ᠰᠢᠶᠠ ᠱᠢ ᠬᠤᠤ ᠪᠠᠯᠭᠠᠰᠤ᠄ ᠬᠤᠳᠠᠯᠳᠤᠭ᠎ᠠ ᠡᠵᠡᠩᠨᠡᠬᠦ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠵᠦ᠂ ᠨᠡᠩ ᠣᠨᠣᠪᠴᠢᠲᠠᠢ ᠨᠡᠩ ᠪᠦᠲᠦᠮᠵᠢᠲᠡᠢ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2023/4/9
    ︽ᠬᠤᠶᠠᠷ ᠢ ᠤᠷᠢᠵᠤ ᠬᠤᠶᠠᠷ ᠢ ᠣᠷᠣᠭᠤᠯᠬᠤ ᠨᠢᠭᠡ ᠶᠢ ᠰᠢᠯᠢᠳᠡᠭᠵᠢᠭᠦᠯᠬᠦ︾ ᠠᠵᠢᠯ ᠢ ᠦᠨᠡᠨ ᠬᠦ ᠠᠬᠢᠭᠤᠯᠵᠤ ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤᠮᠳᠠᠬᠢ ᠵᠠᠰᠠᠭ ᠤᠨ ᠣᠷᠳᠣᠨ ᠤ ᠭᠤᠤᠯ ᠴᠣᠭᠴᠠ ᠶᠢᠨ ᠦᠢᠯᠡᠳᠣᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠰᠢᠶᠠ ᠱᠢ ᠬᠤᠤ ᠪᠠᠯᠭᠠᠰᠤ ᠲᠥᠬᠦᠮ ᠤᠨ ᠬᠡᠮᠵᠢᠶ᠎ᠡ ᠶᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠠᠵᠤ ᠠᠬᠤᠶᠢᠯᠠᠯ ᠤᠨ ᠦᠢᠯᠡᠴᠢᠯᠡᠭᠡᠨ ᠤ ᠬᠠᠷᠢᠯᠴᠠᠬᠤ ᠲᠣᠭᠲᠠᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠦᠨᠡᠨ ᠬᠦ ᠰᠠᠭᠠᠳ ᠥᠬᠡᠶ ᠨᠡᠪᠲᠡᠷᠡᠭᠦᠯᠪᠡ᠃ ᠰᠦᠯᠵᠢᠶᠡᠨ ᠭᠠᠳᠠᠨᠠᠬᠢ ︽ᠠᠵᠤ ᠠᠬᠤᠶᠢᠯᠠᠯ ᠤᠨ ᠶᠡᠷᠦᠩᠬᠡᠶᠢᠯᠡᠭᠰᠡᠨ‌ᠦᠢᠯᠡᠴᠢᠯᠡᠭᠡᠨ ᠤ ᠴᠣᠩᠬᠤ︾ ᠶᠢ ᠪᠠᠶᠢᠭᠤᠯᠵᠤ᠂ ︽ᠣᠯᠠᠨ ᠤᠴᠢᠷ ᠢ ᠣᠯᠠᠨ ᠭᠦᠢᠴᠡᠳᠭᠡᠬᠦ︾ ᠶᠢ ︽ᠨᠢᠭᠡ ᠴᠣᠩᠬᠤᠪᠴᠢ ᠪᠠᠷ ᠭᠦᠢᠴᠡᠳᠭᠡᠬᠦ︾ ᠪᠣᠯᠭᠠᠨ ᠬᠤᠪᠢᠷᠠᠭᠤᠯᠪᠠ᠃ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ᠭᠠᠷᠭᠠᠵᠤ᠂ ᠠᠵᠤ ᠠᠬᠤᠶᠢᠯᠠᠯ ᠠᠰᠠᠭᠤᠨ ᠯᠠᠪᠯᠠᠬᠤ᠂ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ᠂ ᠬᠡᠷᠡᠭ ᠤᠨ ᠳᠠᠷᠠᠭ᠎ᠠ ᠠᠰᠠᠭᠤᠯᠲᠠ ᠶᠢ ᠬᠠᠷᠢᠭᠤᠯᠬᠤ ᠵᠡᠷᠭᠡ ᠲᠠᠯ᠎ᠠ ᠪᠠᠷ ᠴᠥᠮ ᠶᠡᠷᠦᠩᠬᠡᠶᠢᠯᠡᠭᠰᠡᠨ ᠴᠣᠩᠬᠤ ᠠᠴᠠ ︽ᠨᠢᠭᠡ ᠴᠣᠩᠬᠤ ᠶᠢ ᠣᠯᠠᠨ ᠭᠦᠢᠴᠡᠳᠭᠡᠬᠦ︾ ᠶᠢ ᠪᠡᠶᠡᠯᠡᠭᠦᠯᠵᠦ ᠪᠣᠯᠤᠨ᠎ᠠ᠃ ᠰᠦᠯᠵᠢᠶᠡᠨ ᠳᠡᠭᠡᠷᠡᠬᠢ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠤᠰᠬᠠᠶ ᠣᠷᠣᠨ︾ ᠢ ᠪᠠᠶᠢᠭᠤᠯᠵᠤ᠂ ︽ᠭᠠᠳᠠᠭᠰᠢ ᠭᠠᠷᠴᠤ ᠭᠦᠶᠦᠬᠦ︾ ᠶᠢ ︽ᠬᠡᠷ ᠲᠡᠭᠡᠨ‌‍ᠭᠦ᠋ᠢᠴᠡᠳᠭᠡᠬᠦ︾ ᠪᠣᠯᠭᠠᠨ ᠬᠤᠪᠢᠷᠠᠭᠤᠯᠪᠠ᠃       ᠨᠢᠭᠡ ᠳᠤ᠂ ᠰᠢᠶᠠ ᠱᠢ ᠬᠤᠤ ᠪᠠᠯᠭᠠᠰᠤᠨ ᠤ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠤᠰᠬᠠᠶ ᠪᠤᠯᠤᠩ ᠨᠡᠭᠡᠭᠡᠵᠦ᠂ ᠶᠠᠮᠠᠷᠪᠠ ᠠᠵᠤ ᠠᠬᠤᠶᠢᠯᠠᠯ ᠴᠥᠮ ᠲᠤᠰᠬᠠᠶ ᠪᠤᠯᠤᠩ ᠳᠣᠲᠣᠷ᠎ᠠ ᠠᠴᠠ ᠡᠯ᠎ᠡ ᠲᠥᠷᠥᠯ ᠤᠨ ᠲᠥᠷᠥ ᠶᠢᠨ ᠪᠣᠳᠣᠯᠭ᠎ᠠ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠪᠠᠶᠢᠴᠠᠭᠠᠨ ᠦᠵᠡᠵᠦ ᠪᠣᠯᠬᠤ ᠪᠥᠭᠡᠳ ᠰᠢᠭᠤᠳ ᠠᠷᠤ ᠲᠠᠪᠴᠠᠩ ᠳᠤ ᠦᠭᠡ ᠦᠯᠡᠳᠡᠭᠡᠵᠦ᠂ ᠰᠠᠨᠠᠯ ᠰᠠᠨᠠᠭᠤᠯᠭ᠎ᠠ ᠳᠤᠷᠠᠳᠴᠤ ᠪᠣᠯᠤᠨ᠎ᠠ᠂ ᠪᠠᠯᠭᠠᠰᠤᠨ ᠤ ᠵᠠᠰᠠᠭ ᠤᠨ ᠣᠷᠳᠣᠨ ᠲᠡᠷᠡ ᠳᠠᠷᠤᠶ ᠳᠤᠨᠢ ᠬᠠᠷᠢᠭᠤᠯᠲᠠ ᠥᠭᠭᠦᠨ᠎ᠡ᠃       ᠬᠤᠶᠠᠷ ᠲᠤ᠂ ᠰᠢᠶᠠ ᠱᠢ ᠬᠤᠤ ᠪᠠᠯᠭᠠᠰᠤᠨ ᠤ ᠠᠵᠤ ᠠᠬᠤᠶᠢᠯᠠᠯ ᠤᠨ ᠸᠢᠴᠠᠲ ᠤᠨ ᠦᠢᠯᠡᠴᠢᠯᠡᠭᠡᠨ ᠤ ᠴᠤᠭᠯᠠᠷᠠᠯ ᠢ ᠪᠠᠶᠢᠭᠤᠯᠵᠤ᠂ ᠴᠤᠭᠯᠠᠷᠠᠯ ᠤᠨ ᠭᠡᠰᠢᠭᠦᠨ ᠳᠤ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠪᠠᠯᠭᠠᠰᠤᠨ ᠤ ᠠᠵᠤ ᠦᠢᠯᠡᠳᠪᠦᠷᠢ ᠶᠢᠨ ᠲᠤᠰᠬᠠᠶ ᠠᠩᠭᠢ ᠶᠢᠨ ᠪᠥᠬᠦ ᠠᠵᠢᠯᠲᠠᠨ ᠪᠠᠭᠲᠠᠨ᠎ᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠴᠤᠭᠯᠠᠷᠠᠯ ᠤᠨ ᠳᠣᠲᠣᠷ᠎ᠠ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠠᠵᠤ ᠦᠢᠯᠡᠳᠪᠦᠷᠢ ᠶᠢᠨ ᠲᠤᠰᠬᠠᠶ ᠠᠩᠭᠢ ᠴᠠᠭ ᠲᠤᠬᠠᠶ ᠳᠤᠨᠢ ᠳᠠᠭᠠᠵᠤ᠂ ᠠᠵᠤ ᠠᠬᠤᠶᠢᠯᠠᠯ ᠢ ᠬᠠᠪᠰᠤᠷᠤᠨ ᠴᠠᠭ ᠲᠤᠬᠠᠶ ᠳᠤᠨᠢ ᠰᠢᠢᠳᠪᠦᠷᠢᠯᠡᠨ᠎ᠡ︔ ᠬᠤᠯᠪᠣᠭᠠᠨ ᠳᠣᠲᠣᠷ᠎ᠠ ᠡᠯ᠎ᠡ ᠲᠥᠷᠥᠯ ᠤᠨ ᠪᠢᠴᠢᠭ ᠮᠠᠲ᠋ᠧᠷᠢᠶᠠᠯ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠠᠨᠢᠯᠴᠠᠭᠤᠯᠤᠨ ᠬᠦᠷᠭᠡᠵᠦ᠂ ᠠᠵᠤ ᠠᠬᠤᠶᠢᠯᠠᠯ ᠤᠨ ᠣᠶᠢᠯᠠᠭᠠᠬᠤ ᠳᠤ ᠳᠥᠭᠦᠮ ᠦᠵᠡᠭᠦᠯᠦᠨ᠎ᠡ᠃       ᠭᠤᠷᠪᠠ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ‍ᠤᠨ‌ᠦᠢᠯᠡᠴᠢᠯᠡᠭᠡᠨ ᠤ ᠬᠠᠯᠠᠭᠤᠨ ᠤᠲᠠᠰᠤ ᠶᠢ ᠨᠡᠪᠲᠡᠷᠡᠭᠦᠯᠵᠦ᠂ ᠬᠤᠳᠠᠯᠳᠤᠭᠠᠴᠢᠨ ᠤᠷᠢᠬᠤ ᠬᠦᠰᠡᠯ ᠲᠠᠢ ᠠᠵᠤ ᠠᠬᠤᠶᠢᠯᠠᠯ ᠭᠡᠰᠡᠨ ᠥᠬᠡᠶ᠂ ᠡᠰᠡᠬᠦᠯ᠎ᠡ ᠲᠤᠬᠠᠶ ᠶᠢᠨ ᠭᠠᠵᠠᠷ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠳᠤ ᠰᠠᠨᠠᠯ ᠰᠠᠨᠠᠭᠤᠯᠭ᠎ᠠ ᠳᠤᠷᠠᠳᠬᠤ᠂ ᠡᠰᠡᠬᠦᠯ᠎ᠡ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠴᠢᠬᠤᠯᠠᠲᠠᠶ ᠠᠵᠤ ᠠᠬᠤᠶᠢᠯᠠᠯ ᠭᠡᠰᠡᠨ ᠥᠬᠡᠶ ᠴᠥᠮ ᠬᠠᠯᠠᠭᠤᠨ ᠤᠲᠠᠰᠤ ᠶᠢ ᠤᠲᠠᠰᠤᠳᠠᠵᠤ᠂ ᠠᠵᠢᠯ ᠲᠥᠷᠥᠯ ᠤᠨ ᠲᠤᠰᠬᠠᠶ ᠠᠩᠭᠢ ᠳᠤᠭᠤᠶᠢᠯᠠᠩ ᠳᠤ ᠴᠠᠭ ᠲᠤᠬᠠᠶ ᠳᠤᠨᠢ ᠬᠠᠷᠢᠭᠤᠯᠲᠠ ᠥᠭᠴᠦ ᠪᠣᠯᠤᠨ᠎ᠠ᠃ ︽ᠶᠠᠷᠢᠯᠴᠠᠬᠤ ᠬᠤᠷᠠᠯ︾ ᠤᠨ ᠵᠠᠭᠪᠤᠷ ᠢ ᠭᠦᠨᠵᠡᠭᠡᠶᠢᠷᠡᠭᠦᠯᠵᠦ᠂ ︽ᠬᠤᠪᠢ ᠬᠥᠮᠦᠨ ᠤ ᠰᠠᠨᠠᠯ ᠵᠥᠪᠯᠡᠯᠭᠡ ᠳᠤᠷᠠᠳᠬᠤ ᠳᠤ ᠪᠡᠷᠬᠡ︾ ᠶᠢ ︽ᠲᠥᠪᠯᠡᠷᠡᠭᠦᠯᠦᠨ ᠰᠠᠨᠠᠯ ᠵᠥᠪᠯᠡᠯᠭᠡ ᠳᠤᠷᠠᠳᠬᠤ︾ ᠪᠣᠯᠭᠠᠨ ᠬᠤᠪᠢᠷᠠᠭᠤᠯᠪᠠ᠃ ᠰᠢᠶᠠ ᠱᠢ ᠬᠤᠤ ᠪᠠᠯᠭᠠᠰᠤ ᠬᠠᠭᠠᠰ ᠵᠢᠯ ᠳᠤ ᠨᠢᠭᠡ ᠤᠳᠠᠭ᠎ᠠ ᠠᠵᠤ ᠠᠬᠤᠶᠢᠯᠠᠯᠲᠠᠳ ᠤᠨ ᠲᠥᠪᠯᠡᠷᠡᠩᠭᠦᠢ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠵᠢᠴᠢ ᠲᠤᠯᠭᠠᠷᠠᠭᠰᠠᠨ ᠡᠯ᠎ᠡ ᠵᠦᠢᠯ ᠤᠨ ᠬᠦᠴᠢᠷᠳᠡᠯ ᠪᠣᠯᠤᠨ ᠠᠰᠠᠭᠤᠳᠠᠯ ᠢ ᠦᠨᠡᠨ ᠬᠦ ᠣᠶᠢᠯᠠᠭᠠᠵᠤ᠂ ᠳᠠᠷᠠᠭᠠᠴᠢ ᠶᠢᠨ ᠠᠯᠬᠤᠮ ᠤᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ ᠭᠠᠷᠭᠠᠨ᠎ᠠ᠃ ᠡᠭᠦᠨ ᠤ ᠬᠠᠮᠲᠤ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠵᠢᠴᠢ ᠰᠠᠨᠠᠭᠤᠯᠭ᠎ᠠ ᠶᠢ ᠡᠬᠡ ᠲᠠᠩᠰᠠ ᠪᠣᠯᠭᠠᠵᠤ᠂ ᠠᠵᠢᠯ ᠲᠥᠷᠥᠯ ᠤᠨ ᠰᠢᠰᠲ᠋ᠧᠮ ᠤᠨ ᠬᠢᠨ ᠤ ᠰᠠᠯᠠᠭ᠎ᠠ ᠮᠥᠴᠢᠷ ᠠᠴᠠ ᠲᠤᠰᠬᠠᠶ ᠲᠠᠩᠰᠠ ᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠰᠠᠭᠤᠳᠠᠯ ᠢ ᠰᠢᠢᠳᠪᠦᠷᠢᠯᠡᠵᠦ᠂ ᠬᠡᠷᠡᠭ ᠤᠨ ᠳᠠᠷᠠᠭ᠎ᠠ ᠲᠣᠬᠢᠷᠠᠭᠤᠯᠤᠨ ᠬᠠᠷᠢᠭᠤ ᠰᠤᠷᠪᠤᠯᠵᠢᠯᠠᠬᠤ ᠶᠢ ᠦᠨᠡᠨ ᠬᠦ ᠰᠠᠶᠢᠲᠤᠷ ᠬᠢᠨ᠎ᠠ᠃ ᠬᠠᠷᠢᠯᠴᠠᠭ᠎ᠠ ᠨᠡᠪᠲᠡᠷᠡᠯᠴᠡᠭᠡ ᠶᠢᠨ ᠲᠣᠭᠲᠠᠴᠠ ᠶᠢ ᠪᠠᠶᠢᠭᠤᠯᠵᠤ᠂ ︽ᠴᠠᠭ ᠬᠦᠴᠦ ᠵᠠᠷᠤᠴᠠᠭᠤᠯᠵᠤ︾ ᠪᠠᠶᠢᠭᠰᠠᠨ ᠢ ︽ᠴᠠᠭ ᠲᠤᠬᠠᠢ ᠳᠤᠨᠢ ᠰᠢᠢᠳᠪᠦᠷᠢᠯᠡᠬᠦ︾ ᠪᠣᠯᠭᠠᠪᠠ᠃ ᠠᠵᠤ ᠠᠬᠤᠶᠢᠯᠠᠯ ᠲᠠᠢ ᠪᠠᠶᠢᠩᠭᠤ ᠬᠠᠷᠢᠯᠴᠠᠬᠤ ᠲᠦᠷᠢᠮ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠪᠠᠯᠭᠠᠰᠤᠨ ᠤ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠤᠳᠤᠷᠢᠳᠬᠤ ᠺᠠᠳ᠋ᠷ ᠢᠶᠠᠷ ᠳᠤᠭᠤᠶᠢᠯᠠᠩ ᠤᠨ ᠭᠡᠰᠢᠭᠦᠨ ᠪᠣᠯᠭᠠᠭᠰᠠᠨ᠂ ᠺᠠᠳ᠋ᠷ ᠠᠵᠢᠯᠲᠠᠨ᠂ ᠠᠵᠢᠯᠴᠢᠨ ᠤ ᠬᠡᠷ ᠲᠤᠨᠢ ᠬᠦᠷᠴᠦ ᠠᠵᠤ ᠠᠬᠤᠶᠢᠯᠠᠯ ᠳᠤ ᠦᠢᠯᠡᠴᠢᠯᠡᠬᠦ ᠶᠢ ᠢᠳᠡᠪᠬᠢᠲᠡᠶ ᠥᠷᠨᠢᠭᠦᠯᠦᠭᠰᠡᠨ ᠪᠥᠭᠡᠳ ᠦᠢᠯᠡᠴᠢᠯᠡᠭᠡᠨ ᠤ ᠡᠬᠡ ᠲᠠᠩᠰᠠ ᠪᠠᠶᠢᠭᠤᠯᠪᠠ᠃ ᠡᠭᠦᠨ ᠤ ᠬᠠᠮᠲᠤ ᠠᠵᠤ ᠠᠬᠤᠶᠢᠯᠠᠯ ᠤᠨ ᠬᠡᠷᠡᠭᠴᠡᠭᠡ ᠶᠢ ᠣᠶᠢᠯᠠᠭᠠᠬᠤ ᠪᠠᠷ ᠳᠠᠮᠵᠢᠭᠤᠯᠤᠨ᠂ ᠠᠵᠢᠯ ᠲᠥᠷᠥᠯ ᠤᠨ ᠲᠤᠰᠬᠠᠶ ᠠᠩᠭᠢ ᠳᠤᠭᠤᠶᠢᠯᠠᠩ ᠠᠵᠤ ᠠᠬᠤᠶᠢᠯᠠᠯ ᠤᠨ ᠭᠦᠢᠴᠡᠳᠭᠡᠬᠦ ᠴᠢᠬᠤᠯᠠᠲᠠᠶ ᠡᠯ᠎ᠡ  ᠵᠦᠢᠯ ᠤᠨ ᠭᠠᠷ ᠭᠦᠢᠴᠡᠳᠭᠡᠯ ᠢ ᠴᠠᠭ ᠲᠤᠬᠠᠶ ᠳᠤᠨᠢ ᠣᠷᠣᠯᠠᠨ ᠭᠦᠢᠴᠡᠳᠭᠡᠵᠦ᠂ ᠳᠠᠭᠤᠰᠬᠠᠬᠤ ᠠᠬᠢᠴᠠ ᠶᠢ ᠲᠦᠷᠭᠡᠳᠬᠡᠪᠡ᠃       ᠲᠠᠷᠠᠭᠠᠴᠢ ᠶᠢᠨ ᠠᠯᠬᠤᠮ ᠳᠤ᠂ ᠰᠢᠶᠠ ᠱᠢ ᠬᠤᠤ ᠪᠠᠯᠭᠠᠰᠤ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ︽ᠬᠤᠶᠠᠷ ᠢ ᠤᠷᠢᠵᠤ ᠬᠤᠶᠠᠷ ᠢ ᠣᠷᠣᠭᠤᠯᠬᠤ ᠨᠢᠭᠡ ᠶᠢ ᠰᠢᠯᠢᠳᠡᠭᠵᠢᠭᠦᠯᠬᠦ︾ ᠠᠵᠢᠯ ᠤᠨ ᠡᠭᠦᠷᠭᠡ ᠶᠢᠨ ᠲᠣᠬᠢᠷᠠᠭᠤᠯᠤᠯᠲᠠ ᠶᠢ ᠴᠢᠩᠭ᠎ᠠ ᠵᠢᠷᠤᠮᠯᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠲᠠᠰᠤᠷᠠᠯᠲᠠ ᠥᠬᠡᠶ ᠠᠬᠢᠭᠤᠯᠵᠤ᠂ ᠨᠠᠩ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠪᠠᠷ ᠪᠠᠶᠢᠨ᠎ᠠ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号