ᠬᠤᠸᠠᠢ ᠱᠦᠸᠧ ᠪᠠᠯᠭᠠᠰᠤ ᠴᠢᠨᠠᠷ ᠰᠠᠶᠢᠲᠠᠶ ᠵᠠᠯᠠᠭᠤ ᠺᠠᠳ᠋ᠷ ᠤᠨ ᠡᠩᠨᠡᠭᠡ ᠶᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/6/23
      ᠭᠦᠶᠡᠩ ᠰᠢᠶᠠᠨ ᠤ ᠬᠤᠸᠠᠢ ᠱᠦᠸᠧ ᠪᠠᠯᠭᠠᠰᠤ ︽ᠢᠲᠡᠭᠡᠯ ᠵᠣᠷᠢᠭ ᠡᠷᠡᠰ ᠪᠠᠲᠤ᠂ ᠠᠷᠠᠳ ᠲᠦᠮᠡᠨ ᠳᠤ ᠦᠢᠯᠡᠴᠢᠯᠡᠬᠦ᠂ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠪᠣᠳᠠᠲᠠᠶ ᠶᠢ ᠡᠷᠬᠢᠮᠯᠡᠬᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠲᠥᠪ ᠭᠤᠤᠯᠴᠢ ᠠᠷᠢᠭᠤᠨ ᠴᠢᠬᠡᠴᠢ ᠪᠠᠶᠢᠬᠤ︾ ᠰᠢᠨ᠎ᠡ ᠴᠠᠭ ᠦᠶ᠎ᠡ ᠶᠢᠨ ᠰᠠᠶᠢᠨ ᠺᠠᠳᠠᠷ ᠤᠨ ᠪᠠᠷᠢᠮᠵᠢᠶ᠎ᠠ ᠪᠠᠷ ᠪᠠᠷᠢᠮᠵᠢᠶ᠎ᠠ ᠪᠣᠯᠭᠠᠵᠤ᠂ ︽ᠦᠨᠳᠦᠰᠦᠨ ᠱᠠᠲᠤᠨ ᠳᠤ ᠦᠨᠳᠦᠰᠦ ᠬᠠᠳᠬᠤᠨ ᠦᠢᠯᠡᠴᠢᠯᠡᠬᠦ ᠪᠡᠯᠡᠳᠬᠡᠯ ᠬᠦᠴᠦᠨ ᠢ ᠪᠣᠶ ᠪᠣᠯᠭᠠᠬᠤ︾ ᠪᠠᠷ ᠬᠥᠮᠦᠵᠢᠭᠦᠯᠬᠦ ᠤᠳᠤᠷᠢᠳᠤᠮᠵᠢ ᠪᠣᠯᠭᠠᠵᠤ᠂ ︽ᠲᠣᠰᠬᠤᠨ ᠳᠤ ᠴᠠᠭᠠᠷᠠᠭᠰᠠᠨ᠂ ᠪᠠᠯᠭᠠᠰᠤ ᠶᠢ ᠳᠡᠭᠡᠭᠰᠢᠯᠡᠭᠦᠯᠦᠭᠰᠡᠨ︾ ᠠᠵᠢᠯᠯᠠᠭ᠎ᠠ ᠶᠢᠨ ᠠᠬᠤᠶ ᠪᠠᠶᠢᠳᠠᠯ ᠳᠤᠤᠷ᠎ᠠ ᠨᠢᠭᠡ ᠪᠦᠯᠦᠭ ᠤᠯᠤᠰ ᠲᠥᠷᠥ ᠶᠢᠨ ᠬᠡᠪ ᠴᠢᠨᠠᠷ ᠰᠢᠯᠢᠳᠡᠭ᠂ ᠶᠣᠰᠣ ᠰᠤᠷᠲᠠᠬᠤᠨ ᠵᠠᠩ ᠰᠤᠷᠲᠠᠯ ᠰᠠᠶᠢᠨ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠥᠨᠳᠥᠷ᠂ ᠠᠵᠢᠯ ᠤᠨ ᠴᠢᠳᠠᠪᠤᠷᠢ ᠴᠢᠩᠭ᠎ᠠ᠂ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠭᠦᠢᠴᠡᠳ᠂ ᠰᠢᠯᠢᠳᠡᠭ ᠵᠠᠯᠠᠭᠤ ᠺᠠᠳ᠋ᠷ ᠤᠨ ᠡᠩᠨᠡᠭᠡ ᠶᠢ ᠬᠥᠮᠦᠵᠢᠭᠦᠯᠦᠨ ᠪᠤᠶᠢᠵᠢᠭᠤᠯᠵᠤ᠂ ᠪᠥᠬᠦ ᠪᠠᠯᠭᠠᠰᠤᠨ ᠤ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠳᠤ ᠪᠦᠲᠦᠮᠵᠢᠲᠡᠶ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃      ᠨᠢᠭᠡ ᠳᠤ᠂ ︽ᠪᠠᠭᠰᠢ ᠱᠠᠪᠢ ᠶᠢᠨ ᠲᠦᠷᠢᠮ︾ ᠤᠨ ᠲᠠᠯ᠎ᠠ ᠪᠠᠷ ᠰᠢᠨ᠎ᠡ ᠶᠢ ᠡᠭᠦᠳᠴᠦ᠂ ᠰᠢᠨ᠎ᠡ ᠪᠠᠷ ᠡᠯᠰᠡᠭᠰᠡᠨ ᠵᠠᠯᠠᠭᠤ ᠺᠠᠳ᠋ᠷ ᠢ ᠬᠠᠷᠠᠭᠠᠯᠵᠠᠭᠰᠠᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠲᠠᠢ ᠬᠤᠣᠰᠯᠠᠭᠤᠯᠵᠤ᠂ ᠪᠠᠭᠰᠢ ᠱᠠᠪᠢ ᠪᠠᠷ ︽ᠤᠯᠠᠮᠵᠢᠯᠠᠬᠤ᠂ ᠬᠠᠪᠰᠤᠷᠬᠤ᠂ ᠳᠠᠭᠠᠭᠤᠯᠬᠤ︾ ᠪᠠᠷ ᠳᠠᠮᠵᠢᠭᠤᠯᠤᠨ᠂ ︽ᠵᠢᠯᠤᠭᠤᠳᠤᠭᠴᠢ ᠪᠠᠭᠰᠢ︾ ᠶᠢᠨ ᠤᠷᠳᠤ ᠬᠤᠭᠤᠴᠠᠭ᠎ᠠ ᠪᠠᠷ ᠬᠤᠷᠠᠮᠳᠤᠭᠤᠯᠤᠭᠰᠠᠨ ᠪᠠᠶᠠᠯᠢᠭ ᠲᠤᠷᠰᠢᠯᠭ᠎ᠠ ᠪᠠ ᠪᠣᠯᠪᠠᠰᠤᠷᠠᠩᠭᠤᠢ ᠠᠵᠢᠯ ᠤᠨ ᠠᠷᠭ᠎ᠠ ᠳᠡᠮ ᠢ ᠴᠠᠭ ᠲᠤᠬᠠᠢ ᠳᠤᠨᠢ ᠰᠢᠨ᠎ᠡ ᠪᠠᠷ ᠡᠯᠰᠡᠬᠦ ᠵᠠᠯᠠᠭᠤ ᠺᠠᠳ᠋ᠷ ᠲᠤ ᠤᠯᠠᠮᠵᠢᠯᠠᠨ ᠥᠭᠴᠦ᠂ ᠰᠢᠨ᠎ᠡ ᠬᠠᠭᠤᠴᠢᠨ ᠬᠠᠷᠢᠯᠴᠠᠨ ᠠᠬᠢᠭᠤᠯᠵᠤ ᠬᠠᠷᠢᠯᠴᠠᠨ ᠰᠤᠷᠤᠯᠴᠠᠬᠤ᠂ ᠬᠠᠮᠲᠤ ᠪᠠᠷ ᠲᠠᠪᠰᠢᠬᠤ ᠶᠢ ᠪᠡᠶᠡᠯᠡᠭᠦᠯᠪᠡ᠃ ︽ᠬᠡᠪ ᠪᠣᠯᠪᠠᠰᠤᠷᠠᠯ ᠴᠢᠳᠠᠪᠤᠷᠢ ᠳᠤ ᠶᠠᠭᠤ ᠳᠤᠲᠠᠭᠳᠠᠵᠤ ᠪᠠᠶᠢᠪᠠᠯ ᠲᠡᠭᠦᠨ ᠢ ᠨᠢ ᠨᠥᠬᠦᠪᠥᠷᠢᠯᠡᠬᠦ︾᠂ ︽ᠬᠥᠮᠦᠵᠢᠭᠦᠯᠬᠦ ᠬᠠᠷᠠᠯᠲᠠ ᠳᠤ ᠶᠠᠭᠤ ᠱᠠᠭᠠᠷᠳᠠᠭᠳᠠᠪᠠᠯ ᠲᠡᠭᠦᠨ ᠢ ᠨᠢ ᠵᠢᠭᠠᠬᠤ︾ ᠵᠠᠷᠴᠢᠮ ᠶᠣᠰᠣᠭᠠᠷ ᠬᠥᠮᠦᠵᠢᠯ ᠪᠣᠯᠪᠠᠰᠤᠷᠠᠭᠤᠯᠤᠯ ᠤᠨ ︽ᠭᠤᠷᠪᠠᠨ ᠠᠵᠢᠯᠯᠠᠭ᠎ᠠ︾ ᠶᠢ ᠥᠷᠨᠢᠭᠦᠯᠵᠦ᠂ ᠲᠤᠬᠠᠶᠢᠯᠠᠪᠠᠯ ᠭᠠᠷᠠᠭ ᠪᠦᠷᠢ ︽ᠺᠠᠳ᠋ᠷ ᠢ ᠲᠠᠶᠢᠰᠠᠨ ᠳᠤ ᠭᠠᠷᠭᠠᠬᠤ︾ ᠠᠵᠢᠯᠯᠠᠭ᠎ᠠ ᠥᠷᠨᠢᠭᠦᠯᠵᠦ᠂ ᠤᠯᠠᠷᠢᠯ ᠪᠦᠷᠢ ︽ᠺᠠᠳ᠋ᠷ ᠤᠨ ᠤᠨᠤᠯ ᠰᠤᠷᠤᠯᠴᠠᠬᠤ︾ ᠠᠵᠢᠯᠯᠠᠭ᠎ᠠ ᠥᠷᠨᠢᠭᠦᠯᠦᠨ᠂ ᠬᠠᠭᠠᠰ ᠵᠢᠯ ᠳᠤ ︽ᠺᠠᠳ᠋ᠷ ᠤᠨ ᠡᠷᠳᠡᠮ ᠮᠥᠷᠦ᠋ᠢᠴᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠵᠠᠯᠠᠭᠤ ᠺᠠᠳ᠋ᠷᠴᠤᠳ ᠤᠨ ᠤᠨᠤᠯ ᠤᠨ ᠮᠡᠳᠡᠯᠭᠡ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠭᠦᠨᠵᠡᠭᠡᠢ ᠰᠤᠷᠤᠯᠴᠠᠨ ᠨᠠᠷᠢᠨ ᠰᠤᠳᠤᠯᠬᠤ ᠶᠢ ᠭᠡᠳᠡᠷᠬᠦ ᠰᠢᠬᠠᠮᠳᠠᠭᠤᠯᠵᠤ᠂ ᠵᠠᠯᠠᠭᠤ ᠺᠠᠳ᠋ᠷᠴᠤᠳ ᠤᠨ ᠴᠠᠭᠠᠷᠠᠭᠰᠠᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠬᠦᠴᠦᠯᠡᠨ ᠬᠥᠮᠦᠵᠢᠭᠦᠯᠦᠨ᠎ᠡ᠃      ᠬᠤᠶᠠᠷ ᠲᠤ᠂ ᠨᠢᠭᠡᠳᠦᠭᠡᠷ ᠹᠷᠣᠨᠲ ᠤᠨ ᠪᠣᠯᠪᠠᠰᠤᠷᠠᠯ ᠢᠶᠠᠷ ᠭᠤᠣᠯ ᠭᠠᠷᠳᠠᠴᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠲᠥᠯᠥᠪᠯᠡᠭᠡ ᠲᠠᠢ ᠪᠠᠷ ᠤᠯᠤᠰ ᠲᠦᠷᠦ ᠶᠢᠨ ᠬᠡᠪ ᠪᠣᠯᠪᠠᠰᠤᠷᠠᠯ ᠰᠠᠶᠢᠨ᠂ ᠴᠢᠳᠠᠪᠤᠷᠢ ᠲᠠᠢ᠂ ᠬᠠᠷᠢᠭᠤᠴᠠᠯᠭᠠᠲᠤ ᠰᠡᠳᠬᠢᠯᠭᠡ ᠲᠠᠢ ᠵᠠᠯᠠᠭᠤ ᠺᠠᠳ᠋ᠷ ᠢ ᠴᠢᠬᠤᠯᠠ ᠶᠡᠭᠡ ᠡᠭᠦᠷᠭᠡ᠂ ᠴᠢᠬᠤᠯᠠ ᠶᠡᠭᠡ ᠲᠡᠮᠡᠴᠡᠯ ᠤᠨ ᠬᠠᠮᠤᠭ ᠤᠨ ᠡᠮᠦᠨ᠎ᠡ ᠡᠩᠨᠡᠭᠡᠨ ᠳᠤ ᠲᠠᠯᠪᠢᠵᠤ᠂ ᠮᠡᠳᠡᠭᠡ ᠵᠠᠩᠭᠢ ᠶᠢᠨ ᠮᠠᠲ᠋ᠧᠷᠢᠶᠠᠯ᠂ ᠵᠠᠰᠠᠭ ᠤᠨ ᠣᠷᠳᠣᠨ ᠤ ᠬᠠᠯᠠᠮᠰᠢᠯ ᠤᠲᠠᠰᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠤᠯᠠᠨ ᠲᠦᠮᠡᠨ ᠲᠠᠢ ᠬᠠᠷᠢᠯᠴᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠪᠠᠴᠢᠮ ᠬᠦᠴᠢᠷ ᠠᠶᠤᠯ ᠲᠦᠭᠰᠢᠭᠦᠷᠢ ᠲᠠᠢ ᠠᠵᠢᠯ ᠤᠨ ᠳᠠᠷᠤᠭᠠᠰᠤ ᠪᠠᠷ ᠳᠠᠪᠲᠠᠨ ᠪᠣᠯᠪᠠᠰᠤᠷᠠᠭᠤᠯᠵᠤ᠂ ᠰᠠᠭᠤᠷᠢ ᠶᠢ ᠪᠠᠬᠢᠵᠢᠭᠦᠯᠦᠨ ᠡᠨᠧᠷᠭᠢ ᠬᠠᠳᠠᠭᠠᠯᠠᠵᠤ᠂ ᠡᠭᠦᠨ ᠳᠤ ᠳᠡᠭᠡᠳᠦ ᠱᠠᠲᠤᠨ ᠤ ᠬᠢᠨ 30 ᠬᠤᠪᠢ ᠮᠡᠳᠡᠭᠡ ᠵᠠᠩᠭᠢ ᠶᠢ ᠰᠢᠩᠭᠡᠭᠡᠨ ᠠᠪᠴᠤ᠂ ᠤᠯᠠᠨ ᠲᠦᠮᠡᠨ ᠲᠠᠢ ᠬᠠᠷᠢᠯᠴᠠᠵᠤ 653 ᠬᠥᠮᠦᠨ ᠤᠳᠠᠭ᠎ᠠ ᠦᠢᠯᠡᠴᠢᠯᠡᠵᠦ᠂ ᠪᠦᠬᠦ ᠬᠥᠮᠦᠰ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ 2 ᠤᠳᠠᠭ᠎ᠠ ᠲᠥᠪᠯᠡᠷᠡᠩᠭᠦᠢ ᠣᠷᠣᠯᠴᠠᠪᠠ᠃ ᠣᠯᠠᠨ ᠠᠵᠢᠯ ᠤᠨ ᠪᠠᠶᠢᠷᠢ ᠪᠠᠷ ᠬᠥᠮᠦᠵᠢᠭᠦᠯᠬᠦ ᠶᠢ ᠪᠠᠷᠢᠮᠲᠠᠯᠠᠵᠤ᠂ ᠰᠢᠨ᠎ᠡ ᠪᠠᠷ ᠡᠯᠰᠡᠨ ᠬᠡᠷᠡᠭᠯᠡᠭᠰᠡᠨ ᠵᠠᠯᠠᠭᠤ ᠺᠠᠳ᠋ᠷ ᠲᠤ ᠲᠤᠷᠰᠢᠨ ᠬᠡᠷᠡᠭᠯᠡᠬᠦ ᠬᠤᠭᠤᠴᠠᠭᠠᠨ ᠳᠤ ᠣᠯᠠᠨ ᠠᠵᠢᠯ ᠤᠨ ᠪᠠᠶᠢᠷᠢ ᠲᠣᠬᠢᠷᠠᠭᠤᠯᠵᠤ᠂ ᠺᠠᠳ᠋ᠷ ᠤᠨ ᠥᠪᠡᠷᠮᠢᠴᠡ ᠣᠨᠴᠠᠯᠢᠭ᠂ ᠲᠤᠰᠬᠠᠶ ᠮᠡᠷᠭᠡᠵᠢᠯ ᠤᠨ ᠣᠨᠴᠠᠯᠢᠭ ᠢ ᠦᠨᠳᠦᠰᠦᠯᠡᠨ᠂ ᠠᠵᠢᠯ ᠤᠨ ᠪᠠᠶᠢᠷᠢ ᠶᠢᠨ ᠢᠵᠢᠯᠢᠰᠢᠭᠦᠯᠬᠦ ᠬᠡᠮᠵᠢᠶ᠎ᠡ ᠲᠠᠢ ᠤᠶᠠᠯᠳᠤᠭᠤᠯᠤᠨ ᠰᠢᠨᠵᠢᠯᠡᠬᠦ ᠤᠬᠠᠭᠠᠨᠴᠢ ᠪᠠᠷ ᠠᠵᠢᠯ ᠤᠨ ᠪᠠᠶᠢᠷᠢ ᠬᠤᠪᠢᠶᠠᠷᠢᠯᠠᠵᠤ᠂ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠪᠠᠶᠢᠭᠤᠯᠵᠤ᠂ ᠬᠥᠮᠦᠨ ᠪᠠ ᠠᠵᠢᠯ ᠤᠨ ᠪᠠᠶᠢᠷᠢ ᠬᠠᠷᠢᠯᠴᠠᠨ ᠵᠣᠬᠢᠴᠠᠬᠤ ᠶᠢ ᠦᠨᠡᠨ ᠬᠦ ᠪᠠᠲᠤᠯᠠᠨ᠎ᠠ᠃      ᠭᠤᠷᠪᠠ ᠳᠤ᠂ ᠵᠠᠯᠠᠭᠤ ᠺᠠᠳ᠋ᠷ ᠤᠨ ᠡᠩᠨᠡᠭᠡ ᠶᠢ ᠰᠢᠯᠢᠳᠡᠭᠵᠢᠭᠦᠯᠵᠦ᠂ ᠵᠡᠷᠭᠡ ᠪᠠᠷ ᠤᠷᠤᠭᠰᠢᠯᠠᠬᠤ ︽ᠭᠠᠯᠠᠭᠤᠨ ᠵᠢᠭᠰᠠᠭᠠᠯ ᠤᠨ ᠪᠠᠶᠢᠷᠢᠰᠢᠯ︾ ᠢ ᠪᠠᠶᠢᠭᠤᠯᠵᠤ᠂ ︽ᠲᠠᠶᠢᠯᠪᠤᠷᠢᠯᠠᠬᠤ ᠰᠡᠳᠬᠢᠬᠦᠢ︾ ᠠᠴᠠ ᠡᠭᠦᠰᠴᠦ᠂ ᠨᠠᠮ ᠤᠨ ᠭᠡᠰᠢᠭᠦᠨ ᠪᠤᠰᠤ ᠵᠠᠯᠠᠭᠤ ᠺᠠᠳ᠋ᠷ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠵᠣᠬᠢᠶᠠᠨ ᠪᠠᠶᠢᠭᠤᠯᠤᠯᠲᠠ ᠳᠤ ᠤᠢᠢᠷᠠᠳᠤᠭᠤᠯᠵᠤ᠂ ︽ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠯᠢᠳᠡᠭ ᠢ ᠨᠠᠮ ᠳᠤ ᠣᠷᠣᠭᠤᠯᠬᠤ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠢ ᠨᠠᠶᠢᠳᠠᠪᠤᠷᠢᠵᠢᠭᠤᠯᠵᠤ᠂ ᠵᠠᠯᠠᠭᠤ ᠨᠠᠮ ᠤᠨ ᠭᠡᠰᠢᠭᠦᠨ ᠡᠯᠰᠡᠬᠦ ᠠᠵᠢᠯ ᠢ ᠦᠨᠡᠨ ᠬᠦ ᠰᠠᠶᠢᠲᠤᠷ ᠬᠢᠵᠦ᠂ ᠡᠨᠡ ᠵᠢᠯ ᠤᠨ ᠬᠥᠭᠵᠢᠯᠲᠡ ᠶᠢᠨ ᠬᠡᠪ ᠪᠣᠯᠪᠠᠰᠤᠷᠠᠯ ᠰᠢᠯᠢᠳᠡᠭ᠂ ᠵᠠᠩ ᠰᠤᠷᠲᠠᠯ ᠰᠠᠶᠢᠨ᠂ ᠴᠢᠳᠠᠪᠤᠷᠢ ᠴᠢᠩᠭ᠎ᠠ 4 ᠵᠠᠯᠠᠭᠤ ᠺᠠᠳ᠋ᠷ ᠢ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠭᠤᠯᠪᠠ᠃ ᠪᠥᠬᠦ ᠪᠠᠯᠭᠠᠰᠤᠨ ᠤ ᠺᠠᠳ᠋ᠷ ᠤᠨ ᠱᠠᠲᠤᠯᠢᠭ ᠡᠩᠨᠡᠭᠡ ᠶᠢᠨ ᠬᠥᠭᠵᠢᠯᠲᠡ ᠶᠢᠨ ᠱᠠᠭᠠᠷᠳᠠᠯᠭ᠎ᠠ ᠪᠠ ᠺᠠᠳ᠋ᠷ ᠤᠨ ᠬᠤᠪᠢ ᠬᠥᠮᠦᠨ ᠤ ᠱᠠᠭᠠᠷᠳᠠᠯᠭ᠎ᠠ ᠶᠢ ᠦᠨᠳᠦᠰᠦᠯᠡᠨ᠂ ᠦᠢᠯᠡᠳᠦᠯᠭᠡ ᠶᠢᠨ ᠰᠢᠯᠭᠠᠯᠲᠠ ᠶᠢ ᠥᠩᠭᠡᠷᠡᠭᠡᠭᠰᠡᠨ ᠰᠢᠯᠢᠳᠡᠭ ᠵᠠᠯᠠᠭᠤ ᠺᠠᠳ᠋ᠷ ᠢ ᠰᠣᠩᠭᠤᠨ ᠬᠡᠷᠡᠭᠯᠡᠬᠦ ᠶᠢ ᠴᠢᠬᠤᠯᠠᠴᠢᠯᠠᠵᠤ᠂ ᠦᠨᠳᠦᠰᠦᠨ ᠬᠡᠪ ᠪᠣᠯᠪᠠᠰᠤᠷᠠᠯ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠲᠠᠢ ᠵᠠᠯᠠᠭᠤ ᠺᠠᠳ᠋ᠷ ᠢ ᠲᠥᠪᠯᠡᠷᠡᠭᠦᠯᠦᠨ ᠬᠥᠮᠦᠵᠢᠭᠦᠯᠵᠦ᠂ ᠲᠡᠷᠢᠭᠦᠨ ᠤ ᠬᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ ᠪᠤᠶᠤ ᠲᠤᠰᠢᠶᠠᠯ ᠤᠨ ᠲᠠᠰ ᠳᠡᠪᠰᠢᠭᠦᠯᠬᠦ ᠳᠤᠮᠳᠠ ᠤᠷᠢᠳᠠᠪᠠᠷ ᠭᠤᠤᠯᠳᠠᠯᠭ᠎ᠠ ᠲᠠᠢ ᠠᠵᠢᠯ᠂ ᠴᠢᠬᠤᠯᠠ ᠶᠡᠭᠡ ᠡᠭᠦᠷᠭᠡ ᠶᠢᠨ ᠳᠤᠮᠳᠠ ᠲᠣᠪᠤᠶᠢᠮ᠎ᠠ ᠢᠯᠡᠷᠡᠯ ᠲᠠᠢ᠂ ᠪᠣᠳᠠᠲᠤ ᠠᠮᠵᠢᠯᠲᠠ ᠪᠠᠷ ᠢᠯᠡᠷᠬᠡᠶ ᠰᠢᠯᠢᠳᠡᠭ ᠵᠠᠯᠠᠭᠤ ᠺᠠᠳ᠋ᠷ ᠢ ᠲᠠᠨᠢᠯᠴᠠᠭᠤᠯᠵᠤ᠂ ᠡᠨᠡ ᠵᠢᠯ ᠠᠴᠠ ᠨᠠᠰᠢ ᠳᠡᠭᠡᠳᠦ ᠱᠠᠲᠤᠨ ᠳᠤ ᠨᠡᠶᠢᠲᠡ 4 ᠵᠠᠯᠠᠭᠤ ᠺᠠᠳ᠋ᠷ ᠢ ᠰᠣᠩᠭᠤᠨ ᠳᠡᠪᠰᠢᠭᠦᠯᠵᠦ᠂ 5 ᠰᠢᠯᠢᠳᠡᠭ ᠪᠠ ᠲᠡᠷᠢᠭᠦᠨ ᠤ ᠬᠢ ᠰᠢᠯᠭᠠᠷᠠᠭᠤᠯᠵᠤ᠂ ᠲᠤᠰᠢᠶᠠᠯ ᠳᠤ ᠲᠣᠮᠢᠯᠠᠬᠤ ᠭᠤᠭᠴᠤᠭ᠎ᠠ ᠶᠢᠨ 4 ᠺᠠᠳ᠋ᠷ ᠢ ᠰᠣᠩᠭᠤᠨ ᠳᠡᠪᠰᠢᠭᠦᠯᠵᠦ᠂ ᠵᠠᠯᠠᠭᠤ ᠺᠠᠳ᠋ᠷ ᠤᠨ ᠠᠵᠢᠯ ᠬᠢᠵᠦ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠭᠦᠢᠴᠡᠳ ᠬᠥᠭᠵᠢᠭᠡᠵᠡᠶ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号