ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠰᠢᠨ᠎ᠡ ᠬᠥᠳᠡᠯᠭᠡᠬᠦ ᠡᠨᠧᠷᠭᠢ︾ ᠶᠢ ᠬᠥᠭᠵᠢᠭᠡᠨ᠎ᠡ᠃ | ᠡᠨᠡ ᠵᠢᠯ ᠠᠴᠠ ᠨᠠᠰᠢ᠂ ᠭᠦᠶᠡᠩ ᠰᠢᠶᠠᠨ ︽ᠭᠦᠶᠡᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ︿ᠨᠢᠭᠡ ᠲᠣᠭᠤᠷᠢᠭ ᠨᠢᠭᠡ ᠦᠢᠯᠡᠳᠬᠦᠨ﹀ ᠢ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠬᠦ ᠬᠡᠷᠡᠭᠵᠢᠭᠦᠯᠬᠦ | ᠲᠥᠰᠦᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ︽ᠨᠠᠮ ᠤᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ | ᠰᠡᠳᠬᠢᠯ ᠢ ᠳᠤᠯᠠᠭᠠᠴᠠᠭᠤᠯᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠵᠤ᠂ ᠠᠵᠤ ᠠᠬᠤᠶᠢᠯᠠᠯ ᠣᠯᠠᠨ ᠲᠦᠮᠡᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠯ᠎ᠠ ᠪᠠᠷ ᠬᠢ ︽ᠪᠠᠴᠢᠮ ᠬᠦᠴᠢᠷᠳᠡᠯ ᠵᠣᠪᠠᠨᠢᠯ ᠬᠦᠰᠡᠯ ᠡᠷᠡᠮᠡᠯᠵᠡᠯ︾ ᠢ | ᠰᠢᠢᠳᠪᠦᠷᠢᠯᠡᠬᠦ ᠪᠠᠷ ᠴᠢᠷᠮᠠᠶᠢᠪᠠ᠃ ᠭᠦᠶᠡᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠠᠰᠠ ︽ | ᠨᠠᠮ ᠤᠨ ᠦᠭᠡ ᠶᠢ ᠰᠣᠨᠣᠰᠴᠤ ᠨᠠᠮ ᠤᠨ ᠠᠴᠢ ᠳᠤ ᠲᠠᠯᠠᠷᠬᠠᠵᠤ ᠨᠠᠮ ᠢᠶᠠᠨ ᠳᠠᠭᠠᠵᠤ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠥᠲᠥᠭᠡᠨ ᠪᠠᠶᠢᠭᠤᠯᠬᠤ ᠶᠢᠨ ᠲᠥᠯᠥᠭᠡ ᠠᠵᠢᠯ ᠤᠨ ᠪᠠᠶᠢᠷᠢ ᠳᠠᠭᠠᠨ ᠰᠠᠭᠤᠷᠢᠯᠠᠨ ᠠᠮᠠᠯᠠᠯᠲᠠ ᠪᠠᠨ | ᠦᠢᠯᠡᠳᠦᠯᠭᠡᠵᠢᠭᠦᠯᠬᠦ︾ ᠠᠵᠢᠯᠯᠠᠭ᠎ᠠ ᠥᠷᠨᠢᠭᠦᠯᠵᠦ᠂ ᠠᠵᠢᠯᠲᠠᠨ ᠨᠢᠭᠡᠪᠦᠷᠢ ᠴᠥᠮ ᠠᠵᠢᠯ ᠤᠨ ᠪᠣᠳᠠᠲᠤ | ᠪᠠᠶᠢᠳᠠᠯ ᠳᠠᠭᠠᠨ ᠰᠠᠭᠤᠷᠢᠯᠠᠨ ︽ᠬᠤᠪᠢ ᠬᠥᠮᠦᠨ ᠤ ᠪᠠᠭ᠎ᠠ ᠬᠠᠷᠠᠯᠲᠠ︾ ᠲᠣᠭᠲᠠᠭᠠᠵᠤ᠂ ᠲᠣᠭᠲᠠᠮᠠᠯ | ᠬᠤᠭᠤᠴᠠᠭ᠎ᠠ ᠲᠠᠢ ᠪᠠᠷ ︽ᠡᠭᠡᠭᠡᠵᠦ ᠠᠳᠠᠯᠢᠳᠬᠠᠬᠤ︾ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠨ ᠤ | ᠬᠤᠰᠢᠭᠤᠴᠢ ᠵᠢᠱᠢᠶ᠎ᠡ ᠦᠵᠡᠭᠦᠯᠬᠦ ᠠᠵᠢᠯ ᠤᠨ ᠪᠠᠶᠢᠷᠢ ᠨᠢ ᠨᠠᠩ ᠴᠤ ᠶᠡᠭᠡ ᠲᠢᠩᠬᠢᠮ ᠤᠨ ᠨᠢᠭᠡᠨ ᠦᠵᠡᠰᠬᠦᠯᠡᠩᠲᠦ | ᠰᠠᠶᠢᠬᠠᠨ ᠦᠵᠡᠮᠵᠢ ᠶᠢᠨ ᠣᠷᠣᠨ ᠪᠣᠯᠵᠠᠶ᠃ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠬᠠᠮᠤᠭ ᠤᠨ | ᠶᠡᠭᠡ ᠬᠡᠮᠵᠢᠶ᠎ᠡ ᠪᠠᠷ ᠲᠥᠬᠦᠮ ᠦᠵᠡᠭᠦᠯᠬᠦ ᠶᠢᠨ ᠲᠥᠯᠥᠭᠡ᠂ ᠶᠡᠭᠡ ᠲᠢᠩᠬᠢᠮ ᠳᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠠᠪᠴᠠᠩ᠂ ︽ᠬᠤᠪᠢᠰᠬᠠᠯᠲᠤ ᠬᠦᠴᠢᠯᠲᠥ᠋ᠷᠥᠭᠴᠢ ᠶᠢᠨ ᠪᠠᠭᠠᠷ︾ | ᠵᠡᠷᠭᠡ ᠬᠦᠯᠢᠶᠡᠬᠦ ᠲᠣᠭᠤᠷᠢᠭ᠂ ᠣᠷᠣᠯᠠᠨ ᠭᠦᠢᠴᠡᠳᠭᠡᠵᠦ ᠬᠠᠪᠰᠤᠷᠤᠨ ᠭᠦᠢᠴᠡᠳᠭᠡᠬᠦ ᠴᠣᠩᠬᠤ ᠵᠡᠷᠭᠡ ᠶᠢ | ᠭᠠᠷᠭᠠᠭᠰᠠᠨ ᠢᠶᠠᠷ ᠪᠠᠷᠠᠬᠤ ᠥᠬᠡᠶ ᠪᠠᠰᠠ ᠬᠦᠷᠳᠦᠲᠦ ᠰᠠᠨᠳᠠᠯᠢ᠂ ᠤᠰᠤ ᠤᠤᠭᠤᠬᠤ ᠮᠠᠰᠢᠨ ᠵᠡᠷᠭᠡ ᠠᠷᠠᠳ ᠲᠤ | ᠲᠥᠬᠦᠮ ᠦᠵᠡᠭᠦᠯᠬᠦ ᠲᠥᠬᠦᠭᠡᠷᠦᠮᠵᠢ ᠶᠢ ᠲᠣᠬᠢᠷᠠᠭᠤᠯᠵᠤ᠂ ᠦᠢᠯᠡᠴᠢᠯᠡᠭᠡ ᠶᠢ ᠨᠠᠷᠢᠨ ᠵᠦᠢᠯᠡᠰ ᠲᠤ ᠠᠭᠤᠰᠬᠠᠵᠤ᠂ | ᠦᠢᠯᠡᠴᠢᠯᠡᠭᠡ ᠶᠢ ᠬᠥᠮᠦᠰ ᠤᠨ ᠰᠡᠳᠬᠢᠯ ᠳᠤ ᠠᠭᠤᠰᠬᠠᠪᠠ᠃ ᠣᠳᠣᠬᠠᠨ ᠳᠤ᠂ ᠡᠯ᠎ᠡ ᠲᠥᠷᠥᠯ ᠤᠨ ᠲᠤᠬᠠᠶᠢᠯᠠᠭᠰᠠᠨ | ᠠᠵᠢᠯ ᠢ ᠨᠡᠶᠢᠲᠡ 68573 ᠬᠤᠪᠢ ᠭᠥᠯᠢᠶᠡᠨ ᠠᠪᠴᠤ ᠰᠢᠢᠳᠪᠦᠷᠢᠯᠡᠨ᠂ ᠰᠢᠢᠳᠪᠦᠷᠢᠯᠡᠵᠦ ᠳᠠᠭᠤᠰᠬᠠᠭᠰᠠᠨ | ᠨᠣᠷᠮ᠎ᠠ 100 % ᠳᠤ ᠬᠦᠷᠴᠦ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠬᠡᠮᠵᠢᠶ᠎ᠡ 100 % ᠳᠤ ᠬᠦᠷᠴᠡᠶ᠃ | | ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠰᠢᠨ᠎ᠡ ᠬᠤᠷᠳᠤᠴᠠ︾ ᠶᠢ ᠢᠯᠡᠷᠡᠭᠦᠯᠦᠨ᠎ᠡ᠃ | ᠬᠠᠮᠢᠭ᠎ᠠ ᠤᠯᠠᠨ ᠲᠦᠮᠡᠨ ᠤ ᠬᠡᠷᠡᠭᠴᠡᠭᠡ ᠪᠠᠶᠢᠪᠠᠯ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠡᠨᠳᠡ | ᠬᠦᠷᠲᠡᠯ᠎ᠡ ᠤᠷᠲᠤᠳᠬᠠᠨ᠎ᠠ᠃ ᠭᠦᠶᠡᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠭᠠᠷᠭᠠᠭᠰᠠᠨ ︽ᠬᠤᠤᠰ ᠠᠮᠠᠷᠠᠯᠲᠠ ᠶᠢᠨ ᠡᠳᠦᠷ ᠡᠭᠦᠳᠡ ᠪᠠᠨ ᠬᠠᠭᠠᠬᠤ ᠥᠬᠡᠶ︾ ︽ᠦᠳᠡ ᠳᠤ ᠠᠮᠠᠷᠠᠬᠤ ᠳᠤ | ᠲᠠᠰᠤᠯᠳᠠᠭᠤᠯᠬᠤ ᠥᠬᠡᠶ︾ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠭᠰᠡᠨ ᠭᠥᠯᠢᠶᠡᠨ ᠠᠪᠴᠤ | ᠰᠢᠳᠪᠦᠷᠢᠯᠷᠬᠦ ᠵᠡᠷᠭᠡ ᠦᠢᠯᠡᠴᠢᠯᠡᠭᠡ ᠨᠢ ᠠᠵᠤ ᠠᠬᠤᠶᠢᠯᠠᠯ ᠪᠠ ᠣᠯᠠᠨ ᠲᠦᠮᠡᠨ ᠳᠤ ᠬᠠᠮᠤᠭ ᠤᠨ ᠶᠡᠭᠡ | ᠬᠡᠮᠵᠢᠶ᠎ᠡ ᠪᠠᠷ ᠲᠥᠬᠦᠮ ᠦᠵᠡᠭᠦᠯᠪᠡ᠃ ᠴᠣᠩᠬᠤ ᠶᠢᠨ ᠠᠵᠢᠯᠲᠠᠨ ᠬᠤᠤ ᠯᠤ᠋ ᠰᠤᠷᠪᠤᠯᠵᠢᠯᠠᠭᠴᠢ ᠳᠤ | ᠲᠠᠨᠢᠯᠴᠠᠭᠤᠯᠬᠤ ᠳᠠᠭᠠᠨ᠄ ︽ᠭᠦᠶᠡᠩ ᠰᠢᠶᠠᠨ ᠤ ᠡᠯ᠎ᠡ ᠲᠥᠷᠥᠯ ᠤᠨ ᠱᠠᠩᠨᠠᠯ ᠲᠡᠳᠬᠦᠮᠵᠢ᠂ ᠥᠨᠳᠥᠷ ᠨᠠᠰᠤᠨ ᠤ | ᠨᠡᠮᠡᠭᠦᠷᠢ ᠶᠢ ᠭᠦᠢᠴᠡᠳᠭᠡᠬᠦ ᠬᠡᠷᠡᠭᠴᠡᠭᠡ ᠮᠠᠰᠢ ᠣᠯᠠᠨ ᠪᠠᠶᠢᠨ᠎ᠠ᠂ ᠡᠲᠡᠭᠡᠷ ᠠᠷᠠᠳ ᠲᠤ ᠲᠥᠬᠦᠮ ᠦᠵᠡᠭᠦᠯᠬᠦ | ᠲᠥᠷᠥ ᠶᠢᠨ ᠪᠣᠳᠣᠯᠭ᠎ᠠ ᠥᠬᠡᠶ ᠪᠣᠯ ᠣᠯᠠᠨ ᠲᠦᠮᠡᠨ ᠲᠤᠬᠠᠶᠢᠯᠠᠭᠰᠠᠨ ᠠᠵᠢᠯ ᠢᠶᠠᠨ ᠭᠦᠢᠴᠡᠳᠭᠡᠵᠦ ᠳᠤ ᠮᠠᠰᠢ | ᠳᠥᠭᠦᠮ ᠦᠭᠡᠢ ᠶᠤᠮ᠃ ︿ᠨᠢᠭᠡ ᠴᠣᠩᠬᠤᠪᠴᠢ ᠮᠠᠶ᠋ᠢᠭ﹀ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ | ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠤ ᠳᠠᠷᠠᠭ᠎ᠠ᠂ ᠭᠦᠢᠴᠡᠳᠭᠡᠬᠦ ᠤᠳᠠᠭ᠎ᠠ ᠨᠢ ᠨᠡᠯᠢᠶᠡᠳ ᠥᠨᠳᠥᠷ | ᠵᠦᠢᠯᠡᠰ ᠢ ᠴᠥᠮ ᠣᠶᠢᠷ᠎ᠠ ᠬᠠᠪᠢ ᠳᠤ ᠪᠠᠨ ᠭᠦᠢᠴᠡᠳᠭᠡᠵᠦ ᠳᠡᠶᠢᠯᠬᠦ᠂ ᠳᠤᠲᠠᠭᠤ ᠭᠦᠶᠦᠵᠦ ᠲᠦᠷᠭᠡᠨ | ᠭᠦᠢᠴᠡᠳᠭᠡᠬᠦ ᠶᠢ ᠪᠡᠶᠡᠯᠡᠭᠦᠯᠪᠡ᠃︾ ᠭᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠰ ᠳᠡᠪᠰᠢᠭᠰᠡᠨ ᠨᠢ | ᠡᠩ ᠤᠨ ᠣᠯᠠᠨ ᠲᠦᠮᠡᠨ ᠳᠤ ᠲᠥᠬᠦᠮ ᠦᠵᠡᠭᠦᠯᠦᠭᠰᠡᠨ ᠢᠶᠠᠷ ᠪᠠᠷᠠᠬᠤ ᠥᠬᠡᠶ᠂ ᠠᠵᠤ ᠠᠬᠤᠶᠢᠯᠠᠯ ᠳᠤ ᠴᠤ ᠠᠵᠢᠯ | ᠶᠠᠪᠤᠳᠠᠯ ᠭᠦᠢᠴᠡᠳᠭᠡᠬᠦ ᠨᠠᠩ ᠳᠥᠭᠦᠮ ᠳᠥᠲᠡ ᠣᠶᠢᠯᠠᠭᠠᠯᠲᠠ ᠶᠢ ᠣᠯᠭᠤᠭᠰᠠᠨ ᠪᠠᠶᠢᠨ᠎ᠠ᠃ ᠣᠶᠢᠷ᠎ᠠ ᠳᠤ᠂ ︽ | ᠪᠤᠭᠤᠲᠤ ᠶᠢᠨ ᠵᠢᠨᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠤᠨ ᠥᠷᠲᠡᠭᠡ︾ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ᠃ ︽ᠠᠵᠤ ᠠᠬᠤᠶᠢᠯᠠᠯ | ᠬᠠᠮᠢᠭ᠎ᠠ ᠬᠦᠷᠪᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠲᠡᠨᠳᠡ ᠬᠦᠷᠦᠨ᠎ᠡ᠃ ᠪᠢᠳᠡ ᠬᠦᠷᠢᠶᠡᠯᠡᠩ | ᠲᠣᠭᠤᠷᠢᠭ ᠲᠠᠬᠢ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠪᠴᠢᠲᠠᠶ ᠵᠣᠯᠭᠠᠭᠤᠯᠬᠤ ᠶᠢ | ᠭᠦᠢᠴᠡᠳ ᠪᠠᠶᠢᠴᠠᠭᠠᠨ ᠰᠤᠳᠤᠯᠵᠤ᠂ ᠬᠦᠷᠢᠶᠡᠯᠡᠩ ᠲᠣᠭᠤᠷᠢᠭ ᠤᠨ ᠡᠯ᠎ᠡ ᠠᠵᠤ ᠠᠬᠤᠶᠢᠯᠠᠯ ᠤᠨ ᠠᠵᠢᠯ ᠶᠠᠪᠤᠳᠠᠯ | ᠭᠦᠢᠴᠡᠳᠭᠡᠬᠦ ᠳᠤ ᠬᠠᠮᠤᠭ ᠤᠨ ᠣᠯᠠᠨ ᠳᠤ ᠪᠠᠨ ᠨᠢᠭᠡ ᠤᠳᠠᠭ᠎ᠠ ᠳᠡᠮᠵᠢᠯᠭᠡ ᠦᠵᠡᠭᠦᠯᠦᠨ᠎ᠡ᠃︾ ᠭᠡᠵᠦ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠸᠠᠩ ᠶᠠᠨ ᠲᠠᠨᠢᠯᠴᠠᠭᠤᠯᠪᠠ᠃ ᠣᠳᠣᠬᠠᠨ ᠳᠤ᠂ | ᠣᠷᠣᠵᠤ ᠰᠠᠭᠤᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠦᠢᠴᠡᠳᠭᠡᠬᠦ ᠴᠢᠬᠤᠯᠠᠲᠠᠶ ᠭᠠᠷ | ᠭᠦᠢᠴᠡᠳᠭᠡᠯ ᠢ ᠨᠡᠶᠢᠲᠡ 26 ᠵᠦᠢᠯ ᠡᠮᠬᠢᠯᠡᠨ ᠲᠢᠭᠯᠡᠪᠡ᠃ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠣᠭ ᠰᠠᠨᠠᠭ᠎ᠠ ᠪᠠᠨ ᠪᠠᠲᠤᠳᠬᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠰᠢᠨ᠎ᠡ ᠳᠦᠷᠢ ᠲᠥᠷᠬᠦ︾ ᠶᠢ ᠪᠣᠶ ᠪᠣᠯᠭᠠᠬᠤ ᠬᠡᠷᠡᠭᠲᠡᠶ᠃ | ᠭᠦᠶᠡᠩ ᠰᠢᠶᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠬᠦ ᠳᠤᠮᠳᠠ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠴᠠᠭ ᠢᠮᠠᠭᠲᠠ ︽ᠠᠶᠤᠵᠤ ᠡᠮᠢᠶᠡᠬᠦ︾ ᠤᠬᠠᠮᠰᠠᠷ ᠪᠣᠯᠤᠨ ︽ | ᠰᠢᠯᠭᠠᠯᠲᠠ ᠳᠤ ᠣᠷᠣᠯᠴᠠᠬᠤ ᠵᠠᠮ︾ ᠢᠶᠠᠨ ᠪᠠᠲᠤᠯᠠᠵᠤ᠂ ︽ᠨᠠᠮᠴᠢ ᠴᠢᠨᠠᠷ ᠤᠨ ᠪᠣᠯᠪᠠᠰᠤᠷᠠᠯ ᠢᠶᠠᠷ ᠪᠠᠭ᠎ᠠ ᠶᠠᠪᠤᠳᠠᠯ | ᠭᠡᠵᠦ ᠪᠠᠶᠢᠬᠤ ᠥᠬᠡᠶ︾ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠣᠯᠤᠨ ᠲᠦᠭᠰᠢᠭᠦᠷᠢᠲᠦ | ᠰᠡᠳᠬᠢᠯᠭᠡ ᠪᠠᠷ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢᠶᠠᠨ ᠪᠠᠬᠢᠵᠢᠭᠦᠯᠵᠦ᠂ ᠲᠡᠷᠢᠭᠦᠨ ᠤ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠠᠵᠤ ᠠᠬᠤᠶᠢᠯᠠᠯ ᠣᠯᠠᠨ ᠲᠦᠮᠡᠨ ᠳᠤ ᠨᠠᠩ ᠰᠠᠶᠢᠨ | ᠦᠢᠯᠡᠴᠢᠯᠡᠨ᠎ᠡ᠃ ︽︿ᠤᠴᠢᠷ ᠶᠠᠪᠤᠳᠠᠯ ᠢ ᠪᠦᠲᠦᠭᠡᠵᠦ ᠳᠡᠶᠢᠯᠬᠦ ᠥᠬᠡᠶ﹀ ᠭᠡᠬᠦ ᠭᠥᠯᠢᠶᠡᠨ ᠠᠪᠴᠤ ᠰᠢᠢᠳᠪᠦᠷᠢᠯᠡᠬᠦ | ᠴᠣᠩᠬᠤ ᠪᠣᠯ ᠠᠵᠤ ᠠᠬᠤᠶᠢᠯᠠᠯ ᠣᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠶᠠᠪᠤᠴᠠ ᠳᠤ | ᠲᠣᠬᠢᠶᠠᠯᠳᠤᠭᠰᠠᠨ ︿ᠬᠦᠴᠢᠷ ᠲᠦᠪᠡᠭᠲᠡᠶ ᠡᠯᠳᠡᠪ ᠵᠦᠢᠯ ᠤᠨ ᠡᠪᠡᠳᠴᠢᠨ﹀ ᠳᠤ ᠴᠢᠭᠯᠡᠭᠦᠯᠦᠨ ᠭᠠᠷᠭᠠᠭᠰᠠᠨ | ᠲᠤᠰᠬᠠᠶ ᠠᠷᠭ᠎ᠠ ᠵᠠᠮ ᠮᠥᠨ᠂ ᠵᠣᠷᠢᠯᠭ᠎ᠠ ᠨᠢ ᠳᠠᠷᠤᠶ ᠠᠵᠤ ᠠᠬᠤᠶᠢᠯᠠᠯ ᠣᠯᠠᠨ ᠲᠦᠮᠡᠨ ᠢ ᠬᠠᠪᠰᠤᠷᠤᠨ ︿ᠬᠢᠬᠦ | ᠰᠠᠨᠠᠭ᠎ᠠ ᠲᠠᠢ ᠪᠣᠯᠪᠠᠴᠤ ᠬᠢᠵᠦ ᠳᠡᠶᠢᠯᠬᠦ ᠥᠬᠡᠶ ᠶᠠᠪᠤᠳᠠᠯ﹀ ᠢ ᠨᠢ ᠰᠢᠢᠳᠪᠦᠷᠢᠯᠡᠵᠦ ᠥᠭᠬᠦ ᠶᠢᠨ ᠲᠥᠯᠥᠭᠡ ᠶᠤᠮ᠃ | ᠭᠦᠶᠡᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ ᠯᠦ ᠵᠢᠶᠦ᠋ᠨ | ᠴᠧᠩ ᠲᠠᠨᠢᠯᠴᠠᠭᠤᠯᠬᠤ ᠳᠠᠭᠠᠨ᠂ ᠶᠡᠭᠡ ᠲᠢᠩᠬᠢᠮ ᠳᠤ ︽ ᠰᠢᠢᠳᠪᠦᠷᠢᠯᠡᠵᠦ ᠳᠡᠶᠢᠯᠬᠦ ᠥᠬᠡᠶ︾ ᠴᠣᠩᠬᠤ | ᠭᠠᠷᠭᠠᠭᠰᠠᠨ ᠢᠶᠠᠷ ᠪᠠᠷᠠᠬᠤ ᠥᠬᠡᠶ ᠪᠠᠰᠠ ︽ᠺᠣᠳ᠋ ᠳᠡᠭᠡᠷ᠎ᠡ ᠬᠢᠨᠠᠯᠲᠠ ᠲᠠᠯᠪᠢᠬᠤ︾ ᠵᠠᠭᠠᠯᠳᠤᠯᠭ᠎ᠠ ᠰᠠᠨᠠᠭᠤᠯᠭ᠎ᠠ ᠶᠢᠨ | ᠬᠤᠶᠠᠷ ᠬᠡᠮᠵᠢᠯᠳᠦ ᠺᠣᠳ᠋ ᠵᠡᠷᠭᠡ ᠶᠢ ᠨᠠᠭᠠᠵᠤ᠂ ᠠᠵᠤ ᠠᠬᠤᠶᠢᠯᠠᠯ ᠣᠯᠠᠨ ᠲᠦᠮᠡᠨ ᠤ ᠡᠯ᠎ᠡ ᠲᠥᠷᠥᠯ ᠤᠨ ᠰᠠᠨᠠᠯ | ᠰᠠᠨᠠᠭᠤᠯᠭ᠎ᠠ ᠶᠢ ᠦᠷᠭᠦᠯᠵᠢᠯᠡᠨ ᠰᠣᠨᠣᠰᠪᠠ᠃ ᠡᠭᠦᠨ ᠤ ᠬᠠᠮᠲᠤ ᠬᠡᠷ ᠲᠤᠨᠢ ᠬᠦᠷᠴᠦ ᠦᠢᠯᠡᠴᠢᠯᠡᠬᠦ᠂ ᠰᠠᠭᠠᠳ ᠥᠬᠡᠶ | ᠨᠡᠪᠲᠡᠷᠡᠬᠦ ᠵᠠᠮ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ᠂ | ᠬᠦᠷᠢᠶᠡᠯᠡᠩ ᠲᠣᠭᠤᠷᠢᠭ ᠲᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠮᠠᠯᠵᠢᠬᠤ ᠲᠠᠷᠢᠶᠠᠯᠠᠬᠤ | ᠣᠷᠣᠨ ᠳᠤ ᠣᠷᠣᠭᠤᠯᠬᠤ᠂ ᠬᠡᠷ ᠪᠦᠯᠢ ᠳᠤ ᠣᠷᠣᠭᠤᠯᠬᠤ ︽ᠲᠠᠪᠤᠨ ᠠᠵᠢᠯᠯᠠᠭ᠎ᠠ︾ ᠶᠢ ᠬᠡᠷᠡᠭᠵᠢᠭᠦᠯᠪᠡ᠃ | ᠣᠳᠣᠬᠠᠨ ᠳᠤ᠂ 93 ᠵᠦᠢᠯ ᠤᠨ ︽ᠲᠠᠨ ᠳᠤ ᠬᠠᠪᠰᠤᠷᠤᠨ ᠭᠦᠢᠴᠡᠳᠭᠡᠬᠦ︾ ᠵᠦᠢᠯᠡᠰ ᠢ ᠡᠮᠬᠢᠯᠡᠨ ᠳᠢᠭᠯᠡᠵᠦ᠂ | ᠣᠷᠣᠯᠠᠨ ᠭᠦᠢᠴᠡᠳᠭᠡᠵᠦ ᠬᠠᠪᠰᠤᠷᠤᠨ ᠭᠦᠢᠴᠡᠳᠭᠡᠬᠦ ᠡᠩᠨᠡᠭᠡ ᠨᠡᠮᠡᠭᠳᠡᠭᠡᠳ 45 ᠬᠥᠮᠦᠨ ᠪᠣᠯᠵᠣ᠂ ᠬᠠᠪᠰᠤᠷᠤᠨ | ᠭᠦᠢᠴᠡᠳᠭᠡᠬᠦ ᠦᠢᠯᠡᠴᠢᠯᠡᠭᠡ ᠶᠢ ᠨᠡᠶᠢᠲᠡ 3417 ᠤᠳᠠᠭ᠎ᠠ ᠥᠷᠨᠢᠭᠦᠯᠵᠦ᠂ ᠬᠡᠷ ᠲᠤ ᠨᠢ ᠬᠦᠷᠴᠦ ᠦᠢᠯᠡᠴᠢᠯᠡᠬᠦ | ᠦᠢᠯᠡᠴᠢᠯᠡᠭᠡ ᠶᠢ 2253 ᠤᠳᠠᠭ᠎ᠠ ᠥᠷᠨᠢᠭᠦᠯᠪᠡ᠃ |