ᠰᠢᠶᠠ ᠱᠢ ᠬᠤᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠠᠮ ᠳᠡᠯᠭᠡᠭᠦᠷ | 2022 ᠣᠨ ᠳᠤ ᠠᠰᠢᠭᠯᠠᠯᠲᠠ ᠳᠤ ᠤᠷᠤᠭᠰᠠᠨ ᠠᠴᠠ ᠨᠠᠭᠠᠰᠢ᠂ ᠠᠯᠢ ᠤᠯᠠᠨ ᠪᠠᠲᠤ ᠪᠠᠬᠢ ᠤᠯᠠ ᠮᠥᠷ ᠢᠶᠠᠨ | ᠦᠯᠡᠳᠡᠭᠡᠵᠦ᠂ ᠡᠨᠡ ᠵᠢᠯ ᠤᠨ 4 ᠰᠠᠷ᠎ᠠ ᠳᠤ ᠪᠦᠬᠦ ᠲᠠᠯ᠎ᠠ ᠪᠠᠷ ᠳᠡᠯᠭᠡᠷᠡᠭᠦᠯᠦᠨ ᠠᠵᠢᠯᠯᠠᠭᠤᠯᠬᠤ ᠶᠠᠪᠤᠴᠠ ᠳᠤ ᠮᠠᠰᠢ | ᠤᠯᠠᠨ ᠰᠢᠯᠢᠳᠡᠭ ᠵᠢᠱᠢᠶᠡᠴᠢ ᠲᠣᠰᠬᠤᠨ ᠤ ᠠᠷᠠᠳ ᠴᠣᠯᠭᠤᠷᠠᠨ ᠭᠠᠷᠴᠠᠢ᠃ | ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠬᠤ ᠶᠢᠨ ᠲᠥᠯᠥᠭᠡ᠂ | 6 ᠰᠠᠷ᠎ᠠ ᠶᠢᠨ 27 ᠤ ᠡᠳᠦᠷ ᠰᠢᠶᠠ ᠱᠢ ᠬᠤᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠪᠠᠶᠢᠭ᠎ᠠ ᠰᠠᠨ ᠴᠧᠩ ᠷᠧᠨ ᠬᠤᠤ ᠲᠣᠰᠬᠤᠨ᠂ ᠰᠢᠶᠠ ᠱᠢ ᠬᠤᠤ ᠲᠣᠰᠬᠤᠨ ᠲᠣᠰ ᠲᠣᠰ 11 | ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠡᠲᠦ ᠳᠡᠯᠭᠡᠭᠦᠷ ᠤᠨ ᠬᠤᠪᠢ | ᠬᠤᠷᠠᠮᠳᠤᠭᠤᠯᠵᠤ ᠰᠣᠯᠢᠬᠤ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠠᠬᠤᠢ | ᠲᠠᠯᠠᠪᠠᠢ ᠳᠤ᠂ ᠡᠯ᠎ᠡ ᠲᠣᠰᠬᠤᠨ ᠤ ᠬᠤᠪᠢ ᠬᠤᠷᠠᠮᠳᠤᠭᠤᠯᠵᠤ ᠵᠣᠭᠤᠰ ᠰᠣᠯᠢᠬᠤ ᠳᠤ ᠣᠷᠣᠯᠴᠠᠭᠰᠠᠨ ᠲᠣᠰᠬᠤᠨ ᠤ | ᠠᠷᠠᠳ ᠲᠡᠰ ᠳᠠᠷᠠᠭᠠᠯᠠᠨ ᠲᠠᠶᠢᠰᠠᠨ ᠳᠤ ᠭᠠᠷᠤᠭᠰᠠᠨ ᠪᠥᠭᠡᠳ ᠪᠣᠯᠪᠠᠰᠤᠨ ᠦᠢᠯᠡᠳᠦᠯᠭᠡ ᠶᠢᠨ ᠬᠠᠮ ᠳᠡᠯᠭᠡᠭᠦᠷ ᠤᠨ | ᠠᠵᠢᠯᠯᠠᠭᠠᠨ ᠠᠴᠠ ᠨᠠᠭᠠᠰᠢᠬᠢ ᠲᠦᠷᠦᠭᠳᠡᠯ ᠢᠶᠠᠨ ᠨᠡᠶᠢᠲᠡᠯᠡᠵᠦ᠂ ᠲᠤᠬᠠᠢ ᠶᠢᠨ ᠲᠠᠯᠠᠪᠠᠢ ᠳᠤ ᠴᠢᠩᠭ᠎ᠠ ᠲᠤᠰᠬᠠᠯ | ᠭᠠᠷᠴᠠᠢ︕ ᠰᠠᠶᠢᠨ ᠳᠤᠷ᠎ᠠ ᠶᠢᠨ ᠦᠢᠯᠡᠴᠢᠯᠡᠭᠡ ᠨᠢ ᠨᠢᠳᠤᠨ ᠳᠤ ᠦᠵᠡᠭᠳᠡᠵᠦ ᠭᠠᠷ ᠲᠤ ᠪᠠᠷᠢᠭᠳᠠᠮ᠎ᠠ ᠪᠣᠯᠪᠠᠰᠤᠨ ᠤ | ᠱᠠᠩᠨᠠᠯ ᠪᠤᠯᠵᠤ᠂ ᠤᠯᠠᠨ ᠲᠦᠮᠡᠨ ᠤ ᠣᠷᠣᠯᠴᠠᠬᠤ ᠬᠠᠯᠠᠭᠤᠨ ᠰᠡᠳᠬᠢᠯᠭᠡ ᠪᠠ ᠬᠥᠳᠡᠯᠭᠡᠬᠦ ᠬᠦᠴᠦᠨ ᠢ ᠲᠦᠢᠯ ᠤᠨ | ᠶᠡᠭᠡ ᠪᠠᠷ ᠬᠥᠭᠵᠢᠭᠡᠵᠦ᠂ ︽ᠨᠠᠮᠠᠶᠢ ᠣᠷᠣᠯᠴᠠᠭᠤᠯᠬᠤ︾ ᠠᠴᠠ ︽ᠪᠢ ᠣᠷᠣᠯᠴᠠᠭᠤᠯᠬᠤ︾ ᠪᠤᠯᠵᠤ ᠬᠤᠪᠢᠷᠠᠪᠠ᠃ | ︽ᠪᠣᠯᠪᠠᠰᠤᠨ ᠦᠢᠯᠡᠳᠦᠯᠭᠡ ᠶᠢᠨ ᠬᠡᠲᠦ ᠳᠡᠯᠭᠡᠭᠦᠷ ᠰᠠᠶᠢᠨ ᠡᠷᠬᠢᠯᠡᠵᠦ ᠪᠠᠢᠨ᠎ᠠ᠂ ᠰᠣᠯᠢᠭᠰᠠᠨ ᠪᠡᠯᠡᠭ ᠴᠦ | ᠠᠮᠢᠳᠤᠷᠠᠯ ᠳᠤ ᠬᠡᠷᠡᠭᠴᠡᠭᠡ ᠲᠠᠢ᠃ ᠬᠤᠶᠢᠰᠢᠳᠠ ᠪᠢ ᠭᠠᠴᠠᠭᠠᠨ ᠤ ᠠᠷᠠᠳ ᠤᠨ ᠵᠥᠪᠯᠡᠯ ᠤᠨ ᠵᠣᠬᠢᠶᠠᠨ | ᠪᠠᠶᠢᠭᠤᠯᠤᠭᠰᠠᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠠᠷᠢᠯᠴᠠᠨ ᠬᠠᠪᠰᠤᠷᠤᠨ ᠬᠠᠪᠰᠤᠷᠤᠯᠴᠠᠵᠤ᠂ | ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠨ᠂ ᠨᠡᠩ ᠤᠯᠠᠨ ᠬᠤᠪᠢ ᠬᠤᠷᠠᠮᠳᠤᠭᠤᠯᠵᠤ᠂ ᠨᠡᠩ | ᠤᠯᠠᠨ ᠲᠠᠸᠠᠷ ᠰᠣᠯᠢᠵᠤ ᠠᠪᠤᠨ᠎ᠠ᠃︾ ᠭᠡᠵᠦ ᠴᠠᠭᠠᠨ ᠨᠣᠭᠤᠭ᠎ᠠ ᠶᠢᠨ ᠲᠣᠰᠬᠤᠨ ᠤ ᠠᠷᠠᠳ ᠰᠦ ᠶᠢᠨ ᠹᠧᠩ | ᠬᠤᠪᠢ ᠬᠤᠷᠠᠮᠳᠤᠭᠤᠯᠵᠤ ᠰᠣᠯᠢᠬᠤ ᠪᠡᠯᠡᠭ ᠢᠶᠠᠨ ᠳᠤᠷᠠᠳᠴᠤ ᠪᠠᠶᠠᠷᠲᠠᠶ ᠬᠡᠯᠡᠨ᠎ᠡ᠃ | ᠠᠵᠢᠯᠯᠠᠭ᠎ᠠ ᠳᠡᠭᠡᠷ᠎ᠡ᠂ ᠪᠠᠰᠠ ᠤᠳᠬ᠎ᠠ ᠤᠷᠠᠯᠢᠭ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠵᠤ᠂ | ᠲᠤᠬᠠᠢ ᠶᠢᠨ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ᠂ ᠤᠯᠠᠨ ᠲᠦᠮᠡᠨ ᠬᠠᠯᠠᠭᠤᠨ ᠢᠶᠠᠷ ᠣᠷᠣᠯᠴᠠᠵᠤ᠂ ᠭᠠᠷ | ᠤᠲᠠᠰᠤ ᠪᠠᠷ ᠰᠡᠭᠦᠳᠡᠷ ᠲᠠᠲᠠᠵᠤ᠂ ᠸᠢᠳᠢᠣ᠋ ᠰᠢᠩᠭᠡᠭᠡᠵᠦ᠂ ᠭᠤᠶᠢᠳᠠ ᠰᠠᠶᠢᠬᠠᠨ ᠬᠤᠷᠣᠮ ᠪᠦᠷᠢ ᠶᠢ ᠲᠡᠮᠳᠡᠭᠯᠡᠪᠡ᠃ | ᠤᠷᠠᠨ ᠰᠠᠶᠢᠬᠠᠨ ᠤ ᠲᠣᠭᠯᠠᠯᠲᠠ ᠨᠢ ᠲᠣᠰᠬᠤᠨ ᠤ ᠠᠷᠠᠳ ᠲᠤ ᠬᠠᠷᠠᠭ᠎ᠠ ᠰᠣᠨᠣᠷ ᠤᠨ ᠦᠪᠡᠳᠡᠭᠰᠢ ᠳᠠᠶᠢᠯᠠᠯᠭ᠎ᠠ᠂ | ᠰᠣᠶᠣᠯ ᠤᠨ ᠲᠠᠩᠰᠤᠭ ᠳᠠᠶᠢᠯᠠᠯᠭ᠎ᠠ ᠬᠢᠬᠦ ᠶᠢᠨ ᠬᠠᠮᠲᠤ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠪᠣᠯᠤᠨ ᠤᠳᠬ᠎ᠠ | ᠤᠷᠠᠯᠢᠭ ᠤᠨ ᠠᠵᠢᠯᠲᠠᠳ ᠤᠨ ᠬᠠᠯᠠᠭᠤᠨ ᠰᠡᠳᠬᠢᠯᠭᠡ ᠶᠢ ᠪᠢᠯᠬᠠᠭᠤᠯᠵᠤ᠂ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠦᠨᠡᠨ ᠬᠦ ᠣᠯᠠᠨ | ᠲᠦᠮᠡᠨ ᠤ ᠰᠡᠳᠬᠢᠯ ᠬᠠᠨᠤᠮᠵᠢᠲᠠᠶ ︽ᠰᠡᠳᠬᠢᠯ ᠤᠨ ᠢᠨᠵᠧᠨᠧᠷᠢᠩ︾ ᠪᠣᠯᠭᠠᠵᠤ᠂ ᠬᠥᠳᠡᠭᠡ ᠲᠣᠰᠬᠤᠨ ᠤ ᠰᠣᠶᠣᠯ ᠢ | ᠬᠥᠭᠵᠢᠭᠦᠯᠦᠨ ᠮᠠᠨᠳᠤᠭᠤᠯᠬᠤ ᠳᠤ ᠦᠨᠡᠨ ᠬᠦ ᠨᠠᠩ ᠣᠯᠠᠨ ᠠᠮᠢᠵᠢᠷᠠᠯ ᠤᠨ ᠬᠦᠴᠦᠨ ᠨᠡᠮᠡᠷᠢᠯᠡᠵᠦ᠂ ᠬᠥᠳᠡᠭᠡ | ᠲᠣᠰᠬᠤᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠤ ᠣᠶᠤᠨ ᠤ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ | ᠪᠠᠶᠢᠭᠤᠯᠤᠯᠲᠠ ᠳᠤ ᠬᠦᠴᠦᠨ ᠨᠡᠮᠡᠷᠢᠯᠡᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ︽ᠬᠤᠪᠢ ᠬᠤᠷᠠᠮᠳᠤᠭᠤᠯᠬᠤ ᠲᠦᠷᠢᠮ︾ ᠢ ᠬᠡᠷᠡᠭᠵᠢᠭᠦᠯᠬᠦ ᠪᠠᠷ ᠳᠡᠮᠵᠢᠨ᠂ ᠲᠣᠰᠬᠤᠨ ᠤ ᠠᠷᠠᠳ ︽ᠬᠠᠨᠴᠤᠶ | ᠳᠤᠭᠲᠦ᠋ᠢᠯᠠᠵᠤ ᠪᠠᠶᠢᠭᠰᠠᠨ ᠠᠴᠠ︾ ︽ᠰᠠᠨᠠᠭᠠᠴᠢᠯᠠᠭ᠎ᠠ ᠠᠴᠠ ᠪᠠᠨ ᠠᠵᠢᠯᠯᠠᠬᠤ︾ ᠬᠤᠪᠢᠷᠠᠯᠲᠠ ᠶᠢ ᠪᠡᠶᠡᠯᠡᠭᠦᠯᠵᠦ᠂ | ᠲᠣᠰᠬᠤᠨ ᠤ ᠠᠷᠠᠳ ᠤᠨ ᠥᠪᠡᠷ ᠢ ᠪᠠᠨ ᠬᠠᠮᠢᠶᠠᠷᠬᠤ᠂ ᠥᠪᠡᠷ ᠤᠨ ᠪᠡᠶ᠎ᠡ ᠳᠡᠭᠡᠨ ᠦᠢᠯᠡᠴᠢᠯᠡᠬᠦ᠂ ᠬᠠᠮᠲᠤ ᠪᠠᠷ | ᠵᠠᠰᠠᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠤᠪᠢ ᠬᠤᠷᠠᠮᠳᠤᠭᠤᠯᠵᠤ ᠬᠡᠮᠵᠢᠶᠡᠵᠢᠭᠦᠯᠦᠨ ᠱᠠᠩᠨᠠᠬᠤ ᠵᠥᠪ | ᠴᠢᠭᠯᠡᠯ ᠢᠶᠠᠷ ᠤᠷᠮᠠᠰᠢᠭᠤᠯᠬᠤ ᠦᠢᠯᠡᠳᠣᠯ ᠢ ᠭᠦᠢᠴᠡᠳ ᠢᠯᠡᠷᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠣᠯᠠᠨ | ᠲᠦᠮᠡᠨ ᠤ ᠪᠣᠯᠪᠠᠰᠤᠨ ᠢ ᠡᠭᠦᠳᠦᠨ ᠪᠠᠶᠢᠭᠤᠯᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ | ᠂ ᠬᠦᠴᠢᠷᠳᠡᠯ ᠢ ᠬᠠᠪᠰᠤᠷᠤᠨ ᠲᠡᠳᠬᠦᠬᠦ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠰᠠᠶᠢᠨ ᠳᠤᠷ᠎ᠠ ᠶᠢᠨ | ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠬᠤ ᠢᠳᠡᠪᠬᠢᠵᠢᠯ ᠢ ᠳᠠᠶᠢᠴᠢᠯᠠᠪᠠ᠃ ᠡᠭᠦᠨ ᠤ ᠬᠠᠮᠲᠤ ᠥᠷᠭᠡᠨ | ᠣᠯᠠᠨ ᠲᠣᠰᠬᠤᠨ ᠤ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠣᠳᠠᠲᠤ ᠠᠵᠢᠯᠯᠠᠭ᠎ᠠ ᠪᠠᠷ ᠢᠶᠠᠨ | ᠬᠤᠪᠢ ᠬᠤᠷᠠᠮᠳᠤᠭᠤᠯᠵᠤ᠂ ᠬᠤᠪᠢ ᠬᠤᠷᠠᠮᠳᠤᠭᠤᠯᠵᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠵᠢᠯᠯᠠᠭ᠎ᠠ ᠪᠠᠷ ᠢᠶᠠᠨ | ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠦᠷ᠎ᠡ ᠪᠦᠲᠦᠮᠵᠢ ᠤᠯᠬᠤ᠂ | ᠨᠡᠶᠢᠭᠡᠮ ᠤᠨ ᠪᠣᠯᠪᠠᠰᠤᠨ ᠤ ᠰᠢᠨ᠎ᠡ ᠳᠦᠷᠰᠦ ᠪᠠᠶᠢᠳᠠᠯ ᠢᠶᠠᠨ ᠢᠯᠡᠷᠡᠭᠦᠯᠬᠦ ᠶᠢ ᠠᠬᠢᠭᠤᠯᠵᠠᠢ᠃ |