ᠲᠠᠷᠢᠶᠠᠯᠠᠩ ᠤᠨ ᠡᠳ᠋ ᠪᠠᠷᠠᠭ᠎ᠠ ᠶᠢ ᠭᠦᠢᠴᠡᠳ ᠨᠦᠬᠦᠪᠦᠷᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠣᠷ ᠬᠢᠨ᠎ᠡ
ᠨᠡᠶᠢᠲᠡᠯᠡᠭᠰᠡᠨ ᠴᠠᠭ᠄
2023/4/9
    ᠵᠢᠯ ᠤᠨ ᠠᠵᠢᠯ ᠬᠠᠪᠤᠷ ᠲᠤ᠂ ᠵᠢᠯ ᠤᠨ ᠰᠠᠶᠢᠬᠠᠨ ᠬᠠᠪᠤᠷ ᠲᠤ᠃ ᠣᠳᠣᠬᠠᠨ ᠳᠤ᠂ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠦᠶ᠎ᠡ ᠳᠤ᠂ ᠭᠦᠶᠡᠩ ᠰᠢᠶᠠᠨ ᠠᠮᠤ ᠪᠤᠳᠠᠭᠠᠨ ᠤ ᠦᠢᠯᠡᠳᠪᠦᠷᠢᠯᠡᠯ ᠤᠨ ᠭᠤᠤᠯ ᠱᠤᠭᠤᠮ ᠢ ᠴᠢᠩᠭ᠎ᠠ ᠠᠳᠬᠤᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠥᠷᠨᠢᠭᠦᠯᠵᠦ᠂ ᠡᠭᠦᠯᠳᠡᠷ ᠰᠣᠩᠭᠤᠬᠤ᠂ ᠪᠣᠷᠲᠣᠭᠤᠷ ᠪᠡᠯᠡᠳᠬᠡᠬᠦ᠂ ᠲᠥᠬᠦᠭᠡᠷᠦᠮᠵᠢ ᠵᠠᠰᠠᠬᠤ᠂ ᠮᠡᠷᠭᠡᠵᠢᠯ ᠣᠯᠭᠤᠬᠤ᠂ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠪᠡᠯᠡᠳᠬᠡᠬᠦ᠂ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ‌‍ᠭᠦ᠋ᠢᠴᠡᠳ ᠪᠠᠶᠢᠬᠤ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠳᠤ ︽ᠠᠩᠬᠠᠨ ᠤ ᠰᠢᠲᠠᠷ᠎ᠠ︾ ᠶᠢ ᠰᠠᠶᠢᠲᠤᠷ ᠲᠠᠯᠪᠢᠬᠤ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃       ᠭᠦᠶᠡᠩ ᠰᠢᠶᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠡᠵᠡᠩᠨᠡᠨ ᠪᠣᠷᠣᠯᠠᠭᠤᠯᠬᠤ ᠳᠡᠯᠭᠡᠭᠦᠷ ᠲᠤ ᠂ᠡᠯ᠎ᠡ ᠵᠦᠢᠯ ‍ᠤᠨ‌‍ᠲ᠋ᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠡᠷᠢ ᠲᠡᠭᠰᠢ ᠲᠠᠯᠪᠢᠵᠤ᠂ ᠳᠡᠯᠭᠡᠭᠦᠷ ᠤᠨ ᠳᠣᠲᠣᠷᠠᠬᠢ ᠦᠷ᠎ᠡ᠂ ᠬᠢᠮᠢ ᠶᠢᠨ ᠪᠣᠷᠲᠣᠭᠤᠷ ᠵᠡᠷᠭᠡ ᠴᠥᠮ ᠪᠦᠷᠢᠨ ᠪᠠᠶᠢᠨ᠎ᠠ᠃ ᠲᠠᠷᠢᠶᠠᠯᠠᠩ ᠤᠨ ᠬᠡᠷᠡᠭᠰᠡᠯ ᠬᠤᠳᠠᠯᠳᠤᠨ ᠠᠪᠬᠤ ᠪᠠᠷ ᠢᠷᠡᠭᠰᠡᠨ ᠲᠠᠷᠢᠶᠠᠯᠠᠬᠤ ᠣᠷᠣᠨ ᠤ ᠰᠠᠭᠤᠭᠠᠯᠢ ᠠᠷᠠᠳ ᠥᠪᠡᠷ ᠤᠨ ᠬᠡᠷᠡᠭᠴᠡᠭᠡ ᠪᠠᠨ ᠦᠨᠳᠦᠰᠦᠯᠡᠨ ᠨᠠᠷᠢᠨ ᠨᠢᠮᠪᠠᠶ ᠰᠣᠩᠭᠤᠨ ᠬᠤᠳᠠᠯᠳᠤᠨ ᠠᠪᠴᠤ᠂ ᠪᠣᠷᠣᠯᠠᠭᠤᠯᠵᠤ ᠪᠠᠶᠢᠭ᠎ᠠ ᠬᠥᠮᠦᠰ ᠬᠠᠯᠠᠭᠤᠨ ᠢᠶᠠᠷ ᠲᠠᠨᠢᠯᠴᠠᠭᠤᠯᠵᠤ᠂ ᠮᠠᠰᠢ ᠶᠠᠭᠠᠷᠠᠯᠲᠠᠶ ᠪᠠᠶᠢᠯ᠎ᠠ᠃ ︽ᠪᠢᠳᠡ ᠨᠢᠭᠡᠨᠲᠡ 20 ᠭᠠᠷᠤᠶ ᠲᠣᠨ ᠡᠷᠳᠡᠨᠢ ᠰᠢᠰᠢ ᠶᠢᠨ ᠦᠷ᠎ᠡ ᠂ 800 ᠭᠠᠷᠤᠶ ᠲᠣᠨ ᠡᠯ᠎ᠡ  ᠵᠦᠢᠯ ᠤᠨ ᠪᠣᠷᠲᠣᠭᠤᠷ ᠨᠥᠭᠡᠴᠡᠯᠡᠵᠦ᠂  ᠭᠦᠢᠴᠡᠳ ᠪᠠᠷᠠᠭ᠎ᠠ ᠨᠥᠭᠡᠴᠡᠯᠡᠵᠦ ᠪᠠᠶᠢᠨ᠎ᠠ ᠂ ᠦᠷ᠎ᠡ ᠪᠠ ᠪᠣᠷᠲᠣᠭᠤᠷ ᠤᠨ ᠶᠠᠰᠤ ᠴᠢᠨᠠᠷ ᠢ ᠴᠤ ᠴᠢᠩᠭ᠎ᠠ ᠰᠢᠯᠢᠨ ᠰᠣᠩᠭᠤᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠵᠤ ᠪᠠᠶᠢᠨ᠎ᠠ᠃︾ ᠭᠡᠵᠦ ᠴᠧᠩ ᠰᠢᠨ ᠲᠠᠷᠢᠶᠠᠯᠠᠩ ᠤᠨ ᠡᠳ᠋ ᠪᠠᠷᠠᠭ᠎ᠠ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠵᠠᠩ ᠰᠢᠶᠤᠤ ᠶᠠᠨ ᠰᠤᠷᠪᠤᠯᠵᠢᠯᠠᠭᠴᠢ ᠳᠤ ᠬᠡᠯᠡᠪᠡ᠃       ᠬᠠᠪᠤᠷ ᠤᠨ ᠠᠭᠤᠷ ᠤᠷᠤᠭᠰᠠᠨ ᠠᠴᠠ ᠨᠠᠭᠠᠰᠢ᠂ ᠭᠦᠶᠡᠩ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠷᠲᠡᠬᠡᠨ ᠬᠥᠳᠡᠯᠦᠯᠴᠡᠵᠦ᠂ ᠡᠷᠲᠡᠬᠡᠨ ᠪᠡᠯᠡᠳᠬᠡᠵᠦ᠂ ᠭᠠᠷᠠᠭ ᠪᠦᠷᠢ ᠲᠣᠬᠢᠷᠠᠭᠤᠯᠬᠤ ᠪᠠᠷ ᠳᠡᠮᠵᠢᠨ᠂ ᠪᠥᠬᠦ ᠰᠢᠶᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠯᠲᠡ ᠶᠢᠨ ᠪᠠᠶᠢᠳᠠᠯ ᠢ ᠡᠵᠡᠮᠰᠢᠵᠦ᠂ ᠲᠠᠷᠢᠶᠠᠯᠠᠩ ᠤᠨ  ᠦᠢᠯᠡᠳᠪᠦᠷᠢᠯᠡᠯ ᠤᠨ ᠬᠡᠷᠡᠭᠰᠡᠯ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠵᠣᠬᠢᠶᠠᠨ ᠪᠠᠶᠢᠭᠤᠯᠵᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠬᠡᠷᠡᠭᠰᠡᠬᠦ ᠦᠷ᠎ᠡ᠂ ᠬᠢᠮᠢ ᠶᠢᠨ ᠪᠣᠷᠲᠣᠭᠤᠷ᠂ ᠲᠠᠷᠢᠶᠠᠨ ᠡᠮ᠂ ᠲᠠᠷᠢᠶᠠᠯᠠᠩ ᠤᠨ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ ‍ᠤᠨ‌ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠢᠳᠡᠪᠬᠢᠲᠡᠶ ᠨᠥᠭᠡᠴᠡᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠣᠶᠢᠯᠠᠭᠠᠵᠤ᠂ ᠨᠥᠭᠦᠭᠡ ᠲᠠᠯ᠎ᠠ ᠪᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠡᠬᠡ ᠲᠠᠩᠰᠠ ᠶᠢ ᠪᠠᠶᠢᠭᠤᠯᠵᠤ᠂ ᠥᠷᠭᠡᠨ ᠣᠯᠠᠨ ᠲᠠᠷᠢᠶᠠᠴᠢᠨ ᠡᠷᠦᠬᠡ ᠶᠢᠨ ᠬᠡᠷᠡᠭᠴᠡᠭᠡ ᠶᠢ ᠣᠶᠢᠯᠠᠭᠠᠵᠤ᠂ ᠥᠷᠭᠡᠨ ᠣᠯᠠᠨ ᠲᠠᠷᠢᠶᠠᠴᠢᠨ ᠡᠷᠦᠬᠡ ᠳᠤ ᠡᠯ᠎ᠡ ᠲᠥᠷᠥᠯ ᠤᠨ ᠲᠠᠷᠢᠶᠠᠯᠠᠩ ᠤᠨ  ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠴᠤ ᠥᠭᠴᠦ᠂ ᠡᠴᠦᠰ ᠤᠨ ᠨᠢᠭᠡ ᠺᠢᠯᠣᠮᠧᠲᠷ ᠤᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠡᠭᠦᠨ ᠤ ᠬᠠᠮᠲᠤ᠂ ᠬᠤᠶᠠᠷ ᠬᠤᠭᠤᠴᠠᠭᠠᠨ ᠤ ᠥᠨᠳᠥᠷ ᠬᠡᠪ ᠴᠢᠨᠠᠷ ᠪᠥᠬᠦᠶ ᠮᠠᠯᠴᠢᠨ ᠲᠠᠷᠢᠶᠠᠴᠢᠨ ᠤ ᠪᠣᠯᠪᠠᠰᠤᠷᠠᠯ ᠤᠨ ᠠᠩᠭᠢ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰᠬᠠᠶ ᠮᠡᠷᠭᠡᠵᠢᠯᠲᠡᠨ ᠢ ᠤᠷᠢᠵᠤ ᠬᠥᠷᠥᠰᠥ ᠰᠢᠷᠣᠶ ᠶᠢ ᠰᠢᠨᠵᠢᠨ ᠪᠣᠷᠲᠣᠭᠤᠷ ᠣᠷᠣᠭᠤᠯᠬᠤ᠂ ᠬᠤᠨᠴᠢᠷ ᠳᠠᠷᠢᠬᠤ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠳᠠᠷᠢᠬᠤ ᠵᠡᠷᠭᠡ ᠬᠡᠷᠡᠭᠯᠡᠭᠡᠨ ᠤ ᠮᠡᠷᠭᠡᠵᠢᠯ ᠢ ᠵᠢᠭᠠᠬᠤ ᠶᠢᠨ ᠬᠠᠮᠲᠤ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠭᠠᠵᠠᠷ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ᠂ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠮᠡᠷᠭᠡᠵᠢᠯ ᠤᠨ ᠵᠢᠯᠣᠭᠤᠳᠣᠯᠭ᠎ᠠ ᠬᠠᠩᠭᠠᠨ᠎ᠠ᠃ ︽ᠡᠨᠡ ᠵᠢᠯ᠂ ᠪᠥᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠲᠠᠯᠠᠪᠠᠶ ᠵᠢᠱᠢᠯᠲᠡ ᠪᠠᠷ 165 ᠲᠦᠮᠡᠨ ᠮᠥ ᠪᠠᠶᠢᠵᠤ᠂ ᠡᠭᠦᠨ ᠳᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ 85 ᠲᠦᠮᠡᠨ ᠮᠥ᠂ ᠲᠣᠰᠣᠯᠢᠭ ᠲᠠᠷᠢᠮᠠᠯ ᠤᠨ ᠲᠠᠯᠠᠪᠠᠶ ᠪᠠᠷᠤᠭ 50 ᠲᠦᠮᠡᠨ ᠮᠥ᠂ ᠬᠤᠨᠴᠢᠷ 6 ᠲᠦᠮᠡᠨ ᠮᠥ ᠪᠠᠶᠢᠵᠤ᠂ ᠪᠤᠰᠤᠳ ᠲᠠᠷᠢᠮᠠᠯ ᠤᠨ ᠲᠠᠯᠠᠪᠠᠶ ᠪᠠᠷᠤᠭ 24 ᠲᠦᠮᠡᠨ ᠮᠥ ᠪᠠᠶᠢᠵᠤ᠂ ᠲᠠᠷᠢᠶᠠᠯᠠᠩ ᠤᠨ ᠬᠡᠷᠡᠭᠰᠡᠯ ᠤᠨ ᠨᠥᠭᠡᠴᠡ ᠠᠮᠤ ᠪᠤᠳᠠᠭ᠎ᠠ ᠭᠦᠢᠴᠡᠳ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠬᠡᠷᠡᠭᠴᠡᠭᠡ ᠶᠢ ᠭᠦᠢᠴᠡᠳ ᠬᠠᠩᠭᠠᠪᠠ᠃︾ ᠭᠡᠵᠦ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠡᠳ᠋ ᠳᠠᠷᠤᠭ᠎ᠠ ᠵᠠᠩ ᠼᠠᠢ ᠰᠢᠶᠠ ᠬᠡᠯᠡᠪᠡ᠃      ᠭᠦᠶᠡᠩ ᠰᠢᠶᠠᠨ ᠠᠵᠠ ᠲᠣᠬᠢᠶᠠᠯ ᠢ ᠠᠮᠵᠢᠵᠤ᠂ ︽ᠬᠤᠷᠰᠢᠶ᠎ᠠ + ᠲᠠᠷᠢᠮᠠᠯ ᠤᠨ ᠲᠤᠮᠤ ᠡᠷᠦᠭᠡ + ᠲᠠᠷᠢᠶᠠᠴᠢᠨ︾ ᠤ ᠥᠨᠳᠥᠷ ᠪᠦᠲᠦᠮᠵᠢᠲᠡᠢ ᠵᠠᠭᠪᠤᠷ ᠢ ᠬᠡᠷᠡᠭᠵᠢᠭᠦᠯᠵᠦ᠂ ᠬᠤᠨᠴᠢᠷ ᠲᠠᠷᠢᠬᠤ ᠦᠢᠯᠡᠰ ᠢ ᠪᠦᠬᠦ ᠲᠠᠯ᠎ᠠ ᠪᠠᠷ ᠳᠡᠯᠭᠡᠷᠡᠭᠦᠯᠵᠦ᠂ ᠤᠨᠴᠠᠯᠢᠬᠳᠤ ᠠᠵᠤ ᠦᠢᠯᠡᠰ ᠤᠨ ᠬᠤᠨᠴᠢᠷ ᠲᠠᠷᠢᠬᠤ ᠪᠡᠯᠡᠳᠬᠡᠯ ᠠᠵᠢᠯ ᠢ ᠲᠦᠷᠦᠭᠦᠯᠡᠨ ᠥᠷᠨᠢᠭᠦᠯᠪᠡ᠃ ᠵᠢᠩᠬᠢᠨᠢ ᠲᠠᠷᠢᠶᠠᠯᠠᠩ ᠤᠨ ᠪᠦᠲᠦᠭᠡᠭᠳᠡᠬᠦᠨ ᠤ ᠲᠤᠰᠬᠠᠶ ᠬᠤᠷᠰᠢᠶ᠎ᠠ ᠶᠢᠨ ᠪᠣᠯᠪᠠᠰᠤᠷᠠᠭᠤᠯᠬᠤ  ᠦᠢᠯᠡᠳᠪᠦᠷᠢ ᠳᠤ᠂ ᠣᠷᠭᠠᠨᠢᠭ ᠪᠣᠷᠲᠣᠭᠤᠷ᠂ ᠬᠤᠨᠴᠢᠷ ᠳᠠᠷᠢᠬᠤ ᠤᠰᠤᠨ ᠠᠰᠢᠭᠯᠠᠯᠲᠠ ᠶᠢᠨ ᠤᠰᠤᠯᠠᠯᠲᠠ ᠶᠢᠨ ᠮᠠᠲ᠋ᠧᠷᠢᠶᠠᠯ ᠨᠢ ᠲᠡᠷᠢ ᠲᠡᠭᠰᠢ ᠡᠮᠬᠢ ᠵᠢᠷᠤᠮ ᠲᠠᠢ ᠪᠠᠷ ᠲᠠᠯᠪᠢᠭᠳᠠᠵᠤ ᠪᠠᠶᠢᠨ᠎ᠠ᠃ ︽ᠰᠢᠨ᠎ᠡ ᠨᠢᠭᠡ ᠡᠭᠡᠯᠵᠢ ᠶᠢᠨ ᠬᠤᠨᠴᠢᠷ ᠤᠳᠠᠯ ᠥᠬᠡᠶ ᠳᠠᠷᠢᠬᠤ ᠬᠤᠭᠤᠴᠠᠭᠠᠨ ᠳᠤ ᠣᠷᠣᠬᠤ ᠪᠣᠯᠤᠨ᠎ᠠ᠂ ᠣᠳᠣᠬᠠᠨ ᠳᠤ ᠡᠮ ᠳᠠᠷᠢᠬᠤ ᠲᠠᠷᠢᠶᠠᠴᠢᠳ ᠴᠥᠮ ᠲᠠᠷᠢᠶᠠᠨ ᠭᠠᠵᠠᠷ᠂ ᠳᠠᠭᠠᠭᠠᠴᠢᠯᠠᠭᠰᠠᠨ ᠭᠠᠵᠠᠷ ᠰᠢᠷᠣᠶ ᠪᠠᠨ ᠰᠣᠩᠭᠤᠵᠤ ᠪᠠᠶᠢᠨ᠎ᠠ᠂ ᠡᠨᠡ ᠵᠢᠯ ᠬᠤᠨᠴᠢᠷ ᠤᠨ ᠦᠨ᠎ᠡ ᠺᠢᠯᠣᠭ᠍ᠷᠠᠮ ᠪᠦᠷᠢ ᠳᠤ 6 ᠲᠥᠭᠦᠷᠢᠭ ᠥᠰᠴᠡᠶ᠂ ᠡᠨᠡ ᠵᠢᠯ ᠬᠤᠨᠴᠢᠷ ᠳᠠᠷᠢᠬᠤ ᠲᠠᠯᠠᠪᠠᠶ ᠶᠢ ᠤᠯᠠᠮ ᠨᠢᠭᠡ ᠠᠯᠬᠤᠮ ᠥᠷᠭᠡᠳᠬᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠬᠦᠰᠡᠵᠦ ᠪᠠᠶᠢᠨ᠎ᠠ᠃︾ ᠭᠡᠵᠦ ᠵᠢᠩᠬᠢᠨᠢ ᠲᠠᠷᠢᠶᠠᠯᠠᠩ ᠤᠨ ᠪᠦᠲᠦᠭᠡᠭᠳᠡᠬᠦᠨ ᠤ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠲᠠᠨ ᠹᠠᠨ ᠸᠧᠨ ᠬᠤᠩ ᠬᠡᠯᠡᠪᠡ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号