ᠭᠦᠶᠡᠩ ᠰᠢᠶᠠᠨ ᠠᠴᠠ ᠭᠠᠷᠴᠤ᠂ 211 ᠮᠤᠵᠢ ᠶᠢᠨ ᠵᠠᠮ ᠪᠠ 082 ᠰᠢᠶᠠᠨ ᠤ ᠵᠠᠮ ᠢᠶᠠᠷ 33 ᠺᠢᠯᠣᠮᠧᠲᠷ | ᠶᠠᠪᠤᠪᠠᠯ ᠶᠢᠨ ᠬᠤᠤ ᠪᠠᠯᠭᠠᠰᠤᠨ ᠤ ᠶᠢᠨ ᠬᠤᠤ ᠲᠣᠰᠬᠤᠨ ᠤ ᠰᠠᠨ ᠶᠤᠸᠠᠨ ᠴᠧᠩ ᠲᠣᠰᠬᠤᠨ ᠳᠤ ᠬᠦᠷᠴᠢᠬᠡᠨ᠎ᠡ᠃ | ᠠᠳᠡ ᠬᠢᠲᠠᠳ᠂ ᠮᠣᠩᠭᠤᠯ᠂ ᠬᠤᠲᠣᠩ᠂ ᠮᠠᠨᠵᠤ ᠵᠡᠷᠭᠡ ᠦᠨᠳᠦᠰᠦᠲᠡᠨ ᠨᠡᠶᠢᠲᠡ 60 ᠭᠠᠷᠤᠶ ᠰᠠᠭᠤᠭᠠᠯᠢ ᠠᠷᠠᠳ | ᠰᠠᠭᠤᠵᠤ ᠪᠠᠶᠢᠨ᠎ᠠ᠃ ᠲᠣᠰᠬᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠰᠠᠶᠢᠨ | ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ᠃ | ᠰᠠᠨ ᠶᠤᠸᠠᠨ ᠴᠧᠩ ᠲᠣᠰᠬᠤᠨ ᠡᠯᠪᠡᠭ ᠪᠠᠶᠠᠯᠢᠭ ᠰᠣᠶᠣᠯ ᠤᠨ ᠠᠭᠤᠯᠬᠤᠨ ᠲᠠᠢ ᠪᠠᠶᠢᠵᠤ᠂ ᠴᠢᠨ ᠤᠯᠤᠰ ᠤᠨ | ᠤᠷᠳᠤ ᠴᠠᠭᠠᠨ ᠬᠡᠷᠡᠮ ᠢ ᠪᠠᠶᠢᠭᠤᠯᠬᠤ ᠳᠤ ᠦᠯᠡᠳᠡᠭᠡᠭᠰᠡᠨ ᠮᠠᠰᠢ ᠤᠯᠠᠨ ᠲᠡᠦᠬᠡ ᠶᠢᠨ ᠤᠯᠠ ᠮᠥᠷ ᠢ ᠬᠠᠳᠠᠭᠠᠯᠠᠵᠤ | ᠪᠠᠶᠢᠳᠠᠭ᠃ 1983 ᠣᠨ ᠠᠴᠠ ᠡᠮᠦᠨ᠎ᠡ᠂ ᠰᠠᠨ ᠶᠤᠸᠠᠨ ᠴᠧᠩ ᠲᠣᠰᠬᠤᠨ ᠠᠴᠠ ᠤᠮᠠᠷᠠᠰᠢ ᠮᠣᠷᠳᠠᠵᠤ᠂ ᠲᠣᠮᠣ | ᠲᠡᠷᠭᠡ ᠪᠠᠷ ᠵᠡᠭᠦᠨᠰᠢ ᠠᠷᠪᠠᠨ ᠬᠡᠳᠦᠨ ᠺᠢᠯᠣᠮᠧᠲᠷ ᠲᠣᠭᠤᠷᠢᠵᠤ ᠶᠠᠪᠤᠪᠠᠯ ᠰᠠᠶ᠋ᠢ ᠶᠢᠨ ᠬᠤᠤ ᠶᠢᠨ ᠬᠤᠶᠢᠲᠤ ᠲᠠᠯ᠎ᠠ ᠳᠤ | ᠬᠦᠷᠴᠦ ᠳᠡᠶᠢᠯᠣᠨᠠ᠂ ᠡᠨᠡ ᠬᠦ ᠵᠠᠮ ᠨᠢ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ | ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠪᠠ ᠴᠡᠴᠡᠭᠯᠡᠯ ᠬᠥᠭᠵᠢᠯ ᠢ ᠬᠦᠨᠳᠦ ᠨᠣᠴᠢᠲᠠᠢ ᠬᠢᠵᠠᠭᠠᠷᠯᠠᠵᠤ | ᠪᠠᠶᠢᠵᠠᠢ᠃ 2020 ᠣᠨ ᠳᠤ᠂ ᠶᠢᠨᠬᠤᠤ ᠪᠠᠯᠭᠠᠰᠤᠨ ᠤ ᠨᠠᠮ ᠤᠨ ᠬᠤᠷᠢᠶ᠎ᠠ ︽ᠨᠢᠭᠡ ᠤᠴᠢᠷ ᠢ ᠨᠢᠭᠡ ᠵᠥᠪᠯᠡᠬᠦ︾ | ᠪᠠᠷ ᠳᠠᠮᠵᠢᠨ᠂ ᠲᠣᠰᠬᠤᠨ ᠤ ᠵᠠᠮ ᠵᠠᠰᠠᠬᠤ ᠠᠵᠢᠯ ᠢ ᠡᠬᠢᠯᠡᠭᠦᠯᠦᠨ᠂ ᠲᠣᠰᠬᠤᠨ ᠤ ᠠᠷᠠᠳ ᠢᠳᠡᠪᠬᠢᠲᠡᠶ ᠪᠠᠷ ᠵᠠᠮ | ᠵᠠᠰᠠᠬᠤ ᠬᠥᠳᠡᠯᠮᠦᠷᠢ ᠳᠤ ᠣᠷᠣᠯᠴᠠᠵᠦ᠂ 2020 ᠣᠨ ᠤ 6 ᠰᠠᠷ᠎ᠠ ᠳᠤ᠂ ᠵᠠᠰᠠᠮᠠᠯ ᠵᠠᠮ ᠢ ᠵᠠᠰᠠᠵᠤ ᠳᠠᠭᠤᠰᠬᠠᠪᠠ᠃ | ᠶᠢᠨ ᠬᠤᠤ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠪᠠᠯᠭᠠᠰᠤᠨ ᠤ ᠡᠮᠦᠨ᠎ᠡ ᠤᠮᠠᠷ᠎ᠠ ᠨᠡᠪᠲᠡᠷᠡᠬᠦ ᠵᠠᠮ ᠢ ᠲᠦᠢᠯᠪᠤᠷᠢᠲᠠᠶ ᠨᠡᠪᠲᠡᠷᠡᠭᠦᠯᠬᠦ ᠶᠢᠨ | ᠲᠥᠯᠥᠭᠡ᠂ ᠪᠠᠯᠭᠠᠰᠤᠨ ᠤ ᠨᠠᠮ ᠤᠨ ᠬᠤᠷᠢᠶ᠎ᠠ ᠲᠠᠰᠤᠷᠠᠯᠲᠠ ᠥᠬᠡᠶ ᠪᠠᠯᠠ ᠮᠥᠩᠭᠦ ᠣᠯᠵᠤ᠂ ᠪᠠᠯᠭᠠᠰᠤᠨ ᠤ | ᠳᠣᠲᠣᠷᠠᠬᠢ ᠡᠮᠦᠨ᠎ᠡ ᠤᠮᠠᠷ᠎ᠠ ᠨᠡᠪᠲᠡᠷᠡᠬᠦ ᠵᠠᠮ ᠢ ᠪᠥᠬᠦ ᠪᠠᠯᠭᠠᠰᠤᠨ ᠤ ᠡᠯ᠎ᠡ ᠲᠣᠰᠬᠤᠨ ᠤ ᠠᠷᠠᠳ ᠤᠨ ︽ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ︾ ᠢ ᠥᠷᠭᠡᠳᠬᠡᠬᠦ ᠺᠠᠩ ᠵᠤᠸᠠᠩ ᠶᠡᠭᠡ ᠵᠠᠮ ᠪᠣᠯᠭᠠᠪᠠ᠃ |