ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠳᠠ ᠶᠢᠨ ᠭᠦᠶᠡᠩ | ᠰᠢᠶᠠᠨ ᠤ ᠵᠢᠨᠱᠠᠨ ᠪᠠᠯᠭᠠᠰᠤᠨ ᠤ ᠡᠯ ᠱᠧ ᠲᠣᠰᠬᠤᠨ ᠤ ᠬᠡᠭᠡᠷ᠎ᠡ ᠲᠠᠯ᠎ᠠ ᠳᠤ᠂ ᠬᠤᠨᠴᠢᠷ ᠨᠣᠭᠤᠭᠠᠷᠠᠨ᠎ᠠ᠃ ᠭᠦᠶᠡᠩ | ᠰᠢᠶᠠᠨ ᠭᠠᠩ ᠬᠠᠭᠤᠷᠠᠶ ᠪᠣᠷᠣᠭᠠᠨ ᠪᠠᠭ᠎ᠠ ᠮᠦᠷᠳᠡᠭᠡᠨ ᠬᠦᠢᠲᠡᠨ᠂ ᠠᠮᠤ ᠪᠤᠳᠠᠭ᠎ᠠ ᠳᠠᠷᠢᠬᠤ ᠳᠤ ᠳᠣᠭᠢᠷᠠᠬᠤ ᠥᠬᠡᠶ᠂ | ᠡᠷᠲᠡᠨ ᠠᠴᠠ ᠠᠪᠤᠭᠠᠳ ᠬᠢᠲᠠᠳ ᠡᠮ ᠤᠨ ᠮᠠᠲ᠋ᠧᠷᠢᠶᠠᠯ ᠡᠯᠪᠡᠭ ᠭᠠᠷᠳᠠᠭ᠃ ᠣᠶᠢᠷ᠎ᠠ ᠶᠢᠨ ᠵᠢᠯ ᠳᠤ᠂ ᠭᠦᠶᠡᠩ | ᠰᠢᠶᠠᠨ ᠤ ᠬᠤᠨᠴᠢᠷ ᠳᠠᠷᠢᠬᠤ ᠲᠠᠯᠠᠪᠠᠶ ᠵᠢᠯ ᠳᠠᠷᠠᠭᠠᠯᠠᠨ ᠥᠷᠭᠡᠳᠴᠦ᠂ ᠳᠠᠷᠢᠬᠤ ᠲᠠᠯᠠᠪᠠᠶ ᠨᠢ 5 ᠲᠦᠮᠡᠨ ᠮᠥ ᠬᠥᠷᠬᠦ | ᠥᠬᠡᠶ ᠪᠠᠶᠢᠭᠰᠠᠨ ᠠᠴᠠ ᠪᠠᠨ ᠨᠡᠮᠡᠭᠳᠡᠭᠡᠳ 10 ᠭᠠᠷᠤᠶ ᠲᠦᠮᠡᠨ ᠮᠥ ᠳᠤ ᠬᠦᠷᠴᠡᠢ᠃ | ᠰᠢᠶᠠ ᠱᠢ ᠬᠤᠤ ᠪᠠᠯᠭᠠᠰᠤᠨ ᠤ ᠴᠢᠶᠠᠨ ᠾᠧᠢ ᠱᠠ ᠲᠣᠰᠬᠤᠨ ᠤ ᠲᠠᠷᠢᠮᠠᠯ ᠤᠨ ᠡᠷᠦᠬᠡ ᠱᠠᠩ ᠵᠢᠶᠦ᠋ᠨ | ᠰᠤᠷᠪᠤᠯᠵᠢᠯᠠᠭᠴᠢ ᠳᠤ᠂ ᠬᠤᠨᠴᠢᠷ ᠤᠨ ᠴᠢᠬᠢ ᠪᠤᠶᠢᠵᠢᠭᠤᠯᠬᠤ ᠪᠣᠯ ᠮᠡᠷᠭᠡᠵᠢᠯ ᠤᠨ ᠠᠵᠢᠯ ᠮᠥᠨ᠂ ᠦᠷ᠎ᠡ ᠶᠢ 2 | ᠰᠠᠨᠲ᠋ᠢᠮᠧᠲᠷ ᠭᠦᠨ ᠪᠤᠯᠠᠪᠠᠯ ᠬᠠᠮᠤᠭ ᠰᠠᠶᠢᠨ᠂ ᠭᠦᠨ ᠭᠦᠢᠬᠡᠨ ᠪᠣᠯ ᠴᠢᠬᠢ ᠭᠠᠷᠴᠤ ᠢᠷᠡᠬᠦ ᠦᠭᠡᠢ ᠶᠤᠮ ᠭᠡᠵᠢ | ᠰᠡᠳᠭᠢᠯ ᠳᠣᠭᠳᠣᠯᠣᠮᠠ ᠶᠠᠷᠢᠨ᠎ᠠ᠃ ᠲᠤᠬᠠᠶ ᠶᠢᠨ ᠭᠠᠵᠠᠷ ᠤᠨ ᠴᠢᠬᠢ ᠪᠤᠶᠢᠵᠢᠭᠤᠯᠬᠤ ᠲᠣᠮᠣ ᠡᠷᠦᠬᠡ ᠴᠥᠭᠡᠨ | ᠪᠤᠰᠤ ᠪᠠᠶᠢᠬᠤ ᠪᠣᠯᠪᠠᠴᠤ ᠪᠠᠰᠠ ᠳᠠᠷᠢᠬᠤ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠠᠶᠢᠨ᠎ᠠ᠂ ᠨᠠᠩ ᠰᠠᠶᠢᠨ ᠦᠷ᠎ᠡ | ᠴᠢᠬᠢ ᠶᠢ ᠪᠤᠶᠢᠵᠢᠭᠤᠯᠬᠤ ᠶᠢᠨ ᠲᠥᠯᠥᠭᠡ᠂ ᠲᠤᠬᠠᠶ ᠶᠢᠨ ᠭᠠᠵᠠᠷ ᠤᠨ ᠴᠥᠭᠡᠨ ᠪᠤᠰᠤ ᠬᠥᠮᠦᠰ 5 ᠰᠠᠷ᠎ᠠ ᠳᠤ | ᠲᠤᠬᠠᠶ ᠶᠢᠨ ᠭᠠᠵᠠᠷ ᠤᠨ ᠦᠷ᠎ᠡ ᠶᠢ ᠳᠠᠭᠠᠭᠤᠯᠤᠨ ᠤᠯᠠᠭᠠᠨᠬᠠᠳᠠ ᠵᠡᠷᠭᠡ ᠭᠠᠵᠠᠷ ᠳᠤᠤᠷ᠎ᠠ ᠦᠷ᠎ᠡ ᠳᠠᠷᠢᠵᠤ᠂ ᠳᠠᠷᠠᠭ᠎ᠠ | ᠵᠢᠯ ᠤᠨ 4 ᠰᠠᠷ᠎ᠠ ᠳᠤ ᠳᠠᠬᠢᠨ ᠪᠤᠶᠢᠵᠢᠭᠰᠠᠨ ᠦᠷ᠎ᠡ ᠴᠢᠬᠢ ᠶᠢ ᠵᠥᠭᠡᠭᠡᠪᠦᠷᠢᠯᠡᠨ ᠠᠪᠴᠢᠷᠠᠳᠠᠭ᠃ ᠡᠶᠢᠮᠦᠷᠬᠦᠦ | ᠬᠡᠯᠪᠡᠷᠢ ᠨᠢ ᠪᠦᠬᠦ ᠰᠢᠶᠠᠨ ᠳᠤ 60 % ᠰᠢᠬᠠᠮ ᠤᠨ ᠦᠷ᠎ᠡ ᠶᠢᠨ ᠴᠢᠬᠢ ᠶᠢ ᠬᠠᠩᠭᠠᠭᠰᠠᠨ ᠪᠠᠶᠢᠨ᠎ᠠ᠃ | ︽ᠣᠶᠢᠷ᠎ᠠ ᠶᠢᠨ ᠵᠢᠯ ᠤᠳ ᠲᠤ᠂ ᠭᠦᠶᠡᠩ ᠰᠢᠶᠠᠨ ᠵᠢᠯ ᠪᠦᠷᠢ ᠲᠠᠷᠢᠮᠠᠯ ᠤᠨ ᠡᠷᠦᠬᠡ ᠳᠤ ᠮᠡᠷᠭᠡᠵᠢᠯ ᠤᠨ | ᠪᠣᠯᠪᠠᠰᠤᠷᠠᠭᠤᠯᠤᠯ ᠬᠢᠳᠡᠭ ᠪᠥᠭᠡᠳ ᠪᠠᠰᠠ ᠡᠯ᠎ᠡ ᠵᠦᠢᠯ ᠤᠨ ᠲᠤᠰᠬᠠᠶ ᠮᠡᠷᠭᠡᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠣᠷᠣᠯᠴᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠡᠯ᠎ᠡ ᠬᠤᠷᠰᠢᠶ᠎ᠠ ᠨᠢ ᠵᠢᠯ ᠪᠦᠷᠢ ᠲᠠᠷᠢᠮᠠᠯ ᠤᠨ | ᠡᠷᠦᠬᠡ ᠲᠠᠢ ᠪᠠᠷᠢᠮᠵᠢᠶᠠᠵᠢᠭᠤᠯᠤᠨ ᠳᠠᠷᠢᠬᠤ ᠵᠠᠬᠢᠶᠠᠯᠠᠭ᠎ᠠ ᠶᠢᠨ ᠬᠠᠭᠤᠳᠠᠰᠤ ᠲᠣᠭᠲᠠᠵᠤ᠂ ᠦᠷ᠎ᠡ ᠴᠢᠬᠢ ᠪᠠ | ᠣᠷᠭᠠᠨᠢᠭ ᠪᠣᠷᠲᠣᠭᠤᠷ ᠬᠠᠩᠭᠠᠨ᠎ᠠ᠃︾ ᠭᠡᠵᠦ ᠭᠦᠶᠡᠩ ᠰᠢᠶᠠᠨ ᠤ ᠬᠤᠨᠴᠢᠷ ᠨᠡᠶᠢᠭᠡᠮᠯᠢᠭ ᠤᠨ ᠨᠡᠷ᠎ᠡ ᠬᠦᠨᠳᠦᠲᠦ | ᠳᠠᠷᠤᠭ᠎ᠠ ᠹᠠᠨ ᠸᠧᠨ ᠬᠤᠩ ᠲᠠᠨᠢᠯᠴᠠᠭᠤᠯᠪᠠ᠃ | ᠣᠶᠢᠷ᠎ᠠ ᠶᠢᠨ ᠵᠢᠯ ᠤᠳ ᠲᠤ᠂ ᠭᠦᠶᠡᠩ ᠰᠢᠶᠠᠨ ᠪᠠᠰᠠ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ᠂ | ᠦᠢᠯᠡᠳᠬᠦᠨ ᠤ ᠥᠷᠲᠡᠭ ᠢᠶᠠᠨ ᠨᠡᠮᠡᠭᠳᠡᠭᠦᠯᠬᠦ ᠲᠠᠯ᠎ᠠ ᠪᠠᠷ ᠲᠠᠰᠤᠷᠠᠯᠲᠠ ᠥᠬᠡᠶ ᠬᠦᠴᠦᠯᠡᠵᠦ᠂ ᠣᠳᠣᠬᠠᠨ ᠳᠤ᠂ | ᠭᠦᠶᠡᠩ ᠤᠨ ᠪᠥᠬᠦ ᠰᠢᠶᠠᠨ ᠤ 11 ᠠᠵᠤ ᠠᠬᠤᠶᠢᠯᠠᠯ ᠬᠤᠨᠴᠢᠷ ᠢ ᠨᠠᠷᠢᠯᠢᠭ ᠡᠳ᠋ᠰᠢᠭᠦᠯᠬᠦ ᠠᠵᠢᠯ ᠬᠢᠵᠦ᠂ ᠬᠤᠨᠴᠢᠷ | ᠠᠷᠢᠬᠢ᠂ ᠬᠤᠨᠴᠢᠷ ᠭᠤᠶᠣᠯᠠᠯ ᠤᠨ ᠡᠳ᠋᠂ ᠬᠤᠨᠴᠢᠷ ᠤᠨ ᠪᠢᠩᠭᠠᠨ ᠵᠡᠷᠭᠡ ᠪᠦᠲᠦᠭᠡᠭᠳᠡᠬᠦᠨ ᠢ ᠭᠠᠷᠭᠠᠪᠠ᠃ | ︽ᠬᠤᠨᠴᠢᠷ ᠤᠨ ᠪᠠᠷᠢᠮᠵᠢᠶ᠎ᠠ ᠪᠠᠷ ᠭᠠᠷᠭᠠᠨ ᠠᠪᠬᠤ ᠪᠣᠳᠠᠰ᠂ ᠬᠤᠨᠴᠢᠷ ᠤᠨ ᠶᠡᠷᠦᠩᠬᠡᠶ ᠰᠠᠪᠤᠩ ᠤᠨ ᠭᠯᠢᠺᠣᠰᠢᠳ᠋ | ᠵᠡᠷᠭᠡ ᠶᠢ ᠨᠡᠭᠡᠭᠡᠨ ᠬᠥᠭᠵᠢᠭᠦᠯᠬᠦ ᠶᠢ ᠳᠠᠭᠠᠯᠳᠤᠨ ᠬᠤᠨᠴᠢᠷ ᠤᠨ ᠪᠦᠲᠦᠭᠡᠭᠳᠡᠬᠦᠨ ᠤ ᠨᠡᠮᠡᠯᠲᠡ ᠥᠷᠲᠡᠭ ᠦᠷᠭᠦᠯᠵᠢᠯᠡᠨ | ᠳᠡᠭᠡᠭᠰᠢᠯᠡᠬᠦ ᠪᠣᠯᠤᠨ᠎ᠠ᠃ ᠡᠨᠡ ᠵᠢᠯ ᠤᠨ 8 ᠰᠠᠷ᠎ᠠ ᠳᠤ᠂ ᠬᠤᠨᠴᠢᠷ ᠤᠨ ᠠᠵᠤ ᠦᠢᠯᠡᠰ ᠤᠨ ᠬᠦᠷᠢᠶᠡᠯᠡᠩ | ᠠᠵᠢᠯ ᠢᠶᠠᠨ ᠳᠠᠭᠤᠰᠬᠠᠬᠤ ᠪᠠᠷ ᠪᠠᠶᠢᠬᠤ ᠪᠥᠭᠡᠳ ᠲᠤᠬᠠᠶ ᠶᠢᠨ ᠭᠠᠵᠠᠷ ᠤᠨ ᠬᠤᠨᠴᠢᠷ ᠢ ᠨᠠᠷᠢᠯᠢᠭ ᠡᠳ᠋ᠰᠢᠭᠦᠯᠬᠦ | ᠠᠵᠢᠯ ᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃︾ ᠭᠡᠵᠦ ᠭᠦᠶᠡᠩ ᠰᠢᠶᠠᠨ ᠤ ᠲᠠᠷᠢᠶᠠᠯᠠᠩ ᠮᠠᠯ ᠠᠵᠤ | ᠠᠬᠤᠶ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠡᠷᠬᠢᠯᠡᠭᠴᠢ ᠨᠢᠦ ᠪᠧᠨ ᠢᠯᠡᠷᠬᠡᠶᠢᠯᠡᠪᠡ᠃ | ᠬᠤᠸᠠᠢ ᠱᠦᠸᠧ ᠪᠠᠯᠭᠠᠰᠤᠨ ᠳᠤ ᠰᠤᠷᠪᠤᠯᠵᠢᠯᠠᠭᠴᠢ ᠬᠤᠨᠴᠢᠷ ᠤᠨ ᠣᠶ ᠶᠢᠨ ᠲᠠᠬᠢᠶ᠎ᠠ ᠲᠡᠵᠢᠭᠡᠨ ᠦᠷᠡᠵᠢᠭᠦᠯᠬᠦ | ᠰᠠᠭᠤᠷᠢᠨ ᠭᠠᠵᠠᠷ ᠲᠤ ᠬᠦᠷᠴᠡᠶ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠮᠢᠶᠣᠣ ᠾᠦᠢ ᠼᠦᠩ | ᠲᠠᠨᠢᠯᠴᠠᠭᠤᠯᠬᠤ ᠳᠠᠭᠠᠨ᠂ ᠣᠶᠢᠷ᠎ᠠ ᠶᠢᠨ ᠵᠢᠯ ᠳᠤ᠂ ᠲᠤᠬᠠᠶ ᠶᠢᠨ ᠭᠠᠵᠠᠷ ᠤᠨ ᠬᠢᠨ ᠲᠣᠰᠬᠤᠨ ᠤ ᠬᠠᠮᠲᠤ ᠶᠢᠨ ᠠᠵᠤ | ᠠᠬᠤᠶ ᠶᠢ ᠶᠡᠬᠡᠪᠡᠷ ᠬᠥᠭᠵᠢᠭᠦᠯᠵᠦ᠂ ᠨᠢᠳᠤᠨᠤᠨ ᠰᠤᠯᠠ ᠪᠠᠶᠢᠭ᠎ᠠ ᠣᠶᠢᠲᠤ ᠭᠠᠵᠠᠷ ᠢ ᠠᠰᠢᠭᠯᠠᠨ 2 ᠲᠦᠮᠡᠨ ᠲᠠᠬᠢᠶ᠎ᠠ | ᠲᠡᠵᠢᠭᠡᠵᠦ᠂ ᠲᠠᠬᠢᠶ᠎ᠠ ᠨᠢᠭᠡᠪᠦᠷᠢ ᠶᠢᠨ ᠠᠰᠢᠭ ᠬᠤᠨᠵᠢᠪᠣᠷᠢ ᠨᠢ 34 ᠲᠥᠭᠦᠷᠢᠭ ᠲᠤ ᠬᠦᠷᠴᠦ᠂ ᠡᠨᠡ ᠵᠢᠯ 4 | ᠲᠦᠮᠡᠨ ᠲᠠᠬᠢᠶ᠎ᠠ ᠲᠡᠵᠢᠭᠡᠬᠦ ᠪᠠᠷ ᠲᠥᠯᠥᠪᠯᠡᠵᠦ ᠪᠠᠶᠢᠨ᠎ᠠ᠂ ᠭᠡᠲᠡᠯ᠎ᠡ ᠡᠲᠡᠭᠡᠷ ᠲᠠᠬᠢᠶ᠎ᠠ ᠶᠢᠨ ᠪᠣᠷᠳᠤᠭ᠎ᠠ ᠶᠢᠨ ᠨᠢᠭᠡ | ᠬᠡᠰᠡᠭ ᠨᠢ ᠬᠡᠮᠬᠡᠷᠬᠡᠶ ᠬᠤᠨᠴᠢᠷ ᠠᠴᠠ ᠢᠷᠡᠭᠰᠡᠨ ᠶᠤᠮ ᠭᠡᠵᠡᠶ᠃ | ᠠᠵᠤ ᠦᠢᠯᠡᠰ ᠤᠨ ᠲᠠᠰᠤᠷᠠᠯᠲᠠ ᠦᠭᠡᠢ ᠦᠰᠦᠨ ᠪᠤᠶᠢᠵᠢᠬᠤ ᠶᠢ ᠳᠠᠭᠠᠯᠳᠤᠨ᠂ ᠭᠦᠶᠡᠩ ᠤᠨ ᠬᠤᠨᠴᠢᠷ | ᠠᠭᠠᠵᠢᠮ ᠢᠶᠠᠷ ᠭᠦᠨ ᠠᠭᠤᠯᠠ ᠠᠴᠠ ᠭᠠᠷᠴᠤ᠂ ᠪᠦᠬᠦ ᠤᠯᠤᠰ ᠲᠤ ᠬᠠᠨᠳᠤᠵᠤ ᠪᠠᠶᠢᠨ᠎ᠠ᠃ 2017 ᠣᠨ ᠳᠤ᠂ | ᠭᠦᠶᠡᠩ ᠰᠢᠶᠠᠨ ᠳᠤ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠠᠴᠠ ︽ᠳᠤᠮᠳᠠᠳᠤ ᠤᠯᠤᠰ ᠤᠨ | ᠭᠦᠶᠡᠩ ᠤᠨ ᠵᠧᠩ ᠪᠸᠢ ᠬᠤᠨᠴᠢᠷ ᠤᠨ ᠨᠤᠲᠤᠭ︾ ᠤᠨ ᠴᠣᠯᠠ ᠣᠯᠭᠤᠵᠤ᠂ ︽ᠭᠦᠶᠡᠩ ᠤᠨ ᠬᠤᠨᠴᠢᠷ︾ ᠢ | ᠳᠤᠮᠳᠠᠳᠤ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢᠯᠡᠬᠦ ᠲᠠᠸᠠᠷ ᠤᠨ ᠲᠡᠮᠳᠡᠭ ᠢᠶᠠᠷ ᠠᠮᠵᠢᠯᠲᠠᠲᠠᠶ | ᠳᠠᠩᠰᠠᠯᠠᠭᠤᠯᠪᠠ᠃ ᠨᠢᠳᠤᠨᠤᠨ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠴᠣᠬᠤᠯᠠᠪᠤᠷᠢ ᠪᠠᠷ ᠭᠦᠶᠡᠩ | ᠰᠢᠶᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠲᠤᠷᠰᠢᠯᠲᠠ ᠶᠢᠨ ᠭᠠᠵᠠᠷ | ᠣᠷᠣᠨ ᠪᠣᠯᠤᠭᠰᠠᠨ ᠤ ᠬᠤᠪᠢ ᠳᠤ᠂ ᠬᠤᠨᠴᠢᠷ ᠨᠢ ᠤᠯᠠᠮᠵᠢᠯᠠᠯᠲᠤ ᠢᠳᠡᠭᠡᠨ ᠪᠣᠯᠬᠤ ᠮᠥᠷᠲᠡᠭᠡᠨ ᠪᠠᠰᠠ ᠬᠢᠲᠠᠳ | ᠡᠮ ᠤᠨ ᠮᠠᠲ᠋ᠧᠷᠢᠶᠠᠯ ᠪᠣᠯᠬᠤ ᠪᠣᠳᠠᠰ ᠤᠨ ᠬᠠᠮᠢᠶᠠᠷᠤᠯᠲᠠ ᠶᠢᠨ ᠲᠤᠷᠰᠢᠯᠲᠠ ᠶᠢᠨ ᠠᠵᠢᠯ ᠢ ᠥᠷᠨᠢᠭᠦᠯᠪᠡ᠃ | ︽ᠬᠤᠨᠴᠢᠷ ᠪᠣᠯ ᠭᠦᠶᠡᠩ ᠤᠨ ᠣᠮᠣᠭᠰᠢᠳᠠᠭ ᠲᠠᠷᠢᠶᠠᠯᠠᠩ ᠤᠨ ᠨᠡᠷ᠎ᠡ ᠶᠢᠨ ᠬᠠᠭᠤᠳᠠᠰᠤ ᠮᠥᠨ᠃ | ᠢᠷᠡᠭᠡᠳᠦᠶ ᠳᠤ᠂ ᠭᠦᠶᠡᠩ ᠰᠢᠶᠠᠨ ᠳᠡᠭᠡᠳᠦ ᠲᠠᠰ ᠤᠨ ᠪᠣᠬᠢᠷᠲᠤᠯ ᠥᠬᠡᠶ ᠣᠷᠭᠠᠨᠢᠭ ᠬᠤᠨᠴᠢᠷ ᠪᠣᠯᠪᠠᠰᠤᠷᠠᠭᠤᠯᠬᠤ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠰᠠᠭᠤᠷᠢᠯᠠᠨ᠂ ᠬᠤᠨᠴᠢᠷ ᠢ ᠬᠡᠪᠴᠢᠶᠡᠵᠢᠭᠦᠯᠬᠦ᠂ | ᠪᠠᠷᠢᠮᠵᠢᠶᠠᠵᠢᠭᠤᠯᠤᠨ ᠳᠠᠷᠢᠬᠤ᠂ ᠵᠢᠩᠬᠢᠨᠢ ᠡᠮ ᠤᠨ ᠮᠠᠲ᠋ᠧᠷᠢᠶᠠᠯ ᠦᠢᠯᠡᠳᠪᠦᠷᠢᠯᠡᠬᠦ ᠶᠢ ᠪᠥᠬᠦ ᠬᠦᠴᠦᠨ ᠢᠶᠠᠷ ᠢᠶᠠᠨ | ᠳᠥᠯᠭᠢᠨ ᠠᠬᠢᠭᠤᠯᠵᠤ᠂ ᠬᠤᠨᠴᠢᠷ ᠤᠨ ᠭᠠᠷᠤᠯᠲᠠ ᠶᠢᠨ ᠣᠷᠣᠨ ᠤ ᠲᠤᠰᠬᠠᠶ ᠵᠠᠬ᠎ᠠ ᠳᠡᠯᠭᠡᠭᠦᠷ ᠢ ᠪᠥᠲᠥᠭᠡᠨ | ᠪᠠᠶᠢᠭᠤᠯᠵᠤ᠂ ᠬᠤᠨᠴᠢᠷ ᠤᠨ ᠠᠵᠤ ᠦᠢᠯᠡᠰ ᠤᠨ ᠲᠥᠪᠯᠡᠷᠡᠭᠦᠯᠦᠨ ᠲᠠᠷᠬᠠᠭᠠᠬᠤ ᠬᠡᠪᠴᠢᠶᠡᠵᠢᠭᠰᠡᠨ ᠭᠠᠵᠠᠷ ᠢ | ᠪᠥᠲᠥᠭᠡᠨ ᠪᠠᠶᠢᠭᠤᠯᠵᠤ᠂ ︽ᠬᠤᠨᠴᠢᠷ ᠢᠶᠠᠷ ᠪᠠᠶᠠᠨ ᠲᠠᠷᠢᠶᠠᠴᠢᠨ ᠢ ᠪᠠᠶᠠᠵᠢᠭᠤᠯᠬᠤ︾ ᠬᠦᠰᠡᠯ ᠡᠷᠡᠮᠡᠯᠵᠡᠯ ᠢ | ᠪᠡᠶᠡᠯᠡᠭᠦᠯᠦᠨ᠎ᠡ᠃︾ ᠭᠡᠵᠦ ᠭᠦᠶᠡᠩ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠬᠡᠯᠡᠪᠡ᠃ |