︽ᠰᠡᠳᠬᠢᠯ ᠬᠤᠯᠪᠣᠬᠤ ᠬᠥᠭᠦᠷᠭᠡ︾ ᠶᠢ ᠪᠠᠲᠤ ᠴᠣᠭᠴᠠᠯᠠᠵᠤ᠂ ᠭᠦᠶᠡᠩ ᠰᠢᠶᠠᠨ 12345 ᠬᠠᠯᠠᠮᠰᠢᠯ ᠤᠲᠠᠰᠤᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/5/20
      ︽12345︾ ᠡᠯ᠎ᠡ ᠳᠠᠭᠠᠭᠠᠨ ᠭᠦᠢᠴᠡᠳᠬᠡᠬᠦ ᠨᠢᠭᠡᠴᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠦᠢᠴᠡᠳᠬᠡᠬᠦ ᠴᠤᠪᠤᠷᠠᠯ ᠢ ᠵᠢᠷᠤᠮᠵᠢᠭᠤᠯᠤᠨ᠂ ᠬᠠᠯᠠᠮᠰᠢᠯ ᠤᠲᠠᠰᠤ ᠪᠠᠷ ᠭᠦᠢᠴᠡᠳᠬᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠬᠠᠯᠠᠮᠰᠢᠯ ᠤᠲᠠᠰᠤ ᠶᠢᠨ ᠠᠵᠢᠯ ᠤᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠪᠠᠶᠢᠬᠤ ᠶᠢ ᠦᠨᠡᠨᠬᠦ ᠪᠠᠲᠤᠯᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠲᠣᠭᠠᠴᠢᠬᠤ ᠠᠷᠭ᠎ᠠ ᠵᠠᠮ ᠢ ᠰᠢᠯᠤᠭᠤᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠤᠰᠠᠳᠠ᠂ 5 ᠰᠠᠷ᠎ᠠ ᠶᠢᠨ 17 ᠤ ᠡᠳᠦᠷ᠂ ᠭᠦᠶᠡᠩ ᠰᠢᠶᠠᠨ ︽12345︾ ᠬᠠᠯᠠᠮᠰᠢᠯ ᠤᠲᠠᠰᠤᠨ ᠤ ᠠᠵᠢᠯᠴᠢᠨ ᠤ ᠲᠠᠩᠭᠠᠷ ᠠᠵᠢᠯᠯᠠᠬᠤ ᠭᠠᠵᠠᠷ ᠤᠨ ᠠᠯᠪᠠᠨ ᠭᠡᠷ ᠤᠨ ᠠᠵᠢᠯ ᠤᠨ ᠪᠣᠯᠪᠠᠰᠤᠷᠠᠯ ᠤᠨ ᠬᠤᠷᠠᠯ ᠬᠢᠪᠠ᠃       ᠬᠤᠷᠠᠯ ᠠᠴᠠ ᠬᠤᠲᠠ ᠶᠢᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠧᠨ ᠵᠢᠶᠠᠨ ᠮᠢᠩ᠂ ᠬᠤᠲᠠ ᠶᠢᠨ ︽12345︾ ᠬᠠᠯᠠᠮᠰᠢᠯ ᠤᠲᠠᠰᠤ ᠶᠢᠨ ᠲᠤᠰᠬᠠᠢ ᠠᠩᠭᠢ ᠶᠢᠨ ᠬᠠᠷᠢᠭᠤᠴᠠᠯᠭᠠᠲᠠᠨ ᠵᠢᠴᠢ ᠬᠤᠲᠠ ᠶᠢᠨ ᠬᠠᠯᠠᠮᠰᠢᠯ ᠤᠲᠠᠰᠤ ᠶᠢᠨ ᠡᠵᠡᠩᠨᠡᠯᠲᠡ ᠶᠢᠨ ᠪᠦᠯᠬᠦᠮ ᠤᠨ 6 ᠲᠤᠬᠠᠶᠢᠯᠠᠭᠰᠠᠨ ᠠᠵᠢᠯ ᠤᠨ ᠭᠤᠣᠯᠯᠠᠭᠴᠢ ᠶᠢ ᠤᠷᠢᠵᠤ ᠲᠤᠬᠠᠢ ᠶᠢᠨ ᠲᠠᠯᠠᠪᠠᠢ ᠳᠤ ᠬᠢᠴᠢᠶᠡᠯ ᠣᠷᠣᠭᠤᠯᠵᠤ᠂ ᠤᠷᠢᠳ ᠬᠤᠵᠢᠳ ︽12345︾ ᠬᠠᠯᠠᠮᠰᠢᠯ ᠤᠲᠠᠰᠤ ᠶᠢᠨ ᠠᠵᠢᠯ ᠢ ᠰᠢᠯᠭᠠᠨ ᠬᠢᠨᠠᠬᠤ ᠳᠦᠷᠢᠮ᠂ ᠮᠡᠳᠡᠯᠭᠡ ᠶᠢᠨ ᠬᠥᠮᠥᠷᠭᠡ ᠶᠢ ᠬᠠᠮᠠᠭᠠᠯᠠᠵᠤ᠂ ᠬᠦᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡ ᠶᠢ ᠮᠠᠭᠠᠳᠯᠠᠨ ᠲᠣᠭᠲᠠᠭᠠᠬᠤ ᠦᠭᠡᠢ᠂ ᠣᠯᠠᠨ ᠲᠦᠮᠡᠨ ᠤ ᠤᠷ᠎ᠠ ᠮᠡᠷᠭᠡᠵᠢᠯ ᠢ ᠬᠠᠷᠢᠭᠤ ᠰᠤᠷᠪᠤᠯᠵᠢᠯᠠᠬᠤ ᠦᠭᠡᠢ ᠪᠥᠭᠡᠳ ᠠᠵᠢᠯ ᠤᠨ ᠬᠠᠭᠤᠳᠠᠰᠤ ᠶᠢ ᠰᠢᠢᠳᠪᠦᠷᠢᠯᠡᠬᠦ᠂ ᠭᠠᠷ ᠤᠨ ᠦᠰᠦᠭ ᠵᠢᠷᠤᠵᠤ ᠬᠤᠷᠢᠶᠠᠨ ᠠᠪᠬᠤ᠂ ᠳᠣᠷᠣᠭᠰᠢ ᠲᠣᠮᠢᠯᠠᠬᠤ᠂ ᠬᠤᠶᠢᠰᠢᠯᠠᠭᠤᠯᠬᠤ᠂ ᠪᠤᠴᠠᠭᠠᠬᠤ ᠵᠡᠷᠭᠡ ᠲᠠᠯ᠎ᠠ ᠪᠠᠷ ᠵᠢᠷᠤᠮᠵᠢᠯ ᠦᠭᠡᠢ ᠪᠠᠶᠢᠬᠤ ᠦᠵᠡᠭᠳᠡᠯ ᠳᠤ ᠴᠢᠭᠯᠡᠭᠦᠯᠦᠨ᠂ ᠨᠡᠶᠢᠲᠡᠯᠢᠭ ᠬᠡᠷᠡᠭ ᠢᠶᠠᠷ ᠨᠠᠷᠢᠨ ᠨᠢᠮᠪᠠᠢ ᠲᠠᠶᠢᠯᠪᠤᠷᠢᠯᠠᠨ ᠪᠣᠯᠪᠠᠰᠤᠷᠠᠭᠤᠯᠪᠠ᠃       ᠬᠤᠷᠠᠯ ᠠᠴᠠ ᠱᠠᠭᠠᠷᠳᠠᠭᠰᠠᠨ ᠨᠢ᠂ ᠡᠯ᠎ᠡ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠤᠨ ᠬᠠᠯᠠᠮᠰᠢᠯ ᠤᠲᠠᠰᠤ ᠶᠢᠨ ᠠᠵᠢᠯᠲᠠᠳ ᠬᠠᠯᠠᠮᠰᠢᠯ ᠤᠲᠠᠰᠤ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠴᠤᠪᠤᠷᠠᠯ ᠪᠠ ᠠᠵᠢᠯᠯᠠᠭᠠᠨ ᠤ ᠵᠢᠷᠤᠮᠵᠢᠯ ᠢ ᠰᠠᠶᠢᠲᠤᠷ ᠣᠶᠢᠯᠠᠭᠠᠵᠤ᠂ ᠬᠤᠪᠢ ᠬᠥᠮᠦᠨ ᠤ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ︽12345︾ ᠬᠠᠯᠠᠮᠰᠢᠯ ᠤᠲᠠᠰᠤ ᠶᠢᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠴᠤᠪᠤᠷᠠᠯ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠪᠡ᠃ ᠡᠯ᠎ᠡ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠵᠢᠴᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢ ᠬᠤᠯᠪᠣᠭᠳᠠᠯ ᠪᠦᠬᠦᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠪᠡᠶ᠎ᠡ ᠪᠠᠷ ᠢᠶᠠᠨ ᠠᠰᠠᠭᠤᠨ ᠯᠠᠪᠯᠠᠵᠤ᠂ ᠪᠡᠶ᠎ᠡ ᠪᠠᠷ ᠢᠶᠠᠨ ᠰᠤᠳᠤᠯᠤᠨ᠂ ᠪᠡᠶ᠎ᠡ ᠪᠠᠷ ᠢᠶᠠᠨ ᠵᠣᠬᠢᠴᠠᠭᠤᠯᠵᠤ᠂ ᠠᠵᠢᠯᠯᠠᠬᠤ ᠬᠠᠭᠤᠳᠠᠰᠤ ᠶᠢᠨ ᠳᠠᠭᠠᠭᠠᠨ  ᠭᠦᠢᠴᠡᠳᠭᠡᠭᠴᠢ ᠨᠢ ᠬᠠᠯᠠᠮᠰᠢᠯ ᠤᠲᠠᠰᠤ ᠶᠢᠨ ᠵᠦᠢᠯᠡᠰ ᠢ ᠰᠢᠢᠳᠪᠦᠷᠢᠯᠡᠬᠦ ᠶᠢ ᠡᠳᠦᠷ ᠲᠤᠲᠤᠮ ᠤᠨ ᠠᠵᠢᠯ ᠤᠨ ᠴᠢᠬᠤᠯᠠ ᠠᠭᠤᠯᠠᠨ᠎ᠠ ᠪᠣᠯᠭᠠᠨ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ ᠭᠡᠪᠡ᠃ ᠰᠢᠶᠠᠨ ᠤ ᠬᠠᠯᠠᠮᠰᠢᠯ ᠤᠲᠠᠰᠤᠨ ᠤ ᠠᠯᠪᠠᠨ ᠭᠡᠷ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠶᠢ ᠬᠢᠨᠠᠨ ᠬᠠᠮᠢᠶᠠᠷᠬᠤ ᠰᠢᠮᠳᠠᠭᠤᠯᠬᠤ ᠡᠷᠴᠢᠮ ᠢᠶᠠᠨ ᠴᠢᠩᠭᠠᠳᠬᠠᠵᠤ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠤᠨ ᠠᠷᠠᠳ ᠣᠯᠠᠨ ᠤ ᠲᠤᠰᠬᠠᠭᠰᠠᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠬᠦ᠂ ᠥᠨᠳᠥᠷ ᠦᠷ᠎ᠡ ᠪᠦᠲᠦᠮᠵᠢᠲᠡᠢ ᠭᠦᠢᠴᠡᠳᠬᠡᠬᠦ᠂ ᠭᠦᠢᠴᠡᠳᠬᠡᠵᠦ ᠳᠠᠭᠤᠰᠬᠠᠭᠰᠠᠨ ᠳᠤ ᠬᠠᠨᠤᠮᠵᠢᠲᠠᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠪᠡ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号