ᠦᠰᠦᠭ ᠪᠢᠴᠢᠭ ᠤᠨ ᠲᠠᠶᠢᠯᠤᠮᠵᠢ᠄ ︽︿ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠣᠨ﹀ ᠤ ᠠᠵᠢᠯᠯᠠᠭ᠎ᠠ ᠶᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/28
      ᠪᠦᠬᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠠᠵᠤ ᠠᠬᠤᠶᠢᠯᠠᠯ ᠤᠨ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠦᠴᠢᠷ᠂ ᠠᠵᠢᠯ ᠶᠠᠪᠤᠳᠠᠯ ᠭᠦᠢᠴᠡᠳᠬᠡᠬᠦ ᠳᠤ ᠤᠳᠠᠭᠠᠨ᠂ ᠤᠯᠠᠨ ᠲᠠᠯ᠎ᠠ ᠠᠴᠠ ᠭᠦᠶᠦᠬᠦ ᠂ ᠨᠠᠰᠢ ᠴᠠᠰᠢ ᠭᠦᠶᠦᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠪᠠᠷ ᠬᠠᠷᠠᠯᠲᠠ ᠪᠣᠯᠭᠠᠵᠤ᠂ ᠪᠠᠯᠭᠠᠰᠤᠨ ᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ︵ᠳᠥᠭᠦᠮ ᠢᠶᠠᠷ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ᠭᠡᠵᠦ ᠲᠣᠪᠴᠢᠯᠠᠨ᠎ᠠ︶ ᠤᠨ ᠲᠠᠯᠠᠪᠤᠷ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠬᠡᠵᠦ ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠢᠢᠳᠪᠦᠷᠢᠯᠡᠵᠦ ᠳᠡᠶᠢᠯᠬᠦ︾ ᠠᠴᠠ ︽ᠲᠦᠷᠭᠡᠨ ᠭᠦᠢᠴᠡᠳᠬᠡᠬᠦ︾ ︽ᠰᠠᠶᠢᠨ ᠭᠦᠢᠴᠡᠳᠬᠡᠬᠦ︾ ᠬᠦᠷᠲᠡᠯ᠎ᠡ ᠬᠤᠪᠢᠷᠠᠭᠤᠯᠬᠤ ᠶᠢ ᠠᠬᠢᠭᠤᠯᠵᠤ᠂ ᠤᠯᠠᠨ ᠲᠦᠮᠡᠨ ᠳᠤ ᠨᠡᠩ ᠰᠠᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠢᠯᠠᠭᠠᠯᠲᠠ ᠬᠠᠩᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃      2023 ᠣᠨ ᠤ 3 ᠰᠠᠷ᠎ᠠ ᠶᠢᠨ 13 ᠤ ᠡᠳᠦᠷ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ︽︿ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠣᠨ﹀ ᠤ ᠠᠵᠢᠯᠯᠠᠭ᠎ᠠ ᠶᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠢ ᠳᠠᠷᠤᠮᠠᠯᠯᠠᠨ ᠲᠠᠷᠬᠠᠭᠠᠪᠠ᠂ ᠣᠲᠣ ᠬᠤᠯᠪᠣᠭᠳᠠᠯ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ᠲᠤᠰ ︽ᠬᠡᠷᠡᠭᠵᠢᠭᠦᠯᠬᠦ ᠲᠥᠰᠥᠯ︾ ᠢ ᠲᠣᠭᠲᠠᠭᠠᠭᠰᠠᠨ ᠵᠣᠷᠢᠯᠭ᠎ᠠ ᠪᠠ ᠠᠴᠢ ᠬᠤᠯᠪᠣᠭᠳᠠᠯ      ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠣᠭᠠᠴᠢᠯᠠᠬᠤ᠂ ᠳᠥᠭᠦᠮᠴᠢᠯᠡᠬᠦ᠂ ᠰᠢᠨ᠎ᠡ ᠶᠢ ᠡᠭᠦᠳᠬᠦ ᠲᠠᠪᠤᠨ ᠶᠡᠭᠡ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ᠂ ᠵᠦᠢᠯᠡᠰ ᠤᠨ ᠣᠷᠣᠵᠤ ᠰᠠᠭᠤᠬᠤ᠂ ᠵᠦᠢᠯᠡᠰ ᠤᠨ ᠨᠠᠷᠢᠨ ᠬᠠᠭᠤᠳᠠᠰᠤ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ᠂ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠪᠠᠷᠢᠮᠵᠢᠶ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠵᠦ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠠᠵᠤ ᠠᠬᠤᠶᠢᠯᠠᠯ ᠳᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠨᠡᠮᠡᠭᠳᠡᠭᠦᠯᠦᠨ᠂ ᠭᠦᠢᠴᠡᠳᠭᠡᠬᠦ ᠴᠤᠪᠤᠷᠠᠯ ᠢ ᠵᠢᠷᠤᠮᠵᠢᠭᠤᠯᠬᠤ ᠶᠢᠨ ᠲᠤᠰᠠᠳᠠ᠂ ᠲᠣᠰ ︽ᠬᠡᠷᠡᠭᠵᠢᠭᠦᠯᠬᠦ ᠲᠥᠰᠦᠯ︾ ᠢ ᠣᠨᠴᠠᠭᠠᠶᠢᠯᠠᠨ ᠲᠣᠭᠲᠠᠭᠠᠪᠠ᠃      ᠬᠤᠶᠠᠷ᠂ ︽ᠬᠡᠷᠡᠭᠵᠢᠭᠦᠯᠬᠦ ᠲᠥᠰᠦᠯ︾ ᠤᠨ ᠭᠤᠤᠯᠳᠠᠯᠭ᠎ᠠ ᠲᠠᠢ ᠠᠭᠤᠯᠭ᠎ᠠ      ᠨᠢᠭᠡ ᠳᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠱᠠᠲᠤᠨ ᠤ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ᠂ ᠬᠡᠷᠡᠭᠵᠢᠭᠦᠯᠬᠦ ᠨᠠᠷᠢᠨ ᠲᠠᠩᠰᠠ᠂ ᠦᠢᠯᠡᠴᠢᠯᠡᠭᠡᠨ ᠤ ᠴᠤᠪᠤᠷᠠᠯ ᠢ ᠪᠠᠷᠢᠮᠵᠢᠶᠠᠵᠢᠭᠤᠯᠬᠤ ᠶᠢ ᠠᠬᠢᠭᠤᠯᠪᠠ︔ ᠬᠤᠶᠠᠷ ᠲᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠵᠢᠷᠤᠮᠵᠢᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠵᠢᠯᠲᠠᠨ ᠤ ᠪᠣᠯᠪᠠᠰᠤᠷᠠᠭᠤᠯᠤᠯ ᠤᠨ ᠬᠠᠮᠢᠶᠠᠷᠤᠯᠲᠠ ᠶᠢ ᠴᠢᠩᠭᠠᠳᠬᠠᠨ᠂ ᠦᠢᠯᠡᠴᠢᠯᠡᠭᠡᠨ  ᠤ ᠲᠦᠷᠢᠮ ᠢ ᠪᠠᠶᠢᠭᠤᠯᠤᠨ ᠪᠦᠷᠢᠨᠰᠢᠭᠦᠯᠪᠡ︔ ᠭᠤᠷᠪᠠ ᠳᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ‍ᠤᠨ‌ᠦᠢᠯᠡᠴᠢᠯᠡᠭᠡ ᠶᠢ ᠲᠣᠭᠠᠵᠢᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ ᠂ ᠲᠣᠭᠠᠴᠢᠯᠠᠭᠰᠠᠨ ᠵᠠᠰᠠᠭ ᠤᠨ ᠶᠠᠪᠤᠳᠠᠯ ᠤᠨ ︽ᠰᠦᠯᠵᠢᠶᠡᠨ ᠳᠡᠭᠡᠷ᠎ᠡ ᠭᠦᠶ᠋ᠴᠡᠳᠬᠡᠬᠦ︾ ᠦᠢᠯᠡᠴᠢᠯᠡᠭᠡᠨ ᠤ ᠴᠢᠳᠠᠪᠤᠷᠢ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠦᠨᠳᠦᠰᠦᠨ ᠱᠠᠲᠤ ᠲᠡᠶᠢᠰᠢ ᠤᠷᠲᠤᠳᠬᠠᠬᠤ᠂ ᠨᠠᠷᠢᠯᠢᠭ ᠣᠨᠣᠴᠠᠲᠠᠶ ᠪᠠᠷ ᠠᠵᠢᠯ ᠶᠠᠪᠤᠳᠠᠯ ᠭᠦᠢᠴᠡᠳᠭᠡᠬᠦ ᠵᠠᠮᠴᠢᠯᠠᠬᠤ ᠴᠢᠳᠠᠪᠤᠷᠢ ᠶᠢ ᠰᠢᠯᠢᠳᠡᠭᠵᠢᠭᠦᠯᠪᠡ︔ ᠲᠦᠷᠪᠡ ᠳᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠭᠦᠮᠴᠢᠯᠡᠨ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠵᠦ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ ᠬᠠᠪᠰᠤᠷᠤᠨ ᠂ ᠣᠷᠣᠯᠠᠨ  ᠭᠦᠢᠴᠡᠳᠭᠡᠬᠦ ᠶᠢ ᠴᠢᠩᠭᠠᠳᠬᠠᠪᠠ︔ ᠲᠠᠪᠤ ᠳᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ  ᠶᠢ ᠰᠢᠨᠡᠴᠢᠯᠡᠵᠦ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ  ᠢ ᠭᠠᠳᠠᠭᠰᠢ ᠳᠠᠭᠠᠭᠠᠴᠢᠯᠠᠭᠤᠯᠬᠤ ᠶᠢ ᠰᠦᠪᠡᠭᠴᠢᠯᠡᠨ᠎ᠡ᠃      ᠭᠤᠷᠪᠠ᠂ ︽ᠬᠡᠷᠡᠭᠵᠢᠭᠦᠯᠬᠦ ᠲᠥᠰᠥᠯ︾ ᠨᠢ ᠨᠠᠶᠢᠳᠠᠪᠤᠷᠢᠵᠢᠭᠤᠯᠤᠯᠲᠠ ᠶᠢ ᠬᠡᠷᠬᠢᠨ ᠠᠬᠢᠭᠤᠯᠬᠤ ᠪᠣᠢ︖      ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠵᠢᠯᠣᠭᠤᠳᠴᠤ ᠠᠬᠢᠭᠤᠯᠬᠤ ᠬᠡᠷᠡᠭᠲᠡᠶ︔ ᠡᠯ᠎ᠡ ᠪᠠᠯᠭᠠᠰᠤ ᠪᠣᠳᠠᠲᠠᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠡᠯ᠎ᠡ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠬᠡᠷᠡᠭᠵᠢᠭᠦᠯᠬᠦ ᠲᠥᠰᠦᠯ ᠤᠨ ᠶᠣᠰᠣᠭᠠᠷ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠲᠣᠭᠲᠠᠭᠠᠵᠤ᠂ ᠡᠭᠦᠷᠭᠡ ᠶᠢᠨ ᠪᠢᠴᠢᠭ᠂ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃      ᠬᠤᠶᠠᠷ ᠲᠤ᠂ ᠢᠳᠡᠪᠬᠢᠲᠡᠶ ᠤᠬᠠᠭᠤᠯᠤᠨ ᠳᠡᠯᠭᠡᠷᠡᠭᠦᠯᠦᠨ᠎ᠡ᠃ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠦᠨ ᠰᠢᠨ᠎ᠡ ᠶᠢ ᠡᠭᠦᠳᠬᠦ ᠶᠢ ᠢᠳᠡᠪᠬᠢᠲᠡᠢ ᠰᠦᠪᠡᠭᠴᠢᠯᠡᠵᠦ᠂ ᠨᠡᠩ ᠣᠯᠠᠨ ᠡᠭᠦᠳᠦᠨ ᠪᠦᠲᠦᠭᠡᠵᠦ᠂ ᠲᠤᠰᠠᠲᠠᠢ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠪᠤᠢ ᠪᠣᠯᠭᠠᠬᠤ ᠬᠡᠷᠡᠭᠲᠡᠢ᠃ ᠠᠵᠢᠯ ᠤᠨ ᠳᠤᠮᠳᠠᠬᠢ ᠲᠡᠷᠢᠭᠦᠨ ᠤ ᠲᠤᠷᠰᠢᠯᠭ᠎ᠠ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠳ᠋ᠦᠩᠨᠡᠵᠦ᠂ ᠢᠳᠡᠪᠬᠢᠲᠡᠶ ᠪᠠᠷ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠤᠨ ᠠᠷᠭ᠎ᠠ ᠵᠠᠮ ᠢᠶᠠᠷ ᠳᠠᠮᠵᠢᠭᠤᠯᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠪᠠ ᠠᠵᠢᠯ ᠤᠨ ᠦᠷ᠎ᠡ ᠪᠦᠲᠦᠮᠵᠢ ᠶᠢ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠠ ᠬᠠᠨᠤᠮᠵᠢᠲᠠᠶ ᠪᠠᠶᠢᠬᠤ ᠨᠣᠷᠮ᠎ᠠ ᠶᠢ ᠳᠡᠭᠡᠭᠰᠢᠯᠡᠭᠦᠯᠦᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠠᠷᠢᠯᠴᠠᠨ ᠯᠠᠪᠯᠠᠯᠲᠠ ᠪᠣᠯᠭᠠᠬᠤ᠂ ᠥᠷᠢᠰᠥᠯᠳᠦᠨ ᠬᠥᠭᠵᠢᠬᠦ ᠶᠢ ᠠᠬᠢᠭᠤᠯᠬᠤ ᠶᠢᠨ ᠬᠠᠮᠲᠤ ᠠᠵᠤ ᠠᠬᠤᠶᠢᠯᠠᠯ ᠣᠯᠠᠨ ᠲᠦᠮᠡᠨ ᠤ ᠬᠢᠨᠠᠯᠲᠠ ᠲᠠᠯᠪᠢᠬᠤ ᠪᠠᠷ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号