ᠭᠦᠶᠡᠩ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/23
      6 ᠰᠠᠷ᠎ᠠ ᠶᠢᠨ 13 ᠤ ᠡᠳᠦᠷ᠂ ᠭᠦᠶᠡᠩ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠢ ᠬᠤᠷᠠᠯᠳᠤᠭᠤᠯᠪᠠ᠃       ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠧᠩ ᠶᠢᠨ ᠯᠢᠶᠠᠩ ᠬᠤᠷᠠᠯ ᠡᠷᠭᠢᠯᠡᠪᠡ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠬᠤᠷᠢᠳᠤᠭᠠᠷ ᠬᠤᠭᠤᠴᠠᠭᠠᠨ ᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ᠃       ᠬᠤᠷᠠᠯ ᠠᠴᠠ ᠭᠦᠶᠡᠩ ᠰᠢᠶᠠᠨ ᠤ ᠬᠠᠤᠯᠢ ᠲᠦᠭᠡᠮᠡᠯᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ᠭᠦᠶᠡᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠵᠢᠯ ᠤᠨ ᠦᠨᠡᠯᠡᠯᠲᠡ ᠬᠢᠵᠦ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ᠭᠦᠶᠡᠩ ᠰᠢᠶᠠᠨ ᠤ ᠮᠧᠩ ᠱᠠᠩ ᠲᠣᠰᠬᠤᠨ ᠪᠠᠯᠭᠠᠰᠤ ᠶᠢᠨ ᠪᠠᠩᠬᠢ ᠶᠢᠨ ᠠᠵᠢᠯ ᠤᠨ ᠦᠨᠡᠯᠡᠯᠲᠡ ᠬᠢᠵᠦ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ᠭᠦᠶᠡᠩ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯ ᠤᠨ ᠦᠨᠡᠯᠡᠯᠲᠡ ᠬᠢᠵᠦ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃       ᠬᠤᠷᠠᠯ ᠠᠴᠠ ᠴᠢᠶᠣᠤ ᠵᠢᠶᠠᠨ ᠵᠢᠶᠦ᠋ᠨ ᠤ᠂ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠤᠭᠴᠠᠷᠠᠭᠤᠯᠵᠤ᠂ ᠷᠧᠨ ᠬᠤᠢ ᠶᠢᠨ᠂ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠤᠭᠴᠠᠷᠠᠭᠤᠯᠵᠤ᠂ ᠶᠠᠩ ᠱᠣᠸᠠᠨ ᠵᠦ ᠶᠢᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠲᠥᠰᠦᠪ ᠤᠨ ᠠᠵᠢᠯ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠤᠭᠴᠠᠷᠠᠭᠤᠯᠵᠤ᠂ ᠶᠠᠩ ᠱᠣᠸᠠᠨ ᠵᠦ᠂ ᠼᠤᠤ ᠳ᠋ᠦᠩ ᠠᠷᠠᠳ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠪᠠᠲᠤᠯᠠᠪᠠ᠃       ᠬᠤᠷᠠᠯ ᠠᠴᠠ ᠬᠤᠤ ᠰᠢᠶᠠᠩ ᠳ᠋ᠦᠩ ᠢ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ᠂ ᠵᠤᠤ ᠶᠣᠣ ᠯᠦᠩ ᠢ ᠭᠦᠶᠡᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠲᠥᠰᠦᠪ ᠤᠨ ᠠᠵᠢᠯ ᠤᠨ ᠵᠥᠪᠯᠡᠯ ᠤᠨ ᠡᠷᠬᠢᠯᠡᠭᠴᠢ᠂ ᠸᠧᠢ ᠵᠢᠶᠧ ᠶᠢ ᠭᠦᠶᠡᠩ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠰᠢᠭᠦᠭᠴᠢ᠂ ᠬᠤ ᠵᠦᠩ ᠫᠦ ᠶᠢ ᠭᠦᠶᠡᠩ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠰᠢᠭᠦᠭᠴᠢ᠂ ᠵᠠᠩ ᠨᠠ ᠶᠢ ᠭᠦᠶᠡᠩ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠪᠠᠷ ᠲᠣᠮᠢᠯᠠᠪᠠ᠃       ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠧᠩ ᠶᠢᠨ ᠯᠢᠶᠠᠩ 5 ᠨᠥᠬᠦᠷ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃       ᠬᠤᠤ ᠰᠢᠶᠠᠩ ᠳ᠋ᠦᠩ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ 5 ᠨᠥᠬᠦᠷ ᠢ ᠲᠥᠯᠥᠭᠡᠯᠡᠨ ᠣᠪᠣᠷ ᠢᠶᠠᠨ ᠢᠯᠡᠳᠬᠡᠬᠦ ᠦᠭᠡ ᠬᠡᠯᠡᠵᠡᠢ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠶᠢᠨ ᠬᠠᠮᠲᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠶ ᠠᠭᠤᠰᠤᠯᠴᠠᠬᠤ ᠪᠠ ᠦᠢᠯᠡᠴᠢᠯᠡᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠬᠥᠭᠦᠷᠭᠡᠨ ᠪᠠᠬᠢᠯᠡᠯᠲᠡ︾ ᠶᠢ ᠪᠥᠲᠥᠭᠡᠨ ᠪᠠᠶᠢᠭᠤᠯᠬᠤ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ ᠭᠡᠵᠦ ᠵᠢᠭᠠᠪᠠ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号