ᠬᠤᠸᠠᠢ ᠱᠦᠸᠧ ᠪᠠᠯᠭᠠᠰᠤ᠄ ︽ᠵᠠᠭᠤ ᠮᠢᠩᠭ᠎ᠠ ᠶᠢ ᠳᠠᠪᠠᠵᠤ᠂ ᠳᠡᠭᠡᠳᠦ ᠬᠢᠵᠠᠭᠠᠷ ᠢ ᠨᠢᠭᠡᠳᠬᠡᠬᠦ︾ ᠨᠢ ᠲᠣᠰᠬᠤᠨ ᠤ ᠬᠠᠮᠲᠤ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠵᠦ ᠨᠡᠮᠡᠭᠳᠡᠯ ᠤᠨ ᠬᠤᠷᠳᠤᠴᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/4/9
      ᠭᠦᠶᠡᠩ ᠰᠢᠶᠠᠨ ᠤ ᠬᠤᠸᠠᠢ ᠱᠦᠸᠧ ᠪᠠᠯᠭᠠᠰᠤ ᠵᠣᠬᠢᠶᠠᠨ ᠪᠠᠶᠢᠭᠤᠯᠤᠯᠲᠠ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠡᠭᠦᠷ ᠠᠴᠠ ᠬᠤᠷᠰᠢᠶ᠎ᠠ ᠶᠢ ᠳᠠᠭᠠᠭᠤᠯᠤᠨ ᠡᠷᠭᠢᠯᠡᠬᠦ ᠵᠠᠭᠪᠤᠷ ᠶᠣᠰᠣᠭᠠᠷ᠂ ᠲᠣᠰᠬᠤᠨ ᠤ ᠬᠠᠮᠲᠤ ᠶᠢᠨ ᠠᠵᠤ ᠠᠬᠤᠶ ᠶᠢᠨ ︽ᠵᠠᠭᠤ ᠮᠢᠩᠭ᠎ᠠ ᠶᠢ ᠳᠠᠪᠠᠵᠤ᠂ ᠨᠢᠭᠡᠳᠦᠯᠲᠡᠶ ᠬᠠᠮᠢᠶᠠᠷᠬᠤ ᠳᠡᠭᠡᠳᠦ ᠬᠢᠵᠠᠭᠠᠷ ᠢ ᠳᠠᠪᠠᠭ᠋ᠤ︾ ᠠᠵᠢᠯᠯᠠᠭ᠎ᠠ ᠶᠢ ᠬᠡᠷᠡᠭᠵᠢᠭᠦᠯᠵᠦ᠂ 2023 ᠣᠨ ᠳᠤ ᠲᠣᠰᠬᠤᠨ ᠪᠦᠷᠢ ᠵᠠᠭᠤᠨ ᠲᠦᠮᠡ ᠶᠢ ᠳᠠᠪᠠᠭ᠋ᠤ᠂ ᠪᠥᠬᠦ ᠪᠠᠯᠭᠠᠰᠤ ᠮᠢᠩᠭᠠᠨ ᠲᠦᠮᠡ ᠶᠢ ᠳᠠᠪᠠᠭ᠋ᠤ᠂ ᠲᠣᠰᠬᠤᠨ ᠤ ᠬᠠᠮᠲᠤ ᠶᠢᠨ ᠺᠣᠮᠫᠠᠨᠢ ᠶᠢ ᠨᠢᠭᠡᠳᠦᠯᠲᠡᠶ ᠬᠠᠮᠢᠶᠠᠷᠬᠤ ᠳᠡᠭᠡᠳᠦ ᠬᠢᠵᠠᠭᠠᠷ ᠢ ᠳᠠᠪᠠᠭ᠋ᠤ᠂ ᠨᠠᠮ ᠤᠨ ᠡᠭᠦᠷ ᠢ ︽ᠪᠠᠶᠢᠭᠤᠯᠬᠤ︾᠂ ᠺᠠᠳ᠋ᠷ ᠢ ︽  ᠭᠦᠶᠦᠯᠭᠡᠬᠦ︾᠂ ᠲᠣᠰᠬᠤᠨ ᠤ ᠠᠷᠠᠳ ᠢ ︽ᠵᠣᠭᠤᠰ ᠬᠤᠪᠢᠶᠠᠬᠤ︾ ᠶᠢ ᠪᠡᠶᠡᠯᠡᠭᠦᠯᠵᠦ᠂ ︽ᠣᠯᠠᠨ ᠲᠦᠮᠡᠨ ᠢ ᠳᠠᠶᠢᠴᠢᠯᠠᠨ ᠬᠢᠬᠦ︾ ᠠᠴᠠ ︽ᠣᠯᠠᠨ ᠲᠦᠮᠡᠨ ᠢ ᠳᠠᠭᠠᠭᠤᠯᠤᠨ ᠬᠢᠬᠦ︾ ᠬᠤᠪᠢᠷᠠᠯᠲᠠ ᠶᠢ ᠪᠡᠶᠡᠯᠡᠭᠦᠯᠵᠦ᠂ ᠨᠢᠭᠡᠳᠦᠭᠡᠷ ᠤᠯᠠᠷᠢᠯ ᠳᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠨᠢᠭᠡᠨᠲᠡ 164 ᠲᠦᠮᠡᠨ ᠲᠥᠭᠦᠷᠢᠭ ᠲᠤ ᠬᠦᠷᠴᠡᠢ᠃      ᠨᠠᠮ ᠤᠨ ᠡᠭᠦᠷ ᠤᠨ ᠳᠠᠭᠠᠭᠤᠯᠤᠨ ᠭᠦᠢᠴᠡᠳᠭᠡᠬᠦ ᠲᠤᠭ ︽ᠤᠯᠠᠭᠠᠨ︾᠃ ︽ᠬᠤᠷᠰᠢᠶ᠎ᠠ ᠨᠢ ᠨᠠᠮ ᠤᠨ ᠬᠢ ᠪᠠᠶᠢᠬᠤ︾᠂ ︽ᠬᠡᠷᠡᠭ ᠡᠷᠬᠢᠯᠡᠭᠴᠢᠳ ᠤᠨ ᠳᠠᠷᠤᠭ᠎ᠠ ᠨᠢ ᠨᠠᠮ ᠤᠨ ᠬᠢ ᠪᠠᠶᠢᠬᠤ︾᠂ ︽ᠰᠢᠢᠳᠪᠦᠷᠢᠲᠦ ᠪᠤᠳᠤᠯᠭ᠎ᠠ ᠲᠣᠭᠲᠠᠭᠠᠬᠤ ᠡᠷᠬᠡ ᠨᠢ ᠨᠠᠮ ᠤᠨ ᠬᠢ ᠪᠠᠶᠢᠬᠤ︾ ᠶᠢ ᠪᠠᠲᠤᠯᠠᠬᠤ ᠶᠢᠨ ᠲᠥᠯᠥᠭᠡ᠂ ᠬᠤᠸᠠᠢ ᠱᠦᠸᠧ ᠪᠠᠯᠭᠠᠰᠤᠨ ᠤ ᠨᠠᠮ ᠤᠨ ᠬᠤᠷᠢᠶ᠎ᠠ ᠤᠳᠤ ᠪᠠᠶᠢᠭ᠎ᠠ ᠲᠣᠰᠬᠤᠨ ᠤ ᠬᠠᠮᠲᠤ ᠶᠢᠨ ᠡᠬᠢ ᠪᠠᠶᠠᠯᠢᠭ ᠢ ᠵᠣᠬᠢᠶᠠᠨ ᠪᠠᠶᠢᠭᠤᠯᠤᠯᠲᠠ ᠪᠠᠨ ᠳᠠᠬᠢᠨ ᠰᠢᠯᠢᠳᠡᠭᠵᠢᠭᠦᠯᠵᠦ᠂ 11 ᠲᠣᠰᠬᠤᠨ ᠤ ᠬᠠᠮᠲᠤ ᠶᠢᠨ ᠠᠵᠤ ᠠᠬᠤᠢ ᠶᠢᠨ ᠡᠳ᠋ ᠬᠦᠷᠦᠩᠭᠡ ᠶᠢ 580 ᠲᠦᠮᠡᠨ ᠲᠥᠭᠦᠷᠢᠭ ᠨᠡᠶᠢᠳᠬᠡᠵᠦ᠂ 4 ᠲᠣᠰᠬᠤᠨ ᠤ ᠨᠠᠮ ᠤᠨ ᠡᠭᠦᠷ ᠤᠨ ᠱᠦᠵᠢ ᠲᠣᠰᠬᠤᠨ ᠢ ᠲᠥᠯᠥᠭᠡᠯᠡᠨ ᠬᠠᠮᠲᠤ ᠪᠠᠷ ᠳᠦᠷᠪᠡᠨ ᠺᠣᠮᠫᠠᠨᠢ ᠪᠠᠶᠢᠭᠤᠯᠵᠤ᠂ ᠬᠡᠷᠡᠭ ᠡᠷᠬᠢᠯᠡᠭᠴᠢᠳ ᠤᠨ ᠳᠠᠷᠤᠭ᠎ᠠ ᠪᠠ ᠶᠡᠷᠦᠩᠬᠡᠢ ᠳᠠᠭᠠᠭᠠᠮᠠᠯ ᠤᠨ ᠲᠤᠰᠢᠶᠠᠯ ᠢ ᠡᠭᠦᠷᠭᠡᠯᠡᠵᠦ᠂ ︽ᠪᠠᠭ᠎ᠠ ᠵᠣᠬᠢᠶᠠᠨ ᠪᠠᠶᠢᠭᠤᠯᠤᠯᠲᠠ︾ ᠶᠢ ︽ᠶᠡᠭᠡ ᠨᠠᠮ ᠤᠨ ᠡᠭᠦᠷ︾ ᠪᠣᠯᠭᠠᠪᠠ᠃ ᠺᠣᠮᠫᠠᠨᠢ ᠶᠢᠨ ᠬᠠᠮᠢᠶᠠᠷᠤᠯᠲᠠ ᠶᠢᠨ ᠵᠠᠭᠪᠤᠷ ᠨᠢ ᠬᠤᠯᠪᠣᠭᠠᠲᠤ ᠬᠤᠷᠰᠢᠶ᠎ᠠ ᠶᠢᠨ ᠠᠷᠭ᠎ᠠ ᠬᠡᠯᠪᠡᠷᠢ ᠶᠢ ᠠᠪᠴᠤ᠂ ᠦᠢᠯᠡᠴᠢᠯᠡᠭᠡᠨ ᠤ ᠬᠡᠯᠪᠡᠷᠢ ᠶᠢᠨ ᠪᠠ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠶᠢᠨ ᠬᠤᠷᠰᠢᠶ᠎ᠠ ᠶᠢ ᠳᠠᠭᠠᠭᠤᠯᠤᠨ ᠡᠷᠭᠢᠯᠡᠵᠦ᠂ ᠰᠠᠯᠠᠭᠠᠨ ᠤ ᠲᠠᠰ ᠤᠨ ᠺᠠᠳ᠋ᠷ ᠢ ᠰᠣᠩᠭᠤᠨ ᠲᠣᠮᠢᠯᠠᠵᠤ ᠺᠣᠮᠫᠠᠨᠢ ᠶᠢᠨ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠣᠭᠴᠢ ᠪᠣᠯᠭᠠᠵᠤ᠂ ᠨᠠᠮ ᠤᠨ ᠡᠭᠦᠷ ᠤᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠬᠤᠷᠰᠢᠶ᠎ᠠ ᠶᠢᠨ ᠠᠵᠤ ᠠᠬᠤᠶ ᠶᠢᠨ ᠳᠠᠪᠠᠭᠤᠯᠢᠭ ᠵᠢᠴᠢ ᠣᠯᠠᠨ ᠲᠦᠮᠡᠨ ᠤ ᠴᠢᠳᠠᠮᠠᠭᠠᠶ ᠴᠢᠨᠠᠷ ᠲᠠᠢ ᠤᠶᠠᠯᠳᠤᠭᠤᠯᠵᠤ᠂ ᠠᠵᠤ ᠦᠢᠯᠡᠳᠪᠦᠷᠢᠵᠢᠯᠲᠡ ᠶᠢᠨ ᠰᠡᠳᠬᠢᠬᠦᠶ ᠪᠠᠷ ᠬᠥᠳᠡᠭᠡ ᠲᠣᠰᠬᠤᠨ ᠢ ᠡᠵᠡᠩᠨᠡᠵᠦ᠂ ᠵᠠᠬ᠎ᠠ ᠳᠡᠯᠭᠡᠭᠦᠷᠴᠢᠯᠡᠬᠦ ᠠᠷᠭ᠎ᠠ ᠬᠡᠯᠪᠡᠷᠢ ᠪᠠᠷ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ︽ᠬᠠᠲᠠᠭᠤ ᠴᠥᠮ᠎ᠡ ᠶᠢᠨ ᠪᠠᠬᠢᠯᠡᠯᠲᠡ︾ ᠶᠢ ᠪᠠᠶᠢᠭᠤᠯᠵᠤ᠂ ᠡᠯ᠎ᠡ ᠲᠣᠰᠬᠤᠨ ᠤ ᠠᠭᠤᠰᠤᠯᠴᠠᠨ ᠬᠥᠭᠵᠢᠵᠦ᠂ ᠪᠦᠯᠬᠦᠮᠳᠡᠨ ᠬᠥᠭᠵᠢᠬᠦ ᠶᠢ ᠬᠥᠲᠥᠯᠥᠨ ᠳᠠᠭᠠᠭᠤᠯᠤᠨ᠎ᠠ᠃       ᠲᠥᠷᠥᠯ ᠵᠦᠢᠯ ᠢᠶᠠᠷ ᠭᠤᠤᠯ ᠪᠣᠯᠭᠠᠭᠰᠠᠨ ᠬᠥᠭᠵᠢᠯᠲᠡ᠃ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠬᠤᠸᠠᠢ ᠱᠦᠸᠧ ᠪᠠᠯᠭᠠᠰᠤ ᠨᠢ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠲᠠᠯ᠎ᠠ ᠪᠠᠷ ᠲᠦᠷᠦᠯ ᠵᠦᠢᠯ᠂ ᠪᠡᠯᠡ ᠮᠥᠩᠭᠦ ᠪᠣᠯᠤᠨ ᠮᠡᠷᠭᠡᠵᠢᠯ ᠢᠶᠠᠨ ᠨᠡᠶᠢᠳᠬᠡᠬᠦ ᠶᠢᠨ ᠬᠠᠮᠲᠤ ︽ᠨᠢᠭᠡᠳᠭᠡᠵᠦ︾᠂ ᠨᠢᠭᠡᠳᠦᠯᠲᠡᠢ ᠡᠵᠡᠩᠨᠡᠵᠦ᠂ ᠤᠬᠠᠭᠤᠯᠵᠤ᠂ ᠡᠵᠡᠩᠨᠡᠨ ᠪᠣᠷᠣᠯᠠᠭᠤᠯᠵᠤ᠂ ︽ᠪᠠᠭ᠎ᠠ ᠲᠦᠷᠦᠯ ᠵᠦᠢᠯ︾ ᠢ ︽ᠲᠤᠮᠤ ᠠᠵᠤ  ᠦᠢᠯᠡᠰ︾ ᠪᠣᠯᠭᠠᠪᠠ᠃  ᠱᠦᠸᠧ ᠰᠢᠩ ᠺᠣᠮᠫᠠᠨᠢ ᠨᠢ ᠪᠥᠬᠦ ᠪᠠᠯᠭᠠᠰᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠬᠥᠳᠡᠯᠮᠦᠷᠢ ᠦᠢᠯᠡᠴᠢᠯᠡᠭᠡᠨ ᠤ ᠵᠠᠭᠤᠴᠢ ᠦᠢᠯᠡᠴᠢᠯᠡᠭᠡ ᠶᠢ ᠵᠠᠯᠭᠠᠨ ᠠᠪᠴᠤ᠂ ᠵᠢᠱᠢᠯᠲᠡ ᠪᠠᠷ ᠵᠢᠯ ᠤᠨ ᠣᠷᠣᠯᠭ᠎ᠠ ᠨᠢ 50 ᠲᠦᠮᠡᠨ ᠲᠥᠭᠦᠷᠢᠭ ᠠᠴᠠ ᠳᠡᠭᠡᠭᠰᠢ ᠪᠣᠯᠤᠨ᠎ᠠ︔ ᠱᠦᠸᠧ ᠸᠠᠩ ᠺᠣᠮᠫᠠᠨᠢ ︽ᠬᠤᠨᠴᠢᠷ ᠲᠠᠬᠢᠶ᠎ᠠ︾ ᠶᠢᠨ ᠲᠦᠷᠦᠯ ᠵᠦᠢᠯ ᠢ ᠬᠡᠷᠡᠭᠵᠢᠭᠦᠯᠵᠦ᠂ ᠵᠢᠱᠢᠯᠲᠡ ᠪᠠᠷ ᠵᠢᠵᠢᠭᠯᠡᠨ ᠬᠤᠳᠠᠯᠳᠤᠬᠤ ᠬᠡᠮᠵᠢᠶ᠎ᠡ ᠨᠢ 500 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠨᠢᠭᠡᠳᠦᠯᠲᠡᠢ ᠣᠷᠣᠭᠤᠯᠬᠤ ᠳᠡᠭᠡᠳᠦ ᠬᠢᠵᠠᠭᠠᠷ ᠤᠨ ᠬᠠᠷᠠᠯᠲᠠ ᠶᠢ ᠪᠡᠶᠡᠯᠡᠭᠦᠯᠬᠦ ᠪᠣᠯᠤᠨ᠎ᠠ︔ ᠱᠥᠸᠧ ᠹᠠ ᠺᠣᠮᠫᠠᠨᠢ ᠰᠦᠯᠵᠢᠶᠡᠨ ᠳᠡᠭᠡᠷ᠎ᠡ ᠰᠦᠯᠵᠢᠶᠡᠨ ᠠᠴᠠ ᠭᠠᠳᠠᠨ᠎ᠠ ᠪᠣᠷᠣᠯᠠᠭᠤᠯᠬᠤ ᠵᠠᠭᠪᠤᠷ ᠢᠶᠠᠷ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠵᠠᠮ ᠢ ᠨᠡᠭᠡᠭᠡᠵᠦ᠂ ᠵᠢᠱᠢᠯᠲᠡ ᠪᠠᠷ ᠵᠢᠯ ᠤᠨ ᠣᠷᠣᠯᠭ᠎ᠠ ᠨᠢ 100 ᠲᠦᠮᠡᠨ ᠲᠥᠭᠦᠷᠢᠭ ᠠᠴᠠ ᠳᠡᠭᠡᠭᠰᠢ ᠪᠣᠯᠤᠨ᠎ᠠ︔ ᠱᠦᠸᠧ ᠳ᠋ᠠ ᠺᠣᠮᠫᠠᠨᠢ ᠶᠢᠨ ᠬᠢᠨ ᠲᠠᠷᠢᠶᠠᠨ ᠭᠠᠵᠠᠷ ᠢ ᠭᠦᠨ ᠰᠤᠯᠠᠷᠠᠭᠤᠯᠬᠤ᠂ ᠲᠠᠷᠢᠮᠠᠯ ᠤᠨ ᠦᠨᠳᠦᠰᠦ ᠭᠤᠤᠷᠰᠤ ᠵᠢᠴᠢ ᠦᠯᠡᠳᠡᠭᠳᠡᠯ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠵᠦ᠂ ᠵᠢᠱᠢᠯᠲᠡ ᠪᠠᠷ ᠵᠢᠯ ᠤᠨ ᠣᠷᠣᠯᠭ᠎ᠠ ᠨᠢ 350 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠨᠠᠮ ᠤᠨ ᠡᠭᠦᠷ ᠤᠨ ︽ᠬᠤᠪᠢᠰᠬᠠᠯᠲᠤ︾ ᠡᠭᠦᠷᠭᠡ ᠴᠢᠳᠠᠪᠬᠢ ᠪᠣᠯᠤᠨ ᠠᠵᠤ ᠦᠢᠯᠡᠰ ᠤᠨ ︽ᠪᠣᠬᠢᠷᠲᠤᠯ ᠦᠭᠡᠢ︾ ᠬᠥᠭᠵᠢᠯᠲᠡ ᠶᠢ ᠬᠠᠷᠢᠯᠴᠠᠨ ᠠᠬᠢᠭᠤᠯᠪᠠ᠃       ᠲᠠᠷᠢᠶᠠᠯᠠᠩ ᠲᠠᠢ ᠬᠤᠯᠪᠣᠭᠠᠯᠠᠨ ᠠᠷᠭ᠎ᠠ ᠤᠬᠠᠭᠠᠨ ᠭᠠᠷᠭᠠᠬᠤ᠃ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠳᠤᠮᠳᠠᠬᠢ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ︽ᠴᠡᠪᠡᠷ ᠠᠰᠢᠭ︾ ᠤᠨ ᠦᠢᠯᠡᠳᠣᠯ ᠢ  ᠭᠦᠢᠴᠡᠳ ᠪᠠᠳᠠᠷᠠᠭᠤᠯᠵᠤ᠂ ︽ᠠᠰᠢᠭ ᠲᠤᠰᠠ ᠶᠢ ᠬᠤᠯᠪᠣᠬᠤ᠂ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ᠂ ᠬᠤᠪᠢ ᠣᠷᠣᠭᠤᠯᠤᠯᠲᠠ ᠶᠢ ᠲᠠᠲᠠᠬᠤ︾ ᠳᠡᠭᠡᠷ᠎ᠡ ᠬᠦᠴᠦ ᠣᠷᠣᠭᠤᠯᠵᠤ᠂ ︽ᠵᠢᠵᠢᠭ ᠬᠤᠪᠢ ᠣᠷᠣᠭᠤᠯᠤᠭᠴᠢ︾ ᠶᠢ ︽ᠲᠣᠮᠣ ᠭᠤᠤᠯ ᠲᠣᠭᠯᠠᠭᠴᠢ︾ ᠪᠣᠯᠭᠠᠨ ᠬᠤᠪᠢᠷᠠᠭᠤᠯᠤᠨ᠎ᠠ᠃ 2023 ᠣᠨ ᠳᠤ ︽ᠬᠤᠨᠴᠢᠷ ᠲᠠᠬᠢᠶ᠎ᠠ︾ ᠶᠢᠨ ᠲᠥᠷᠥᠯ  ᠵᠦᠢᠯ ᠳᠤ 3 . 5 ᠲᠦᠮᠡᠨ ᠲᠠᠬᠢᠶ᠎ᠠ ᠲᠡᠵᠢᠭᠡᠬᠦ ᠪᠠᠷ ᠲᠥᠯᠥᠪᠯᠡᠵᠦ ᠪᠣᠶ᠂ ᠡᠭᠦᠨ ᠳᠤ ᠪᠥᠬᠦ ᠪᠠᠯᠭᠠᠰᠤᠨ ᠤ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠨᠢ 1 ᠲᠦᠮᠡᠨ ᠲᠥᠭᠦᠷᠢᠭ ᠠᠴᠠ ᠳᠣᠷᠣᠭᠰᠢᠬᠢ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ ᠡᠷᠦᠬᠡ 183 ᠪᠠᠶᠢᠵᠤ᠂ ᠬᠤᠪᠢ ᠪᠦᠷᠢ 525 ᠲᠥᠭᠦᠷᠢᠭ ᠢᠶᠠᠷ ᠬᠤᠨᠴᠢᠷ ᠲᠠᠬᠢᠶ᠎ᠠ ᠶᠢ 6405 ᠲᠡᠵᠢᠭᠡᠵᠦ᠂ ᠲᠤᠷᠰᠢᠯᠲᠠ ᠶᠢᠨ ᠴᠡᠭ ᠤᠨ ᠲᠣᠰᠬᠤᠨ ᠤ ᠪᠠᠶᠢᠩᠭᠤ ᠰᠠᠭᠤᠭ᠎ᠠ ᠡᠷᠦᠬᠡ 344 ᠡᠷᠦᠬᠡ ᠬᠤᠪᠢ ᠪᠦᠷᠢ 1050 ᠲᠥᠭᠦᠷᠢᠭ ᠢᠶᠠᠷ 12040 ᠶᠢ ᠣᠷᠣᠯᠠᠨ ᠲᠡᠵᠢᠭᠡᠵᠦ᠂ ᠡᠷᠦᠬᠡ ᠳᠤᠮᠳᠠᠴᠢ ᠶᠢᠨ ᠴᠡᠪᠡᠷ ᠣᠷᠣᠯᠭ᠎ᠠ ᠨᠢ 1050 ᠲᠥᠭᠦᠷᠢᠭ ᠪᠣᠯᠤᠨ᠎ᠠ︔ ᠱᠦᠸᠧ ᠳ᠋ᠠ ᠺᠣᠮᠫᠠᠨᠢ ᠲᠣᠰᠬᠤᠨ ᠤ ᠠᠷᠠᠳ ᠢ ᠳᠠᠶᠢᠴᠢᠯᠠᠨ ᠲᠠᠷᠢᠶᠠᠯᠠᠩ ᠤᠨ ᠮᠠᠰᠢᠨ ᠪᠠᠭᠠᠵᠢ ᠪᠠᠷ ᠬᠤᠷᠰᠢᠶ᠎ᠠ ᠳᠤ ᠣᠷᠣᠭᠤᠯᠵᠤ᠂ ᠺᠣᠮᠫᠠᠨᠢ ᠶᠢᠨ ᠳᠠᠭᠠᠭᠠᠴᠢᠯᠠᠭᠰᠠᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠥᠷᠥᠯ ᠵᠦᠢᠯ ᠢ ᠲᠣᠭᠤᠷᠢᠭ ᠬᠤᠪᠢᠶᠠᠨ ᠬᠤᠪᠢᠶᠠᠷᠢᠯᠠᠵᠤ᠂ ᠠᠵᠢᠯ ᠤᠨ ᠮᠥ ᠶᠢᠨ ᠲᠤᠭ᠎ᠠ ᠪᠠᠷ ᠠᠰᠢᠭ ᠣᠷᠣᠯᠭ᠎ᠠ ᠬᠤᠪᠢᠶᠠᠨ ᠨᠡᠮᠡᠭᠳᠡᠭᠦᠯᠵᠦ᠂ ᠣᠲᠣ ᠨᠢᠭᠡᠨᠲᠡ ᠲᠣᠰᠬᠤᠨ ᠤ ᠬᠠᠮᠲᠤ ᠶᠢᠨ 23 ᠪᠠ ᠲᠣᠰᠬᠤᠨ ᠤ ᠠᠷᠠᠳ ᠤᠨ 10 ᠡᠷᠦᠬᠡ 14 ᠲᠠᠷᠢᠶᠠᠯᠠᠩ ᠤᠨ ᠮᠠᠰᠢᠨ ᠪᠠᠭᠠᠵᠢ ᠶᠢ ᠡᠮᠬᠢᠯᠡᠨ ᠨᠡᠶᠢᠯᠡᠭᠦᠯᠵᠦ ᠬᠤᠷᠰᠢᠶ᠎ᠠ ᠳᠤ ᠬᠤᠪᠢ ᠣᠷᠣᠭᠤᠯᠤᠨ᠂ ᠲᠣᠰᠬᠤᠨ ᠤ ᠠᠷᠠᠳ ᠤᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠳᠤᠮᠳᠠᠬᠢ ︽ᠡᠵᠡᠨ ᠬᠥᠮᠦᠨ︾ ᠤ ᠤᠬᠠᠮᠰᠠᠷ ᠢ ᠬᠥᠭᠵᠢᠭᠡᠵᠦ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ︽ᠨᠢᠭᠡ ᠬᠥᠯᠭᠡ ᠰᠢᠲᠠᠷ᠎ᠠ︾ ᠶᠢᠨ ᠨᠡᠶᠢᠯᠡᠮᠡᠯ ᠬᠦᠴᠦᠨ ᠢ ᠪᠣᠶ ᠪᠣᠯᠭᠠᠪᠠ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号