ᠬᠤᠳᠠ ᠬᠥᠳᠡᠭᠡ ᠶᠢᠨ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠲᠤᠬᠠᠢ ᠲᠠᠨᠢᠯᠲᠠ ᠪᠠ ᠮᠡᠳᠡᠷᠡᠮᠵᠢ ᠶᠢ | ᠳᠡᠭᠡᠭᠰᠢᠯᠡᠭᠦᠯᠦᠨ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠡᠷᠡᠭᠦᠯ ᠥᠭᠡᠳᠡᠷᠬᠡᠭ ᠰᠣᠶᠣᠯ ᠤᠨ | ᠠᠮᠢᠳᠤᠷᠠᠯ ᠢ ᠤᠯᠠᠮ ᠨᠢᠭᠡ ᠠᠯᠬᠤᠮ ᠪᠤᠢ ᠪᠣᠯᠭᠠᠵᠤ᠂ ᠤᠯᠠᠨ ᠲᠦᠮᠡᠨ ᠤ ᠦᠵᠡᠯ ᠰᠠᠨᠠᠭ᠎ᠠ ᠰᠣᠶᠣᠯ ᠪᠠ ᠨᠡᠶᠢᠭᠡᠮ ᠤᠨ | ᠪᠣᠯᠪᠠᠰᠤᠨ ᠤ ᠬᠢᠷᠢ ᠬᠡᠮᠵᠢᠶᠡᠨ ᠤ ᠳᠡᠭᠡᠭᠰᠢᠯᠡᠯᠲᠡ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 20 ᠤ ᠡᠳᠦᠷ᠂ | ᠭᠦᠶᠡᠩ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠣᠶᠤᠨ ᠤ ᠪᠣᠯᠪᠠᠰᠤᠨ ᠤ ᠠᠯᠪᠠᠨ ᠬᠡᠷ | ᠂ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠣᠯᠭᠡ ᠶᠢᠨ ᠲᠥᠪ ᠠᠴᠠ ᠭᠤᠤᠯᠯᠠᠨ ᠡᠷᠭᠢᠯᠡᠵᠦ᠂ | ᠵᠢᠨᠱᠠᠨ ᠪᠠᠯᠭᠠᠰᠤ ᠠᠴᠠ ᠳᠠᠭᠠᠭᠠᠴᠢᠯᠠᠨ ᠡᠷᠭᠢᠯᠡᠭᠰᠡᠨ ︽ᠤᠮᠠᠷᠠᠲᠤ ᠥᠷᠭᠡᠷᠢᠭ ᠤᠨ 41 ᠭᠷᠠᠳᠦ᠋ᠰ ᠭᠦᠶᠡᠩ ᠳᠤ ᠠᠨᠠᠷ | ᠴᠡᠴᠡᠭ ᠳᠡᠯᠭᠡᠷᠡᠭᠰᠡᠨ ᠨᠢᠭᠡ ᠬᠡᠷ ᠪᠦᠯᠢ᠂ ︿ᠽᠦᠩᠽᠢ﹀ ᠶᠢᠨ ᠪᠠᠶᠠᠷ ᠪᠠᠶᠠᠰᠬᠤᠯᠠᠩᠲᠤ ᠴᠠᠭ ᠮᠥᠴᠡ︾ ︽ᠪᠢᠳᠡᠨ ᠤ | ᠪᠠᠶᠠᠷ ᠤᠨ ᠡᠳᠦᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠤᠨ ᠭᠤᠤᠯ ᠰᠡᠳᠦᠪᠲᠦ ᠬᠦᠳᠡᠯᠭᠡᠭᠡᠨ ︽ | ᠭᠦᠶᠡᠩ ᠤᠨ ᠤᠴᠢᠷ︾ ᠠᠮᠲᠠᠲᠤ ᠢᠳᠡᠭᠡᠨ ᠣᠨᠴᠠ ᠭᠠᠷᠤᠯᠲᠠ ᠶᠢᠨ ᠰᠣᠶᠣᠯ ᠤᠨ ᠡᠭᠦᠳᠦᠯᠲᠡ ᠶᠢᠨ ᠵᠡᠭᠡᠯᠢ ᠳᠤ | ᠡᠬᠢᠯᠡᠪᠡ᠃ | ᠦᠳᠡ ᠶᠢᠨ ᠡᠮᠦᠨᠡᠬᠢ 9 ᠴᠠᠭ ᠬᠠᠭᠠᠰ ᠲᠤ᠂ ︽ᠪᠠᠷᠠᠭᠤᠨ ᠣᠷᠣᠨ ᠤ ᠪᠠᠶᠠᠷᠲᠤ ᠳᠠᠭᠤᠤ︾ ᠶᠢᠨ ᠲᠠᠭᠤᠨ ᠤ | ᠳᠤᠮᠳᠠ᠂ ᠬᠦᠳᠡᠯᠭᠡᠭᠡᠨ ᠵᠢᠩᠬᠢᠨᠢ ᠪᠠᠷ ᠡᠬᠢᠯᠡᠬᠦ ᠳᠤ᠂ ᠠᠵᠢᠯᠲᠠᠳ ᠶᠡᠷᠦ ᠠᠴᠠ ᠠᠵᠢᠯᠯᠠᠭ᠎ᠠ ᠳᠤ ᠣᠷᠣᠯᠴᠠᠬᠤ ᠪᠠᠷ | ᠢᠷᠡᠭᠰᠡᠨ ᠰᠠᠭᠤᠭᠠᠯᠢ ᠠᠷᠠᠳ ᠲᠤ ᠰᠡᠷᠢᠭᠦᠨ ᠪᠣᠭᠤᠷᠰᠤᠭ᠂ ᠽᠦᠩᠽᠢ᠂ ᠥᠨᠳᠡᠭᠡ᠂ ᠲᠠᠪᠤᠨ ᠥᠩᠭᠡ ᠶᠢᠨ ᠳᠡᠭᠡᠰᠦ | ᠲᠠᠷᠬᠠᠭᠠᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠵᠥᠩᠨᠡᠯ ᠳᠡᠪᠰᠢᠭᠦᠯᠵᠦ᠂ ᠭᠦᠶᠡᠩ ᠤᠨ ᠰᠠᠶᠢᠨ | ᠬᠤᠲᠠ ᠶᠢᠨ ᠠᠷᠠᠳ᠂ ᠰᠠᠶᠢᠨ ᠬᠡᠷ ᠪᠦᠯᠢ ᠳᠤ ᠬᠥᠬᠢᠭᠦᠯᠦᠯ ᠤᠨ ᠪᠡᠯᠡᠭ ᠬᠦᠷᠭᠡᠵᠦ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠰᠠᠶᠢᠨ ᠲᠤᠷᠠᠴᠤᠳ ᠤᠨ ᠲᠥᠯᠥᠭᠡᠯᠡᠭᠴᠢ ᠳᠤ ᠵᠢᠵᠢᠭ ᠪᠡᠯᠡᠭ ᠭᠠᠷᠳᠠᠭᠤᠯᠪᠠ᠃ | ᠦᠨᠦᠷᠲᠦ ᠬᠠᠪᠲᠠᠭ᠎ᠠ ᠬᠢᠬᠦ ᠭᠤᠭᠴᠤᠭ᠎ᠠ ᠳᠤ᠂ ᠨᠡᠶᠢᠭᠡᠮ ᠲᠣᠭᠤᠷᠢᠭ ᠠᠴᠠ ᠢᠷᠡᠭᠰᠡᠨ ᠰᠠᠭᠤᠭᠠᠯᠢ ᠠᠷᠠᠳ ᠬᠠᠮᠲᠤ | ᠬᠦᠷᠢᠶᠡᠯᠡᠵᠦ᠂ ᠮᠠᠲ᠋ᠧᠷᠢᠶᠠᠯ ᠨᠡᠮᠡᠬᠦ᠂ ᠬᠠᠯᠬᠠᠪᠴᠢ᠂ ᠵᠡᠭᠦᠦ ᠰᠦᠪᠡᠯᠡᠬᠦ᠂ ᠤᠲᠠᠰᠤ ᠲᠠᠲᠠᠬᠤ᠂ ᠳᠡᠭᠡᠰᠦ ᠤᠶᠠᠬᠤ | ᠵᠡᠷᠭᠡ ᠠᠯᠢ ᠤᠯᠠᠨ ᠶᠠᠭᠠᠷᠠᠯᠲᠠᠢ ᠠᠵᠢᠯᠯᠠᠪᠠ᠃ ᠦᠨᠦᠷᠲᠦ ᠬᠠᠪᠲᠠᠭ᠎ᠠ ᠶᠢᠨ ᠠᠩᠬᠢᠯᠤᠮ᠎ᠠ ᠦᠨᠦᠷ ᠰᠡᠩᠭᠢᠨᠡᠵᠦ᠂ | ᠬᠥᠮᠦᠨ ᠤ ᠰᠡᠳᠬᠢᠯ ᠢ ᠲᠠᠲᠠᠨ᠎ᠠ᠃ ᠣᠯᠠᠨ ᠢᠶᠠᠷ ᠢᠶᠠᠨ ᠥᠪᠡᠷ ᠤᠨ ᠵᠣᠬᠢᠶᠠᠭᠰᠠᠨ ᠦᠨᠦᠷᠲᠦ ᠬᠠᠪᠲᠠᠭ᠎ᠠ ᠪᠠᠷ ᠢᠶᠠᠨ | ᠬᠠᠮᠲᠤ ᠶᠢᠨ ᠰᠡᠭᠦᠳᠡᠷ ᠲᠠᠲᠠᠭᠤᠯᠵᠤ᠂ ᠥᠳᠬᠡᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠮᠡᠳᠡᠷᠡᠵᠦ | ᠪᠠᠶᠢᠯ᠎ᠠ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠣᠶᠢᠯᠠᠭᠠᠭᠤᠯᠵᠤ᠂ | ᠤᠯᠠᠮᠵᠢᠯᠠᠯᠲᠤ ᠪᠠᠶᠠᠷ ᠤᠨ ᠡᠳᠦᠷ ᠢ ᠰᠠᠶᠢᠲᠤᠷ ᠥᠩᠭᠡᠷᠡᠭᠦᠯᠬᠦ ᠪᠠᠷ ᠪᠠᠷᠠᠬᠤ ᠥᠬᠡᠶ ᠪᠠᠰᠠ ᠥᠷᠭᠡᠨ ᠣᠯᠠᠨ ᠲᠦᠮᠡᠨ ᠤ | ᠣᠶᠤᠨ ᠤ ᠰᠣᠶᠣᠯ ᠤᠨ ᠠᠮᠢᠳᠤᠷᠠᠯ ᠢ ᠦᠨᠡᠨ ᠬᠦ ᠪᠠᠶᠠᠯᠢᠭᠵᠢᠭᠤᠯᠵᠤ᠂ ᠭᠦᠶᠡᠩ ᠤᠨ ᠪᠣᠯᠪᠠᠰᠤᠨ ᠤ ᠳᠦᠷᠢ | ᠲᠥᠷᠬᠦ ᠶᠢ ᠳᠡᠭᠡᠭᠰᠢᠯᠡᠭᠦᠯᠵᠦ᠂ ᠬᠥᠮᠦᠨ ᠪᠦᠬᠦᠨ ᠡᠶ᠎ᠡ ᠵᠣᠬᠢᠴᠠᠯ ᠲᠠᠢ ᠬᠡᠷ ᠣᠷᠣᠨ ᠢᠶᠠᠨ ᠬᠠᠮᠲᠤ ᠪᠠᠷ ᠪᠥᠲᠥᠭᠡᠨ | ᠪᠠᠶᠢᠭᠤᠯᠬᠤ ᠵᠣᠯ ᠵᠢᠷᠭᠠᠯᠲᠤ ᠠᠭᠤᠷ ᠠᠮᠢᠰᠬᠤᠯ ᠢ ᠢᠯᠡᠷᠡᠭᠦᠯᠪᠡ᠃ |