ᠠᠵᠤ ᠦᠢᠯᠡᠳᠪᠦᠷᠢ ᠪᠠᠷ ᠪᠠᠶᠠᠨ ᠰᠢᠶᠠᠨ ᠢ ᠡᠭᠦᠳᠬᠦ | ︽ᠨᠢᠳᠤᠨᠤᠨ ᠮᠠᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠪᠠ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ ᠤᠨ ᠬᠤᠷᠳᠤᠴᠠ ᠪᠥᠬᠦ ᠬᠤᠲᠠ ᠳᠤ | ᠨᠢᠭᠡᠳᠦᠭᠡᠷ ᠲᠤ ᠣᠷᠣᠵᠤ᠂ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠨᠡᠮᠡᠭᠳᠡᠯ ᠤᠨ ᠬᠡᠮᠵᠢᠶ᠎ᠡ | ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠡᠨᠡ ᠵᠢᠯ᠂ ᠪᠢᠳᠡ ᠠᠵᠤ ᠠᠬᠤᠶᠢᠯᠠᠯ ᠤᠨ ᠪᠡᠯᠡ | ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ | 5000 ᠲᠦᠮᠡᠨ ᠲᠥᠭᠦᠷᠢᠭ ᠠᠴᠠ ᠳᠡᠭᠡᠭᠰᠢᠬᠢ 48 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠦ᠂ ᠭᠠᠭᠴᠠ | ᠴᠣᠭᠴᠠ ᠶᠢᠨ ᠪᠡᠯᠡ ᠣᠷᠣᠭᠤᠯᠤᠯᠲᠠ 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ 3 ᠲᠦᠷᠦᠯ ᠵᠦᠢᠯ ᠪᠠᠶᠢᠵᠤ᠂ | ᠶᠡᠷᠦᠩᠬᠡᠢ ᠪᠡᠯᠡ ᠣᠷᠣᠭᠤᠯᠤᠯᠲᠠ ᠨᠢ 651 ᠳ᠋ᠦᠩᠰᠢᠭᠤᠷ ᠲᠥᠭᠦᠷᠢᠭ ᠲᠤ ᠬᠦᠷᠴᠡᠢ᠃ ᠪᠢᠳᠡᠨ ᠤ ᠦᠷᠭᠦᠯᠵᠢ | ᠶᠠᠷᠢᠳᠠᠭ ᠨᠢᠭᠡ ᠦᠭᠡ ᠪᠣᠯ ᠳᠠᠷᠤᠢ ᠦᠰᠦᠷᠦᠭᠡᠳ ᠲᠤᠭᠤᠷ ᠲᠡᠭᠦᠬᠦ ᠲᠡᠮᠡᠴᠡᠯ ᠤᠨ ᠳᠦᠷᠰᠦ ᠪᠠᠶᠢᠳᠠᠯ ᠢᠶᠠᠨ | ᠪᠠᠲᠤᠯᠠᠵᠤ᠂ ᠬᠥᠭᠵᠢᠯᠲᠡ ᠪᠠᠷ ᠭᠤᠣᠯ ᠪᠣᠯᠭᠠᠵᠤ᠂ ᠲᠦᠷᠦᠯ ᠵᠦᠢᠯ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ | ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠠᠪᠤᠳᠠᠯ ᠪᠣᠯᠤᠨ᠎ᠠ᠃︾ ᠭᠡᠵᠦ ᠭᠦᠶᠡᠩ ᠰᠢᠶᠠᠨ ᠤ ᠨᠠᠮ ᠤᠨ | ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠢᠦᠢ ᠳᠤᠮᠳᠠᠳᠤ ᠤᠯᠤᠰ ᠤᠨ ᠡᠮᠡᠭᠲᠡᠶᠢᠴᠦᠳ ᠤᠨ | ᠰᠣᠨᠢᠨ ᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠳᠤ ᠬᠡᠯᠡᠬᠦ ᠨᠢ᠃ | ᠲᠠᠷᠢᠶᠠᠯᠠᠩ ᠮᠠᠯ ᠠᠵᠤ ᠠᠬᠤᠶ ᠶᠢᠨ ᠲᠣᠭᠲᠠᠭᠤᠨ ᠰᠢᠶᠠᠨ ᠢ ᠡᠭᠦᠳᠬᠦ | ᠠᠵᠤ ᠦᠢᠯᠡᠰ ᠤᠨ ᠲᠠᠰᠤᠷᠠᠯᠲᠠ ᠦᠭᠡᠢ ᠦᠰᠦᠨ ᠪᠤᠶᠢᠵᠢᠬᠤ ᠶᠢ ᠳᠠᠭᠠᠯᠳᠤᠨ᠂ ᠭᠦᠶᠡᠩ ᠤᠨ ᠬᠤᠨᠴᠢᠷ | ᠠᠭᠠᠵᠢᠮ ᠢᠶᠠᠷ ᠭᠦᠨ ᠠᠭᠤᠯᠠ ᠠᠴᠠ ᠭᠠᠷᠴᠤ᠂ ᠪᠦᠬᠦ ᠤᠯᠤᠰ ᠲᠤ ᠬᠠᠨᠳᠤᠵᠤ ᠪᠠᠶᠢᠨ᠎ᠠ᠃ 2017 ᠣᠨ ᠳᠤ᠂ | ᠭᠦᠶᠡᠩ ᠰᠢᠶᠠᠨ ᠳᠤ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠠᠴᠠ ︽ᠳᠤᠮᠳᠠᠳᠤ ᠤᠯᠤᠰ ᠤᠨ | ᠭᠦᠶᠡᠩ ᠤᠨ ᠵᠧᠩ ᠪᠸᠢ ᠬᠤᠨᠴᠢᠷ ᠤᠨ ᠨᠤᠲᠤᠭ︾ ᠤᠨ ᠴᠣᠯᠠ ᠣᠯᠭᠤᠵᠤ᠂ ︽ᠭᠦᠶᠡᠩ ᠤᠨ ᠬᠤᠨᠴᠢᠷ︾ ᠢ | ᠳᠤᠮᠳᠠᠳᠤ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢᠯᠡᠬᠦ ᠲᠠᠸᠠᠷ ᠤᠨ ᠲᠡᠮᠳᠡᠭ ᠢᠶᠠᠷ ᠠᠮᠵᠢᠯᠲᠠᠲᠠᠶ | ᠳᠠᠩᠰᠠᠯᠠᠭᠤᠯᠪᠠ᠃ ᠭᠦᠶᠡᠩ ᠤᠨ ᠬᠤᠨᠴᠢᠷ ᠨᠢ ︽ᠡᠮ ᠤᠨ ᠵᠦᠢᠯ ᠪᠠ ᠢᠳᠡᠭᠡᠨ ᠤ ᠵᠦᠢᠯ ᠤᠨ ᠢᠷᠡᠯᠲᠡ ᠠᠳᠠᠯᠢ︾ | ᠭᠡᠬᠦ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠤᠨ ᠲᠤᠷᠰᠢᠯᠲᠠ ᠶᠢ ᠵᠥᠪᠰᠢᠶᠡᠷᠡᠵᠦ᠂ ᠪᠠᠰᠠ ᠪᠥᠬᠦ | ᠤᠯᠤᠰ ᠤᠨ ᠴᠢᠨᠠᠷᠲᠠᠶ ᠬᠤᠨᠴᠢᠷ ᠤᠨ ᠳᠡᠭᠡᠳᠦ ᠲᠠᠰ ᠤᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠭᠢᠯᠡᠪᠡ᠃ | ᠬᠤᠳᠠᠯᠳᠤᠭᠠᠨ ᠤ ᠵᠢᠭᠤᠯᠴᠢᠯᠠᠯ ᠤᠨ ᠰᠢᠶᠠᠨ ᠢ ᠡᠭᠦᠳᠬᠦ | ︽41 ᠭᠷᠠᠳᠦ᠋ᠰ ᠤᠨ ᠭᠦᠶᠡᠩ ᠤᠨ ᠬᠠᠨᠳᠢᠪ︾—ᠭᠦᠶᠡᠩ ᠠᠴᠠ ᠢᠷᠡᠵᠦ᠂ ᠳᠡᠯᠡᠬᠡᠶ ᠳ᠋ᠠᠬᠢᠨ ᠳᠤ | ᠵᠣᠷᠢᠭᠤᠯᠤᠭᠰᠠᠨ︕ ᠤᠢᠢᠷ᠎ᠠ ᠶᠢᠨ ᠵᠢᠯ ᠳᠤ᠂ ᠭᠦᠶᠡᠩ ᠰᠢᠶᠠᠨ ︽ᠭᠦᠶᠡᠩ ᠤᠨ ᠤᠴᠢᠷ︾ ᠤᠨ ᠠᠮᠲᠠᠲᠤ ᠢᠳᠡᠭᠡᠨ | ᠣᠨᠴᠠ ᠭᠠᠷᠤᠯᠲᠠ ᠶᠢᠨ ᠰᠣᠶᠣᠯ ᠤᠨ ᠡᠭᠦᠳᠦᠯᠲᠡ ᠶᠢᠨ ᠵᠡᠭᠡᠯᠢ ᠶᠢ ᠪᠠᠶᠢᠭᠤᠯᠵᠤ᠂ ᠳ᠋ᠠ ᠶᠢᠩ ᠲᠦ᠋ ᠶᠢᠨ | ᠬᠤᠪᠢᠰᠬᠠᠯᠲᠤ ᠰᠣᠶᠣᠯ ᠤᠨ ᠨᠦᠬᠡᠨ ᠭᠡᠷ ᠤᠨ ᠦᠵᠡᠭᠦᠯᠭᠡ ᠶᠢᠨ ᠣᠷᠳᠣᠨ ᠢ ᠪᠠᠶᠢᠭᠤᠯᠵᠤ᠂ ᠬᠤᠳᠠ ᠠᠴᠠ ᠴᠦᠨ | ᠺᠦᠨ ᠱᠠᠨ ᠬᠦᠷᠬᠦ ᠵᠢᠭᠤᠯᠴᠢᠯᠠᠯ ᠤᠨ ᠰᠢᠭᠤᠳ ᠨᠡᠪᠲᠡᠷᠡᠬᠦ ᠲᠡᠷᠭᠡ ᠶᠢ ᠨᠡᠪᠲᠡᠷᠡᠭᠦᠯᠵᠦ᠂ ᠪᠦᠬᠦ ᠵᠢᠯ ᠳᠤ 49 . 8 | ᠲᠦᠮᠡᠨ ᠵᠤᠭᠠᠴᠠᠭᠰᠠᠳ ᠢ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 8221 ᠲᠦᠮᠡᠨ | ᠲᠥᠭᠦᠷᠢᠭ ᠲᠤ ᠬᠦᠷᠴᠡᠢ᠃ | ︽ᠣᠳᠣᠬᠠᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯ ᠳᠠᠷᠤᠢ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠵᠢᠴᠢ | ᠪᠤᠭᠤᠲᠤ ᠳᠤ ᠳᠤᠷᠠᠳᠤᠭᠰᠠᠨ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ | ᠪᠣᠳᠠᠲᠠᠢ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠃ ᠭᠤᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠰᠢᠨ᠎ᠡ | ᠭᠦᠶᠡᠩ ᠢ ᠪᠠᠶᠢᠭᠤᠯᠤᠨ᠎ᠠ︕︾ ᠭᠡᠵᠦ ᠭᠦᠶᠠᠩ ᠤᠨ ᠢᠷᠡᠭᠡᠳᠦᠢ ᠳᠤ᠂ ᠭᠤᠤ ᠢᠦᠢ ᠢᠲᠡᠭᠡᠯ ᠳᠦᠭᠦᠷᠡᠩ ᠪᠠᠢᠨ᠎ᠠ᠃ |