ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠶᠤᠯ ᠦᠭᠡᠶ ᠶᠢᠨ ᠵᠢᠱᠢᠶ᠎ᠡ ᠦᠵᠡᠭᠦᠯᠬᠦ | ᠰᠢᠶᠠᠨ ᠢ ᠠᠮᠵᠢᠯᠲᠠ ᠲᠠᠢ ᠡᠭᠦᠳᠦᠨ ᠪᠠᠶᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠢᠳᠡᠭᠡᠨ ᠤ ᠠᠶᠤᠯ ᠦᠭᠡᠶ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠢ | ᠦᠨᠡᠯᠡᠬᠦ ᠪᠠ ᠬᠠᠮᠢᠶᠠᠷᠬᠤ ᠠᠷᠭ᠎ᠠ︾ ᠬᠢᠭᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ | ᠠᠶᠤᠯ ᠦᠭᠡᠶ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠢ ᠦᠨᠡᠯᠡᠬᠦ ᠨᠠᠷᠢᠨ ᠳᠦᠷᠢᠮ︾ | ᠢ ᠦᠨᠳᠦᠰᠦᠯᠡᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠶᠤᠯ ᠦᠭᠡᠶ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ | ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠲᠤᠰ ᠠᠵᠢᠯ ᠤᠨ ᠲᠥᠰᠦᠯ ᠢ ᠲᠣᠭᠲᠠᠭᠠᠪᠠ᠃ | ᠠᠵᠢᠯ ᠤᠨ ᠬᠠᠷᠠᠯᠲᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ︽ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠢᠳᠡᠭᠡᠨ ᠤ ᠠᠶᠤᠯ ᠦᠭᠡᠶ ᠶᠢᠨ | ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ | ᠶᠠᠪᠤᠳᠠᠯ ᠤᠨ ᠬᠤᠷᠢᠶᠠᠨ ᠤ ᠰᠠᠨᠠᠯ︾ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ | ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ᠢ ᠬᠢᠨᠠᠮᠠᠭᠠᠶ | ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠨ᠂ ︽ᠬᠤᠶᠠᠷ ᠢ ᠬᠠᠮᠠᠭᠠᠯᠠᠬᠤ︾ ᠶᠢ | ᠦᠨᠡᠨ ᠬᠦ ᠪᠡᠶᠡᠯᠡᠭᠦᠯᠵᠦ᠂ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ | ᠂ ︽ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠦᠨᠡᠨᠴᠢ ᠪᠠᠷ | ᠦᠢᠯᠡᠳᠦᠯᠭᠡᠵᠢᠭᠦᠯᠵᠦ᠂ ᠮᠠᠨ ᠤ ᠰᠢᠶᠠᠨ ᠤ ᠥᠷᠭᠡᠨ ᠣᠯᠠᠨ ᠠᠷᠠᠳ ᠲᠦᠮᠡᠨ ᠤ ᠢᠳᠡᠭᠡᠨ ᠤ ᠠᠮᠤᠷ ᠲᠦᠪᠰᠢᠨ ᠢ | ᠪᠠᠲᠤᠯᠠᠬᠤ ᠪᠠᠷ ᠵᠣᠷᠢᠯᠲᠠ ᠪᠠ ᠲᠤᠰᠤᠯᠲᠠ ᠪᠣᠯᠭᠠᠨ᠂ ᠢᠳᠡᠭᠡᠨ ᠤ ᠵᠦᠢᠯ ᠤᠨ ᠠᠮᠤᠷ ᠲᠦᠪᠰᠢᠨ ᠤ ᠳᠣᠪᠣᠶᠢᠮ᠎ᠡ | ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠦ᠂ ᠤᠷᠲᠤ ᠬᠤᠭᠤᠴᠠᠭᠠᠨ ᠤ ᠪᠦᠲᠦᠮᠵᠢᠲᠡᠶ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠮᠠᠨ ᠤ ᠰᠢᠶᠠᠨ ᠤ ᠢᠳᠡᠭᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠪᠠ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ | ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ | ᠲᠠᠰᠤᠷᠠᠯᠲᠠ ᠦᠭᠡᠢ ᠨᠡᠮᠡᠭᠳᠡᠭᠦᠯᠦᠨ᠂ ᠵᠣᠯ ᠵᠢᠷᠭᠠᠯᠲᠤ ᠰᠡᠳᠬᠢᠯᠭᠡ᠂ ᠠᠶᠤᠯᠭᠦᠶ ᠰᠡᠳᠬᠢᠯᠭᠡ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ | ᠡᠭᠦᠳᠦᠨ ᠪᠠᠶᠢᠭᠤᠯᠣᠨ᠎ᠠ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠃ ᠡᠨᠡᠬᠦ ᠠᠵᠢᠯ ᠢ ᠥᠨᠳᠥᠷ ᠪᠦᠲᠦᠮᠵᠢᠲᠡᠶ ᠪᠠᠷ ᠲᠦᠯᠬᠢᠨ | ᠠᠬᠢᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠭᠦᠶᠡᠩ ᠰᠢᠶᠠᠨ ᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠢᠳᠡᠭᠡᠨ ᠤ ᠠᠶᠤᠯ ᠦᠭᠡᠶ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠤᠳᠤᠷᠢᠳᠬᠤ ᠳᠤᠭᠤᠶᠢᠯᠠᠩ ᠨᠢ ᠪᠦᠬᠦ ᠰᠢᠶᠠᠨ ᠤ | ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭᠠᠲᠤ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠵᠢᠴᠢ | ᠬᠤᠪᠢᠶᠠᠨ ᠨᠠᠶᠢᠳᠠᠪᠤᠷᠢᠵᠢᠭᠤᠯᠬᠤ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠨ᠎ᠠ︔ ᠡᠭᠦᠳᠦᠨ | ᠪᠠᠶᠢᠭᠤᠯᠬᠤ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠰᠤᠳᠤᠯᠤᠨ ᠪᠠᠶᠢᠭᠤᠯᠵᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠶᠤᠯ ᠦᠭᠡᠶ ᠶᠢᠨ ᠵᠢᠱᠢᠶ᠎ᠡ ᠦᠵᠡᠭᠦᠯᠬᠦ | ᠰᠢᠶᠠᠨ ᠢ ᠡᠭᠦᠳᠦᠨ ᠪᠠᠶᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠰᠢᠮᠳᠠᠭᠤᠯᠤᠨ ᠪᠠᠶᠢᠴᠠᠭᠠᠵᠤ᠂ | ᠬᠢᠨᠠᠨ ᠰᠢᠯᠭᠠᠵᠤ ᠦᠨᠡᠯᠡᠨ᠎ᠡ︔ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ | ᠤᠳᠤᠷᠢᠳᠬᠤ ᠳᠤᠭᠤᠶᠢᠯᠠᠩ ᠤᠨ ᠳᠤᠤᠷ᠎ᠠ ᠠᠯᠪᠠᠨ ᠬᠡᠷ ᠲᠣᠭᠲᠠᠭᠤᠨ᠂ ᠠᠯᠪᠠᠨ ᠬᠡᠷ ᠢ ᠰᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠤ ᠪᠠᠶᠢᠷᠢᠯᠠᠭᠤᠯᠤᠨ᠎ᠠ᠂ ᠠᠯᠪᠠᠨ ᠬᠡᠷ ᠤᠨ | ᠡᠷᠬᠢᠯᠡᠭᠴᠢ ᠶᠢᠨ ᠲᠤᠰᠢᠶᠠᠯ ᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠳᠠᠷᠤᠭ᠎ᠠ ᠳ᠋ᠦ᠋ ᠱᠸᠦ ᠷᠧᠨ ᠬᠠᠪᠰᠤᠷᠭᠠᠨ ᠡᠭᠦᠷᠭᠡᠯᠡᠵᠦ᠂ ᠠᠯᠪᠠᠨ ᠬᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ | ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠧᠩ ᠸᠧᠨ ᠵᠢᠶᠦ᠋ᠨ | ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ | ᠵᠠᠨ ᠯᠢᠨ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠡᠤ ᠯᠦᠩ ᠹᠸᠢ᠂ ᠰᠢᠶᠠᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠼᠠᠢ ᠰᠢᠶᠠ᠂ ᠰᠢᠶᠠᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠬᠠᠨ ᠯᠢᠩ᠂ ᠰᠢᠶᠠᠨ ᠤ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠭᠤᠤ ᠳ᠋ᠦᠩ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠲᠥᠪ ᠤᠨ ᠳᠡᠳ᠋ ᠡᠷᠬᠢᠯᠡᠭᠴᠢ ᠭᠤᠤ ᠬᠤᠩ ᠵᠧᠤ ᠡᠭᠦᠷᠭᠡᠯᠡᠨ᠎ᠡ᠃ ᠠᠯᠪᠠᠨ ᠬᠡᠷ ᠤᠨ ᠠᠵᠢᠯᠲᠠᠨ ᠢ ᠠᠵᠢᠯ ᠤᠨ | ᠬᠡᠷᠡᠭᠴᠡᠭᠡ ᠶᠢ ᠦᠨᠳᠦᠰᠦᠯᠡᠨ ᠡᠯ᠎ᠡ ᠪᠦᠷᠢᠯᠳᠦᠬᠦᠨ ᠨᠢᠭᠡᠴᠡ ᠠᠴᠠ ᠲᠡᠳᠡᠨ ᠠᠪᠴᠤ ᠪᠦᠷᠢᠯᠳᠦᠭᠦᠯᠦᠨ᠎ᠡ᠃ | ᠠᠯᠪᠠᠨ ᠭᠡᠷ ᠨᠢ ᠵᠣᠬᠢᠶᠠᠨ ᠪᠠᠶᠢᠭᠤᠯᠤᠨ ᠶᠠᠪᠤᠭᠳᠠᠭᠤᠯᠬᠤ᠂ ᠵᠣᠬᠢᠴᠠᠭᠤᠯᠤᠨ ᠬᠢᠨᠠᠨ ᠵᠢᠯᠣᠭᠤᠳᠬᠤ᠂ | ᠪᠠᠶᠢᠴᠠᠭᠠᠵᠤ ᠬᠢᠨᠠᠨ ᠰᠢᠯᠭᠠᠬᠤ᠂ ᠪᠦᠷᠢᠳᠬᠡᠨ ᠬᠤᠷᠢᠶᠠᠩᠭᠤᠶᠢᠯᠠᠬᠤ᠂ ᠮᠡᠳᠡᠭᠡ ᠵᠠᠩᠭᠢ ᠪᠠᠷ ᠬᠠᠷᠢᠯᠴᠠᠬᠤ ᠵᠡᠷᠭᠡ | ᠪᠣᠳᠠᠲᠠᠶ ᠠᠵᠢᠯ ᠢ ᠬᠠᠷᠢᠭᠤᠴᠠᠨ᠎ᠠ᠃ |