ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠢᠨᠱᠠᠨ ᠠᠵᠤ ᠦᠢᠯᠡᠰ ᠤᠨ ᠬᠦᠷᠢᠶᠡᠯᠡᠩ ᠤᠨ | ᠬᠠᠮᠢᠶᠠᠷᠤᠯᠲᠠ ᠶᠢᠨ ᠠᠯᠪᠠᠨ ᠭᠡᠷ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠨᠢᠭᠡᠴᠡ ᠳᠤ᠄ | ︽ᠭᠦᠶᠡᠩ ᠰᠢᠶᠠᠨ ᠤ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠪᠠᠲᠣᠯᠠᠨ ᠬᠡᠷᠡᠭᠵᠢᠭᠦᠯᠬᠦ ᠲᠥᠰᠦᠯ︾ ᠢ | ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 3 ᠰᠠᠷ᠎ᠠ ᠶᠢᠨ 3 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | | | | ᠭᠦᠶᠡᠩ ᠰᠢᠶᠠᠨ ᠤ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ | ᠪᠠᠲᠣᠯᠠᠨ ᠬᠡᠷᠡᠭᠵᠢᠭᠦᠯᠬᠦ ᠲᠥᠰᠦᠯ | | ᠮᠠᠨ ᠤ ᠰᠢᠶᠠᠨ ᠤ ᠠᠵᠤ ᠦᠢᠯᠡᠰ ᠲᠦᠷᠭᠡᠨ ᠲᠥᠪᠯᠡᠷᠡᠬᠦ᠂ ᠠᠵᠤ ᠠᠬᠤᠶᠢᠯᠠᠯ ᠠᠰᠢᠭᠯᠠᠯᠲᠠ ᠳᠤ ᠣᠷᠣᠬᠤ | ᠳᠤᠮᠳᠠ ᠢᠯᠡᠷᠡᠭᠰᠡᠨ ᠠᠵᠢᠯᠴᠢᠨ ᠬᠡᠷᠡᠭᠯᠡᠬᠦ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢᠨ | ᠲᠥᠯᠥᠭᠡ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠡᠪ ᠤᠨ | ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠮᠠᠨ ᠤ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠶᠢ ᠬᠠᠩᠭᠠᠪᠠ᠃ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠲᠥᠰᠦᠯ ᠢ | ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠮᠠᠨ ᠤ ᠰᠢᠶᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ | ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ | ᠬᠡᠷᠡᠭᠯᠡᠬᠦ ᠳᠤ ᠳᠤᠲᠠᠭᠳᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ | ᠣᠶᠢᠯᠠᠭᠠᠭᠳᠠᠬᠤᠨ ᠢ ᠴᠢᠩᠭᠠᠳᠬᠠᠵᠤ᠂ ᠰᠢᠢᠳᠪᠦᠷᠢᠯᠡᠬᠦ ᠰᠡᠳᠬᠢᠬᠦᠢ ᠶᠢ ᠪᠣᠢ ᠪᠣᠯᠭᠠᠵᠤ᠂ ︽ᠲᠠᠨ ᠳᠤ | ᠲᠠᠭᠠᠰᠢᠶᠠᠭᠳᠠᠬᠤ︾ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠲᠦᠷᠦᠯ ᠲᠡᠮᠳᠡᠭ ᠢ ᠲᠠᠰᠤᠷᠠᠯᠲᠠ ᠦᠭᠡᠢ | ᠭᠢᠯᠠᠯᠵᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠶᠡᠷᠦᠩᠬᠡᠶᠢᠯᠡᠭᠰᠡᠨ ᠠᠷᠭ᠎ᠠ | ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠪᠦᠬᠦ ᠬᠦᠴᠦᠨ ᠢᠶᠠᠷ ᠢᠶᠠᠨ | ᠪᠠᠲᠤᠯᠠᠵᠤ᠂ ᠨᠡᠩ ᠣᠯᠠᠨ ᠬᠥᠮᠦᠨ ᠠᠮᠠ ᠶᠢ ᠲᠦᠷᠭᠡᠨ ᠲᠥᠪᠯᠡᠷᠡᠭᠦᠯᠵᠦ᠂ ᠮᠠᠨ ᠤ ᠰᠢᠶᠠᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠤᠨ ᠪᠠᠲᠤᠯᠠᠭ᠎ᠠ ᠬᠠᠩᠭᠠᠨ᠎ᠠ᠃ | ᠬᠤᠶᠠᠷ᠂ ᠠᠵᠢᠯ ᠤᠨ ᠬᠠᠷᠠᠯᠲᠠ | 2023 ᠣᠨ ᠳᠤ᠂ ᠠᠵᠢᠯᠴᠢᠨ ᠬᠡᠷᠡᠭᠯᠡᠬᠦ ᠶᠢ ᠪᠠᠲᠤᠯᠠᠬᠤ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠡᠯ᠎ᠡ | ᠲᠥᠷᠥᠯ ᠤᠨ ᠣᠷᠣᠭᠤᠯᠤᠨ ᠠᠪᠴᠢᠷᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠥᠬᠦ ᠰᠢᠶᠠᠨ ᠤ ᠭᠤᠣᠯᠳᠠᠯᠭ᠎ᠠ ᠲᠠᠢ | ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠳᠤ ᠬᠦᠴᠢᠷᠲᠡᠢ ᠪᠠᠶᠢᠬᠤ | ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠢ ᠦᠨᠡᠨ ᠬᠦ | ᠪᠠᠲᠤᠯᠠᠨ᠎ᠠ᠃ 6000 ᠭᠠᠷᠤᠢ ᠠᠵᠤ ᠦᠶ᠋ᠯᠡᠰ ᠤᠨ ᠴᠢᠳᠠᠪᠤᠷᠢᠲᠠᠨ ᠵᠢᠴᠢ ᠠᠵᠢᠯᠴᠢᠨ ᠢ ᠴᠤᠭᠯᠠᠬᠤᠯᠪᠠ᠃ | 2024 ᠣᠨ ᠳᠤ᠂ ᠠᠵᠢᠯᠴᠢᠨ ᠬᠡᠷᠡᠭᠯᠡᠬᠦ ᠶᠢ ᠪᠠᠲᠤᠯᠠᠬᠤ ᠪᠠᠶᠢᠭᠤᠯᠤᠯ ᠲᠣᠭᠲᠠᠴᠠ ᠶᠢ ᠨᠡᠩ | ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠡᠩ ᠲᠡᠭᠦᠯᠳᠡᠷᠵᠢᠭᠦᠯᠵᠦ᠂ ᠭᠠᠳᠠᠨ᠎ᠠ ᠠᠴᠠ ᠢᠷᠡᠵᠦ | ᠠᠵᠢᠯ ᠬᠢᠵᠦ ᠪᠠᠶᠢᠭ᠎ᠠ ᠬᠥᠮᠦᠰ ᠢ ᠣᠷᠣᠭᠤᠯᠤᠨ ᠠᠪᠴᠢᠷᠠᠵᠤ ᠭᠦᠶᠡᠩ ᠰᠢᠶᠠᠨ ᠳᠤ ᠨᠤᠲᠤᠭᠰᠢᠭᠤᠯᠪᠠ᠃ ᠠᠵᠤ | ᠦᠶ᠋ᠯᠡᠰ ᠤᠨ ᠴᠢᠳᠠᠪᠤᠷᠢᠲᠠᠨ ᠵᠢᠴᠢ ᠠᠵᠢᠯᠴᠢᠨ 8000 ᠬᠥᠮᠦᠨ ᠢ ᠴᠤᠭᠯᠠᠬᠤᠯᠪᠠ᠃ | 2025 ᠣᠨ ᠳᠤ᠂ ᠠᠵᠤ ᠠᠬᠤᠶᠢᠯᠠᠯ ᠠᠵᠢᠯᠴᠢᠨ ᠬᠡᠷᠡᠭᠯᠡᠵᠦ ᠪᠠᠶᠢᠭᠠᠳ ᠰᠠᠶᠢᠨ ᠣᠷᠴᠢᠯ ᠢ ᠪᠣᠢ ᠪᠣᠯᠭᠠᠵᠤ᠂ | ᠭᠦᠶᠡᠩ ᠤᠨ ᠠᠵᠤ ᠦᠢᠯᠡᠰ ᠵᠢᠴᠢ ᠬᠤᠲᠠ ᠪᠠᠯᠭᠠᠰᠤᠨ ᠤ ᠬᠥᠭᠵᠢᠯᠲᠡ ᠶᠢᠨ ᠲᠠᠲᠠᠬᠤ ᠬᠦᠴᠦᠨ ᠢ ᠨᠡᠩ ᠴᠢᠩᠭ᠎ᠠ | ᠪᠣᠯᠭᠠᠪᠠ᠃ ᠴᠢᠳᠠᠪᠤᠷᠢᠲᠠᠨ ᠵᠢᠴᠢ ᠠᠵᠢᠯᠴᠢᠨ ᠬᠡᠷᠡᠭᠯᠡᠬᠦ ᠳᠤ ᠬᠤᠲᠣᠭᠤᠷ ᠭᠠᠵᠠᠷ ᠴᠤᠭᠯᠠᠷᠠᠵᠤ᠂ ᠨᠡᠩ ᠣᠯᠠᠨ | ᠬᠥᠮᠦᠰ ᠮᠠᠨ ᠤ ᠰᠢᠶᠠᠨ ᠳᠤ ᠠᠵᠢᠯ ᠣᠯᠵᠤ ᠠᠮᠢᠳᠤᠷᠠᠵᠤ ᠪᠠᠶᠢᠨ᠎ᠠ᠃ ᠠᠵᠤ ᠦᠶ᠋ᠯᠡᠰ ᠤᠨ ᠴᠢᠳᠠᠪᠤᠷᠢᠲᠠᠨ ᠵᠢᠴᠢ | ᠠᠵᠢᠯᠴᠢᠨ 10000 ᠬᠥᠮᠦᠨ ᠢ ᠴᠤᠭᠯᠠᠬᠤᠯᠬᠤ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠭᠦᠶᠡᠩ ᠰᠢᠶᠠᠨ ᠤ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠪᠠᠲᠤᠯᠠᠬᠤ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠰᠢᠶᠠᠨ ᠤ ᠨᠠᠮ ᠤᠨ ᠬᠤᠷᠢᠶᠠᠨ ᠤ | ᠳᠡᠳ᠋ ᠱᠦᠵᠢ᠂ ᠰᠢᠶᠠᠨ ᠤ ᠳᠠᠷᠤᠭ᠎ᠠ ᠭᠤᠤ ᠢᠦᠢ ᠡᠭᠦᠷᠭᠡᠯᠡᠵᠦ᠂ ᠳᠡᠳ᠋ ᠳᠤᠭᠤᠶᠢᠯᠠᠩ ᠤᠨ ᠳᠠᠷᠤᠭ᠎ᠠ ᠶᠢᠨ | ᠲᠤᠰᠢᠶᠠᠯ ᠢ ᠳᠡᠳ᠋ ᠰᠢᠶᠠᠨ ᠤ ᠳᠠᠷᠤᠭ᠎ᠠ ᠬᠥᠩ ᠰᠢᠶᠣᠤ ᠶᠥᠩ ᠡᠭᠦᠷᠭᠡᠯᠡᠵᠦ᠂ ᠪᠦᠷᠢᠯᠳᠦᠬᠦᠨ ᠨᠢ ᠰᠢᠶᠠᠨ ᠤ ᠨᠠᠮ ᠤᠨ | ᠬᠤᠷᠢ᠊ ᠡᠶ᠎ᠡ᠂ ᠰᠢᠶᠠᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠶᠢᠨ | ᠬᠠᠷᠢᠭᠤᠴᠠᠯᠭᠠᠲᠠᠨ ︵ᠨᠠᠷᠢᠨ ᠦᠵᠡ︶ ᠪᠠᠶᠢᠵᠤ᠂ ᠪᠥᠬᠦ ᠰᠢᠶᠠᠨ ᠤ ᠭᠤᠣᠯᠳᠠᠯᠭ᠎ᠠ ᠲᠠᠢ ᠠᠵᠤ ᠠᠬᠤᠶᠢᠯᠠᠯ ᠤᠨ | ᠠᠵᠢᠯᠴᠢᠨ ᠬᠡᠷᠡᠭᠯᠡᠬᠦ ᠪᠠᠲᠤᠯᠠᠭ᠎ᠠ ᠶᠢᠨ ᠠᠵᠢᠯ ᠢ ᠬᠠᠮᠲᠤᠪᠠᠷ ᠠᠬᠢᠭᠤᠯᠤᠨ᠎ᠠ᠃ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠰᠢᠶᠠᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ | ᠡᠷᠬᠢᠯᠡᠭᠴᠢ ᠶᠢᠨ ᠲᠤᠰᠢᠶᠠᠯ ᠢ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠳᠠᠷᠤᠭ᠎ᠠ ᠵᠢᠶᠠ ᠵᠢᠶᠠ ᠡᠭᠦᠷᠭᠡᠯᠡᠵᠦ᠂ ᠠᠯᠪᠠᠨ ᠭᠡᠷ ᠤᠳᠤᠷᠢᠳᠬᠤ ᠳᠤᠭᠤᠶᠢᠯᠠᠩ ᠤᠨ ᠡᠳᠦᠷ | ᠲᠤᠲᠤᠮ ᠤᠨ ᠠᠵᠢᠯ ᠢ ᠬᠠᠷᠢᠭᠤᠴᠠᠵᠤ᠂ ᠪᠥᠬᠦ ᠰᠢᠶᠠᠨ ᠤ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠪᠠᠲᠤᠯᠠᠬᠤ | ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ | ᠳᠥᠷᠪᠡ᠂ ᠠᠵᠢᠯ ᠤᠨ ᠡᠭᠦᠷᠭᠡ | ︵ᠨᠢᠭᠡ︶ ᠠᠵᠢᠯᠴᠢᠨ ᠬᠡᠷᠡᠭᠯᠡᠬᠦ ᠰᠠᠬᠤᠷᠢ ᠲᠤᠭ᠎ᠠ ᠶᠢ ᠲᠣᠳᠣᠷᠬᠠᠢ ᠣᠶᠢᠯᠠᠬᠠᠬᠤ᠃ ᠠᠵᠢᠯ ᠲᠥᠷᠥᠯ ᠤᠨ | ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠵᠦ ᠪᠠᠶᠢᠭ᠎ᠠ | ᠪᠠᠶᠢᠳᠠᠯ ᠢ ᠣᠶᠢᠯᠠᠭᠠᠵᠤ᠂ ᠰᠢᠨ᠎ᠡ ᠪᠠᠷ ᠨᠠᠶᠢᠳᠠᠪᠤᠷᠢᠵᠢᠭᠤᠯᠤᠭᠰᠠᠨ ᠴᠢᠬᠤᠯᠠ ᠶᠡᠭᠡ ᠲᠥᠷᠥᠯ ᠵᠦᠢᠯ ᠤᠨ ᠠᠵᠢᠯ | ᠡᠬᠢᠯᠡᠭᠦᠯᠬᠦ ᠪᠠ ᠰᠡᠷᠭᠦᠭᠡᠬᠦ ᠴᠠᠭ ᠪᠠ ᠠᠵᠢᠯᠴᠢᠨ ᠬᠡᠷᠡᠭᠯᠡᠬᠦ ᠲᠣᠬᠢᠷᠠᠭᠤᠯᠤᠯᠲᠠ ᠶᠢ ᠤᠷᠢᠳᠴᠢᠯᠠᠨ ᠡᠵᠡᠮᠰᠢᠵᠦ᠂ | ᠬᠥᠮᠦᠨ ᠬᠡᠷᠡᠭᠯᠡᠬᠦ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ᠎ᠠ᠃ ᠠᠵᠢᠯᠴᠢᠨ ᠳᠤᠲᠠᠭᠳᠠᠵᠤ ᠪᠠᠶᠢᠭ᠎ᠠ ᠬᠥᠮᠦᠨ ᠤ | ᠲᠤᠭ᠎ᠠ᠂ ᠠᠵᠢᠯᠴᠢᠨ ᠬᠡᠷᠡᠭᠯᠡᠬᠦ ᠲᠥᠯᠥᠪᠯᠡᠭᠡ᠂ ᠠᠵᠢᠯᠲᠠᠨ ᠤ ᠪᠦᠲᠦᠴᠡ᠂ ᠠᠵᠢᠯ ᠤᠨ ᠪᠠᠶᠢᠷᠢ ᠶᠢᠨ ᠮᠡᠳᠡᠭᠡ ᠵᠠᠩᠭᠢ | ᠵᠡᠷᠭᠡ ᠶᠢ ᠪᠠᠭᠲᠠᠭᠠᠭᠰᠠᠨ ᠨᠠᠷᠢᠨ ᠲᠣᠳᠣᠷᠬᠠᠢ ᠡᠬᠡ ᠳᠠᠩᠰᠠ ᠶᠢ ᠪᠠᠶᠢᠭᠤᠯᠵᠤ᠂ ᠡᠯ᠎ᠡ ᠠᠵᠢᠯ ᠤᠨ ᠲᠥᠷᠥᠯ ᠤᠨ | ᠣᠬᠤᠷ ᠬᠤᠭᠤᠴᠠᠭ᠎ᠠ᠂ ᠳᠤᠮᠳᠠ ᠬᠤᠭᠤᠴᠠᠭ᠎ᠠ᠂ ᠤᠷᠲᠤ ᠬᠤᠭᠤᠴᠠᠭᠠᠨ ᠤ ᠠᠵᠢᠯᠴᠢᠨ ᠬᠡᠷᠡᠭᠯᠡᠬᠦ ᠲᠥᠯᠥᠪᠯᠡᠭᠡ ᠶᠢ | ᠲᠣᠭᠲᠠᠭᠠᠨ᠎ᠠ᠃ | ᠲᠦᠷᠦᠭᠦᠯᠡᠬᠦ ᠰᠠᠯᠠᠭ᠎ᠠ ᠮᠥᠴᠢᠷ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ | ᠬᠠᠷᠢᠭᠤᠴᠠᠯᠭᠠᠲᠤ ᠨᠢᠭᠡᠴᠡ᠄ ᠠᠵᠢᠯᠴᠢᠨ ᠤ ᠶᠡᠷᠦᠩᠬᠡᠢ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ | ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ | ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠯ᠎ᠡ ᠪᠠᠯᠭᠠᠰᠤ᠂ ᠵᠢᠨᠱᠠᠨ ᠠᠵᠤ ᠦᠢᠯᠡᠰ ᠤᠨ ᠬᠦᠷᠢᠶᠡᠯᠡᠩ | ᠪᠡᠶᠡᠯᠡᠭᠦᠯᠬᠦ ᠴᠠᠭ ᠬᠤᠭᠤᠴᠠᠭ᠎ᠠ᠄ 2023 ᠣᠨ ᠤ 2 ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠡᠷᠡ | ᠮᠥᠷᠲᠡᠭᠡᠨ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ | ︵ᠬᠤᠶᠠᠷ︶ ᠬᠠᠷᠠᠬᠠᠯᠵᠠᠯ ᠤᠨ ᠲᠥᠷᠥ ᠶᠢᠨ ᠪᠤᠳᠣᠯᠭ᠎ᠠ ᠶᠢ ᠡᠮᠬᠢᠯᠡᠬᠦ᠃ ᠬᠤᠲᠠ᠂ ᠰᠢᠶᠠᠨ ᠬᠤᠶᠠᠷ | ᠱᠠᠲᠤᠨ ᠤ ᠴᠢᠳᠠᠪᠤᠷᠢᠲᠠᠨ ᠳᠤ ᠬᠤᠯᠪᠣᠭᠳᠠᠬᠤ ᠣᠷᠣᠨ ᠰᠠᠭᠤᠴᠠ᠂ ᠰᠤᠷᠭᠠᠨ ᠬᠥᠮᠦᠵᠢᠯ᠂ ᠡᠮ ᠡᠮᠨᠡᠯᠭᠡ | ᠨᠡᠶᠢᠭᠡᠮ ᠤᠨ ᠪᠠᠲᠤᠯᠠᠭ᠎ᠠ᠂ ᠡᠷᠦᠬᠡ ᠠᠮᠠ ᠶᠢᠨ ᠬᠠᠮᠢᠶᠠᠷᠤᠯᠲᠠ ᠵᠢᠴᠢ ᠪᠤᠰᠤᠳ ᠱᠠᠩᠨᠠᠵᠤ ᠨᠥᠬᠦᠪᠥᠷᠢᠯᠡᠬᠦ ᠲᠥᠷᠥ ᠶᠢᠨ | ᠪᠣᠳᠣᠯᠭ᠎ᠠ ᠶᠢ ᠡᠮᠬᠢᠯᠡᠨ ᠬᠤᠷᠢᠶᠠᠩᠭᠤᠶᠢᠯᠠᠵᠤ᠂ ᠮᠠᠨ ᠤ ᠰᠢᠶᠠᠨ ᠤ ᠠᠵᠤ ᠦᠢᠯᠡᠰ ᠤᠨ ᠬᠥᠭᠵᠢᠯᠲᠡ ᠪᠠ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠪᠣᠳᠠᠲᠤ ᠪᠠᠶᠢᠳᠠᠯ ᠢ ᠦᠨᠳᠦᠰᠦᠯᠡᠨ᠂ ᠠᠵᠤ ᠠᠬᠤᠶᠢᠯᠠᠯ ᠳᠤ ᠠᠰᠢᠭ | ᠬᠦᠷᠲᠡᠭᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠡᠩ ᠤᠨ ᠤᠷ᠎ᠠ ᠮᠡᠷᠭᠡᠰᠢᠯᠳᠦ | ᠴᠢᠳᠠᠪᠤᠷᠢᠲᠠᠨ ᠢ ᠲᠤᠰᠬᠠᠢ ᠵᠦᠢᠯ ᠢᠶᠠᠷ ᠤᠷᠢᠨ ᠬᠡᠷᠡᠭᠯᠡᠬᠦ ᠶᠢ ᠬᠡᠷᠡᠭᠵᠢᠭᠦᠯᠦᠨ᠂ ᠵᠥᠪᠬᠡᠨ ᠰᠤᠷᠤᠯᠭ᠎ᠠ ᠶᠢᠨ ᠨᠠᠮᠲᠠᠷ᠂ | ᠬᠢᠷᠢ ᠬᠡᠮ ᠪᠠ ᠪᠡᠶ᠎ᠡ ᠭᠡᠮ ᠤᠨ ᠬᠢᠵᠠᠭᠠᠷᠯᠠᠯ ᠢ ᠡᠪᠳᠡᠵᠦ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠨᠠᠷᠢᠨ | ᠬᠠᠭᠤᠳᠠᠰᠤ ᠶᠢ ᠪᠣᠢ ᠪᠣᠯᠭᠠᠵᠤ᠂ ᠡᠯᠰᠡᠨ ᠤᠷᠢᠬᠤ ᠭᠠᠷ ᠳᠡᠪᠲᠡᠷ ᠢ ᠲᠣᠭᠲᠠᠭᠠᠨ᠎ᠠ᠃ | ᠲᠦᠷᠦᠭᠦᠯᠡᠬᠦ ᠰᠠᠯᠠᠭ᠎ᠠ ᠮᠥᠴᠢᠷ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ | ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ | ᠲᠣᠪᠴᠢᠶ᠎ᠠ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ | ᠪᠡᠶᠡᠯᠡᠭᠦᠯᠬᠦ ᠴᠠᠭ ᠬᠤᠭᠤᠴᠠᠭ᠎ᠠ᠄ 2023 ᠣᠨ ᠤ 2 ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠡᠷᠡ | ᠮᠥᠷᠲᠡᠭᠡᠨ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ | ︵ᠭᠤᠷᠪᠠ︶ ᠵᠣᠬᠢᠶᠠᠨ ᠪᠠᠶᠢᠭᠤᠯᠵᠤ ᠤᠷᠢᠨ ᠡᠯᠰᠡᠬᠦ ᠠᠵᠢᠯ ᠢ ᠰᠠᠶᠢᠲᠤᠷ ᠬᠢᠨ᠎ᠡ᠃ ︽ᠨᠢᠭᠡ ᠥᠷᠲᠡᠭᠡᠨ ᠤ | ᠮᠠᠶ᠋ᠢᠭ︾ ᠤᠨ ᠦᠢᠯᠡᠴᠢᠯᠡᠭᠡ ᠶᠢ ᠥᠷᠨᠢᠭᠦᠯᠵᠦ᠂ ᠠᠵᠢᠯ ᠣᠯᠭᠤᠯᠲᠠ ᠶᠢᠨ ᠵᠠᠭᠤᠴᠢ ᠶᠢᠨ ᠡᠩᠨᠡᠭᠡ ᠶᠢ ᠭᠦᠢᠴᠡᠳ | ᠠᠰᠢᠭᠯᠠᠨ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠤᠨ ᠣᠨᠴᠠᠯᠢᠭ ᠲᠠᠢ ᠤᠶᠠᠯᠳᠤᠭᠤᠯᠤᠨ᠂ ᠠᠵᠢᠯ | ᠣᠯᠭᠤᠯᠲᠠ ᠶᠢᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠬᠤᠷᠢᠶᠠᠩᠭᠤᠶᠢᠯᠠᠵᠤ᠂ ︽ᠠᠵᠤ ᠠᠬᠤᠶᠢᠯᠠᠯ ᠢᠶᠠᠷ | ᠣᠷᠣᠵᠤ ᠬᠦᠷᠢᠶᠡᠯᠡᠩ᠂ ᠴᠢᠭ ᠠᠴᠠ ᠴᠢᠭ᠂ ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠪᠠᠷ ᠳᠠᠮᠵᠢᠭᠤᠯᠤᠨ᠂ | ᠬᠥᠳᠡᠯᠮᠦᠷᠢ ᠬᠦᠴᠦᠨ ᠢ ᠵᠣᠬᠢᠶᠠᠨ ᠪᠠᠶᠢᠭᠤᠯᠤᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠳᠤ ᠣᠷᠣᠭᠤᠯᠤᠨ | ᠲᠣᠭᠤᠷᠢᠨ ᠦᠵᠡᠭᠦᠯᠵᠦ᠂ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ︽ᠤᠷᠢᠬᠠᠨ ᠰᠠᠯᠬᠢᠨ ᠤ ᠠᠵᠢᠯᠯᠠᠭ᠎ᠠ︾᠂ ︽ᠠᠵᠤ ᠠᠬᠤᠶᠢᠯᠠᠯ ᠤᠷᠢᠨ ᠬᠡᠷᠡᠭᠯᠡᠬᠦ ᠰᠠᠷ᠎ᠠ︾ ᠵᠡᠷᠭᠡ | ᠲᠤᠰᠬᠠᠢ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠴᠢᠭᠯᠡᠭᠦᠯᠦᠨ ᠲᠤᠰᠬᠠᠢ | ᠲᠠᠯᠠᠪᠤᠷ ᠠᠵᠢᠯᠲᠠᠨ ᠡᠯᠰᠡᠬᠦ ᠴᠤᠭᠯᠠᠭᠠᠨ ᠢ ᠥᠷᠨᠢᠭᠦᠯᠪᠡ᠃ ᠲᠤᠰᠬᠠᠢ ᠲᠠᠯᠠᠪᠤᠷ ᠢᠶᠠᠷ ᠡᠯᠰᠡᠬᠦ᠂ ᠰᠢᠭᠤᠳ | ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠶᠢᠴᠢᠯᠠᠬᠤ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ | ᠰᠢᠨᠵᠢᠯᠡᠬᠦ ᠵᠡᠷᠭᠡ ᠬᠡᠯᠪᠡᠷᠢ ᠶᠢ ᠠᠪᠴᠤ᠂ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠡᠷᠴᠢᠮ ᠢᠶᠠᠨ ᠴᠢᠩᠭᠠᠷᠠᠭᠤᠯᠵᠤ᠂ | ᠨᠡᠶᠢᠭᠡᠮ ᠳᠤ ᠬᠠᠨᠳᠤᠭᠤᠯᠤᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠢᠯᠡ ᠪᠠᠷ ᠨᠡᠶᠢᠲᠡᠯᠡᠵᠦ᠂ ᠭᠦᠶᠡᠩ | ᠰᠢᠶᠠᠨ ᠤ ᠪᠠᠴᠢᠮ ᠬᠡᠷᠡᠭᠰᠡᠬᠦ ᠠᠵᠢᠯᠴᠢᠨ ᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠡᠯ᠎ᠡ ᠲᠥᠷᠥᠯ ᠤᠨ ᠰᠣᠨᠢᠨ | ᠮᠡᠳᠡᠭᠡᠨ ᠤ ᠵᠠᠭᠤᠴᠢᠯᠠᠭᠤᠷ ᠢ ᠠᠰᠢᠭᠯᠠᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠠᠵᠢᠯᠲᠠᠨ ᠡᠯᠰᠡᠬᠦ ᠮᠡᠳᠡᠭᠡ | ᠵᠠᠩᠭᠢ ᠶᠢ ᠣᠯᠠᠨ ᠲᠠᠯ᠎ᠠ ᠠᠴᠠ ᠨᠡᠶᠢᠲᠡᠯᠡᠨ᠎ᠡ᠃ | ᠲᠦᠷᠦᠭᠦᠯᠡᠬᠦ ᠰᠠᠯᠠᠭ᠎ᠠ ᠮᠥᠴᠢᠷ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ | ᠬᠠᠷᠢᠭᠤᠴᠠᠯᠭᠠᠲᠤ ᠨᠢᠭᠡᠴᠡ᠄ ᠤᠳᠤᠷᠢᠳᠬᠤ ᠳᠤᠭᠤᠶᠢᠯᠠᠩ ᠤᠨ ᠬᠠᠮᠢᠶ᠎ᠠ ᠪᠦᠬᠦᠢ ᠪᠦᠷᠢᠯᠳᠦᠬᠦᠨ ᠨᠢᠭᠡᠴᠢ᠂ | ᠡᠯ᠎ᠡ ᠪᠠᠯᠭᠠᠰᠤ᠂ ᠵᠢᠨᠱᠠᠨ ᠠᠵᠤ ᠦᠢᠯᠡᠰ ᠤᠨ ᠬᠦᠷᠢᠶᠡᠯᠡᠩ᠂ ᠬᠠᠮᠢᠶ᠎ᠠ ᠪᠦᠬᠦᠢ ᠠᠵᠤ ᠠᠬᠤᠶᠢᠯᠠᠯ | ᠪᠡᠶᠡᠯᠡᠭᠦᠯᠬᠦ ᠴᠠᠭ ᠬᠤᠭᠤᠴᠠᠭ᠎ᠠ᠄ ᠤᠷᠲᠤ ᠬᠤᠭᠤᠴᠠᠭ᠎ᠠ ᠪᠠᠷ ᠪᠠᠷᠢᠮᠲᠠᠯᠠᠬᠤ | ︵ᠲᠦᠷᠪᠡ︶ ᠠᠵᠢᠯᠴᠢᠨ ᠬᠡᠷᠡᠭᠯᠡᠬᠦ ᠶᠢᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠎ᠠ᠃ ᠪᠥᠬᠦ ᠰᠢᠶᠠᠨ ᠤ | ᠡᠯ᠎ᠡ ᠠᠵᠤ ᠦᠢᠯᠡᠰ ᠤᠨ ᠨᠡᠶᠢᠳᠡᠮ ᠬᠡᠷᠡᠭᠯᠡᠬᠦ ᠴᠢᠳᠠᠪᠤᠷᠢᠲᠠᠨ᠂ ᠮᠡᠷᠭᠡᠵᠢᠯ ᠤᠨ ᠠᠵᠢᠯᠲᠠᠨ᠂ ᠬᠠᠮᠢᠶᠠᠷᠤᠯᠲᠠ ᠶᠢᠨ | ᠠᠵᠢᠯᠲᠠᠨ ᠵᠡᠷᠭᠡ ᠬᠡᠷᠡᠭᠴᠡᠭᠡ ᠱᠠᠭᠠᠷᠳᠠᠯᠭ᠎ᠠ ᠶᠢᠨ ᠬᠥᠮᠥᠷᠭᠡ ᠪᠠ ᠤᠷᠲᠤ ᠬᠤᠭᠤᠴᠠᠭᠠᠨ ᠤ ᠠᠵᠢᠯᠴᠢᠨ ᠬᠡᠷᠡᠭᠯᠡᠬᠦ᠂ | ᠣᠬᠤᠷ ᠬᠤᠭᠤᠴᠠᠭᠠᠨ ᠤ ᠠᠵᠢᠯᠴᠢᠨ ᠬᠡᠷᠡᠭᠯᠡᠬᠦ᠂ ᠪᠠᠴᠢᠮ ᠬᠡᠷᠡᠭᠰᠡᠬᠦ ᠠᠵᠢᠯᠴᠢᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢᠨ ᠬᠥᠮᠥᠷᠭᠡ ᠶᠢ ᠪᠠᠶᠢᠭᠤᠯᠵᠤ᠂ ᠮᠡᠷᠭᠡᠵᠢᠯ ᠤᠨ ᠴᠢᠳᠠᠪᠤᠷᠢᠲᠠᠨ ᠤ ᠣᠨ ᠤ ᠠᠵᠢᠯᠴᠢᠨ ᠬᠡᠷᠡᠭᠯᠡᠬᠦ | ᠦᠶᠡᠯᠡᠯ ᠤᠨ ᠬᠤᠭᠤᠴᠠᠭ᠎ᠠ ᠶᠢ ᠦᠨᠳᠦᠰᠦᠯᠡᠨ᠂ ᠨᠢᠭᠡᠳᠦᠯᠲᠡᠢ ᠲᠥᠯᠥᠪᠯᠡᠨ ᠬᠡᠷᠡᠭᠯᠡᠬᠦ᠂ ᠣᠷᠭᠢᠯ ᠬᠤᠭᠤᠴᠠᠭ᠎ᠠ ᠶᠢ | ᠵᠥᠷᠢᠭᠦᠯᠦᠨ ᠲᠣᠬᠢᠷᠠᠭᠤᠯᠬᠤ᠂ ᠠᠮᠢᠳᠤᠯᠢᠭ ᠢᠶᠠᠷ ᠠᠵᠢᠯᠴᠢᠨ ᠬᠡᠷᠡᠭᠯᠡᠬᠦ ᠶᠢ ᠪᠡᠶᠡᠯᠡᠭᠦᠯᠦᠨ᠎ᠡ᠃ ᠬᠥᠮᠦᠨ ᠤ ᠬᠦᠴᠦᠨ ᠤ | ᠡᠬᠢ ᠪᠠᠶᠠᠯᠢᠭ ᠤᠨ ᠮᠡᠳᠡᠭᠡ ᠵᠠᠩᠭᠢ ᠶᠢᠨ ᠨᠥᠭᠡᠴᠡ ᠶᠢᠨ ᠬᠥᠮᠥᠷᠭᠡ ᠶᠢ ᠪᠠᠶᠢᠭᠤᠯᠵᠤ᠂ ᠮᠠᠨ ᠤ ᠰᠢᠶᠠᠨ ᠤ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠠᠵᠢᠯ | ᠣᠯᠬᠤ ᠳᠤ ᠬᠦᠴᠢᠷᠲᠡᠢ ᠬᠥᠮᠦᠰ᠂ ᠴᠡᠷᠢᠭ ᠠᠴᠠ ᠬᠠᠯᠠᠭᠳᠠᠭᠰᠠᠳ ᠪᠠ ᠬᠤᠲᠠ ᠳᠤ ᠣᠷᠣᠵᠤ ᠬᠦᠴᠦ ᠶᠠᠪᠤᠭᠰᠠᠨ | ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠬᠥᠮᠦᠰ ᠢ ︽ | ᠬᠥᠳᠡᠯᠮᠦᠷᠢ ᠬᠦᠴᠦᠨ ᠤ ᠰᠠᠭᠤᠷᠢ ᠮᠡᠳᠡᠭᠡ ᠵᠠᠩᠭᠢ ᠶᠢᠨ ᠬᠥᠮᠥᠷᠭᠡ︾ ᠳᠤ ᠣᠷᠣᠭᠤᠯᠵᠤ᠂ ᠬᠥᠳᠡᠯᠦᠩᠭᠦᠢ | ᠬᠠᠮᠢᠶᠠᠷᠤᠯᠲᠠ ᠶᠢ ᠪᠡᠶᠡᠯᠡᠭᠦᠯᠦᠨ᠎ᠡ᠃ | ᠲᠦᠷᠦᠭᠦᠯᠡᠬᠦ ᠰᠠᠯᠠᠭ᠎ᠠ ᠮᠥᠴᠢᠷ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ | ᠬᠠᠷᠢᠭᠤᠴᠠᠯᠭᠠᠲᠤ ᠨᠢᠭᠡᠴᠡ᠄ ᠰᠤᠷᠭᠠᠨ ᠬᠥᠮᠦᠵᠢᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ | ᠬᠡᠷᠡᠭ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ | ᠪᠠᠯᠭᠠᠰᠤ᠂ ᠵᠢᠨᠱᠠᠨ ᠠᠵᠤ ᠦᠢᠯᠡᠰ ᠤᠨ ᠬᠦᠷᠢᠶᠡᠯᠡᠩ | ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ ᠤᠷᠲᠤ | ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ | ︵ᠲᠠᠪᠤ︶ ᠭᠠᠳᠠᠭᠰᠢ ᠭᠠᠷᠴᠤ ᠲᠠᠲᠠᠬᠤ ᠶᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠬᠢᠩᠭᠠᠨ ᠠᠶᠢᠮᠠᠭ | ᠵᠡᠷᠭᠡ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠭᠠᠵᠠᠷ ᠣᠷᠣᠨ ᠳᠤ ᠬᠦᠷᠴᠦ ᠲᠤᠰᠬᠠᠢ ᠲᠠᠯᠠᠪᠤᠷ ᠤᠨ | ᠬᠥᠳᠡᠯᠮᠦᠷᠢ ᠬᠦᠴᠦᠨ ᠤ ᠠᠵᠢᠯᠲᠠᠨ ᠡᠯᠰᠡᠬᠦ ᠴᠤᠭᠯᠠᠭᠠᠨ ᠢ ᠥᠷᠨᠢᠭᠦᠯᠵᠦ᠂ ᠬᠤᠲᠠ ᠶᠢᠨ ᠳᠣᠲᠣᠷ᠎ᠠ᠂ ᠣᠷᠣᠨ ᠤ | ᠳᠣᠲᠣᠷ᠎ᠠ᠂ ᠣᠷᠣᠨ ᠤ ᠭᠠᠳᠠᠨᠠᠬᠢ ᠡᠯ᠎ᠡ ᠲᠥᠷᠥᠯ ᠤᠨ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠲᠠᠢ ᠵᠣᠯᠭᠠᠭᠤᠯᠵᠤ᠂ ᠮᠡᠷᠭᠡᠵᠢᠯ ᠤᠨ ᠴᠢᠳᠠᠪᠤᠷᠢᠲᠠᠨ ᠤᠷᠢᠵᠤ ᠬᠡᠷᠡᠭᠯᠡᠬᠦ ᠠᠵᠤ ᠠᠬᠤᠶᠢᠯᠠᠯ ᠤᠨ | ᠬᠥᠮᠦᠨ ᠤ ᠬᠦᠴᠦᠨ ᠤ ᠡᠬᠢ ᠪᠠᠶᠠᠯᠢᠭ ᠤᠨ ᠬᠤᠶᠠᠷ ᠢ ᠰᠣᠩᠭᠤᠬᠤ ᠬᠤᠷᠠᠯ ᠢ ᠥᠷᠨᠢᠭᠦᠯᠦᠨ᠎ᠡ᠃ | ᠲᠦᠷᠦᠭᠦᠯᠡᠬᠦ ᠰᠠᠯᠠᠭ᠎ᠠ ᠮᠥᠴᠢᠷ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ | ᠬᠠᠷᠢᠭᠤᠴᠠᠯᠭᠠᠲᠤ ᠨᠢᠭᠡᠴᠡ᠄ ᠤᠳᠤᠷᠢᠳᠬᠤ ᠳᠤᠭᠤᠶᠢᠯᠠᠩ ᠤᠨ ᠬᠠᠮᠢᠶ᠎ᠠ ᠪᠦᠬᠦᠢ ᠪᠦᠷᠢᠯᠳᠦᠬᠦᠨ ᠨᠢᠭᠡᠴᠢ᠂ | ᠡᠯ᠎ᠡ ᠪᠠᠯᠭᠠᠰᠤ᠂ ᠵᠢᠨᠱᠠᠨ ᠠᠵᠤ ᠦᠢᠯᠡᠰ ᠤᠨ ᠬᠦᠷᠢᠶᠡᠯᠡᠩ᠂ ᠬᠠᠮᠢᠶ᠎ᠠ ᠪᠦᠬᠦᠢ ᠠᠵᠤ ᠠᠬᠤᠶᠢᠯᠠᠯ | ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ ᠤᠷᠲᠤ | ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ | ︵ᠵᠢᠷᠭᠤᠭ᠎ᠠ︶ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠵᠤ᠃ ᠲᠤᠰ ᠭᠠᠵᠠᠷ ᠤᠨ ᠳᠠᠯᠳᠠ ᠬᠦᠴᠦᠨ ᠢ | ᠠᠭᠤᠳᠠᠯᠵᠤ᠂ ᠣᠯᠠᠨ ᠨᠡᠶᠢᠲᠡ ᠶᠢᠨ ᠠᠵᠢᠯ ᠣᠯᠭᠤᠬᠤ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ᠂ | ᠡᠵᠡᠩᠨᠡᠯᠲᠡ ᠶᠢᠨ ᠴᠢᠨᠠᠷᠲᠠᠢ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠪᠠ | ᠰᠢᠶᠠᠨ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠳᠤ | ᠲᠦᠰᠢᠭᠯᠡᠨ᠂ ᠲᠤᠰ ᠭᠠᠵᠠᠷ ᠤᠨ ᠬᠥᠳᠡᠯᠮᠦᠷᠢᠴᠢᠳ ᠲᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠬᠦᠷᠭᠡᠵᠦ | ᠥᠭᠭᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ | ᠨᠡᠶᠢᠭᠡᠮᠯᠢᠭ ᠵᠡᠷᠭᠡ ᠨᠡᠶᠢᠭᠡᠮ ᠤᠨ ᠬᠦᠴᠦᠨ ᠢ ᠳᠡᠮᠵᠢᠨ ᠵᠣᠷᠢᠭᠵᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠠᠵᠢᠯᠴᠢᠨ ᠬᠡᠷᠡᠭᠯᠡᠬᠦ᠂ ᠢᠯᠡᠭᠦᠴᠡ ᠳᠤᠲᠠᠭᠤ ᠶᠢ ᠲᠣᠬᠢᠷᠠᠭᠤᠯᠬᠤ ᠦᠢᠯᠡᠴᠢᠯᠡᠭᠡᠨ ᠤ ᠲᠠᠪᠴᠠᠩ ᠢ | ᠪᠠᠶᠢᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠲᠣᠬᠢᠷᠠᠭᠤᠯᠬᠤ ᠬᠡᠷᠡᠭᠲᠡᠢ᠃ | ᠲᠦᠷᠦᠭᠦᠯᠡᠬᠦ ᠰᠠᠯᠠᠭ᠎ᠠ ᠮᠥᠴᠢᠷ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ | ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ | ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠤᠷᠲᠤ | ᠬᠤᠭᠤᠴᠠᠭ᠎ᠠ ᠪᠠᠷ ᠪᠠᠷᠢᠮᠲᠠᠯᠠᠨ᠎ᠠ᠃ | ︵ᠳᠤᠯᠤᠭ᠎ᠠ︶ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠠᠵᠤ | ᠦᠢᠯᠡᠰ ᠬᠢᠭᠡᠳ ᠰᠤᠷᠭᠠᠨ ᠬᠥᠮᠦᠵᠢᠯ ᠤᠨ ᠬᠤᠯᠪᠣᠭᠠᠨ ᠤ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠵᠤ | ᠠᠬᠤᠶᠢᠯᠠᠯ ᠬᠢᠭᠡᠳ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠮᠲᠤᠷᠠᠯᠴᠠᠭ᠎ᠠ ᠶᠢ ᠭᠦᠳᠦᠯᠦᠨ᠂ | ᠰᠤᠷᠭᠠᠭᠤᠯᠢ ᠪᠠ ᠠᠵᠤ ᠠᠬᠤᠶᠢᠯᠠᠯ ᠤᠨ ᠬᠠᠷᠢᠯᠴᠠᠨ ᠦᠢᠯᠡᠳᠦᠯᠴᠡᠬᠦ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ | ᠬᠢᠭᠡᠳ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠶᠢ ᠭᠦᠳᠦᠯᠦᠨ᠂ | ᠵᠠᠬᠢᠶᠠᠯᠠᠭ᠎ᠠ ᠶᠢᠨ ᠠᠩᠭᠢ᠂ ᠬᠠᠨᠳᠤᠯᠭ᠎ᠠ ᠶᠢᠨ ᠠᠩᠭᠢ᠂ ᠨᠠᠶᠢᠳᠠᠨ ᠬᠥᠮᠦᠵᠢᠭᠦᠯᠬᠦ ᠠᠩᠭᠢ᠂ ᠵᠥᠪᠯᠡᠯᠴᠡᠬᠡᠷ ᠤᠨ | ᠠᠩᠭᠢ ᠶᠢ ᠬᠡᠷᠡᠭᠵᠢᠭᠦᠯᠦᠨ᠎ᠡ᠃ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠬᠢᠬᠦ ᠨᠡᠶᠢᠭᠡᠮᠯᠢᠭ᠂ ᠠᠵᠢᠯᠯᠠᠵᠤ ᠰᠤᠷᠤᠯᠴᠠᠬᠤ ᠪᠠᠨ ᠰᠣᠯᠢᠯᠴᠠᠬᠤ᠂ ᠠᠵᠢᠯ ᠤᠨ ᠪᠠᠶᠢᠷᠢ ᠣᠷᠣᠯᠠᠨ | ᠳᠠᠳᠤᠯᠭ᠎ᠠ ᠬᠢᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠲᠡᠭᠦᠰᠦᠭᠰᠡᠳ ᠲᠤ ᠭᠦᠶᠡᠩ ᠠᠵᠤ | ᠠᠬᠤᠶᠢᠯᠠᠯ ᠢ ᠭᠦᠨᠵᠡᠭᠡᠢ ᠣᠶᠢᠯᠠᠭᠠᠭᠤᠯᠵᠤ᠂ ᠲᠡᠭᠦᠰᠦᠭᠰᠡᠨ ᠤ ᠳᠠᠷᠠᠭ᠎ᠠ ᠠᠵᠢᠯ ᠤᠨ ᠬᠦᠰᠡᠯ ᠰᠠᠨᠠᠭ᠎ᠠ ᠪᠠᠨ | ᠪᠠᠲᠤᠳᠬᠠᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠡᠯ᠎ᠡ ᠳᠡᠭᠡᠳᠦ ᠰᠤᠷᠭᠠᠭᠤᠯᠢ ᠯᠤᠭ᠎ᠠ ᠶᠢᠨ | ᠬᠠᠷᠢᠯᠴᠠᠭ᠎ᠠ ᠪᠠᠨ ᠴᠢᠩᠭᠠᠳᠬᠠᠵᠤ᠂ ᠮᠠᠨ ᠤ ᠰᠢᠶᠠᠨ ᠤ ᠴᠢᠳᠠᠪᠤᠷᠢᠲᠠᠨ ᠤᠷᠢᠵᠤ ᠣᠶᠤᠨ ᠮᠡᠳᠡᠯᠭᠡ ᠣᠷᠣᠭᠤᠯᠤᠨ | ᠠᠪᠴᠢᠷᠠᠬᠤ ᠮᠡᠳᠡᠭᠡ ᠵᠠᠩᠭᠢ ᠶᠢ ᠪᠤᠭᠤᠲᠤ ᠬᠤᠲᠠ᠂ ᠥᠪᠡᠷᠲᠡᠭᠡᠨ ᠵᠠᠰᠠᠬᠤ ᠣᠷᠣᠨ ᠪᠣᠯᠤᠨ ᠤᠯᠤᠰ ᠤᠨ | ᠳᠣᠲᠣᠭᠠᠳᠤ ᠶᠢᠨ ᠡᠯ᠎ᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠨ ᠠᠵᠢᠯ ᠣᠯᠭᠤᠬᠤ ᠮᠡᠳᠡᠭᠡ ᠵᠠᠩᠭᠢ ᠶᠢᠨ | ᠲᠠᠪᠴᠠᠩ ᠳᠤ ᠴᠠᠭ ᠲᠤᠬᠠᠢ ᠳᠤᠨᠢ ᠬᠦᠷᠭᠡᠵᠦ᠂ ᠡᠯ᠎ᠡ ᠳᠡᠭᠡᠳᠦ ᠰᠤᠷᠭᠠᠭᠤᠯᠢ ᠯᠤᠭ᠎ᠠ ᠴᠢᠳᠠᠪᠤᠷᠢᠲᠠᠨ ᠣᠷᠣᠭᠤᠯᠤᠨ | ᠠᠪᠴᠢᠷᠠᠬᠤ ᠠᠵᠢᠯ ᠤᠨ ᠥᠷᠳᠡᠭᠡ ᠪᠠᠶᠢᠭᠤᠯᠬᠤ ᠬᠠᠮᠢᠶ᠎ᠠ ᠪᠦᠬᠦᠢ ᠵᠥᠪᠯᠡᠯᠴᠡᠬᠡᠷ ᠲᠣᠭᠲᠠᠵᠤ᠂ ᠬᠥᠮᠦᠨ ᠬᠡᠷᠡᠭᠯᠡᠬᠦ | ᠨᠢᠭᠡᠴᠢ ᠶᠢ ᠪᠦᠯᠦᠭ ᠬᠤᠪᠢᠶᠠᠨ ᠵᠣᠬᠢᠶᠠᠨ ᠪᠠᠶᠢᠭᠤᠯᠵᠤ ᠡᠯ᠎ᠡ ᠳᠡᠭᠡᠳᠦ ᠰᠤᠷᠭᠠᠭᠤᠯᠢ ᠳᠤ ᠣᠴᠢᠭᠤᠯᠤᠨ ᠲᠤᠰᠬᠠᠢ | ᠠᠵᠢᠯᠲᠠᠨ ᠡᠯᠰᠡᠬᠦ ᠶᠢ ᠥᠷᠨᠢᠭᠦᠯᠦᠨ᠎ᠡ᠃ | ᠲᠦᠷᠦᠭᠦᠯᠡᠨ ᠬᠢᠬᠦ ᠰᠠᠯᠠᠭ᠎ᠠ ᠮᠥᠴᠢᠷ᠄ ᠰᠤᠷᠭᠠᠨ ᠬᠥᠮᠦᠵᠢᠯ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠯ᠎ᠡ ᠪᠠᠯᠭᠠᠰᠤ᠂ ᠵᠢᠨᠱᠠᠨ ᠠᠵᠤ ᠦᠢᠯᠡᠰ ᠤᠨ ᠬᠦᠷᠢᠶᠡᠯᠡᠩ᠂ ᠬᠠᠮᠢᠶ᠎ᠠ ᠪᠦᠬᠦᠢ ᠠᠵᠤ ᠠᠬᠤᠶᠢᠯᠠᠯ | ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠤᠷᠲᠤ | ᠬᠤᠭᠤᠴᠠᠭ᠎ᠠ ᠪᠠᠷ ᠪᠠᠷᠢᠮᠲᠠᠯᠠᠨ᠎ᠠ᠃ | ︵ᠨᠠᠢᠮᠠ︶ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠃ ᠡᠯ᠎ᠡ ᠲᠥᠷᠥᠯ ᠤᠨ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠨ | ᠰᠤᠷᠭᠠᠭᠤᠯᠢ ᠣᠷᠣᠨ ᠨᠤᠲᠤᠭ ᠠᠵᠤ ᠠᠬᠤᠶᠢᠯᠠᠯ ᠤᠨ ︽ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ︾ | ᠠᠵᠢᠯᠯᠠᠭ᠎ᠠ ᠵᠡᠷᠭᠡ ᠶᠢ ᠥᠷᠨᠢᠭᠦᠯᠵᠦ᠂ ︽ᠵᠠᠬᠢᠶᠠᠯᠠᠭ᠎ᠠ ᠶᠢᠨ ᠮᠠᠶ᠋ᠢᠭ︾ ︽ᠠᠵᠢᠯ ᠤᠨ ᠪᠠᠶᠢᠷᠢ ᠲᠣᠭᠲᠠᠭᠠᠬᠤ ᠮᠠᠶ᠋ᠢᠭ︾ | ᠤᠨ ᠪᠣᠯᠪᠠᠰᠤᠷᠠᠭᠤᠯᠤᠯ ᠢ ᠬᠡᠷᠡᠭᠵᠢᠭᠦᠯᠦᠨ᠂ ᠪᠣᠯᠪᠠᠰᠤᠷᠠᠭᠤᠯᠤᠯ ᠢᠶᠠᠷ ᠠᠵᠢᠯ ᠣᠯᠭᠤᠯᠲᠠ ᠶᠢ ᠠᠬᠢᠭᠤᠯᠵᠤ᠂ | ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠪᠠ ᠠᠵᠢᠯᠲᠠᠨ ᠡᠯᠰᠡᠬᠦ ᠠᠵᠢᠯ ᠤᠨ ᠪᠠᠶᠢᠷᠢ ᠶᠢ ᠨᠠᠷᠢᠯᠢᠭ ᠣᠨᠣᠴᠠᠲᠠᠢ ᠪᠠᠷ | ᠳᠣᠭᠢᠷᠠᠭᠤᠯᠬᠤ ᠶᠢ ᠪᠡᠶᠡᠯᠡᠭᠦᠯᠦᠨ᠎ᠡ᠃ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠲᠤ | ᠲᠦᠰᠢᠭᠯᠡᠨ᠂ ᠡᠯ᠎ᠡ ᠲᠥᠷᠥᠯ ᠤᠨ ᠠᠵᠢᠯ ᠣᠯᠤᠭᠰᠠᠨ ᠬᠥᠮᠦᠰ ᠲᠤ ᠴᠢᠭᠯᠡᠭᠦᠯᠦᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠥᠷᠨᠢᠭᠦᠯᠵᠦ᠂ ᠲᠠᠷᠢᠶᠠᠴᠢᠳ ᠢ ᠠᠵᠢᠯᠴᠢᠨ ᠪᠣᠯᠭᠠᠨ ᠬᠤᠪᠢᠷᠠᠭᠤᠯᠬᠤ᠂ ᠰᠤᠷᠤᠭᠴᠢᠳ ᠢ ᠤᠷ᠎ᠠ | ᠴᠢᠳᠠᠪᠤᠷᠢ ᠶᠢᠨ ᠠᠵᠢᠯᠴᠢᠨ ᠪᠣᠯᠭᠠᠨ ᠬᠤᠪᠢᠷᠠᠭᠤᠯᠬᠤ᠂ ᠰᠠᠭᠤᠷᠢ ᠮᠡᠷᠭᠡᠵᠢᠯ ᠤᠨ ᠠᠵᠢᠯᠴᠢᠨ ᠢ ᠳᠡᠭᠡᠳᠦ ᠮᠡᠷᠭᠡᠵᠢᠯ ᠤᠨ | ᠴᠢᠳᠠᠪᠤᠷᠢᠲᠠᠨ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠦᠨ᠎ᠡ᠃ | | ᠲᠦᠷᠦᠭᠦᠯᠡᠬᠦ ᠰᠠᠯᠠᠭ᠎ᠠ ᠮᠥᠴᠢᠷ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ | ᠬᠠᠷᠢᠭᠤᠴᠠᠯᠭᠠᠲᠤ ᠨᠢᠭᠡᠴᠡ᠄ ᠠᠵᠢᠯᠴᠢᠨ ᠤ ᠶᠡᠷᠦᠩᠬᠡᠢ ᠡᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ ᠤᠷᠲᠤ | ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ | ︵ᠶᠢᠰᠦ︶ ᠠᠮᠢᠳᠤᠷᠠᠯ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠃ ᠠᠵᠤ ᠠᠬᠤᠶᠢᠯᠠᠯ ᠤᠨ ᠡᠷᠭᠢᠨ | ᠲᠣᠭᠤᠷᠢᠨ ᠤ ᠠᠮᠢᠳᠤᠷᠠᠯ ᠳᠤ ᠳᠥᠭᠦᠮ ᠦᠵᠡᠭᠦᠯᠵᠦ ᠢᠵᠢ ᠪᠦᠷᠢᠳᠦᠭᠦᠯᠬᠦ ᠶᠢ ᠴᠢᠩᠭᠠᠳᠬᠠᠵᠤ᠂ ᠵᠢᠨᠱᠠᠨ ᠠᠵᠤ | ᠦᠢᠯᠡᠰ ᠤᠨ ᠬᠦᠷᠢᠶᠡᠯᠡᠩ ᠤᠨ ᠣᠷᠣᠨ ᠰᠠᠭᠤᠴᠠ᠂ ᠰᠤᠷᠭᠠᠨ ᠬᠥᠮᠦᠵᠢᠯ᠂ ᠵᠠᠮ ᠬᠠᠷᠢᠯᠴᠠᠭ᠎ᠠ᠂ ᠡᠮ ᠡᠮᠨᠡᠯᠭᠡ᠂ | ᠰᠣᠶᠣᠯ ᠵᠡᠷᠭᠡ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠢᠵᠢ | ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠡᠯ᠎ᠡ ᠲᠥᠷᠥᠯ ᠤᠨ ᠰᠣᠶᠣᠯ | ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠢᠳᠡᠪᠬᠢᠲᠡᠢ ᠪᠠᠷ ᠡᠷᠭᠢᠯᠡᠨ᠎ᠡ᠃ | ᠲᠦᠷᠦᠭᠦᠯᠡᠬᠦ ᠰᠠᠯᠠᠭ᠎ᠠ ᠮᠥᠴᠢᠷ᠄ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠰᠣᠶᠣᠯ | ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠬᠠᠷᠢᠭᠤᠴᠠᠯᠭᠠᠲᠤ ᠨᠢᠭᠡᠴᠡ᠄ ᠵᠢᠨᠱᠠᠨ ᠠᠵᠤ ᠦᠢᠯᠡᠰ ᠤᠨ ᠬᠦᠷᠢᠶᠡᠯᠡᠩ | ᠪᠡᠶᠡᠯᠡᠭᠦᠯᠬᠦ ᠴᠠᠭ ᠬᠤᠭᠤᠴᠠᠭ᠎ᠠ᠄ 2023 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ | ︵ᠠᠷᠪᠠ︶ ᠴᠢᠳᠠᠪᠤᠷᠢᠲᠠᠨ ᠤ ᠪᠠᠲᠤᠯᠠᠭ᠎ᠠ ᠶᠢ ᠪᠡᠶᠡᠯᠡᠭᠦᠯᠵᠦ᠃ ᠤᠷᠢᠵᠤ ᠠᠪᠴᠢᠷᠠᠭᠰᠠᠨ ᠴᠢᠳᠠᠪᠤᠷᠢᠲᠠᠨ ᠤ | ᠣᠷᠣᠨ ᠰᠠᠭᠤᠴᠠ᠂ ᠡᠮ ᠡᠮᠨᠡᠯᠭᠡ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠬᠠᠨᠢ ᠨᠥᠬᠦᠷ ᠨᠢ ᠠᠵᠢᠯ | ᠣᠯᠬᠤ᠂ ᠮᠡᠷᠭᠡᠵᠢᠯ ᠤᠨ ᠴᠣᠯᠠ ᠲᠣᠭᠲᠠᠭᠠᠨ ᠤᠷᠢᠬᠤ᠂ ᠢᠷᠠᠭᠤ ᠠᠯᠳᠠᠷ ᠤᠨ ᠬᠥᠬᠢᠭᠦᠯᠦᠯ ᠰᠠᠶᠢᠰᠢᠶᠠᠯ ᠬᠥᠬᠢᠭᠦᠯᠦᠯ | ᠵᠡᠷᠭᠡ ᠲᠠᠯ᠎ᠠ ᠪᠠᠷ ᠪᠠᠲᠤᠯᠠᠭ᠎ᠠ ᠣᠯᠭᠤᠨ᠎ᠠ᠃ | ᠲᠦᠷᠦᠭᠦᠯᠡᠬᠦ ᠰᠠᠯᠠᠭ᠎ᠠ ᠮᠥᠴᠢᠷ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ | ᠬᠠᠷᠢᠭᠤᠴᠠᠯᠭᠠᠲᠤ ᠨᠢᠭᠡᠴᠡ᠄ ᠠᠵᠢᠯᠴᠢᠨ ᠤ ᠶᠡᠷᠦᠩᠬᠡᠢ ᠡᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ | ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ | ᠪᠡᠶᠡᠯᠡᠭᠦᠯᠬᠦ ᠴᠠᠭ ᠬᠤᠭᠤᠴᠠᠭ᠎ᠠ᠄ ᠤᠷᠲᠤ ᠬᠤᠭᠤᠴᠠᠭ᠎ᠠ ᠪᠠᠷ ᠪᠠᠷᠢᠮᠲᠠᠯᠠᠬᠤ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠤᠳᠤᠷᠢᠳᠬᠤ | ᠳᠤᠭᠤᠶᠢᠯᠠᠩ ᠨᠢ ᠲᠤᠰ ᠲᠥᠰᠦᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠬᠡᠷᠡᠭᠵᠢᠭᠦᠯᠬᠦ ᠶᠢ ᠬᠠᠷᠢᠭᠤᠴᠠᠵᠤ᠂ | ᠬᠠᠮᠢᠶ᠎ᠠ ᠪᠦᠬᠦᠢ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ | ᠡᠳᠦᠷ ᠲᠤᠲᠤᠮ ᠤᠨ ᠠᠵᠢᠯ ᠢᠶᠠᠨ ᠰᠠᠶᠢᠲᠤᠷ ᠬᠢᠵᠦ᠂ ᠭᠤᠣᠯᠳᠠᠯᠭ᠎ᠠ ᠲᠠᠢ ᠡᠭᠦᠷᠭᠡ ᠶᠢᠨ ᠡᠬᠡ ᠳᠠᠩᠰᠠ ᠶᠢ | ᠪᠠᠶᠢᠭᠤᠯᠤᠨ᠂ ᠠᠬᠢᠴᠠ ᠶᠢᠨ ᠲᠣᠬᠢᠷᠠᠭᠤᠯᠤᠯᠲᠠ ᠪᠠᠨ ᠨᠠᠷᠢᠯᠢᠬᠵᠢᠭᠤᠯᠵᠤ᠂ ᠠᠵᠢᠯ ᠤᠨ ᠠᠬᠢᠴᠠ ᠪᠠᠨ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠬᠤ ᠬᠡᠷᠡᠭᠲᠡᠢ᠃ | ︵ᠬᠤᠶᠠᠷ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠤᠳᠤᠷᠢᠳᠬᠤ ᠳᠤᠭᠤᠶᠢᠯᠠᠩ | ᠵᠢᠴᠢ ᠪᠦᠷᠢᠯᠳᠦᠬᠦᠨ ᠨᠢᠭᠡᠴᠡ ᠨᠦᠭᠦᠳ ᠠᠵᠢᠯ ᠤᠨ ᠡᠭᠦᠷᠭᠡ ᠶᠢᠨ ᠬᠤᠪᠢᠶᠠᠷᠢᠯᠠᠯ ᠲᠠᠢ ᠬᠠᠷᠢᠴᠠᠭᠤᠯᠤᠨ᠂ ᠳᠠᠷᠤᠢ | ᠲᠦᠷᠭᠡᠨ ᠠᠵᠢᠯ ᠤᠨ ᠲᠥᠯᠥᠪᠯᠡᠭᠡ ᠲᠣᠭᠲᠠᠭᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠴᠠᠭ ᠤᠨ | ᠬᠦᠰᠦᠨᠦᠭᠲᠦ᠂ ᠵᠠᠮ ᠱᠤᠭᠤᠮ ᠤᠨ ᠵᠢᠷᠤᠭ᠂ ᠬᠠᠷᠢᠭᠤᠴᠠᠯᠭ᠎ᠠ ᠶᠢᠨ ᠪᠢᠴᠢᠭ ᠢ ᠲᠣᠳᠣᠷᠬᠠᠶᠢᠯᠠᠵᠤ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠠᠵᠢᠯ ᠢᠶᠠᠨ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠣᠭᠤᠳᠴᠤ ᠰᠢᠯᠭᠠᠨ ᠦᠨᠡᠯᠡᠬᠦ ᠬᠡᠷᠡᠭᠲᠡᠢ᠃ | ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠪᠠᠲᠤᠯᠠᠬᠤ ᠶᠠᠪᠤᠳᠠᠯ ᠢ ᠤᠳᠤᠷᠢᠳᠬᠤ ᠪᠠᠭ ᠤᠨ ᠣᠨ ᠤ ᠪᠣᠳᠠᠲᠤ | ᠠᠮᠵᠢᠯᠲᠠ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠷᠢ | ᠪᠦᠲᠦᠮᠵᠢ ᠪᠠᠨ ᠳᠡᠯᠭᠡᠨ ᠦᠵᠡᠭᠦᠯᠬᠦ᠂ ᠬᠢᠨᠠᠨ ᠰᠢᠯᠭᠠᠵᠤ ᠵᠠᠷᠯᠠᠨ ᠮᠡᠳᠡᠭᠳᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠲᠡᠷᠢᠭᠦᠨ ᠤ ᠬᠢ ᠶᠢ ᠵᠣᠷᠢᠭᠵᠢᠭᠤᠯᠵᠤ᠂ ᠬᠤᠴᠣᠷᠤᠩᠭᠤᠢ ᠶᠢ ᠰᠢᠪᠠᠳᠠᠨ᠎ᠠ᠃ ᠰᠢᠶᠠᠨ ᠤ ᠵᠠᠰᠠᠭ ᠤᠨ | ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠᠲᠤᠯᠠᠭ᠎ᠠ ᠶᠢᠨ | ᠠᠵᠢᠯ ᠢ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ | ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠵᠦ᠂ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠦᠨᠡᠨᠬᠦ ᠲᠦᠯᠬᠢᠨ ᠠᠬᠢᠭᠤᠯᠬᠤ ᠬᠡᠷᠡᠭᠲᠡᠢ᠃ | ︵ᠳᠥᠷᠪᠡ︶ ᠶᠠᠷᠢᠶ᠎ᠠ ᠬᠡᠯᠡᠯᠴᠡᠭᠡᠨ ᠤ ᠤᠬᠠᠬᠤᠯᠭᠠ ᠶᠢ ᠨᠡᠮᠡᠭᠳᠡᠭᠦᠯᠦᠨ᠎ᠡ᠃ ᠡᠯ᠎ᠡ ᠪᠦᠷᠢᠯᠳᠦᠬᠦᠨ ᠨᠢᠭᠡᠴᠡ᠂ | ᠡᠯ᠎ᠡ ᠪᠠᠯᠭᠠᠰᠤ᠂ ᠵᠢᠨᠱᠠᠨ ᠠᠵᠤ ᠦᠢᠯᠡᠰ ᠤᠨ ᠬᠦᠷᠢᠶᠡᠯᠡᠩ ᠤᠨ ᠷᠠᠳᠢᠣ᠋ ᠬᠤᠷᠢ᠊ ᠡᠶ᠎ᠡ᠂ ᠲᠧᠯᠸᠢᠰ ᠬᠤᠷᠢ᠊ ᠡᠶ᠎ᠡ᠂ | ᠰᠣᠨᠢᠨ᠂ ᠰᠢᠨ᠎ᠡ ᠵᠠᠭᠤᠴᠢᠯᠠᠭᠤᠷ ᠵᠡᠷᠭᠡ ᠡᠯ᠎ᠡ ᠲᠥᠷᠥᠯ ᠤᠨ ᠵᠠᠭᠤᠴᠢᠯᠠᠭᠤᠷ ᠢ ᠶᠡᠷᠦᠩᠬᠡᠶᠢᠯᠡᠨ ᠬᠡᠷᠡᠭᠯᠡᠵᠦ᠂ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠠᠬᠢᠴᠠ ᠶᠢᠨ ᠪᠠᠶᠢᠳᠠᠯ ᠪᠠ ᠮᠠᠨ ᠤ ᠰᠢᠶᠠᠨ ᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠢᠳᠡᠪᠬᠢᠲᠡᠢ ᠤᠬᠠᠭᠤᠯᠤᠨ ᠮᠡᠳᠡᠭᠡᠯᠡᠵᠦ᠂ ᠨᠡᠩ ᠣᠯᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ | ᠬᠥᠯᠥᠰᠥᠨ ᠠᠵᠢᠯᠴᠢᠨ ᠢ ᠭᠦᠶᠡᠩ ᠳᠤ ᠲᠡᠳᠡᠨ ᠠᠪᠴᠢᠷᠠᠵᠤ᠂ ᠭᠦᠶᠡᠩ ᠳᠤ ᠠᠭᠤᠰᠤᠯᠴᠠᠭᠤᠯᠵᠤ᠂ ᠭᠦᠶᠡᠩ ᠳᠤ | ᠦᠨᠳᠦᠰᠦᠯᠡᠭᠦᠯᠵᠦ᠂ ᠡᠷᠳᠡᠮ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠦᠨ᠎ᠡ ᠥᠷᠲᠡᠭ ᠢᠶᠠᠨ ᠪᠡᠶᠡᠯᠡᠭᠦᠯᠬᠦ | ᠬᠡᠷᠡᠭᠲᠡᠢ᠃ |