ᠬᠤᠸᠠᠢ ᠱᠦᠸᠧ ᠪᠠᠯᠭᠠᠰᠤ᠄ ︽ᠲᠠᠪᠤ ᠶᠢ ᠠᠳᠬᠤᠬᠤ︾ ᠬᠡᠪ ᠵᠠᠩᠰᠢᠯ ᠢ ᠥᠭᠡᠷᠡᠴᠢᠯᠡᠵᠦ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2023/4/9
      ᠰᠢᠩ ᠱᠧᠩ ᠬᠥᠩ ᠲᠣᠰᠬᠤᠨ ᠤ ︽ᠬᠡᠲᠦ ᠳᠡᠯᠭᠡᠭᠦᠷ︾ ᠲᠤ ᠣᠷᠣᠵᠤ᠂ ᠡᠯ᠎ᠡ ᠲᠥᠷᠥᠯ ᠤᠨ ᠤᠬᠢᠶᠠᠯ ᠵᠠᠰᠠᠯ ᠤᠨ ᠬᠡᠷᠡᠭᠰᠡᠯ᠂ ᠠᠮᠤ ᠲᠣᠰᠣ ᠬᠤᠯᠢᠰᠢᠨ ᠢᠳᠡᠭᠡᠨ ᠢ ᠲᠡᠷᠢ ᠲᠡᠭᠰᠢ᠂ ᠴᠡᠪᠡᠷ ᠴᠡᠮᠴᠡᠭᠡᠷ ᠲᠠᠯᠪᠢᠭᠰᠠᠨ ᠪᠠᠷᠠᠭᠠᠨ ᠤ ᠲᠠᠯᠪᠢᠭᠤᠷ ᠳᠡᠭᠡᠷ᠎ᠡ ᠲᠠᠯᠪᠢᠵᠤ᠂ ︽ᠪᠣᠯᠪᠠᠰᠤᠨ ᠪᠦᠯᠬᠦᠮᠳᠡᠯ ᠬᠡᠲᠦ ᠳᠡᠯᠭᠡᠭᠦᠷ︾ ᠤᠨ ᠬᠤᠪᠢ ᠬᠤᠷᠠᠮᠳᠤᠭᠤᠯᠵᠤ ᠰᠣᠯᠢᠬᠤ ᠦᠨ᠎ᠡ ᠶᠢᠨ ᠢᠯᠡᠳᠬᠡᠮᠵᠢ ᠨᠢ ᠬᠥᠮᠦᠰ ᠤᠨ ᠠᠩᠬᠠᠷᠤᠯ ᠢ ᠣᠨᠴᠠᠭᠠᠶ ᠲᠠᠲᠠᠵᠤ᠂ ᠲᠠᠸᠠᠷ ᠨᠢᠭᠡᠪᠦᠷᠢ ᠳᠡᠭᠡᠷ᠎ᠡ ᠴᠥᠮ ︽ᠦᠨ᠎ᠡ︾ ᠶᠢ ᠲᠣᠳᠣᠷᠬᠠᠶ ᠲᠡᠮᠳᠡᠭᠯᠡᠭᠰᠡᠨ ᠪᠠᠶᠢᠨ᠎ᠠ᠃ ︽︿ᠪᠣᠯᠪᠠᠰᠤᠨ ᠪᠦᠯᠬᠦᠮᠳᠡᠯ ᠬᠠᠮ ᠳᠡᠯᠭᠡᠭᠦᠷ﹀ ᠢ ᠵᠢᠷᠤᠮᠵᠢᠭᠤᠯᠤᠨ ᠠᠵᠢᠯᠯᠠᠭᠤᠯᠬᠤ ᠶᠢᠨ ᠲᠥᠯᠥᠭᠡ᠂ ᠲᠣᠰᠬᠤᠨ ᠤ ᠠᠷᠠᠳ ᠤᠨ ᠵᠥᠪᠯᠡᠯ ᠨᠠᠷᠢᠨ ᠲᠣᠳᠣᠷᠬᠠᠶ ᠬᠤᠪᠢ ᠲᠡᠮᠳᠡᠭᠯᠡᠭᠦᠯᠬᠦ ᠪᠠ ᠬᠤᠪᠢ ᠬᠠᠰᠤᠬᠤ ᠨᠠᠷᠢᠨ ᠲᠦᠷᠢᠮ ᠲᠣᠭᠲᠠᠭᠠᠵᠤ᠂ ᠬᠤᠪᠢ ᠲᠡᠮᠳᠡᠭᠯᠡᠵᠦ ᠵᠣᠭᠤᠰ ᠰᠣᠯᠢᠬᠤ ᠱᠠᠩᠨᠠᠯ ᠤᠨ ᠲᠣᠭᠲᠠᠴᠠ ᠪᠠᠷ ᠳᠡᠮᠵᠢᠨ᠂ ᠲᠣᠰᠬᠤᠨ ᠤ ᠠᠷᠠᠳ ᠤᠨ ᠬᠡᠷ ᠤᠨ ᠰᠤᠷᠲᠠᠯ ᠤᠯᠠᠮ ᠠᠴᠠ ᠤᠯᠠᠮ ᠰᠠᠶᠢᠵᠢᠷᠠᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠬᠠᠮᠰᠠᠷ ᠢᠯᠡᠳᠲᠡ ᠳᠡᠭᠡᠭᠰᠢᠯᠡᠵᠦ᠂ ᠲᠣᠰᠬᠤᠨ ᠤ ᠠᠷᠠᠳ ᠤᠨ ᠳᠣᠲᠣᠭᠠᠳᠤ ᠬᠥᠳᠡᠯᠭᠡᠬᠦ ᠬᠦᠴᠦᠨ ᠲᠦᠢᠯ ᠤᠨ ᠶᠡᠭᠡ ᠪᠠᠷ ᠳᠠᠶᠢᠴᠢᠯᠠᠭᠳᠠᠪᠠ ᠭᠡᠵᠦ ᠬᠤᠸᠠᠢ ᠱᠦᠸᠧ ᠪᠠᠯᠭᠠᠰᠤᠨ ᠤ ᠰᠢᠩ ᠱᠧᠩ ᠬᠥᠩ ᠲᠣᠰᠬᠤᠨ ᠤ ᠨᠠᠮ ᠤᠨ ᠡᠭᠦᠷ ᠤᠨ ᠱᠦᠵᠢ ᠭᠦᠸᠧ ᠰᠧ ᠭᠧᠨ ᠲᠠᠨᠢᠯᠴᠠᠭᠤᠯᠪᠠ᠃       ᠣᠶᠢᠷ᠎ᠠ ᠶᠢᠨ ᠵᠢᠯ ᠤᠳ ᠲᠤ᠂ ᠭᠦᠶᠡᠩ ᠰᠢᠶᠠᠨ ᠤ ᠬᠤᠸᠠᠢ ᠱᠦᠸᠧ ᠪᠠᠯᠭᠠᠰᠤ ᠬᠡᠪ ᠵᠠᠩᠰᠢᠯ ᠢ ᠥᠭᠡᠷᠡᠴᠢᠯᠡᠬᠦ ᠳᠤ ᠴᠢᠭᠯᠡᠭᠦᠯᠦᠨ᠂ ︽ᠲᠠᠪᠤᠨ ᠭᠠᠷᠳᠠᠴᠠ︾ ᠶᠢᠨ ᠨᠠᠷᠠᠲᠤ ᠲᠡᠮᠳᠡᠭ ᠢ ᠰᠦᠪᠡᠭᠴᠢᠯᠡᠨ ᠭᠠᠷᠭᠠᠵᠤ᠂ ᠬᠡᠪ ᠵᠠᠩᠰᠢᠯ ᠢ ᠥᠭᠡᠷᠡᠴᠢᠯᠡᠬᠦ ᠠᠵᠢᠯ ᠤᠨ ᠰᠢᠨ᠎ᠡ ᠵᠠᠭᠪᠤᠷ ᠢ ᠡᠬᠢᠯᠡᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠭᠤᠯᠬᠤ ᠶᠢ ᠪᠠᠷᠢᠮᠲᠠᠯᠠᠵᠤ᠂ ᠣᠯᠠᠨ ᠲᠦᠮᠡᠨ ᠤ ᠶᠣᠰᠣ ᠵᠠᠩᠰᠢᠯ ᠢ ᠬᠦᠨᠳᠦᠳᠬᠡᠬᠦ᠂ ᠪᠣᠯᠬᠢ ᠪᠦᠳᠦᠭᠦᠯᠢᠭ ᠢ ᠠᠷᠢᠯᠭᠠᠬᠤ᠂ ᠮᠠᠭᠤ ᠵᠠᠩᠰᠢᠯ ᠢ ᠲᠠᠶᠠᠭᠳᠠᠬᠤ ᠶᠢ ᠣᠯᠠᠨ ᠲᠦᠮᠡᠨ ᠤ ᠬᠥᠲᠥᠯᠥᠨ ᠵᠢᠯᠣᠭᠤᠳᠴᠤ᠂ ᠴᠢᠩᠭ᠎ᠠ ᠬᠦᠴᠦᠲᠡᠶ ᠪᠣᠯᠪᠠᠰᠤᠨ ᠤ ᠰᠢᠨ᠎ᠡ ᠬᠡᠪ ᠰᠤᠷᠲᠠᠯ ᠢ ᠪᠣᠶ ᠪᠣᠯᠭᠠᠪᠠ᠃ ᠰᠢᠩ ᠱᠧᠩ ᠬᠥᠩ ᠲᠣᠰᠬᠤᠨ᠂ ᠶᠠᠩ ᠸᠠᠨ ᠲᠣᠰᠬᠤᠨ᠂ ᠬᠤᠸᠠᠢ  ᠱᠦᠸᠧ ᠰᠢᠨ᠎ᠡ ᠲᠣᠰᠬᠤᠨ ᠵᠡᠷᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠵᠢᠱᠢᠶ᠎ᠡ ᠦᠵᠡᠭᠦᠯᠬᠦ ᠴᠡᠭ ᠢ ᠢᠳᠡᠪᠬᠢᠲᠡᠶ ᠪᠣᠶ ᠪᠣᠯᠭᠠᠨ᠎ᠠ᠃       ︽ᠡᠭᠦᠯᠡᠨ ᠳᠤᠮᠳᠠᠬᠢ ᠷᠠᠳᠢᠣ᠋ ᠨᠡᠪᠲᠡᠷᠡᠭᠦᠯᠭᠡ︾ ᠨᠢ ᠣᠯᠠᠨ ᠲᠦᠮᠡᠨ ᠤ ᠡᠳᠦᠷ ᠲᠤᠲᠤᠮ ᠤᠨ ᠠᠵᠢᠯᠯᠠᠵᠤ ᠠᠮᠠᠷᠠᠬᠤ ᠲᠠᠢ ᠤᠶᠠᠯᠳᠤᠭᠤᠯᠤᠨ᠂ ᠷᠠᠳᠢᠣ᠋ ᠨᠡᠪᠲᠡᠷᠡᠭᠦᠯᠭᠡ ᠶᠢ ᠵᠣᠨ ᠤ ᠶᠠᠭᠠᠷᠠᠤ᠂ ᠡᠪᠦᠯ ᠤᠨ ᠰᠡᠯᠡᠭᠦᠦ᠂ ᠣᠨᠴᠠᠭᠠᠶ ᠭᠤᠷᠪᠠᠨ ᠴᠠᠭ ᠤᠯᠠᠷᠢᠯ‌‍ᠭᠡᠬᠦ ᠭᠤᠷᠪᠠᠨ ᠲᠦᠷᠦᠯ ᠬᠤᠪᠢᠶᠠᠪᠠ᠃ ᠥᠷᠯᠥᠭᠡ ᠣᠷᠣᠶ ᠶᠢᠨ 2 ᠴᠠᠭ ᠠᠴᠠ ᠡᠬᠢᠯᠡᠨ ᠨᠡᠪᠲᠡᠷᠡᠭᠦᠯᠵᠦ᠂ ᠶᠣᠰᠣ ᠮᠣᠷᠠᠯ ᠤᠨ ᠵᠢᠱᠢᠶᠡᠴᠢ ᠶᠢᠨ ᠥᠯᠢᠭᠡᠷ᠂ ᠬᠡᠪ ᠵᠠᠩᠰᠢᠯ ᠢ ᠥᠭᠡᠷᠡᠴᠢᠯᠡᠬᠦ᠂ ᠠᠮᠢ ᠠᠬᠤᠶ ᠣᠷᠴᠢᠨ ᠠᠬᠤᠶ ᠶᠢ ᠬᠠᠮᠠᠭᠠᠯᠠᠬᠤ᠂ ᠪᠤᠭᠤᠷᠤᠯᠴᠤᠳ ᠤᠨ ᠥᠯᠢᠭᠡᠷ᠂ ᠲᠠᠷᠢᠶᠠᠨ ᠳᠤᠮᠳᠠᠬᠢ ᠬᠢᠴᠢᠶᠡᠯ ᠤᠨ ᠲᠠᠩᠬᠢᠮ ᠢ ︽ᠡᠭᠦᠯᠡᠨ ᠳᠤᠮᠳᠠᠬᠢ ᠷᠠᠳᠢᠣ᠋ ᠨᠡᠪᠲᠡᠷᠡᠭᠦᠯᠭᠡ︾ ᠶᠢᠨ ᠨᠡᠪᠲᠡᠷᠡᠭᠦᠯᠬᠦ ᠠᠭᠤᠯᠭ᠎ᠠ ᠳᠤ ᠣᠷᠣᠭᠤᠯᠪᠠ᠃ ︽ᠡᠭᠦᠯᠡᠨ ᠳᠤᠮᠳᠠᠬᠢ ᠷᠠᠳᠢᠣ᠋ ᠨᠡᠪᠲᠡᠷᠡᠭᠦᠯᠭᠡ︾ ᠶᠢ ᠨᠡᠪᠲᠡᠷᠡᠭᠦᠯᠦᠭᠰᠡᠨ ᠠᠴᠠ ᠪᠣᠳᠠᠲᠤ ᠦᠷ᠎ᠡ ᠪᠦᠲᠦᠮᠵᠢ ᠶᠢ ᠨᠢ ᠣᠯᠵᠤ ᠰᠣᠨᠣᠰᠪᠠ᠂ ᠣᠲᠣ ᠨᠢᠭᠡᠨᠲᠡ ᠵᠠᠩ ᠳᠠᠳᠬᠠᠯ ᠢ ᠥᠭᠡᠷᠡᠴᠢᠯᠡᠬᠦ ᠲᠠᠭᠤᠨ ᠳᠠᠪᠲᠠᠮᠵᠢ ᠶᠢ 183 ᠵᠤᠷᠪᠤᠰ ᠲᠠᠯᠪᠢᠵᠤ᠂ ᠨᠡᠶᠢᠲᠡ 279 ᠴᠠᠭ ᠲᠠᠯᠪᠢᠵᠤ᠂ ᠵᠠᠩ ᠳᠠᠳᠬᠠᠯ ᠢ ᠥᠭᠡᠷᠡᠴᠢᠯᠡᠵᠦ᠂ ᠡᠴᠢᠭᠡ ᠡᠬᠡ ᠪᠠᠨ ᠬᠦᠨᠳᠦᠳᠬᠡᠨ᠂ ᠬᠡᠷ ᠬᠤᠲᠠᠯᠠᠭᠠᠷ ᠢᠶᠠᠨ ᠦᠷ᠎ᠡ ᠬᠡᠦᠬᠡᠳ ᠢᠶᠠᠨ ᠰᠤᠷᠭᠠᠵᠤ᠂ ᠠᠶᠢᠯ ᠰᠠᠭᠠᠬᠠᠯᠲᠠ ᠪᠠᠨ ᠬᠠᠶᠢᠷᠠᠯᠠᠨ ᠬᠠᠯᠠᠮᠵᠢᠯᠠᠬᠤ ᠬᠡᠪ ᠵᠠᠩᠰᠢᠯ ᠪᠣᠯᠪᠠ᠃ ᠲᠣᠰᠬᠤᠨ ᠳᠠᠭᠠᠨ ᠥᠭᠡᠳᠡᠯᠡᠨ ᠳᠠᠪᠰᠢᠬᠤ᠂ ᠴᠠᠶᠢᠯᠭᠠᠨ ᠬᠠᠨᠳᠤᠬᠤ᠂ ᠭᠤᠸ᠎ᠠ ᠰᠠᠶᠢᠬᠠᠨ ᠢ ᠬᠥᠭᠡᠭᠡᠴᠡᠯᠳᠦᠬᠦ᠂ ᠰᠠᠶᠢᠨ ᠰᠠᠶᠢᠬᠠᠨ ᠢ ᠬᠥᠭᠡᠭᠡᠴᠡᠯᠳᠦᠬᠦ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠠᠶᠢᠨ ᠰᠠᠶᠢᠬᠠᠨ ᠬᠡᠷ ᠤᠨ ᠰᠤᠷᠲᠠᠯ ᠢ ᠪᠣᠶ ᠪᠣᠯᠭᠠᠨ᠂ ᠪᠣᠯᠪᠠᠰᠤᠨ ᠨᠤᠲᠤᠭ ᠤᠨ ᠰᠤᠷᠲᠠᠯ ᠢ ᠳᠠᠶᠢᠴᠢᠯᠠᠵᠤ᠂ ᠪᠣᠯᠪᠠᠰᠤᠨ ᠲᠣᠰᠬᠤᠨ ᠪᠠᠯᠭᠠᠰᠤ ᠶᠢ ᠬᠠᠮᠲᠤ ᠪᠠᠷ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃     ᠬᠤᠸᠠᠢ ᠱᠦᠸᠧ ᠪᠠᠯᠭᠠᠰᠤᠨ ᠤ ᠤᠬᠠᠭᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠠᠷᠭ᠎ᠠ ᠬᠢᠳᠡᠯ ᠨᠢ ᠪᠠᠰᠠ ᠬᠡᠪ ᠵᠠᠩᠰᠢᠯ ᠢ ᠥᠭᠡᠷᠡᠴᠢᠯᠡᠬᠦ ᠠᠵᠢᠯ ᠢ ᠥᠷᠨᠢᠭᠦᠯᠬᠦ ᠳᠤᠮᠳᠠ ᠬᠥᠨᠳᠡᠯᠡᠨ ᠪᠢᠴᠢᠭᠡᠰᠦ ᠡᠯᠭᠦᠵᠦ᠂ ᠬᠡᠪ ᠵᠠᠩᠰᠢᠯ ᠢ ᠥᠭᠡᠷᠡᠴᠢᠯᠡᠬᠦ ᠡᠯᠧᠺᠲᠷᠣᠨ ᠤᠷᠢᠶ᠎ᠠ ᠪᠣᠯᠭᠠᠭᠰᠠᠨ ᠤ ᠳᠠᠷᠠᠭ᠎ᠠ᠂ ᠤᠬᠠᠭᠤᠯᠭ᠎ᠠ ᠶᠢᠨ ᠬᠡᠪᠴᠢᠶ᠎ᠡ ᠨᠢ ᠨᠠᠩ ᠥᠷᠭᠡᠨ ᠪᠣᠯᠵᠣ᠂ ︽1 + N︾ ᠸᠢᠴᠠᠲ ᠤᠨ ᠬᠤᠯᠪᠣᠭ᠎ᠠ ᠪᠠᠷ ᠳᠡᠮᠵᠢᠨ ᠡᠷᠦᠬᠡ ᠳᠤ ᠬᠦᠷᠴᠦ ᠬᠥᠮᠦᠨ ᠳᠤ ᠬᠦᠷᠴᠦ ᠪᠣᠯᠤᠨ᠎ᠠ᠂ ᠣᠲᠣ ᠨᠢᠭᠡᠨᠲᠡ ᠬᠡᠪ ᠵᠠᠩᠰᠢᠯ ᠢ ᠥᠭᠡᠷᠡᠴᠢᠯᠡᠬᠦ ︽ᠡᠯᠧᠺᠲᠷᠣᠨ ᠤᠷᠢᠶ᠎ᠠ︾ 23 ᠵᠤᠷᠪᠤᠰ ᠪᠣᠶ᠃ ᠢᠯᠡᠭᠦᠦ ᠦᠵᠡᠪᠡᠯ᠂ ᠨᠥᠯᠥᠭᠡ ᠨᠢ ᠭᠦᠨ ᠪᠤᠯᠵᠤ᠂ ᠤᠯᠠᠨ ᠲᠦᠮᠡᠨ ᠦᠯᠦ ᠮᠡᠳᠡᠭᠳᠡᠮ᠎ᠡ ᠪᠤᠯᠵᠤ᠂ ᠥᠪᠡᠷ ᠤᠨ ᠦᠢᠯᠡ ᠠᠵᠢᠯᠯᠠᠭ᠎ᠠ ᠪᠠᠨ ᠬᠤᠪᠢᠷᠠᠭᠤᠯᠵᠤ᠂ ᠪᠣᠯᠪᠠᠰᠤᠨ ᠲᠡᠶᠢᠰᠢ ᠤᠷᠤᠭᠰᠢᠯᠠᠵᠤ᠂ ᠬᠡᠪ ᠵᠠᠩᠰᠢᠯ ᠢ ᠥᠭᠡᠷᠡᠴᠢᠯᠡᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃      ᠲᠣᠰᠬᠤᠨ ᠳᠤ ᠪᠠᠰᠠ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠢᠶᠠᠷ ᠭᠤᠤᠯ ᠪᠣᠯᠭᠠᠭᠰᠠᠨ ︽ᠬᠡᠪ ᠵᠠᠩᠰᠢᠯ ᠢ ᠥᠭᠡᠷᠡᠴᠢᠯᠡᠬᠦ ᠵᠡᠭᠦᠨ ᠠᠩᠭᠢ︾ ᠶᠢ ᠪᠠᠶᠢᠭᠤᠯᠵᠤ᠂ ᠣᠯᠠᠨ ᠲᠦᠮᠡᠨ ᠢ ᠵᠣᠬᠢᠶᠠᠨ ᠪᠠᠶᠢᠭᠤᠯᠵᠤ ︽ᠤᠯᠠᠭᠠᠨ ᠴᠠᠭᠠᠨ ᠤ ᠶᠠᠪᠤᠳᠠᠯ ᠢ ᠣᠯᠠᠨ ᠢᠶᠠᠷ ᠢᠶᠠᠨ ᠬᠠᠮᠲᠤ ᠪᠠᠷ ᠪᠤᠳᠤᠬᠤ︾ ᠠᠵᠢᠯᠯᠠᠭ᠎ᠠ ᠥᠷᠨᠢᠭᠦᠯᠪᠡ︔ ᠠᠰᠠᠭᠤᠯᠲᠠ ᠶᠢᠨ ᠬᠠᠭᠤᠳᠠᠰᠤ ᠲᠠᠷᠬᠠᠭᠠᠵᠤ ᠠᠷᠠᠳ ᠤᠨ ᠰᠠᠨᠠᠭ᠎ᠠ ᠶᠢ ᠪᠠᠶᠢᠴᠠᠭᠠᠨ ᠰᠣᠳᠣᠯᠠᠵᠤ ᠂ ᠬᠤᠷᠢᠮ ᠪᠡᠯᠪᠡᠰᠦᠷᠡᠯ ᠤᠨ ᠶᠠᠪᠤᠳᠠᠯ ᠢ ᠡᠷᠬᠢᠯᠡᠨ ᠬᠢᠬᠦ ᠪᠣᠳᠠᠲᠠᠢ ᠵᠠᠷᠴᠢᠮ ᠢ ᠨᠡᠶᠢᠲᠡᠯᠡᠨ᠎ᠡ᠃ ᠵᠠᠩ ᠳᠠᠳᠬᠠᠯ ᠢ ᠥᠭᠡᠷᠡᠴᠢᠯᠡᠬᠦ ᠣᠷᠣᠯᠠᠭᠴᠢ ᠵᠡᠭᠦᠨ ᠠᠩᠭᠢ ᠶᠢᠨ ᠬᠢᠨ ᠲᠣᠰᠬᠤᠨ ᠤ ᠣᠯᠠᠨ ᠲᠦᠮᠡᠨ ᠤ ᠡᠷᠭᠢᠯᠡᠭᠰᠡᠨ ᠤᠯᠠᠭᠠᠨ ᠴᠠᠭᠠᠨ ᠤ ᠳᠠᠶᠢᠯᠠᠯᠭ᠎ᠠ ᠳᠤ ᠪᠥᠬᠦ ᠶᠠᠪᠤᠴᠠ ᠪᠠᠷ ᠣᠷᠣᠯᠴᠠᠵᠤ᠂ ᠬᠥᠲᠥᠯᠥᠨ ᠵᠢᠯᠣᠭᠤᠳᠴᠤ᠂ ᠥᠭᠡᠷᠡᠴᠢᠯᠡᠯᠲᠡ ᠶᠢᠨ ᠳᠠᠷᠠᠭᠠᠬᠢ ᠦᠶ᠎ᠡ ᠶᠢᠨ ᠵᠡᠭᠦᠨ ᠦᠭᠡ ᠪᠠᠷ ᠳᠠᠮᠵᠢᠭᠤᠯᠤᠨ ᠤᠯᠠᠭᠠᠨ ᠴᠠᠭᠠᠨ ᠤ ᠶᠠᠪᠤᠳᠠᠯ ᠤᠨ ᠳᠠᠶᠢᠯᠠᠯᠭ᠎ᠠ ᠶᠢᠨ ᠰᠢᠨ᠎ᠡ ᠱᠠᠭᠠᠷᠳᠠᠯᠭ᠎ᠠ ᠶᠢ ᠤᠬᠠᠭᠤᠯᠬᠤ ᠶᠢᠨ ᠬᠠᠮᠲᠤ᠂ ᠲᠦᠷᠢᠮ ᠢ ᠵᠢᠷᠤᠮᠯᠠᠨ ᠰᠠᠬᠢᠵᠤ᠂ ᠲᠦᠷᠦᠭᠦᠯᠡᠨ ᠦᠢᠯᠡᠳᠦᠯᠭᠡᠵᠢᠭᠦᠯᠦᠭᠰᠡᠨ ᠣᠯᠠᠨ ᠲᠦᠮᠡᠨ ᠳᠤ ︽ᠶᠣᠰᠣ ᠰᠤᠷᠲᠠᠬᠤᠨ ᠤ ᠬᠤᠪᠢ ᠬᠤᠷᠠᠮᠳᠤᠭᠤᠯᠬᠤ ᠪᠠᠩᠬᠢ︾ ᠶᠢᠨ ᠬᠤᠪᠢ ᠲᠡᠮᠳᠡᠭᠯᠡᠵᠦ ᠱᠠᠩᠨᠠᠨ᠎ᠠ᠃ ︽ᠺᠠᠳ᠋ᠷ ᠳ᠋ᠠᠶ ᠳ᠋ᠦᠩ︾ ᠬᠤᠷᠠᠯ ᠢ ᠡᠷᠭᠢᠯᠡᠵᠦ᠂ ᠰᠢᠨ᠎ᠡ ᠬᠡᠪ ᠰᠤᠷᠲᠠᠯ ᠢ ᠳᠤᠷᠠᠳᠤᠨ ᠭᠠᠷᠭᠠᠵᠤ᠂ ᠣᠲᠣ ᠨᠢᠭᠡᠨᠲᠡ ᠬᠡᠪ ᠵᠠᠩᠰᠢᠯ ᠢ ᠥᠭᠡᠷᠡᠴᠢᠯᠡᠵᠦ ᠳ᠋ᠠᠶ ᠳ᠋ᠦᠩ ᠤᠨ ᠠᠵᠢᠯᠯᠠᠭ᠎ᠠ ᠶᠢ 27 ᠤᠳᠠᠭ᠎ᠠ ᠥᠷᠨᠢᠭᠦᠯᠵᠦ᠂ ᠣᠯᠠᠨ ᠲᠦᠮᠡᠨ ᠢ ᠠᠯᠬᠤᠮ ᠠᠯᠬᠤᠮ ᠢᠶᠠᠷ ᠬᠠᠪᠰᠤᠷᠤᠨ ︽ᠰᠠᠶᠢᠨ ᠨᠢᠭᠤᠷ︾ ᠠᠴᠠ ᠴᠢᠯᠥᠭᠡᠯᠡᠵᠦ᠂ ᠪᠣᠯᠪᠠᠰᠤᠨ ᠢ ᠬᠡᠪ ᠵᠠᠩᠰᠢᠯ ᠪᠣᠯᠭᠠᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠠᠰᠢᠭ ᠭᠥᠷᠳᠡᠭᠰᠡᠨ ᠲᠥᠷᠥᠭᠳᠡᠯ ᠢ ᠨᠠᠩ ᠴᠢᠩᠭ᠎ᠠ ᠪᠣᠯᠭᠠᠪᠠ᠃       ︽ᠣᠳᠣᠨ ᠲᠠᠰ ᠤᠨ ᠪᠣᠯᠪᠠᠰᠤᠨ ᠡᠷᠦᠬᠡ︾ ᠶᠢ ᠰᠢᠯᠭᠠᠷᠠᠭᠤᠯᠬᠤ ᠪᠠᠷᠢᠮᠵᠢᠶ᠎ᠠ ᠶᠢ ᠲᠣᠳᠣᠷᠬᠠᠶᠢᠯᠠᠵᠤ᠂ ᠰᠠᠨᠠᠭᠠᠴᠢᠯᠠᠭᠠᠲᠤ ᠪᠤᠰᠤ ᠪᠠᠷ ᠠᠳᠠᠯᠢᠳᠬᠠᠨ ᠰᠢᠯᠭᠠᠷᠠᠭᠤᠯᠬᠤ ᠶᠢ ᠰᠠᠨᠠᠭᠠᠴᠢᠯᠠᠭ᠎ᠠ ᠠᠴᠠ ᠪᠠᠨ ᠲᠠᠨᠢᠵᠤ ᠠᠪᠬᠤ ᠪᠣᠯᠭᠠᠨ ᠬᠤᠪᠢᠷᠠᠭᠤᠯᠵᠤ᠂ ︽ᠣᠳᠣᠨ ᠲᠠᠰ ᠤᠨ ᠪᠣᠯᠪᠠᠰᠤᠨ ᠡᠷᠦᠬᠡ︾ ᠶᠢ ᠲᠠᠨᠢᠵᠤ ᠠᠪᠬᠤ ᠫᠠᠶᠢᠰᠠ ᠶᠢ ᠲᠣᠭᠲᠠᠭᠠᠵᠤ᠂ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠪᠣᠯᠪᠠᠰᠤᠨ ᠣᠳᠣᠨ ᠢ ᠲᠠᠨᠢᠵᠤ ᠠᠪᠤᠨ᠎ᠠ᠃ ︽ᠣᠳᠣᠨ ᠲᠠᠰ ᠤᠨ ᠪᠣᠯᠪᠠᠰᠤᠨ ᠡᠷᠦᠬᠡ︾ ᠶᠢ ᠲᠠᠨᠢᠵᠤ ᠠᠪᠬᠤ᠂ ᠠᠪᠬᠤ ᠠᠵᠢᠯᠯᠠᠭ᠎ᠠ ᠥᠷᠨᠢᠭᠦᠯᠵᠦ᠂ ᠣᠲᠣ ᠨᠢᠭᠡᠨᠲᠡ 61 ︽ᠣᠳᠣᠨ ᠲᠠᠰ ᠤᠨ ᠪᠣᠯᠪᠠᠰᠤᠨ ᠡᠷᠦᠬᠡ︾ ᠶᠢ ᠲᠠᠨᠢᠵᠤ ᠠᠪᠬᠤ ᠠᠵᠢᠯᠯᠠᠭ᠎ᠠ ᠥᠷᠨᠢᠭᠦᠯᠵᠦ ᠪᠣᠶ᠃ ᠣᠯᠠᠨ ᠲᠦᠮᠡᠨ ᠤ ᠪᠣᠯᠪᠠᠰᠤᠨ ᠤ ᠬᠡᠪ ᠴᠢᠨᠠᠷ ᠪᠠ ᠪᠣᠯᠪᠠᠰᠤᠨ ᠤ ᠬᠡᠮᠵᠢᠶ᠎ᠡ ᠳᠡᠭᠡᠭᠰᠢᠯᠡᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠣᠯᠪᠠᠰᠤᠨ ᠬᠡᠯᠡᠯᠭᠡ ᠶᠢ ᠡᠮᠬᠢᠯᠡᠬᠦ ᠵᠡᠷᠭᠡ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠨᠤᠲᠤᠭ ᠤᠨ ᠰᠤᠷᠲᠠᠯ ᠢ ᠪᠠᠳᠠᠷᠠᠭᠤᠯᠤᠨ ᠪᠤᠶᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠬᠦᠴᠦᠨ ᠨᠡᠮᠡᠷᠢᠯᠡᠪᠡ᠃     ᠬᠤᠸᠠᠢ ᠱᠦᠸᠧ ᠪᠠᠯᠭᠠᠰᠤᠨ ᠤ 11 ᠵᠠᠰᠠᠭ ᠵᠠᠬᠢᠷᠭᠠᠨ ᠤ ᠲᠣᠰᠬᠤᠨ ︽ᠶᠣᠰᠣ ᠰᠤᠷᠲᠠᠬᠤᠨ ᠤ ᠴᠣᠮᠬᠠᠳᠬᠠᠯ ᠤᠨ ᠪᠠᠩᠬᠢ︾ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ︽ᠶᠣᠰᠣ ᠰᠤᠷᠲᠠᠬᠤᠨ ᠤ ᠴᠣᠮᠬᠠᠳᠬᠠᠯ︾ ᠢ ᠰᠣᠯᠢᠬᠤ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ︽ᠨᠢᠭᠡ ᠰᠠᠷ᠎ᠠ ᠳᠤ ᠨᠢᠭᠡ ᠰᠢᠯᠭᠠᠨ ᠲᠣᠭᠲᠠᠭᠠᠯᠲᠠ ᠬᠢᠵᠦ᠂ ᠨᠢᠭᠡ ᠤᠯᠠᠷᠢᠯ ᠳᠤ ᠨᠢᠭᠡ ᠰᠣᠯᠢᠬᠤ︾ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ ᠤᠨ ᠢᠯᠡᠭᠦᠬᠡᠨ ᠰᠡᠳᠬᠢᠯ ᠲᠠᠯᠪᠢᠵᠤ᠂ ᠠᠵᠢᠯᠴᠢ ᠬᠢᠴᠢᠶᠡᠩᠭᠦᠶ ᠪᠠᠷ ᠭᠠᠷ ᠬᠥᠳᠡᠯᠬᠦ ᠶᠢ ᠵᠣᠷᠢᠭᠵᠢᠭᠤᠯᠵᠤ᠂ ᠠᠷᠢᠭᠤᠨ ᠴᠡᠪᠡᠷ ᠠᠷᠢᠭᠤᠨ ᠴᠡᠪᠡᠷ᠂ ᠠᠳᠠᠯ ᠦᠢᠯᠡᠰ ᠴᠣᠭᠴᠠᠯᠠᠵᠤ ᠪᠠᠶᠠᠵᠢᠨ ᠴᠢᠨᠡᠭᠡᠯᠢᠭᠵᠢᠬᠦ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠷᠭ᠎ᠠ ᠬᠡᠯᠪᠡᠷᠢ ᠪᠠᠷ ᠶᠣᠰᠣ ᠰᠤᠷᠲᠠᠬᠤᠨ ᠤ ᠴᠣᠮᠬᠠᠳᠬᠠᠯ ᠣᠯᠵᠤ᠂ ᠶᠣᠰᠣ ᠰᠤᠷᠲᠠᠬᠤᠨ ᠤ ︽ᠪᠠᠭ᠎ᠠ ᠴᠣᠮᠬᠠᠳᠬᠠᠯ︾ ᠢᠶᠠᠷ ᠪᠣᠯᠪᠠᠰᠤᠨ ᠤ ︽ᠲᠣᠮᠣ ᠬᠥᠰᠢᠭᠦᠷᠭᠡ︾ ᠶᠢ ᠬᠥᠰᠢᠨ ᠬᠥᠳᠡᠯᠭᠡᠨ᠎ᠡ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号