠᠨ ᠬᠡᠷᠡᠮ ᠵᠣᠣ ᠤᠯᠤᠰ ᠤᠨ ᠣᠷᠳᠣ ᠴᠠᠭᠠᠨ ᠬᠡᠷᠡᠮ︾ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠣᠷᠣᠨ ᠭᠦᠶᠡᠩ ᠰᠢᠶᠠᠨ ᠤ ᠬᠢᠯᠢ ᠳᠣᠲᠣᠷᠠᠬᠢ ᠰᠢᠶᠠᠨ ᠤ ᠱᠠᠲᠤᠨ ᠤ ︽ᠬᠤᠩ ᠬᠤᠸᠠ ᠣᠪᠣᠭ᠎ᠠ᠂ ᠴᠦᠨ ᠺᠦᠨ ᠱᠠᠨ ᠠᠭᠤᠯᠠ︾ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠳ᠋ᠠ ᠰᠢᠶᠠᠨ ᠱᠠᠨ ᠤ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢᠲᠦ ᠣᠷᠣᠨ ᠠᠮᠢ ᠠᠬᠤᠶ ᠶᠢᠨ ᠤᠯᠠᠭᠠᠨ ᠱᠤᠭᠤᠮ ᠤᠨ ᠣᠷᠣᠨ᠂ ᠣᠶ ᠰᠢᠭᠤᠶ ᠶᠢᠨ ᠢᠨᠵᠧᠨᠧᠷᠢᠩ ᠤᠨ ᠣᠷᠣᠨ᠂ ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ ᠶᠢᠨ ᠣᠷᠣᠨ᠃     ᠭᠤᠷᠪᠠ᠂ ᠭᠤᠤᠯᠳᠠᠯᠭ᠎ᠠ ᠲᠠᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠱᠠᠭᠠᠷᠳᠠᠯᠭ᠎ᠠ᠃     1 . ᠪᠦᠬᠦ ᠰᠢᠶᠠᠨ ᠤ ᠭᠤᠣᠯᠳᠠᠯᠭ᠎ᠠ ᠲᠠᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠤ ᠳᠣᠲᠣᠷ᠎ᠠ ᠵᠢᠴᠢ ᠬᠥᠪᠡᠭᠡ ᠵᠠᠬ᠎ᠠ ᠶᠢᠨ 500 ᠮᠧᠲᠷ ᠤᠨ ᠳᠣᠲᠣᠷ᠎ᠠ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠡᠰᠢ ᠰᠦᠷᠡᠯ ᠰᠢᠲᠠᠭᠠᠬᠤ᠂ ᠲᠠᠷᠢᠶᠠᠨ ᠳᠠᠯᠠᠩ ᠰᠢᠲᠠᠭᠠᠬᠤ᠂ ᠣᠩᠭᠤᠨ ᠳᠤ ᠭᠠᠷᠴᠤ ᠴᠠᠭᠠᠰᠤ ᠰᠢᠲᠠᠭᠠᠬᠤ᠂ ᠬᠤᠸᠠᠷ ᠫᠤᠤᠵᠢᠩ ᠲᠠᠯᠪᠢᠬᠤ ᠪᠠ ᠺᠦᠩᠽᠢ ᠶᠢᠨ ᠭᠡᠷᠡᠯᠲᠦ ᠳ᠋ᠧᠩ ᠠᠰᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠲᠦᠳᠡᠭ ᠭᠠᠯ ᠤᠨ ᠦᠳᠡᠰᠢᠯᠡᠭᠡ ᠬᠢᠬᠦ᠂ ᠰᠢᠷᠠᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ ᠪᠣᠯᠪᠠᠰᠤᠨ ᠲᠠᠬᠢᠯᠭ᠎ᠠ ᠶᠢ ᠶᠡᠭᠡ ᠪᠠᠷ ᠰᠠᠨᠠᠭᠠᠴᠢᠯᠠᠵᠤ᠂ ᠭᠠᠯ ᠤᠨ ᠠᠶᠤᠯ ᠤᠨ ᠠᠯᠢᠪᠠ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠠᠷᠢᠯᠭᠠᠨ᠎ᠠ᠃     2 . ᠬᠡᠦᠬᠡᠳ ᠤᠨ ᠬᠥᠮᠦᠵᠢᠯ ᠪᠠ ᠲᠡᠨᠡᠭ᠂ ᠲᠡᠨᠡᠭ᠂ ᠳᠦᠯᠡᠶ᠂ ᠶᠠᠪᠠ᠂ ᠮᠡᠳᠡᠷᠡᠯ ᠤᠨ ᠡᠪᠡᠳᠴᠢᠲᠡᠨ ᠤ ᠣᠶᠤᠨ ᠤ ᠰᠠᠭᠠᠳ ᠲᠠᠢ ᠬᠥᠮᠦᠰ ᠢ ᠬᠢᠨᠠᠨ ᠬᠠᠮᠠᠭᠠᠯᠠᠬᠤ ᠪᠠᠨ ᠴᠢᠩᠭᠠᠳᠬᠠᠵᠤ᠂ ᠭᠠᠯ ᠢᠶᠠᠷ ᠨᠠᠭᠠᠳᠴᠤ ᠭᠠᠯ ᠠᠯᠳᠠᠭᠰᠠᠨ ᠠᠴᠠ ᠪᠣᠯᠵᠣ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃     3 . ᠡᠯ᠎ᠡ ᠪᠠᠯᠭᠠᠰᠤ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠠᠮᠢᠶ᠎ᠠ ᠪᠦᠬᠦᠢ ᠨᠢᠭᠡᠴᠡ ᠨᠦᠭᠦᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠂ ᠭᠠᠯ ᠤᠨ ᠪᠠᠶᠢᠳᠠᠯ ᠢ ᠬᠢᠨᠠᠨ ᠬᠡᠮᠵᠢᠵᠦ ᠲᠣᠭᠤᠷᠢᠨ ᠪᠠᠶᠢᠴᠠᠭᠠᠬᠤ ᠡᠷᠴᠢᠮ ᠢᠶᠠᠨ ᠦᠨᠡᠨᠬᠦ ᠨᠡᠮᠡᠭᠳᠡᠭᠦᠯᠬᠦ ᠬᠡᠷᠡᠭᠲᠡᠶ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠯ᠎ᠡ ᠵᠦᠶᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ 24 ᠴᠠᠭ ᠤᠨ ᠤᠳᠤᠷᠢᠳᠤᠯᠭ᠎ᠠ ᠵᠢᠵᠢᠭᠦᠷᠯᠡᠬᠦ ᠪᠠ ︽ᠥᠯᠥ ᠮᠡᠳᠡᠭᠦᠯᠬᠦ︾ ᠲᠦᠷᠢᠮ ᠢ ᠬᠡᠷᠡᠭᠵᠢᠭᠦᠯᠪᠡ᠂ ᠭᠤᠣᠯ ᠤᠳᠤᠷᠢᠳᠤᠯᠭ᠎ᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠬᠤ ᠪᠠ ᠪᠠᠶᠢᠴᠠᠭᠠᠵᠤ ᠨᠠᠶᠢᠳᠠᠪᠤᠷᠢᠵᠢᠭᠤᠯᠬᠤ ᠬᠡᠷᠡᠭᠲᠡᠶ᠂ ᠭᠠᠯ ᠰᠡᠷᠭᠡᠶᠢᠯᠡᠵᠦ ᠤᠨᠲᠠᠷᠠᠭᠠᠬᠤ ᠪᠠᠶᠢᠳᠠᠯ ᠢ ᠴᠠᠭ ᠢᠮᠠᠭᠲᠠ ᠡᠵᠡᠮᠰᠢᠬᠦ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠳᠤᠮᠳᠠ ᠢᠯᠡᠷᠡᠭᠰᠡᠨ ᠡᠯ᠎ᠡ ᠵᠦᠶᠯ ᠤᠨ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠬᠦ ᠬᠡᠷᠡᠭᠲᠡᠶ᠂ ᠬᠦᠨᠳᠦ ᠶᠡᠭᠡ ᠭᠠᠯ ᠲᠦᠢᠮᠡᠷ ᠭᠠᠷᠪᠠᠯ ᠪᠡᠶ᠎ᠡ ᠪᠠᠷ ᠢᠶᠠᠨ ᠲᠤᠬᠠᠶ ᠶᠢᠨ ᠲᠠᠯᠠᠪᠠᠢ ᠳᠤ ᠬᠦᠷᠴᠦ ᠭᠠᠯ ᠤᠨᠲᠠᠷᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠬᠤ ᠬᠡᠷᠡᠭᠲᠡᠶ᠂ ᠮᠠᠨ ᠤ ᠰᠢᠶᠠᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃     4 . ᠪᠦᠬᠦ ᠰᠢᠶᠠᠨ ᠤ ᠭᠤᠣᠯᠳᠠᠯᠭ᠎ᠠ ᠲᠠᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠤ ᠳᠣᠲᠣᠷᠠᠬᠢ ᠠᠯᠢᠪᠠ ᠠᠵᠢᠯᠯᠠᠭ᠎ᠠ ᠨᠢ ᠡᠷᠬᠡᠪᠰᠢ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠶᠡᠭᠡ ᠲᠠᠯ᠎ᠠ ᠶᠢ ᠳᠠᠭᠠᠵᠤ᠂ ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠳᠠᠭᠠᠬᠤ ᠬᠡᠷᠡᠭᠲᠡᠶ᠃ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠠᠮᠢᠶᠠᠷᠤᠯᠲᠠ ᠶᠢᠨ ᠣᠷᠣᠨ ᠳᠤ ᠣᠷᠣᠬᠤ ᠴᠢᠬᠤᠯᠠᠲᠠᠢ ᠨᠢᠭᠡᠴᠡ ᠪᠠ ᠬᠤᠪᠢ ᠬᠥᠮᠦᠨ ᠡᠷᠬᠡᠪᠰᠢ ᠰᠢᠶᠠᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠬᠦ ᠶᠢᠨ ᠬᠠᠮᠲᠤ ᠭᠠᠯ ᠰᠡᠷᠭᠡᠶᠢᠯᠡᠬᠦ ᠤᠨᠲᠠᠷᠠᠭᠠᠬᠤ ᠠᠶᠤᠯᠭᠦᠢ ᠶᠢᠨ ᠬᠥᠮᠦᠵᠢᠯ ᠬᠦᠷᠲᠡᠵᠦ᠂ ᠭᠠᠯ ᠰᠡᠷᠭᠡᠶᠢᠯᠡᠬᠦ ᠤᠨᠲᠠᠷᠠᠭᠠᠬᠤ ᠭᠡᠷ᠎ᠡ ᠲᠣᠭᠲᠠᠵᠤ᠂ ᠭᠠᠯ ᠰᠡᠷᠭᠡᠶᠢᠯᠡᠬᠦ ᠤᠨᠲᠠᠷᠠᠭᠠᠬᠤ ᠨᠡᠪᠲᠡᠷᠡᠬᠦ ᠦᠨᠡᠮᠯᠡᠯ ᠠᠪᠬᠤ ᠬᠡᠷᠡᠭᠲᠡᠢ ᠮᠠᠰᠢᠨᠲᠤ ᠲᠡᠷᠭᠡ ᠬᠥᠰᠬᠡ ᠡᠷᠬᠡᠪᠰᠢ ᠭᠠᠯ ᠰᠡᠷᠭᠡᠶᠢᠯᠡᠬᠦ ᠪᠦᠲᠦᠮᠵᠢᠲᠡᠶ ᠲᠣᠨᠣᠭᠯᠠᠯ ᠤᠭᠰᠠᠷᠠᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠠᠵᠢᠯᠲᠠᠨ ᠤ ᠬᠢᠨᠠᠯᠲᠠ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃     5 . ᠡᠯ᠎ᠡ ᠭᠤᠤᠯᠳᠠᠯᠭ᠎ᠠ ᠲᠠᠢ ᠪᠦᠷᠢᠯᠳᠦᠬᠦᠨ ᠨᠢᠭᠡᠴᠡ ᠨᠢ ︽ᠬᠥᠮᠦᠨ ᠢᠶᠠᠷ ᠦᠨᠳᠦᠰᠦ ᠪᠣᠯᠭᠠᠬᠤ᠂ ᠰᠢᠨᠵᠢᠯᠡᠬᠦ ᠤᠬᠠᠭᠠᠨᠴᠢ ᠪᠠᠷ ᠭᠠᠯ ᠰᠡᠷᠭᠡᠶᠢᠯᠡᠬᠦ︾ ᠵᠠᠷᠴᠢᠮ ᠢ ᠬᠢᠨᠠᠮᠠᠭᠠᠶ ᠲᠤᠤᠱᠯᠠᠭᠤᠯᠵᠤ᠂ ︽ᠰᠡᠷᠭᠡᠶᠢᠯᠡᠬᠦ ᠪᠠᠷ ᠭᠤᠤᠯ ᠪᠣᠯᠭᠠᠬᠤ᠂ ᠢᠳᠡᠪᠬᠢᠲᠡᠶ ᠤᠰᠠᠳᠬᠠᠬᠤ᠂ ᠰᠡᠷᠭᠡᠶᠢᠯᠡᠬᠦ ᠪᠠ ᠤᠨᠲᠠᠷᠠᠭᠠᠬᠤ ᠶᠢ ᠤᠶᠠᠯᠳᠤᠭᠤᠯᠬᠤ︾ ᠴᠢᠭᠯᠡᠯᠲᠡ ᠶᠢ ᠪᠠᠷᠢᠮᠲᠠᠯᠠᠨ᠂ ᠭᠠᠯ ᠤᠨᠲᠠᠷᠠᠭᠠᠬᠤ ᠭᠤᠤᠯᠯᠠᠭᠴᠢ ᠬᠦᠴᠦᠨ ᠢ ᠭᠠᠯ ᠰᠡᠷᠭᠡᠶᠢᠯᠡᠬᠦ ᠨᠢᠭᠡᠳᠦᠭᠡᠷ ᠹᠷᠣᠨᠲ ᠲᠤ ᠪᠠᠶᠢᠷᠢᠯᠠᠭᠤᠯᠵᠤ᠂ ᠴᠠᠭ ᠢᠮᠠᠭᠲᠠ ᠪᠠᠶᠢᠯᠳᠤᠬᠤ ᠪᠠᠶᠢᠳᠠᠯ ᠳᠤ ᠪᠠᠶᠢᠯᠭᠠᠵᠤ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠡᠯ᠎ᠡ ᠵᠦᠶᠯ ᠤᠨ ᠪᠡᠯᠡᠳᠬᠡᠯ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃     6 . ᠪᠦᠬᠦ ᠰᠢᠶᠠᠨ ᠤ ᠭᠤᠣᠯᠳᠠᠯᠭ᠎ᠠ ᠲᠠᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠲᠣᠭᠲᠠᠭᠠᠯ ᠢ ᠵᠥᠷᠢᠴᠡᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠳᠤ ᠳᠤᠷ᠎ᠠ ᠪᠠᠷ ᠢᠶᠠᠨ ᠣᠷᠣᠵᠤ ᠭᠠᠯ ᠬᠡᠷᠡᠭᠯᠡᠬᠦ᠂ ᠠᠳᠡᠯ ᠢᠶᠠᠷ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠭᠡᠵᠡᠶ᠂ ᠵᠣᠷᠢᠭᠤᠳᠠ ᠭᠠᠯ ᠲᠠᠯᠪᠢᠬᠤ᠂ ᠭᠠᠯ ᠤᠨᠲᠠᠷᠠᠭᠠᠬᠤ ᠠᠵᠢᠯᠲᠠᠨ ᠤ ᠵᠢᠯᠣᠭᠤᠳᠤᠯᠭ᠎ᠠ ᠶᠢ ᠳᠠᠭᠠᠬᠤ ᠦᠭᠡᠢ᠂ ᠭᠠᠯ ᠤᠨᠲᠠᠷᠠᠭᠠᠬᠤ ᠶᠢ ᠨᠥᠯᠥᠭᠡᠯᠡᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠭᠡᠭᠰᠡᠨ ᠦᠨᠳᠦᠰᠦ ᠪᠠᠷᠢᠮᠲᠠ ︽ᠡᠷᠡᠭᠦᠦ ᠶᠢᠨ ᠬᠠᠤᠯᠢ︾᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠂ ︽ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号