ᠭᠦᠶᠡᠩ ᠰᠢᠶᠠᠨ ᠤ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2023 - 2025 ᠣᠨ︶
ᠨᠡᠶᠢᠲᠡᠯᠡᠭᠰᠡᠨ ᠴᠠᠭ᠄
2023/8/19
      ᠲᠠᠷᠢᠶᠠᠯᠠᠩ ᠤᠨ ᠣᠳᠣᠬᠢᠴᠢᠯᠠᠯᠲᠠ ᠶᠢ ᠶᠡᠬᠡᠪᠡᠷ ᠲᠦᠯᠬᠢᠨ ᠠᠬᠢᠭᠤᠯᠬᠤ ᠲᠤᠬᠠᠶ ᠤᠯᠤᠰ ᠤᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠬᠤ ᠶᠢᠨ ᠲᠤᠰᠠᠳᠠ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠨ᠎ᠠ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠂ ︽ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠡᠬᠢ ᠪᠠᠶᠠᠯᠢᠭ ᠲᠥᠯᠥᠪᠵᠢᠭᠦᠯᠭᠡ〔2019〕695 ᠳ᠋ᠤᠭᠠᠷ ᠲᠣᠭᠠᠲᠤ︶᠂ ︽ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠶᠢ ᠲᠦᠷᠭᠡᠳᠬᠡᠨ ᠬᠥᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠵᠢᠯᠣᠭᠤᠳᠬᠤ ᠰᠠᠨᠠᠯ︾ ︵ᠥᠪᠥᠷ ᠲᠠᠷᠢᠶᠠᠯᠠᠩ ᠮᠠᠯ ᠠᠵᠤ ᠠᠬᠤᠶ ᠶᠢᠨ ᠲᠠᠷᠢᠮᠠᠯ ᠲᠠᠷᠬᠠᠭᠠᠭᠰᠠᠨ〔2022〕565 ᠳ᠋ᠤᠭᠠᠷ ᠲᠣᠭᠠᠲᠤ︶᠂ ︽ᠪᠤᠭᠤᠲᠤ ᠬᠤᠲᠠ ᠶᠢᠨ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠠᠬᠢᠭᠤᠯᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠦᠯ ︵2023-2025 ᠣᠨ︶ ᠢ ᠳᠠᠷᠤᠮᠠᠯᠯᠠᠨ ᠶᠠᠪᠤᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠬᠤᠷᠢᠶ᠎ᠠ ᠶᠢᠨ ᠮᠡᠳᠡᠭᠳᠡᠯ︾ ︵ᠪᠣᠭᠤᠲᠣ ᠨᠠᠮ ᠲᠠᠷᠬᠠᠭᠠᠭᠰᠠᠨ 〔2023〕2  ᠳ᠋ᠤᠭᠠᠷ ᠲᠣᠭᠠᠲᠤ︶᠂ ︽ᠭᠦᠶᠡᠩ ᠰᠢᠶᠠᠨ ᠤ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠠᠬᠢᠭᠤᠯᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠦᠯ ︵2023-2025 ᠣᠨ︶ ᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠬᠤᠷᠢᠶ᠎ᠠ ᠶᠢᠨ ᠮᠡᠳᠡᠭᠳᠡᠯ︾ ︵  ᠭᠦᠶᠠᠩ ᠨᠠᠮ ᠲᠠᠷᠬᠠᠭᠠᠭᠰᠠᠨ 〔2023〕12 ᠳ᠋ᠤᠭᠠᠷ ᠲᠣᠭᠠᠲᠤ︶᠂ ᠮᠠᠨ ᠤ ᠰᠢᠶᠠᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ  ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠬᠠᠷᠠᠯᠲᠠ ᠶᠢᠨ ᠡᠭᠦᠷᠭᠡ ᠶᠢᠨ ᠲᠣᠭᠤᠷᠢᠨ ᠳᠤ᠂ ︽ᠳᠥᠷᠪᠡᠨ ᠤᠰᠤ ᠳᠥᠷᠪᠡᠨ ᠲᠣᠭᠲᠠᠭᠠᠯ︾ ᠢ ᠪᠠᠷᠢᠮᠲᠠᠯᠠᠬᠤ ᠬᠡᠷᠡᠭᠲᠡᠶ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠣᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠬᠤ ᠬᠡᠷᠡᠭᠲᠡᠶ᠂ ᠲᠥᠷᠥ ᠶᠢᠨ ᠪᠣᠳᠣᠯᠭ᠎ᠠ ᠪᠠᠷ ᠳᠠᠮᠵᠢᠨ ᠬᠥᠲᠥᠯᠥᠨ ᠵᠢᠯᠣᠭᠤᠳᠬᠤ ᠂ ᠪᠡᠯᠡ ᠮᠥᠩᠭᠦᠨ ᠤ ᠣᠷᠣᠭᠤᠯᠤᠯᠲᠠ᠂ ᠲᠥᠰᠦᠯ ᠤᠨ ᠳᠡᠮᠵᠢᠯᠭᠡ᠂ ᠴᠢᠩᠭᠠᠳᠬᠠᠬᠤ ᠠᠷᠭ᠎ᠠ ᠬᠡᠮᠵᠢᠶ᠎ᠡ ᠵᠡᠷᠭᠡ ᠪᠤᠢ᠂ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠴᠢᠳᠠᠪᠤᠷᠢ ᠪᠠ ᠡᠷᠴᠢᠮᠵᠢᠭᠦᠯᠦᠨ ᠠᠷᠪᠢᠯᠠᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠬᠤᠶᠠᠷ᠂ ᠦᠨᠳᠦᠰᠦᠨ ᠵᠠᠷᠴᠢᠮ ᠪᠠ ᠭᠤᠣᠯ ᠬᠠᠷᠠᠯᠲᠠ᠃      ︵ᠨᠢᠭᠡ︶ ᠦᠨᠳᠦᠰᠦᠨ ᠵᠠᠷᠴᠢᠮ᠃      ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠣᠯᠠᠨ ᠲᠠᠯ᠎ᠠ ᠶᠢᠨ ᠬᠢᠨ ᠣᠷᠣᠯᠴᠠᠬᠤ ᠶᠢ ᠪᠠᠷᠢᠮᠲᠠᠯᠠᠨ᠎ᠠ᠃ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠦᠬᠦ ᠲᠠᠯ᠎ᠠ ᠪᠠᠷ ᠨᠢᠭᠡᠳᠦᠯᠲᠡᠶ ᠲᠥᠯᠥᠪᠯᠡᠬᠦ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ᠂ ᠡᠳ᠋ ᠤᠨ ᠵᠠᠰᠠᠭ ᠳᠡᠮᠵᠢᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠣᠷᠣᠭᠤᠯᠤᠯᠲᠠ ᠪᠠᠷ ᠭᠤᠣᠯ ᠪᠣᠯᠭᠠᠬᠤ᠂ ᠨᠡᠶᠢᠭᠡᠮ ᠤᠨ ᠬᠦᠴᠦᠨ ᠣᠷᠣᠯᠴᠠᠬᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠲᠠᠷᠢᠶᠠᠴᠢᠳ ᠪᠡᠯᠡ ᠮᠥᠩᠭᠦ ᠬᠥᠳᠡᠯᠮᠦᠷᠢ ᠬᠦᠴᠦ ᠣᠷᠣᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠬᠦᠴᠦ ᠪᠠᠨ ᠬᠠᠮᠲᠤᠳᠬᠠᠨ ᠲᠠᠷᠢᠶᠠᠯᠠᠩ ᠤᠨ ᠤᠰᠤ ᠠᠷᠪᠢᠯᠠᠬᠤ ᠶᠢ ᠲᠦᠯᠬᠢᠨ ᠠᠬᠢᠭᠤᠯᠬᠤ ᠰᠠᠶᠢᠨ ᠰᠠᠶᠢᠬᠠᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃      ᠠᠮᠢ ᠠᠬᠤᠶ ᠶᠢ ᠲᠡᠩᠴᠡᠭᠦᠷᠢᠲᠡᠶ ᠪᠠᠶᠢᠯᠭᠠᠬᠤ᠂ ᠵᠣᠬᠢᠴᠠᠩᠭᠤᠶ ᠪᠠᠷ ᠬᠥᠭᠵᠢᠭᠦᠯᠬᠦ ᠶᠢ ᠪᠠᠷᠢᠮᠲᠠᠯᠠᠨ᠎ᠠ᠃ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠪᠣᠯᠤᠨ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠳᠤ ᠰᠠᠭᠤᠷᠢᠯᠠᠨ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠤᠨᠠᠯᠲᠠ ᠶᠢ ᠲᠣᠭᠲᠠᠭᠠᠬᠤ ᠂ ᠤᠰᠤᠨ ᠤ ᠬᠡᠮᠵᠢᠶ᠎ᠡ ᠪᠠᠷ ᠠᠵᠢᠯᠯᠠᠬᠤ ᠶᠢ ᠪᠠᠷᠢᠮᠲᠠᠯᠠᠨ᠎ᠠ᠃ ᠣᠷᠣᠨ ᠪᠦᠰᠡ ᠬᠤᠪᠢᠶᠠᠨ ᠲᠠᠷᠢᠮᠠᠯ ᠢ ᠨᠢᠭᠡᠳᠦᠯᠲᠡᠢ ᠲᠥᠯᠥᠪᠵᠢᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ᠂ ᠣᠷᠴᠢᠨ ᠠᠬᠤᠢ ᠶᠢᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠥᠭᠡᠳ ᠯᠠᠪᠳᠠᠭᠤᠨ ᠲᠣᠬᠢᠲᠠᠢ ᠪᠠᠷ ᠰᠢᠢᠳᠪᠦᠷᠢᠯᠡᠵᠦ᠂ ᠦᠢᠯᠡᠳᠪᠦᠷᠢᠯᠡᠯ ᠪᠠ ᠠᠮᠢ ᠠᠬᠤᠢ ᠶᠢᠨ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠦᠨ᠎ᠡ᠃      ᠭᠤᠤᠯᠳᠠᠯᠭ᠎ᠠ ᠪᠠᠨ ᠲᠣᠪᠤᠶᠢᠯᠭᠠᠵᠤ᠂ ᠲᠥᠷᠥᠯ ᠬᠤᠪᠢᠶᠠᠨ ᠵᠢᠯᠣᠭᠤᠳᠬᠤ ᠶᠢ ᠪᠠᠷᠢᠮᠲᠠᠯᠠᠬᠤ ᠬᠡᠷᠡᠭᠲᠡᠶ᠃ ᠭᠤᠣᠯ ᠪᠣᠯᠬᠤ ᠲᠠᠷᠢᠮᠠᠯ ᠤᠨ ᠳᠠᠪᠠᠭᠤᠯᠢᠭ ᠭᠤᠣᠯ ᠭᠠᠷᠤᠯᠲᠠ ᠶᠢᠨ ᠣᠷᠣᠨ ᠢᠶᠠᠷ ᠭᠤᠣᠯᠳᠠᠯᠭ᠎ᠠ ᠪᠣᠯᠭᠠᠨ᠂ ᠤᠰᠤᠨ ᠤ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠲᠥᠷᠥᠯ ᠬᠤᠪᠢᠶᠠᠨ ᠵᠢᠯᠣᠭᠤᠳᠬᠤ ᠪᠠ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠶᠢ ᠴᠢᠩᠭᠠᠳᠬᠠᠨ᠂ ᠣᠷᠣᠨ ᠪᠦᠰᠡ ᠶᠢᠨ ᠣᠨᠴᠠᠯᠢᠭ ᠲᠠᠢ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠵᠠᠭᠪᠤᠷ ᠢ ᠬᠥᠭᠵᠢᠭᠦᠯᠦᠨ ᠰᠢᠯᠢᠳᠡᠭᠵᠢᠭᠦᠯᠵᠦ᠂ ᠴᠢᠭ ᠢᠶᠠᠷ ᠨᠡᠶᠢᠳᠡᠮ ᠢ ᠳᠠᠶᠢᠴᠢᠯᠠᠨ ᠲᠤᠷᠰᠢᠯᠲᠠ ᠬᠢᠵᠦ ᠵᠢᠱᠢᠶ᠎ᠡ ᠦᠵᠡᠭᠦᠯᠦᠨ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠶᠢ ᠪᠡᠶᠡᠯᠡᠭᠦᠯᠦᠨ᠎ᠡ᠃      ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠶᠡᠷᠦᠩᠬᠡᠶᠢᠯᠡᠨ ᠲᠦᠬᠦᠷᠵᠢᠭᠦᠯᠬᠦ ᠶᠢ ᠪᠠᠷᠢᠮᠲᠠᠯᠠᠨ᠎ᠠ᠃ ᠰᠢᠨ᠎ᠡ ᠮᠡᠷᠭᠡᠵᠢᠯ ᠤᠨ ᠬᠥᠭᠵᠢᠯᠲᠡ ᠶᠢᠨ ᠬᠠᠨᠳᠤᠰᠢ ᠶᠢ ᠡᠵᠡᠮᠳᠡᠵᠦ᠂ ᠮᠠᠨ ᠤ ᠬᠤᠲᠠ ᠶᠢᠨ ᠪᠣᠳᠠᠲᠤ ᠪᠠᠢᠳᠠᠯ ᠳᠤ ᠰᠠᠭᠤᠷᠢᠯᠠᠨ᠂ ᠮᠡᠷᠭᠡᠵᠢᠯ ᠤᠨ ᠬᠡᠷᠡᠭᠯᠡᠯᠲᠡ ᠪᠠ ᠳᠡᠯᠭᠡᠷᠡᠭᠦᠯᠦᠯᠲᠡ ᠶᠢᠨ ᠰᠢᠨ᠎ᠡ ᠶᠢ ᠡᠭᠦᠳᠴᠦ᠂ ᠰᠢᠨ᠎ᠡ ᠶᠢ ᠡᠭᠦᠳᠬᠦ ᠴᠢᠳᠠᠪᠤᠷᠢ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠨᠡᠮᠡᠭᠳᠡᠭᠦᠯᠦᠨ᠎ᠡ᠃ ᠪᠠᠷᠢᠯᠭ᠎ᠠ ᠶᠢᠨ ᠤᠰᠤ ᠠᠷᠪᠢᠯᠠᠬᠤ ᠬᠢᠭᠡᠳ ᠲᠠᠷᠢᠶᠠᠯᠠᠩ ᠤᠨ ᠮᠡᠷᠭᠡᠰᠢᠯ ᠤᠨ ᠤᠰᠤ ᠠᠷᠪᠢᠯᠠᠬᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ᠂ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠶᠢ ᠵᠡᠷᠭᠡ ᠳᠤᠨᠢ ᠢᠵᠢ ᠪᠦᠷᠢᠳᠦᠭᠦᠯᠵᠦ᠂ ᠬᠥᠭᠵᠢᠯᠲᠡ ᠶᠢᠨ ᠰᠢᠨ᠎ᠡ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      ︵ᠬᠤᠶᠠᠷ︶ ᠭᠤᠣᠯ ᠬᠠᠷᠠᠯᠲᠠ᠃      ᠭᠤᠷᠪᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 2025 ᠣᠨ ᠪᠣᠯᠬᠤ ᠳᠤ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.77 ᠪᠣᠯᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠ ᠥᠨᠳᠥᠷ ᠪᠦᠲᠦᠮᠵᠢᠲᠡᠶ ᠤᠰᠤ ᠠᠷᠪᠢᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠳᠤ ᠲᠦᠰᠢᠭᠯᠡᠨ᠂ ᠳᠤᠰᠤᠯᠭᠠᠨ ᠤᠰᠤᠯᠠᠬᠤ ᠪᠠᠷ ᠭᠤᠤᠯ ᠪᠣᠯᠭᠠᠭᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠶᠡᠭᠡ ᠪᠠᠷ ᠳᠡᠯᠭᠡᠷᠡᠭᠦᠯᠵᠦ᠂ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠪᠠ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠶ ᠶᠢᠨ ᠬᠠᠮᠠᠭᠠᠯᠠᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠵᠢᠭᠦᠯᠦᠨ ᠠᠭᠤᠰᠤᠯᠴᠠᠭᠤᠯᠬᠤ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ 2024 ᠣᠨ ᠳᠤ ᠪᠥᠬᠦ ᠰᠢᠶᠠᠨ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 1 ᠲᠦᠮᠡᠨ ᠮᠥ ᠠᠴᠠ ᠳᠡᠭᠡᠭᠰᠢ ᠳᠡᠯᠭᠡᠷᠡᠭᠦᠯᠵᠦ᠂ 2025 ᠣᠨ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 1.5 ᠲᠦᠮᠡᠨ ᠮᠥ ᠠᠴᠠ ᠳᠡᠭᠡᠭᠰᠢ ᠳᠡᠯᠭᠡᠷᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠷᠢᠰᠢᠯ ᠬᠢᠭᠡᠳ ᠬᠥᠷᠥᠰᠥ ᠰᠢᠷᠣᠶ ᠶᠢᠨ ᠡᠬᠢ ᠪᠠᠶᠠᠯᠢᠭ ᠤᠨ ᠨᠥᠬᠦᠴᠡᠯ ᠢ ᠬᠠᠷᠢᠯᠴᠠᠨ ᠵᠣᠬᠢᠴᠠᠭᠤᠯᠬᠤ᠂ ᠲᠠᠷᠢᠶᠠᠯᠠᠩ ᠤᠨ ᠤᠰᠤ ᠬᠡᠷᠡᠭᠯᠡᠬᠦ ᠬᠡᠪᠴᠢᠶ᠎ᠡ ᠬᠢᠭᠡᠳ ᠤᠰᠤ ᠬᠡᠷᠡᠭᠯᠡᠬᠦ ᠦᠷ᠎ᠡ ᠪᠦᠲᠦᠮᠵᠢ ᠶᠢ ᠬᠠᠷᠢᠯᠴᠠᠨ ᠵᠣᠬᠢᠴᠠᠭᠤᠯᠬᠤ᠂ ᠢᠨᠵᠧᠨᠧᠷᠢᠩ ᠤᠨ ᠠᠷᠭ᠎ᠠ ᠬᠡᠮᠵᠢᠶ᠎ᠡ ᠬᠢᠭᠡᠳ ᠲᠠᠷᠢᠶᠠᠯᠠᠩ ᠤᠨ ᠮᠡᠷᠭᠡᠵᠢᠯ ᠲᠠᠷᠢᠶᠠᠯᠠᠩ ᠤᠨ ᠮᠠᠰᠢᠨ ᠤ ᠠᠷᠭ᠎ᠠ ᠬᠡᠮᠵᠢᠶ᠎ᠡ ᠶᠢ ᠬᠠᠷᠢᠯᠴᠠᠨ ᠤᠶᠠᠯᠳᠤᠭᠤᠯᠤᠭᠰᠠᠨ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠨ᠎ᠠ᠃      ᠭᠤᠷᠪᠠ᠂ ᠭᠤᠣᠯᠳᠠᠯᠭ᠎ᠠ ᠲᠠᠢ ᠡᠭᠦᠷᠭᠡ᠃      ︵ᠨᠢᠭᠡ︶ ᠲᠠᠷᠢᠶᠠᠨ ᠭᠠᠵᠠᠷ ᠤᠨ ᠢᠨᠵᠧᠨᠧᠷᠢᠩ ᠤᠨ ᠤᠰᠤ ᠠᠷᠪᠢᠯᠠᠬᠤ ᠶᠢ ᠦᠷᠭᠦᠯᠵᠢᠯᠡᠨ ᠠᠬᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠥᠨᠳᠥᠷ ᠦᠷ᠎ᠡ ᠠᠰᠢᠭᠲᠤ ᠤᠰᠤ ᠠᠷᠪᠢᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠲᠠᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠤᠰᠤᠯᠭᠠᠨ ᠤᠰᠤᠯᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠢᠵᠢ ᠪᠦᠷᠢᠳᠦᠭᠦᠯᠬᠦ ᠪᠡᠯᠡᠳᠬᠡᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠨᠥᠬᠦᠴᠡᠯ ᠢ ᠲᠠᠰᠤᠷᠠᠯᠲᠠ ᠤᠢᠭᠡᠢ ᠰᠠᠶᠢᠵᠢᠷᠠᠭᠤᠯᠬᠤ ᠬᠡᠷᠡᠭᠲᠡᠶ᠃      1.ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠥᠷᠥᠯ ᠵᠦᠢᠯ ᠢ ᠶᠡᠬᠡᠪᠡᠷ ᠬᠡᠷᠡᠭᠵᠢᠭᠦᠯᠦᠨ᠎ᠡ᠃ 2024 ᠣᠨ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ 1 ᠲᠦᠮᠡᠨ ᠮᠥ ᠠᠴᠠ ᠳᠡᠭᠡᠭᠰᠢ ᠬᠡᠷᠡᠭᠵᠢᠭᠦᠯᠵᠦ᠂ 2025 ᠣᠨ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 1.5 ᠲᠦᠮᠡᠨ ᠮᠥ ᠠᠴᠠ ᠳᠡᠭᠡᠭᠰᠢ ᠬᠡᠷᠡᠭᠵᠢᠭᠦᠯᠦᠨ᠎ᠡ᠃ 2024 - 2025 ᠣᠨ ᠳᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠥᠷᠥᠯ ᠵᠦᠢᠯ ᠢ 2.5 ᠲᠦᠮᠡᠨ ᠮᠥ ᠠᠬᠢᠭᠤᠯᠤᠨ ᠬᠡᠷᠡᠭᠵᠢᠭᠦᠯᠵᠦ᠂ 200 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠲᠠᠷᠢᠶᠠᠯᠠᠩ ᠤᠨ ᠤᠰᠤᠯᠠᠯᠲᠠ ᠶᠢᠨ ᠤᠰᠤ ᠠᠷᠪᠢᠯᠠᠬᠤ ᠶᠢ ᠴᠢᠷᠮᠠᠶᠢᠨ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ︶᠃     2.ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠲᠤᠬᠠᠶ ᠬᠤᠯᠪᠣᠭᠳᠠᠯ ᠪᠦᠬᠦᠢ ᠵᠣᠷᠢᠭ ᠰᠠᠨᠠᠭ᠎ᠠ ᠶᠣᠰᠣᠭᠠᠷ᠂ ︽ᠭᠦᠶᠡᠩ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ︵20212030 ᠣᠨ︶ ᠶᠢᠨ ᠬᠥᠭᠵᠢᠯᠲᠡ ᠶᠢᠨ ᠲᠥᠯᠥᠪᠵᠢᠭᠦᠯᠭᠡ︾ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠶᠢᠨ ᠬᠠᠮᠲᠤ ᠣᠨ ᠬᠤᠪᠢᠶᠠᠨ ᠬᠡᠷᠡᠭᠵᠢᠭᠦᠯᠦᠨ᠎ᠡ᠃ 2025 ᠣᠨ ᠤ ᠡᠴᠦᠰ ᠪᠣᠯᠬᠤ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠶᠢᠨ ᠪᠥᠬᠦ ᠰᠢᠶᠠᠨ ᠤ ᠦᠨᠳᠦᠰᠦᠨ ᠲᠠᠷᠢᠶᠠᠨ ᠭᠠᠵᠠᠷ ᠤᠨ ᠲᠠᠯᠠᠪᠠᠶ ᠳᠤ ᠡᠵᠡᠯᠡᠬᠦ ᠬᠤᠪᠢ ᠶᠢᠨ ᠵᠢᠩ ᠢ 21.6 % ᠠᠴᠠ ᠳᠡᠭᠡᠭᠰᠢ ᠪᠣᠯᠭᠠᠨ᠎ᠠ᠃ ᠡᠭᠦᠨ ᠤ ᠵᠡᠷᠭᠡ ᠪᠠᠷ᠂ ᠲᠥᠷᠥᠯ ᠵᠦᠢᠯ ᠢ ᠨᠥᠭᠡᠴᠡᠯᠡᠵᠦ ᠬᠥᠮᠥᠷᠭᠡ  ᠳᠤ ᠣᠷᠣᠭᠤᠯᠬᠤ ᠶᠠᠪᠤᠳᠠᠯ ᠢ ᠰᠠᠶᠢᠲᠤᠷ ᠬᠢᠵᠦ᠂ ᠪᠥᠬᠦ ᠣᠷᠣᠨ ᠪᠦᠰᠡ ᠪᠠᠷ ᠨᠢ ᠲᠥᠯᠬᠢᠨ ᠠᠬᠢᠭᠤᠯᠬᠤ᠂ ᠪᠥᠬᠦ ᠲᠣᠰᠬᠤᠨ ᠪᠠᠯᠭᠠᠰᠤ ᠶᠢ ᠬᠡᠰᠡᠭ ᠬᠡᠰᠡᠭ ᠢᠶᠠᠷ ᠲᠥᠪᠯᠡᠷᠡᠭᠦᠯᠦᠨ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠥᠨᠳᠥᠷ ᠦᠷ᠎ᠡ ᠪᠦᠲᠦᠮᠵᠢᠲᠡᠢ ᠤᠰᠤ ᠠᠷᠪᠢᠯᠠᠬᠤ ᠲᠥᠷᠥᠯ ᠵᠦᠢᠯ  ᠢ ᠪᠠᠷᠢᠯᠭ᠎ᠠ ᠶᠢᠨ ᠲᠥᠷᠥᠯ ᠵᠦᠢᠯ ᠪᠠᠶᠢᠭᠤᠯᠬᠤ ᠪᠠ ᠵᠢᠷᠤᠭᠯᠠᠨ ᠲᠥᠯᠥᠪᠯᠡᠬᠦ ᠶᠢᠨ ᠴᠢᠬᠤᠯᠠ ᠠᠭᠤᠯᠭ᠎ᠠ ᠳ᠋ᠦ‌ᠣᠷᠣᠭᠤᠯᠬᠤ ᠬᠡᠷᠡᠭᠲᠡᠢ᠃ 2025 ᠣᠨ ᠪᠣᠯᠬᠤ ᠳᠤ᠂ ᠪᠥᠬᠦ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 52 ᠲᠦᠮᠡᠨ ᠮᠥ ᠠᠴᠠ ᠳᠡᠭᠡᠭᠰᠢ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ︵ᠲᠦᠷᠦᠭᠦᠯᠡᠬᠦ ᠨᠢᠭᠡᠴᠡ᠄ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ ᠭᠠᠵᠠᠷ ᠪᠠᠯᠭᠠᠰᠤ︶᠃      ︵ᠬᠤᠶᠠᠷ︶ ᠲᠠᠷᠢᠶᠠᠯᠠᠩ ᠤᠨ ᠮᠡᠷᠭᠡᠵᠢᠯ ᠢᠶᠠᠷ ᠤᠰᠤ ᠠᠷᠪᠢᠯᠠᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ ᠪᠣᠯᠪᠠᠰᠤᠷᠠᠩᠭᠤᠶ ᠮᠡᠷᠭᠡᠵᠢᠯ ᠢ ᠲᠥᠪᠯᠡᠷᠡᠭᠦᠯᠦᠨ ᠳᠡᠯᠭᠡᠷᠡᠭᠦᠯᠬᠦ ᠪᠠ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠪᠦᠷᠬᠦᠭᠦᠯ ᠤᠨ ᠳᠤᠤᠷ᠎ᠠ ᠳᠤᠰᠤᠯᠭᠠᠨ ᠤᠰᠤᠯᠠᠬᠤ᠂ ᠥᠷᠭᠡᠨ ᠪᠦᠷᠬᠦᠭᠦᠯ ᠤᠨ ᠭᠤᠤ ᠪᠠᠷ ᠳᠠᠷᠢᠬᠤ ᠵᠡᠷᠭᠡ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ ᠣᠷᠣᠨ ᠪᠦᠰᠡ ᠬᠤᠪᠢᠶᠠᠨ ᠳᠡᠯᠭᠡᠷᠡᠭᠦᠯᠦᠨ ᠲᠦᠭᠡᠮᠡᠯᠵᠢᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠦᠳᠦᠭᠦᠯᠢᠭ ᠮᠠᠶ᠋ᠢᠭ ᠤᠨ ᠤᠰᠤᠯᠠᠯᠲᠠ ᠶᠢᠨ ᠵᠠᠭᠪᠤᠷ ᠢ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠰᠢᠨ᠎ᠡ ᠵᠠᠭᠪᠤᠷ ᠳᠠᠰᠢ ᠬᠤᠪᠢᠷᠠᠭᠤᠯᠬᠤ ᠶᠢ ᠠᠬᠢᠭᠤᠯᠤᠨ᠎ᠠ᠃      3. ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠰᠤ ᠠᠷᠪᠢᠯᠠᠵᠤ ᠤᠰᠤᠯᠠᠬᠤ ᠮᠡᠷᠭᠡᠵᠢᠯ ᠢ ᠳᠡᠯᠭᠡᠷᠡᠭᠦᠯᠦᠨ᠎ᠡ᠃ ᠶᠢᠨ ᠱᠠᠨ‌‍ᠪᠠᠯᠭᠠᠰᠤᠨ ᠤ ᠡᠷᠭᠢᠨ ᠲᠣᠭᠤᠷᠢᠨ ᠤ ᠭᠠᠵᠠᠷ ᠣᠷᠣᠨ ᠤ ᠤᠰᠤᠯᠠᠯᠲᠠ ᠶᠢᠨ ᠨᠥᠬᠦᠴᠡᠯ ᠢᠶᠠᠷ ᠨᠡᠯᠢᠶᠡᠳ ᠰᠠᠶᠢᠨ ᠣᠷᠣᠨ ᠪᠦᠰᠡ ᠳᠤ᠂ ᠡᠷᠳᠡᠨᠢ ᠰᠢᠰᠢ ᠪᠠᠷ ᠭᠤᠤᠯᠳᠠᠯᠭ᠎ᠠ ᠪᠣᠯᠭᠠᠨ᠂ ᠪᠦᠷᠬᠦᠪᠴᠢ ᠶᠢᠨ ᠳᠤᠤᠷ᠎ᠠ ᠳᠤᠰᠤᠯᠭᠠᠨ ᠤᠰᠤᠯᠠᠬᠤ ᠪᠤᠶᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠤᠨ ᠬᠡᠷᠡᠭᠯᠡᠯᠲᠡ ᠶᠢ ᠥᠷᠨᠢᠭᠦᠯᠵᠦ᠂ ᠤᠰᠤ ᠪᠣᠷᠳᠣᠭᠤᠷ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ︔ ᠬᠤᠸᠠᠢ ᠱᠦᠸᠧ ᠪᠠᠯᠭᠠᠰᠤ᠂ ᠰᠢ ᠳ᠋ᠧᠦ ᠫᠦ ᠪᠠᠯᠭᠠᠰᠤ ᠵᠡᠷᠭᠡ ᠬᠤᠶᠢᠲᠤ ᠠᠭᠤᠯᠠᠷᠬᠠᠭ ᠣᠷᠣᠨ ᠳᠤ ᠪᠦᠷᠬᠦᠪᠴᠢ ᠶᠢᠨ ᠳᠤᠤᠷ᠎ᠠ ᠳᠤᠰᠤᠯᠭᠠᠨ ᠤᠰᠤᠯᠠᠬᠤ᠂ ᠥᠨᠳᠥᠷ ᠳᠠᠯᠠᠩ ᠲᠠᠢ ᠭᠦᠢᠬᠡᠨ ᠪᠤᠯᠠᠵᠤ ᠳᠤᠰᠤᠯᠭᠠᠨ ᠤᠰᠤᠯᠠᠬᠤ ᠵᠡᠷᠭᠡ ᠮᠡᠷᠭᠡᠵᠢᠯ ᠢ ᠭᠤᠤᠯᠳᠠᠯᠭ᠎ᠠ ᠲᠠᠢ ᠬᠡᠷᠡᠭᠯᠡᠵᠦ᠂ ᠲᠥᠮᠥᠰᠥ ᠵᠡᠷᠭᠡ ᠤᠰᠤ ᠶᠡᠭᠡ ᠬᠤᠷᠣᠭᠳᠠᠭᠤᠯᠬᠤ ᠲᠠᠷᠢᠮᠠᠯ ᠢᠶᠠᠷ ᠭᠤᠤᠯᠳᠠᠯᠭ᠎ᠠ ᠪᠣᠯᠭᠠᠨ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠤᠨ ᠬᠡᠷᠡᠭᠯᠡᠯᠲᠡ ᠶᠢ ᠥᠷᠨᠢᠭᠦᠯᠦᠨ᠎ᠡ︔ ᠶᠢᠨ ᠱᠠᠨ ᠪᠠᠯᠭᠠᠰᠤ᠂ ᠰᠢᠶᠠ ᠱᠢ ᠬᠤᠤ ᠪᠠᠯᠭᠠᠰᠤ ᠨᠢ ᠡᠷᠳᠡᠨᠢ ᠰᠢᠰᠢ᠂ ᠰᠢᠷ᠎ᠠ ᠪᠤᠷᠴᠠᠭ᠂ ᠨᠡᠷᠡᠨ ᠬᠤᠸᠠᠷ ᠢᠶᠠᠷ ᠭᠤᠣᠯᠳᠠᠯᠭ᠎ᠠ ᠪᠣᠯᠭᠠᠵᠤ᠂ ᠰᠢᠩ ᠱᠦᠨ ᠰᠢ ᠪᠠᠯᠭᠠᠰᠤ᠂  ᠶᠢᠨ ᠬᠤᠤ ᠪᠠᠯᠭᠠᠰᠤ ᠪᠣᠯᠤᠨ ᠬᠤᠸᠠᠢ ᠱᠦᠸᠧ ᠪᠠᠯᠭᠠᠰᠤ ᠨᠢ ᠰᠢᠯᠢᠮᠳᠡᠭ ᠤᠨ ᠦᠷ᠎ᠡ᠂ ᠨᠠᠷᠢᠮᠤ᠂ ᠰᠢᠰᠢ ᠪᠠᠷ ᠭᠤᠣᠯᠳᠠᠯᠭ᠎ᠠ ᠪᠣᠯᠭᠠᠵᠤ᠂ ᠬᠠᠭᠤᠷᠠᠢ ᠲᠠᠷᠢᠶᠠᠯᠠᠩ ᠤᠨ ᠥᠷᠭᠡᠨ ᠵᠤᠯᠤᠮ᠎ᠠ ᠶᠢᠨ ᠭᠤᠤ ᠪᠠᠷ ᠲᠠᠷᠢᠬᠤ ᠮᠡᠷᠭᠡᠵᠢᠯ ᠢ ᠥᠷᠨᠢᠭᠦᠯᠵᠦ᠂ ᠥᠪᠡᠷ ᠤᠨ ᠦᠷᠳᠡᠭ ᠢᠶᠠᠨ ᠠᠷᠪᠢᠯᠠᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠡᠶᠡᠯᠡᠭᠦᠯᠵᠦ᠂ ᠲᠣᠰᠣᠯᠢᠭ ᠲᠠᠷᠢᠮᠠᠯ ᠤᠨ ᠤᠨᠠᠯᠲᠠ ᠶᠢ ᠳᠡᠭᠡᠭᠰᠢᠯᠡᠭᠦᠯᠦᠨ᠎ᠡ᠃ 2023 ᠣᠨ ᠳᠤ ᠤᠰᠤ ᠪᠣᠷᠲᠣᠭᠤᠷ ᠢ ᠨᠢᠭᠡ ᠴᠤᠭᠴᠠᠵᠢᠭᠤᠯᠤᠨ ᠳᠡᠯᠭᠡᠷᠡᠭᠦᠯᠬᠦ ᠲᠠᠯᠠᠪᠠᠶ ᠶᠢ 0.5 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠎ᠡ︔ 2024 ᠣᠨ ᠳᠤ ᠤᠰᠤ ᠪᠣᠷᠲᠣᠭᠤᠷ ᠢ ᠨᠢᠭᠡ ᠴᠣᠭᠴᠠᠵᠢᠭᠤᠯᠤᠨ ᠳᠡᠯᠭᠡᠷᠡᠭᠦᠯᠬᠦ ᠲᠠᠯᠠᠪᠠᠶ ᠶᠢ 1 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠎ᠡ︔ 2025 ᠣᠨ ᠳᠤ ᠤᠰᠤ ᠪᠣᠷᠲᠣᠭᠤᠷ ᠢ ᠨᠢᠭᠡ ᠴᠣᠭᠴᠠᠵᠢᠭᠤᠯᠤᠨ ᠳᠡᠯᠭᠡᠷᠡᠭᠦᠯᠬᠦ ᠲᠠᠯᠠᠪᠠᠶ ᠶᠢ 1.5 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠎ᠡ᠃ ︵ᠲᠦᠷᠦᠭᠦᠯᠡᠬᠦ ᠨᠢᠭᠡᠴᠡ᠄ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠠᠵᠤ  ᠦᠢᠯᠡᠳᠪᠦᠷᠢ ᠶᠢᠨ ᠰᠠᠯᠠᠭ᠎ᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ︶᠃      4. ᠲᠠᠷᠢᠶᠠᠯᠠᠩ ᠤᠨ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠨᠢᠭᠡᠳᠬᠡᠨ ᠬᠡᠷᠡᠭᠯᠡᠨ᠎ᠡ᠃ ᠮᠠᠨ ᠤ ᠰᠢᠶᠠᠨ ᠤ ᠬᠠᠭᠤᠷᠠᠶ ᠲᠠᠷᠢᠶᠠᠯᠠᠩ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠬᠠᠭᠤᠷᠠᠶ ᠲᠠᠷᠢᠶᠠᠯᠠᠩ ᠤᠨ ᠣᠷᠣᠨ ᠳᠤ ᠭᠤᠤᠯᠳᠠᠭᠤ ᠤᠰᠤ ᠬᠠᠳᠠᠭᠠᠯᠠᠬᠤ ᠪᠠ ᠬᠤᠷ᠎ᠠ ᠲᠣᠨᠣᠳᠠᠰᠤ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠᠷ ᠭᠤᠤᠯ ᠪᠣᠯᠭᠠᠵᠤ᠂ ᠰᠢᠨ᠎ᠡ ᠬᠡᠯᠪᠡᠷᠢ ᠶᠢᠨ ᠵᠥᠭᠡᠯᠡᠨ ᠪᠡᠶᠡᠲᠦ ᠪᠣᠷᠣᠭᠠᠨ ᠤ ᠤᠰᠤᠨ ᠵᠣᠭᠤᠷᠢ ᠪᠤᠶᠤ ᠣᠷᠣᠨ ᠪᠦᠰᠡ ᠶᠢᠨ ᠤᠤᠯ ᠤᠨ ᠵᠣᠭᠤᠷᠢ ︵ᠵᠣᠭᠤᠷᠢ︶ ᠶᠢᠨ ᠡᠬᠢ ᠪᠠᠶᠠᠯᠢᠭ ᠢ ᠠᠰᠢᠭᠯᠠᠬᠤ ᠪᠠᠷ ᠳᠠᠮᠵᠢᠭᠤᠯᠤᠨ᠂ ᠵᠣᠭᠤᠷᠢ᠂ ᠪᠡᠯᠡᠳᠬᠡᠮᠵᠢᠲᠦ ᠫᠧᠩ ᠤᠨ ᠲᠠᠯᠠᠪᠠᠶ ᠵᠡᠷᠭᠡ ᠶᠢ ᠭᠦᠢᠴᠡᠳ ᠠᠰᠢᠭᠯᠠᠨ ᠬᠤᠷ᠎ᠠ ᠲᠣᠨᠣᠳᠠᠰᠤ ᠴᠤᠭᠯᠠᠭᠤᠯᠬᠤ ᠭᠠᠳᠠᠷᠭᠤ ᠪᠣᠯᠭᠠᠵᠤ᠂ ᠪᠠᠶᠢᠭᠠᠯᠢ ᠶᠢᠨ ᠬᠤᠷ᠎ᠠ ᠲᠣᠨᠣᠳᠠᠰᠤ ᠶᠢ ᠬᠤᠷᠠᠮᠳᠤᠭᠤᠯᠤᠨ ᠂ ᠬᠤᠷ᠎ᠠ ᠲᠣᠨᠣᠳᠠᠰᠤ ᠶᠢᠨ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠵᠢᠯ ᠢ ᠲᠥᠬᠦᠷᠵᠢᠭᠦᠯᠦᠨ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠶᠢ ᠬᠡᠷᠡᠭᠵᠢᠭᠦᠯᠵᠦ᠂ ᠭᠦᠨ ᠰᠤᠯᠠᠷᠠᠭᠤᠯᠬᠤ ᠪᠠᠷ ᠳᠠᠷᠤᠩᠭᠤᠶᠢᠯᠠᠬᠤ᠂ ᠰᠦᠯᠢᠶᠣᠣ ᠪᠦᠷᠬᠦᠪᠴᠢ ᠪᠠᠷ ᠪᠦᠷᠬᠦᠵᠦ ᠴᠢᠭᠢᠭ ᠢ ᠬᠠᠮᠠᠭᠠᠯᠠᠬᠤ᠂ ᠠᠮᠢᠳᠤ ᠪᠣᠳᠠᠰ ᠤᠨ ᠭᠠᠩ ᠢ ᠡᠰᠡᠷᠭᠦᠴᠡᠬᠦ ᠡᠳ᠋ ᠢ ᠵᠦᠶ ᠵᠣᠬᠢᠰᠲᠠᠶ ᠬᠡᠷᠡᠭᠯᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠬᠥᠷᠥᠰᠥ ᠰᠢᠷᠣᠶ ᠶᠢᠨ ᠤᠰᠤᠨ ᠤ ᠠᠭᠤᠷᠰᠢᠯᠲᠠ ᠶᠢ ᠪᠠᠭᠠᠰᠬᠠᠨ᠂ ᠬᠥᠷᠥᠰᠥ ᠰᠢᠷᠣᠶ ᠶᠢᠨ ᠴᠢᠭᠢᠭ ᠢ ᠬᠠᠮᠠᠭᠠᠯᠠᠨ ᠤᠰᠤ ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠵᠠᠷ ᠰᠢᠷᠣᠶ ᠶᠢ ᠲᠡᠭᠰᠢᠯᠡᠬᠦ᠂ ᠭᠦᠨ ᠬᠠᠭᠠᠯᠪᠤᠷᠢᠯᠠᠵᠤ ᠭᠦᠨ ᠰᠤᠯᠠᠷᠠᠭᠤᠯᠬᠤ᠂ ᠡᠰᠢ ᠰᠦᠷᠡᠯ ᠢ ᠲᠠᠷᠢᠶᠠᠨ ᠳᠤ ᠣᠷᠣᠭᠤᠯᠬᠤ ᠪᠠ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠵᠡᠷᠭᠡ ᠠᠷᠭ᠎ᠠ ᠬᠡᠮᠵᠢᠶ᠎ᠡ ᠶᠢ ᠶᠡᠬᠡᠪᠡᠷ ᠳᠡᠯᠭᠡᠷᠡᠭᠦᠯᠵᠦ᠂ ᠭᠦᠨ ᠵᠤᠵᠠᠭᠠᠨ ᠥᠩ ᠰᠢᠮᠡᠯᠢᠭ ᠲᠠᠷᠢᠶᠠᠨ ᠳᠠᠪᠬᠤᠷᠭ᠎ᠠ ᠶᠢ ᠪᠠᠶᠢᠭᠤᠯᠵᠤ᠂ ᠤᠰᠤ ᠪᠠᠷ ᠪᠣᠷᠳᠣᠭᠤᠷ ᠢ ᠠᠬᠢᠭᠤᠯᠬᠤ᠂ ᠪᠣᠷᠳᠣᠭᠤᠷ ᠢᠶᠠᠷ ᠤᠰᠤ ᠲᠣᠬᠢᠷᠠᠭᠤᠯᠬᠤ ᠶᠢ ᠪᠡᠶᠡᠯᠡᠭᠦᠯᠵᠦ᠂ ᠤᠰᠤ ᠪᠣᠷᠳᠣᠭᠤᠷ ᠤᠨ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ︵ᠲᠦᠷᠦᠭᠦᠯᠡᠬᠦ ᠨᠢᠭᠡᠴᠡ᠄ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ︶᠃      ︵ᠭᠤᠷᠪᠠ︶ ᠲᠠᠷᠢᠶᠠᠯᠠᠩ ᠤᠨ ᠲᠦᠷᠢᠮ ᠤᠨ ᠤᠰᠤ ᠠᠷᠪᠢᠯᠠᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠨᠲᠡ ᠪᠠᠶᠢᠭ᠎ᠠ ᠲᠠᠷᠢᠶᠠᠯᠠᠩ ᠤᠨ ᠤᠰᠤ ᠠᠷᠪᠢᠯᠠᠬᠤ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠂ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠪᠠ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠎ᠠ᠃      5.ᠲᠠᠲᠠᠵᠤ ᠬᠡᠷᠡᠭᠯᠡᠬᠦ ᠤᠰᠤᠨ ᠤ ᠬᠡᠮᠵᠢᠯᠲᠡ ᠶᠢᠨ ᠪᠠᠶᠢᠴᠠᠭᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠪᠦᠬᠦ ᠰᠢᠶᠠᠨ ᠤ ᠲᠠᠷᠢᠶᠠᠯᠠᠩ ᠤᠨ ᠤᠰᠤᠯᠠᠯᠲᠠ ᠶᠢᠨ ᠤᠰᠤ ᠠᠪᠬᠤ ᠭᠠᠵᠠᠷ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠨᠢᠳᠦ ᠳᠠᠷᠠᠭᠠᠯᠠᠨ ᠳ᠋ᠤᠭᠠᠷᠯᠠᠨ᠎ᠠ᠃ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠤᠨ ᠤᠰᠤᠯᠠᠯᠲᠠ ᠶᠢᠨ ᠭᠠᠵᠠᠷ ᠳᠣᠣᠷᠠᠬᠢ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢᠨ ᠭᠦᠢᠴᠡᠳᠬᠡᠬᠦ ᠲᠤᠭ᠎ᠠ ᠶᠢ ᠡᠯ᠎ᠡ ᠪᠠᠯᠭᠠᠰᠤ᠂ ᠲᠣᠰᠬᠤᠨ ᠤ ᠠᠷᠠᠳ ᠤᠨ ᠵᠥᠪᠯᠡᠯ᠂ ᠮᠠᠰᠢᠨ ᠴᠠᠬᠢᠯᠭᠠᠨ ᠬᠤᠳᠳᠤᠭ ᠲᠤ ᠬᠦᠷᠲᠡᠯ᠎ᠡ ᠵᠠᠳᠠᠯᠤᠨ ᠨᠠᠶᠢᠳᠠᠪᠤᠷᠢᠵᠢᠭᠤᠯᠵᠤ᠂ ᠨᠥᠬᠦᠴᠡᠯ ᠲᠠᠢ ᠨᠢ ᠭᠠᠵᠠᠷ ᠤᠨ ᠬᠡᠰᠡᠭ ᠪᠤᠶᠤ ᠡᠷᠦᠬᠡ ᠳᠤ ᠬᠦᠷᠲᠡᠯ᠎ᠡ ᠵᠠᠳᠠᠯᠤᠨ᠎ᠠ᠃ ᠭᠠᠵᠠᠷ ᠳᠤᠤᠷᠠᠬᠢ ᠤᠰᠤᠨ ᠤ ᠤᠰᠤᠯᠠᠯᠲᠠ ᠶᠢᠨ ᠬᠡᠮᠵᠢᠯᠲᠡ ᠶᠢᠨ ᠪᠡᠯᠡᠳᠬᠡᠮᠵᠢ ᠶᠢᠨ ᠳᠤᠲᠠᠭᠤᠳᠠᠯ ᠢ ᠤᠯᠠᠮ ᠨᠢᠭᠡ ᠠᠯᠬᠤᠮ ᠨᠥᠬᠦᠪᠥᠷᠢᠯᠡᠵᠦ᠂ ᠬᠡᠮᠵᠢᠯᠲᠡ ᠶᠢᠨ ᠪᠡᠯᠡᠳᠬᠡᠮᠵᠢ ᠤᠭᠰᠠᠷᠠᠭᠠᠳᠤᠶ ᠮᠠᠰᠢᠨ ᠴᠠᠬᠢᠯᠭᠠᠨ ᠬᠤᠳᠳᠤᠭ ᠲᠤ ︽ᠴᠠᠬᠢᠯᠭᠠᠨ ᠢᠶᠠᠷ ᠤᠰᠤ ᠶᠢ ᠨᠤᠭᠤᠯᠤᠨ ᠪᠤᠳᠤᠬᠤ︾ ᠬᠡᠮᠵᠢᠯᠲᠡ ᠶᠢ ᠬᠡᠷᠡᠭᠵᠢᠭᠦᠯᠵᠦ᠂ ᠨᠥᠬᠦᠴᠡᠯ ᠲᠠᠢ ᠭᠠᠵᠠᠷ ᠣᠷᠣᠨ ᠳᠤ ︽ᠨᠢᠭᠡ ᠬᠤᠳᠳᠤᠭ ᠲᠤ ᠨᠢᠭᠡ ᠬᠡᠮᠵᠢᠭᠦᠷ ᠲᠠᠢ᠂ ᠨᠢᠭᠡ ᠡᠷᠦᠬᠡ ᠳᠤ ᠨᠢᠭᠡ ᠺᠠᠷᠲ ᠲᠠᠢ︾ ᠬᠡᠮᠵᠢᠯᠲᠡ ᠬᠢᠬᠦ ᠶᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ 2023 ᠣᠨ ᠳᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠪᠠᠯᠠ ᠮᠥᠩᠭᠦ ᠶᠢ 100 ᠲᠦᠮᠡᠨ ᠲᠥᠭᠦᠷᠢᠭ ᠤᠯᠬᠤ ᠪᠠᠷ ᠲᠥᠯᠥᠪᠯᠡᠵᠦ᠂ ᠪᠠᠯᠭᠠᠰᠤ ᠲᠣᠰᠬᠤᠨ ᠤ ᠢᠳᠡᠪᠬᠢᠵᠢᠯ ᠢᠶᠠᠷ ᠥᠨᠳᠥᠷ᠂ ᠤᠰᠤᠨ ᠠᠰᠢᠭᠯᠠᠯᠲᠠ ᠶᠢᠨ ᠰᠠᠭᠤᠷᠢ ᠨᠥᠬᠦᠴᠡᠯ ᠢᠶᠠᠷ ᠰᠠᠶᠢᠨ ᠪᠠᠯᠭᠠᠰᠤ ᠪᠠᠷ ᠲᠤᠷᠰᠢᠯᠲᠠ ᠶᠢᠨ ᠴᠢᠭ ᠪᠣᠯᠭᠠᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠤᠰᠤ ᠠᠷᠪᠢᠯᠠᠬᠤ ᠶᠢᠨ ᠱᠠᠩᠨᠠᠵᠤ ᠨᠥᠬᠦᠪᠥᠷᠢᠯᠡᠬᠦ ᠲᠣᠭᠲᠠᠴᠠ ᠶᠢ ᠠᠬᠢᠭᠤᠯᠤᠨ᠎ᠠ᠃ ᠲᠣᠭᠲᠠᠭᠰᠠᠨ ᠲᠤᠭ᠎ᠠ ᠠᠴᠠ ᠬᠡᠲᠦᠷᠡᠭᠦᠯᠦᠨ ᠦᠨ᠎ᠡ ᠨᠡᠮᠡᠬᠦ ᠲᠦᠷᠢᠮ ᠢ ᠰᠦᠪᠡᠭᠴᠢᠯᠡᠨ ᠠᠬᠢᠭᠤᠯᠵᠤ᠂ ᠤᠰᠤ ᠠᠷᠪᠢᠯᠠᠬᠤ ᠶᠢ ᠱᠠᠩᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠪᠠᠷᠢᠯᠭ᠎ᠠ ᠶᠢᠨ ᠰᠦᠢᠳᠭᠡᠯ ᠬᠤᠷᠢᠶᠠᠬᠤ ᠵᠡᠷᠭᠡ ᠬᠠᠮᠢᠶᠠᠷᠴᠤ ᠬᠠᠮᠠᠭᠠᠯᠠᠬᠤ ᠲᠦᠷᠢᠮ ᠤᠨ ᠪᠠᠶᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ 2025 ᠣᠨ ᠳᠤ ᠬᠡᠲᠦᠷᠡᠲᠡᠯ᠎ᠡ ᠱᠠᠩᠨᠠᠵᠤ ᠲᠣᠷᠭᠠᠬᠤ ᠲᠣᠭᠲᠠᠴᠠ ᠪᠠᠷ ᠳᠠᠮᠵᠢᠭᠤᠯᠤᠨ ᠬᠠᠮᠢᠶᠠᠷᠴᠤ ᠤᠰᠤ ᠠᠷᠪᠢᠯᠠᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ︵ᠲᠦᠷᠦᠭᠦᠯᠡᠬᠦ ᠨᠢᠭᠡᠴᠡ᠄ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ︶᠃      6. ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠣᠷᠣᠨ ᠪᠦᠰᠡ ᠶᠢᠨ ᠤᠰᠤᠨ ᠤ ᠡᠷᠬᠡ  ᠶᠢ ᠬᠤᠪᠢᠶᠠᠷᠢᠯᠠᠭᠰᠠᠨ ᠲᠠᠷᠢᠶᠠᠯᠠᠩ  ᠤᠨ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠪᠠ ᠤᠰᠤᠯᠠᠯᠲᠠ ᠶᠢᠨ ᠬᠤᠳᠳᠤᠭ  ᠤᠨ ᠤᠰᠤ ᠲᠠᠲᠠᠬᠤ ᠵᠥᠪᠰᠢᠶᠡᠷᠡᠯ  ᠤᠨ ᠦᠨᠡᠮᠯᠡᠯ ᠳᠤ ᠲᠣᠳᠣᠷᠬᠠᠢ ᠲᠡᠮᠳᠡᠭᠯᠡᠭᠰᠡᠨ ᠵᠥᠪᠰᠢᠶᠡᠷᠡᠯ  ᠤᠨ ᠤᠰᠤᠨ  ᠤ ᠬᠡᠮᠵᠢᠶ᠎ᠡ ᠶᠢ ᠴᠢᠩᠭ᠎ᠠ ᠵᠢᠷᠤᠮᠯᠠᠨ᠂ ᠪᠠᠯᠭᠠᠰᠤ ᠪᠠ ᠲᠣᠰᠬᠤᠨ ᠳᠠᠷᠠᠭᠠᠯᠠᠨ ᠤᠰᠤᠯᠠᠯᠲᠠ ᠶᠢᠨ ᠤᠰᠤ ᠬᠡᠷᠡᠭᠯᠡᠬᠦ ᠡᠷᠬᠡ ᠶᠢ ᠲᠣᠳᠣᠷᠬᠠᠢ ᠪᠣᠯᠭᠠᠵᠤ᠂ ᠡᠷᠬᠡ  ᠶᠢ ᠨᠢ ᠲᠣᠰᠬᠤᠨ ᠤ ᠬᠠᠮᠲᠤ᠂ ᠠᠵᠤ ᠠᠬᠤᠢ  ᠶᠢᠨ ᠵᠣᠬᠢᠶᠠᠨ ᠪᠠᠶᠢᠭᠤᠯᠤᠯᠲᠠ᠂ ᠬᠤᠷᠰᠢᠶ᠎ᠠ᠂ ᠤᠰᠤ ᠬᠠᠮᠢᠶᠠᠷᠬᠤ ᠳᠤᠭᠤᠶᠢᠯᠠᠩ᠂ ᠲᠠᠷᠢᠶᠠᠯᠠᠬᠤ ᠡᠷᠦᠬᠡ ᠵᠡᠷᠭᠡ ᠶᠢᠨ ᠪᠦᠲᠦᠮᠵᠢᠲᠡᠢ ᠬᠡᠮᠵᠢᠯᠲᠡ  ᠶᠢᠨ ᠬᠠᠮᠤᠭ  ᠤᠨ ᠪᠠᠭ᠎ᠠ ᠨᠢᠭᠡᠴᠡ ᠳᠤ ᠬᠦᠷᠲᠡᠯ᠎ᠡ ᠲᠣᠳᠣᠷᠬᠠᠶᠢᠯᠠᠬᠤ ᠬᠡᠷᠡᠭᠲᠡᠢ᠃ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠤᠰᠤ ᠬᠡᠷᠡᠭᠯᠡᠬᠦ ᠡᠷᠬᠡ ᠶᠢᠨ ᠦᠨᠡᠮᠯᠡᠯ ᠣᠯᠭᠤᠬᠤ ᠪᠠᠷ ᠳᠠᠮᠵᠢᠭᠤᠯᠤᠨ᠂ ᠤᠰᠤᠯᠠᠯᠲᠠ ᠶᠢᠨ ᠤᠰᠤ ᠬᠡᠷᠡᠭᠯᠡᠬᠦ ᠡᠷᠬᠡ ᠶᠢ ᠲᠣᠳᠣᠷᠬᠠᠶ ᠪᠣᠯᠭᠠᠨ᠎ᠠ᠃ ᠤᠰᠤ ᠬᠡᠷᠡᠭᠯᠡᠬᠦ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ᠂ ᠲᠣᠰᠬᠤᠨ ᠤ ᠠᠷᠠᠳ ᠤᠨ ᠵᠥᠪᠯᠡᠯ᠂ ᠠᠶᠢᠯ ᠲᠣᠰᠬᠤᠨ ᠵᠡᠷᠭᠡ ᠤᠰᠤ ᠬᠡᠷᠡᠭᠯᠡᠬᠦ ᠭᠤᠤᠯ ᠴᠣᠭᠴᠠ ᠨᠢ ᠤᠰᠤᠨ ᠤ ᠡᠬᠢ ᠪᠠᠶᠠᠯᠢᠭ ᠢ ᠠᠷᠪᠢᠯᠠᠭᠰᠠᠨ ᠪᠠᠶᠢᠪᠠᠯ᠂ ᠤᠰᠤ ᠬᠡᠷᠡᠭᠯᠡᠬᠦ ᠡᠷᠬᠡ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠪᠠ ᠤᠰᠤ ᠬᠡᠷᠡᠭᠯᠡᠬᠦ ᠬᠢᠵᠠᠭᠠᠷ ᠲᠤᠭ᠎ᠠ ᠶᠢᠨ ᠳᠣᠲᠣᠷ᠎ᠠ ᠵᠣᠬᠢᠬᠤ ᠤᠰᠤ ᠲᠠᠲᠠᠬᠤ ᠡᠷᠬᠡ ᠪᠠᠨ ᠦᠨ᠎ᠡ ᠲᠥᠯᠥᠪᠦᠷᠢ ᠲᠠᠢ ᠪᠠᠷ ᠰᠢᠯᠵᠢᠭᠦᠯᠦᠨ ᠥᠭᠴᠦ ᠪᠣᠯᠤᠨ᠎ᠠ᠂ ᠤᠰᠤᠨ ᠤ ᠡᠷᠬᠡ ᠶᠢ ᠰᠢᠯᠵᠢᠭᠦᠯᠦᠨ ᠥᠭᠭᠦᠭᠰᠡᠨ ᠠᠰᠢᠭ ᠣᠯᠵᠠᠪᠤᠷᠢ ᠶᠢ ᠲᠠᠷᠢᠶᠠᠯᠠᠩ ᠤᠨ ᠤᠰᠤ ᠬᠡᠷᠡᠭᠯᠡᠬᠦ ᠳᠤ ᠲᠦᠯ ᠤᠨ ᠣᠨᠣᠪᠴᠢᠲᠠᠶ ᠪᠠᠷ ᠨᠡᠮᠡᠭᠦᠷᠢ ᠥᠭᠬᠦ ᠪᠠ ᠤᠰᠤ ᠠᠷᠪᠢᠯᠠᠭᠰᠠᠨ ᠢ ᠱᠠᠩᠨᠠᠬᠤ ᠲᠣᠭᠲᠠᠴᠠ ᠶᠢ ᠨᠠᠢᠳᠠᠪᠤᠷᠢᠵᠢᠭᠤᠯᠬᠤ ᠳᠤ ᠬᠡᠷᠡᠭᠯᠡᠵᠦ᠂ ᠲᠠᠷᠢᠶᠠᠴᠢᠳ ᠤᠨ ᠤᠰᠤ ᠠᠷᠪᠢᠯᠠᠬᠤ ᠢᠳᠡᠪᠬᠢᠵᠢᠯ ᠢ ᠳᠠᠶᠢᠴᠢᠯᠠᠨ᠎ᠠ᠃ 2023 ᠣᠨ ᠳᠤ᠂ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠡᠷᠬᠡ ᠶᠢᠨ ᠡᠷᠬᠡ ᠶᠢ ᠨᠤᠲᠠᠯᠠᠨ ᠲᠣᠭᠲᠠᠭᠠᠬᠤ ᠶᠢ ᠪᠡᠶᠡᠯᠡᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠪᠠ ᠤᠰᠤ ᠬᠡᠷᠡᠭᠯᠡᠬᠦ ᠬᠠᠮᠢᠶᠠᠷᠤᠯᠲᠠ ᠶᠢ ᠠᠬᠢᠭᠤᠯᠤᠨ᠂ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠡᠷᠬᠡ ᠶᠢᠨ ᠠᠷᠠᠯᠵᠢᠶ᠎ᠠ ᠶᠢ ᠠᠬᠢᠭᠤᠯᠤᠨ᠎ᠠ︔ 2024 ᠣᠨ ᠳᠤ ᠤᠰᠤᠨ ᠤ ᠡᠷᠬᠡ ᠶᠢᠨ ᠲᠦᠷᠢᠮ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ︔ 2025 ᠣᠨ ᠳᠤ᠂ ᠬᠠᠷᠢᠶᠠᠯᠠᠯ ᠲᠣᠳᠣᠷᠬᠠᠶ᠂ ᠡᠷᠬᠡ ᠬᠠᠷᠢᠭᠤᠴᠠᠯᠭ᠎ᠠ ᠲᠣᠳᠣᠷᠬᠠᠶ᠂ ᠡᠷᠭᠢᠯᠲᠡ ᠰᠢᠯᠤᠭᠤᠨ᠂ ᠬᠢᠨᠠᠯᠲᠠ ᠬᠠᠮᠢᠶᠠᠷᠤᠯᠲᠠ ᠪᠦᠲᠦᠮᠵᠢᠲᠡᠶ ᠤᠰᠤ ᠬᠡᠷᠡᠭᠯᠡᠬᠦ ᠡᠷᠬᠡ ᠶᠢᠨ ᠲᠦᠷᠢᠮ ᠤᠨ ᠰᠢᠰᠲ᠋ᠧᠮᠵᠢ ᠶᠢ ᠪᠠᠶᠢᠭᠤᠯᠤᠨ᠎ᠠ᠃ ︵ᠲᠦᠷᠦᠭᠦᠯᠡᠬᠦ ᠨᠢᠭᠡᠴᠡ᠄ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ︶᠃      ︵ᠳᠥᠷᠪᠡ︶ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠤᠰᠤᠨ ᠤ ᠡᠬᠢ ᠪᠠᠶᠠᠯᠢᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠨᠢᠭᠡᠳᠦᠯᠲᠡᠢ ᠲᠥᠯᠥᠪᠵᠢᠭᠦᠯᠵᠦ᠂ ᠤᠰᠤᠨ ᠤ ᠪᠠᠶᠢᠷᠢᠰᠢᠭᠤᠯᠤᠯ᠂ ᠤᠰᠤᠨ ᠤ ᠬᠡᠮᠵᠢᠶ᠎ᠠ ᠳᠤ ᠲᠤᠬᠢᠷᠠᠭᠤᠯᠤᠨ ᠦᠢᠯᠡᠳᠪᠦᠷᠢᠯᠡᠵᠦ᠂ ᠤᠰᠤᠨ ᠳᠤ ᠲᠤᠬᠢᠷᠠᠭᠤᠯᠤᠨ ᠲᠡᠷᠢᠵᠤ᠂ ᠲᠠᠷᠢᠮᠠᠯ  ᠤᠨ ᠪᠦᠲᠦᠴᠡ ᠶᠢ ᠲᠠᠰᠤᠷᠠᠯᠳᠠ ᠥᠭᠡᠢ ᠰᠢᠯᠢᠳᠡᠭᠵᠢᠭᠦᠯᠦᠨ᠎ᠡ᠃      7. ᠤᠰᠤ ᠶᠡᠭᠡ ᠬᠤᠷᠣᠭᠳᠠᠭᠤᠯᠬᠤ ᠲᠠᠷᠢᠮᠠᠯ ᠢ ᠵᠣᠬᠢᠬᠤ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠰᠢᠨ᠎ᠡ ᠪᠠᠷ ᠨᠡᠮᠡᠭᠳᠡᠭᠦᠯᠬᠦ ᠭᠠᠵᠠᠷ ᠳᠤᠤᠷᠠᠬᠢ ᠤᠰᠤᠨ ᠤ ᠲᠠᠷᠢᠶᠠᠯᠠᠩ ᠤᠨ ᠤᠰᠤᠯᠠᠯᠲᠠ ᠶᠢᠨ ᠲᠠᠯᠠᠪᠠᠢ᠂ ᠤᠰᠤ ᠬᠡᠷᠡᠭᠯᠡᠬᠦ ᠬᠡᠮᠵᠢᠶ᠎ᠡ ᠪᠠ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠱᠠᠭᠠᠷᠳᠠᠯᠭ᠎ᠠ ᠳᠤᠤᠷ᠎ᠠ᠃ 2023 ᠣᠨ ᠳᠤ ᠲᠠᠷᠢᠮᠠᠯ ᠤᠨ ᠪᠦᠲᠦᠴᠡ ᠶᠢ ᠬᠦᠴᠦᠯᠡᠨ ᠲᠣᠬᠢᠷᠠᠭᠤᠯᠵᠤ᠂ ᠪᠤᠭᠤᠲᠤ ᠬᠤᠲᠠ ᠶᠢᠨ ᠪᠠᠭᠤᠯᠭᠠᠭᠰᠠᠨ ᠠᠮᠤ ᠪᠤᠳᠠᠭᠠᠨ ᠤ ᠦᠢᠯᠡᠳᠪᠦᠷᠢᠯᠡᠯ ᠤᠨ ᠡᠭᠦᠷᠭᠡ ᠶᠢ ᠪᠡᠶᠡᠯᠡᠭᠦᠯᠦᠭᠰᠡᠨ ᠤᠷᠢᠲᠠᠯ ᠳᠤᠤᠷ᠎ᠠ᠂ ᠬᠤᠸᠠᠢ ᠱᠦᠸᠧ ᠪᠠᠯᠭᠠᠰᠤ᠂ ᠰᠢ ᠳ᠋ᠧᠦ ᠫᠦ ᠪᠠᠯᠭᠠᠰᠤ᠂ ᠰᠢᠩ ᠱᠦᠨ ᠰᠢ ᠪᠠᠯᠭᠠᠰᠤ ᠵᠡᠷᠭᠡ ᠭᠠᠩ ᠬᠠᠭᠤᠷᠠᠶ ᠤᠰᠤ ᠳᠤᠲᠠᠭᠳᠠᠵᠤ ᠪᠠᠶᠢᠭ᠎ᠠ ᠭᠠᠵᠠᠷ ᠣᠷᠣᠨ ᠢ ᠳᠡᠮᠵᠢᠵᠦ᠂ ᠤᠰᠤ ᠶᠡᠭᠡ ᠬᠤᠷᠣᠭᠳᠠᠭᠤᠯᠬᠤ ᠲᠠᠷᠢᠮᠠᠯ ᠤᠨ ᠳᠠᠷᠢᠬᠤ ᠲᠠᠯᠠᠪᠠᠶ ᠶᠢ ᠵᠣᠬᠢᠬᠤ ᠬᠡᠮᠵᠢᠶ᠎ᠡ ᠪᠠᠷ ᠲᠣᠬᠢᠷᠠᠭᠤᠯᠤᠨ ᠪᠠᠭᠠᠰᠬᠠᠨ᠎ᠠ᠃ ︵ᠲᠦᠷᠦᠭᠦᠯᠡᠬᠦ ᠨᠢᠭᠡᠴᠡ᠄ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ︶᠃      8 . ᠬᠠᠭᠤᠷᠠᠶ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠴᠢᠨᠠᠷ ᠰᠠᠶᠢᠲᠠᠶ ᠲᠡᠵᠢᠭᠡᠯ ᠡᠪᠡᠰᠦ ᠵᠡᠷᠭᠡ ᠤᠰᠤ ᠬᠡᠷᠡᠭᠰᠡᠬᠦ ᠬᠡᠮᠵᠢᠶ᠎ᠡ ᠪᠠᠷ ᠨᠡᠯᠢᠶᠡᠳ ᠪᠠᠭ᠎ᠠ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠭᠠᠩ ᠢ ᠳᠠᠭᠠᠭᠠᠬᠤ ᠥᠨᠳᠥᠷ ᠤᠨᠠᠯᠲᠠ ᠲᠠᠢ ᠠᠮᠤ ᠪᠤᠳᠠᠭ᠎ᠠ ᠪᠣᠷᠳᠤᠭ᠎ᠠ ᠳᠤ ᠬᠥᠬᠡ ᠳᠠᠷᠤᠰᠢ ᠶᠢᠨ ᠡᠷᠳᠡᠨᠢ ᠰᠢᠰᠢ᠂ ᠴᠠᠷᠭᠠᠰᠤ ᠵᠡᠷᠭᠡ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠤᠭ᠎ᠠ ᠶᠢ ᠬᠠᠪᠰᠤᠷᠭᠠᠨ ᠬᠡᠷᠡᠭᠯᠡᠬᠦ ᠶᠢ ᠭᠤᠤᠯᠳᠠᠯᠭ᠎ᠠ ᠲᠠᠢ ᠳᠡᠯᠭᠡᠷᠡᠭᠦᠯᠦᠨ᠎ᠡ᠃ 2023 ᠣᠨ ᠳᠤ ᠲᠡᠵᠢᠭᠡᠯ ᠤᠨ ᠨᠣᠬᠠᠶ ᠶᠢᠨ ᠬᠤᠰᠢᠭᠤ᠂ ᠴᠠᠷᠭᠠᠰᠤ ᠵᠡᠷᠭᠡ ᠭᠠᠩ ᠳᠤ ᠲᠡᠰᠪᠦᠷᠢᠲᠡᠶ 8 ᠲᠦᠮᠡᠨ ᠮᠥ ᠲᠠᠷᠢᠮᠠᠯ ᠢ ᠬᠥᠭᠵᠢᠭᠦᠯᠦᠨ᠎ᠡ︔ 2024 ᠣᠨ ᠳᠤ 9 ᠲᠦᠮᠡᠨ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ︔ 2025 ᠣᠨ ᠪᠣᠯᠬᠤ ᠳᠤ 10 ᠲᠦᠮᠡᠨ ᠮᠦ ᠣᠷᠴᠢᠮ ᠳᠤ ᠬᠦᠷᠭᠡᠨ᠎ᠡ᠃ ᠲᠣᠰᠣᠯᠢᠭ ᠲᠠᠷᠢᠮᠠᠯ᠂ ᠡᠯᠳᠡᠪ ᠠᠮᠤ ᠪᠤᠷᠴᠠᠭ ᠵᠡᠷᠭᠡ ᠤᠰᠤ ᠪᠠᠭ᠎ᠠ ᠬᠤᠷᠣᠭᠳᠠᠭᠤᠯᠬᠤ᠂ ᠭᠠᠩ ᠬᠠᠭᠰᠠᠷᠠᠭᠠᠨ ᠳᠤ ᠲᠡᠰᠪᠦᠷᠢᠲᠡᠶ ᠲᠠᠷᠢᠮᠠᠯ ᠳᠠᠷᠢᠬᠤ ᠶᠢ ᠵᠣᠷᠢᠭᠵᠢᠭᠤᠯᠵᠤ᠂ 2023 ᠣᠨ ᠳᠤ ᠡᠯᠳᠡᠪ ᠠᠮᠤ᠂ ᠲᠣᠰᠣᠯᠢᠭ ᠲᠠᠷᠢᠮᠠᠯ ᠵᠡᠷᠭᠡ ᠲᠠᠷᠢᠮᠠᠯ ᠤᠨ ᠳᠠᠷᠢᠬᠤ ᠲᠠᠯᠠᠪᠠᠶ ᠶᠢ 40 ᠲᠦᠮᠡᠨ ᠮᠥ ᠠᠴᠠ ᠳᠡᠭᠡᠭᠰᠢ ᠳᠤ ᠬᠦᠷᠦᠭᠦᠯᠵᠦ᠂ 2024 ᠣᠨ ᠪᠠ 2025 ᠣᠨ ᠳᠤ 45 ᠲᠦᠮᠡᠨ ᠮᠥ ᠠᠴᠠ ᠳᠡᠭᠡᠭᠰᠢ ᠳᠤ ᠲᠣᠭᠲᠠᠭᠤᠨ ᠪᠠᠶᠢᠯᠭᠠᠨ᠎ᠠ᠃ ᠪᠣᠬᠢᠷᠲᠤᠯ ᠥᠬᠡᠶ ᠣᠷᠭᠠᠨᠢᠭ ᠬᠠᠭᠤᠷᠠᠶ ᠲᠠᠷᠢᠶᠠᠯᠠᠩ ᠢ ᠲᠦᠷᠭᠡᠳᠬᠡᠨ ᠬᠥᠭᠵᠢᠭᠦᠯᠵᠦ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠢ ᠴᠢᠩᠭᠠᠷᠠᠭᠤᠯᠤᠨ᠂ ᠶᠠᠰᠤ ᠴᠢᠨᠠᠷ ᠢᠶᠠᠷ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠵᠦ᠂ ᠬᠠᠭᠤᠷᠠᠶ ᠲᠠᠷᠢᠶᠠᠯᠠᠩ ᠤᠨ ᠪᠦᠲᠦᠭᠡᠭᠳᠡᠬᠦᠨ ᠢ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠨᠠᠷᠢᠯᠢᠭ ᠡᠳ᠋ᠰᠢᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠡᠮᠵᠢᠬᠦ ᠡᠷᠴᠢᠮ ᠢ ᠴᠢᠩᠭᠠᠷᠠᠭᠤᠯᠤᠨ᠂ ᠬᠠᠭᠤᠷᠠᠶ ᠲᠠᠷᠢᠶᠠᠯᠠᠩ ᠤᠨ ᠪᠣᠬᠢᠷᠲᠤᠯ ᠥᠬᠡᠶ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮᠵᠢ ᠶᠢ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠪᠠᠷ ᠬᠠᠭᠤᠷᠠᠶ ᠲᠠᠷᠢᠶᠠᠯᠠᠩ ᠤᠨ ᠴᠢᠨᠠᠷ ᠰᠠᠶᠢᠲᠠᠶ ᠥᠨᠳᠥᠷ ᠦᠷ᠎ᠡ ᠠᠰᠢᠭ ᠲᠠᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠬᠠᠭᠤᠷᠠᠶ ᠲᠠᠷᠢᠶᠠᠯᠠᠩ ᠤᠨ ᠤᠰᠤ ᠠᠷᠪᠢᠯᠠᠬᠤ ᠶᠢ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠰᠢᠶᠠᠨ ᠤ ᠠᠵᠤ ᠦᠢᠯᠡᠳᠪᠦᠷᠢ ᠶᠢᠨ ᠰᠠᠯᠠᠭ᠎ᠠ ᠮᠥᠴᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ︶᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠃      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠠᠷᠢᠶᠠᠯᠠᠩ ᠤᠨ ᠥᠨᠳᠥᠷ ᠪᠦᠲᠦᠮᠵᠢᠲᠡᠢ ᠤᠰᠤ ᠠᠷᠪᠢᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ ᠣᠷᠣᠨ ᠪᠦᠰᠡ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠲᠥᠷᠥᠯ ᠵᠦᠢᠯ ᠲᠥᠰᠦᠪᠯᠡᠬᠦ ᠪᠠ ᠨᠥᠭᠡᠴᠡᠯᠡᠬᠦ ᠶᠢ ᠴᠢᠩᠭᠠᠳᠬᠠᠨ᠂ ︽ᠭᠤᠷᠪᠠ ᠶᠢ ᠲᠡᠮᠡᠴᠡᠨ ᠣᠯᠬᠤ︾ ᠡᠷᠴᠢᠮ ᠢ ᠨᠡᠮᠡᠭᠳᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠠᠮᠢᠶ᠎ᠠ ᠪᠦᠬᠦᠢ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠯᠡᠨ ᠣᠯᠤᠨ᠎ᠠ︔ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠᠰᠠ ᠵᠠᠰᠠᠭ ᠤᠨ ᠣᠷᠳᠣᠨ ᠤ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ ᠠᠵᠢᠯ ᠤᠨ ᠲᠤᠰᠬᠠᠶ ᠠᠩᠭᠢ ᠪᠠᠶᠢᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠲᠥᠷᠥᠯ ᠵᠦᠢᠯ ᠤᠨ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠬᠠᠷᠠᠯᠲᠠ ᠡᠭᠦᠷᠭᠡ ᠪᠠᠨ ᠲᠣᠭᠲᠠᠭᠠᠵᠤ᠂ ᠮᠡᠷᠭᠡᠵᠢᠯ ᠤᠨ ᠡᠩᠨᠡᠭᠡ ᠶᠢ ᠬᠥᠮᠦᠵᠢᠭᠦᠯᠦᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠶᠢᠨ ᠰᠠᠯᠠᠭ᠎ᠠ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ︶᠃      ︵ᠬᠤᠶᠠᠷ︶ ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠳᠤ ᠲᠦᠰᠢᠭᠯᠡᠨ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠶᠢᠨ ᠬᠠᠮᠲᠤ᠂ ᠪᠤᠰᠤᠳ ᠬᠠᠮᠢᠶ᠎ᠠ ᠪᠥᠬᠦᠶ ᠲᠠᠷᠢᠶᠠᠯᠠᠩ ᠳᠤ ᠬᠤᠯᠪᠣᠭᠳᠠᠬᠤ ᠲᠥᠷᠥᠯ ᠵᠦᠢᠯ ᠤᠨ ᠪᠠᠯᠠ ᠮᠥᠩᠭᠦ ᠶᠢ ᠢᠳᠡᠪᠬᠢᠲᠡᠶ ᠪᠠᠷ ᠴᠤᠭᠯᠠᠭᠤᠯᠬᠤ ᠪᠠ ᠡᠮᠬᠢᠯᠡᠨ ᠨᠡᠶᠢᠯᠡᠭᠦᠯᠵᠦ᠂ ︽ᠠᠷᠭ᠎ᠠ ᠵᠠᠮ ᠨᠢ ᠰᠠᠮᠠᠭᠤᠷᠠᠬᠤ ᠥᠬᠡᠶ᠂ ᠬᠡᠷᠡᠭᠴᠡᠭᠡ ᠨᠢ ᠬᠤᠪᠢᠷᠠᠬᠤ ᠥᠬᠡᠶ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠬᠦ︾ ᠵᠠᠷᠴᠢᠮ ᠶᠣᠰᠣᠭᠠᠷ᠂ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ ᠨᠢᠭᠡᠳᠦᠯᠲᠡᠶ ᠲᠥᠯᠥᠪᠯᠡᠬᠦ ᠶᠢ ᠴᠢᠩᠭᠠᠷᠠᠭᠤᠯᠵᠤ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠨ᠎ᠠ᠃ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠥᠨᠳᠥᠷ ᠪᠦᠲᠦᠮᠵᠢᠲᠡᠢ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠤᠰᠤᠨ ᠤ ᠦᠨ᠎ᠡ ᠶᠢᠨ ᠥᠭᠡᠷᠡᠴᠢᠯᠡᠯᠲᠡ᠂ ᠮᠡᠷᠭᠡᠵᠢᠯ ᠤᠨ ᠳᠡᠯᠭᠡᠷᠡᠭᠦᠯᠦᠯᠲᠡ ᠵᠡᠷᠭᠡ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ︔ ᠤᠰᠤ ᠠᠷᠪᠢᠯᠠᠬᠤ ᠱᠠᠩᠨᠠᠯ ᠤᠨ ᠪᠡᠯᠡ ᠮᠥᠩᠭᠦ ᠶᠢ ᠵᠦᠢ ᠵᠣᠬᠢᠰᠲᠠᠶ ᠲᠣᠬᠢᠷᠠᠭᠤᠯᠵᠤ᠂ ᠲᠠᠷᠢᠶᠠᠯᠠᠩ ᠤᠨ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠬᠡᠷᠡᠭᠲᠡᠶ︔ ᠨᠡᠶᠢᠭᠡᠮ ᠤᠨ ᠪᠡᠯᠡ ᠮᠥᠩᠭᠦ ᠶᠢᠨ ᠣᠷᠣᠭᠤᠯᠤᠯᠲᠠ ᠪᠠ ᠲᠠᠷᠢᠶᠠᠴᠢᠳ ᠤᠨ ᠪᠡᠯᠡ ᠣᠷᠣᠭᠤᠯᠵᠤ ᠬᠥᠳᠡᠯᠮᠦᠷᠢ ᠬᠦᠴᠦ ᠣᠷᠣᠭᠤᠯᠬᠤ ᠶᠢ ᠢᠳᠡᠪᠬᠢᠲᠡᠢ ᠬᠦᠲᠦᠯᠦᠨ ᠵᠢᠯᠣᠭᠤᠳᠴᠤ ᠂ ᠣᠷᠣᠨ ᠪᠦᠰᠡ ᠶᠢᠨ ᠲᠠᠷᠢᠶᠠᠯᠠᠩ ᠤᠨ ᠥᠨᠳᠥᠷ ᠪᠦᠲᠦᠮᠵᠢᠲᠡᠢ ᠤᠰᠤ ᠠᠷᠪᠢᠯᠠᠬᠤ ᠬᠥᠭᠵᠢᠯᠲᠡ ᠶᠢ ᠳᠠᠶᠢᠴᠢᠯᠠᠨ᠎ᠠ᠃ ︵ᠲᠦᠷᠦᠭᠦᠯᠡᠬᠦ ᠨᠢᠭᠡᠴᠡ᠄ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠶᠢᠨ ᠰᠠᠯᠠᠭ᠎ᠠ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ︶᠃      ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠲᠣᠬᠢᠷᠠᠮᠵᠢᠲᠠᠢ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠵᠦ᠂ ᠮᠡᠷᠭᠡᠵᠢᠯ ᠤᠨ ᠵᠢᠯᠤᠭᠤᠳᠤᠯᠭ᠎ᠠ ᠶᠢᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠨ᠂ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢᠨ ᠠᠷᠭ᠎ᠠ ᠪᠠᠷᠢᠯ ᠢ ᠠᠰᠢᠭᠯᠠᠨ ᠮᠡᠷᠭᠡᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠨ᠎ᠠ᠃ ᠲᠤᠰᠬᠠᠶ ᠮᠡᠷᠭᠡᠵᠢᠯᠲᠡᠨ᠂ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠲᠣᠰᠬᠤᠨ ᠳᠤ ᠣᠴᠢᠭᠤᠯᠤᠨ ᠡᠷᠦᠬᠡ ᠳᠤ ᠬᠦᠷᠦᠭᠦᠯᠵᠦ᠂ ᠲᠠᠷᠢᠶᠠᠴᠢᠳ ᠲᠤ ᠨᠢᠭᠤᠷᠲᠠᠨ᠂ ᠭᠠᠷ ᠠᠴᠠ ᠨᠢ ᠮᠡᠷᠭᠡᠵᠢᠯ ᠤᠨ ᠵᠢᠯᠣᠭᠤᠳᠤᠯᠭ᠎ᠠ ᠬᠢᠯᠭᠡᠵᠦ᠂ ᠮᠡᠷᠭᠡᠵᠢᠯ ᠤᠨ ᠠᠵᠢᠯᠲᠠᠨ ᠢ ᠡᠷᠦᠬᠡ ᠳᠤ ᠬᠦᠷᠦᠭᠦᠯᠬᠦ᠂ ᠮᠡᠷᠭᠡᠵᠢᠯ ᠤᠨ ᠠᠷᠭ᠎ᠠ ᠬᠡᠮᠵᠢᠶ᠎ᠡ ᠶᠢ ᠲᠠᠷᠢᠶᠠᠨ ᠳᠤ ᠬᠦᠷᠦᠭᠦᠯᠬᠦ᠂ ᠮᠡᠷᠭᠡᠵᠢᠯ ᠤᠨ ᠲᠠᠯ᠎ᠠ ᠪᠠᠷ ᠬᠥᠮᠦᠨ ᠢ ᠡᠵᠡᠮᠰᠢᠭᠦᠯᠬᠦ ᠶᠢ ᠪᠡᠶᠡᠯᠡᠭᠦᠯᠵᠦ᠂ ᠲᠠᠷᠢᠶᠠᠴᠢᠳ ᠤᠨ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠤᠨ ᠠᠵᠢᠯᠯᠠᠭᠠᠨ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠲᠠᠷᠢᠶᠠᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠶ᠃ ︵ᠲᠦᠷᠦᠭᠦᠯᠡᠬᠦ ᠨᠢᠭᠡᠴᠡ᠄ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠵᠤ ᠦᠢᠯᠡᠳᠪᠦᠷᠢ ᠶᠢᠨ ᠰᠠᠯᠠᠭ᠎ᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ ᠡᠯ᠎ᠡ ᠪᠠᠯᠭᠠᠰᠤ︶᠃      ︵ᠳᠥᠷᠪᠡ︶ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠨ᠎ᠠ᠃ ᠲᠠᠷᠢᠶᠠᠯᠠᠩ ᠤᠨ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠲᠥᠷᠥ ᠶᠢᠨ ᠪᠣᠳᠣᠯᠭ᠎ᠠ ᠪᠣᠯᠤᠨ ᠮᠡᠷᠭᠡᠵᠢᠯ ᠤᠨ ᠪᠣᠯᠪᠠᠰᠤᠷᠠᠭᠤᠯᠤᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ᠂ ᠤᠰᠤᠨ ᠠᠰᠢᠭᠯᠠᠯᠲᠠ ᠶᠢᠨ ᠮᠡᠷᠭᠡᠵᠢᠯ ᠤᠨ ᠠᠵᠢᠯᠲᠠᠨ᠂ ᠲᠠᠷᠢᠶᠠᠯᠠᠩ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠣᠭᠴᠠ ᠪᠣᠯᠤᠨ ᠲᠠᠷᠢᠶᠠᠴᠢᠳ ᠤᠨ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠬᠤ ᠶᠢᠨ ᠬᠠᠮᠲᠤ ᠲᠠᠷᠢᠶᠠᠯᠠᠩ ᠤᠨ ᠤᠰᠤ ᠠᠷᠪᠢᠯᠠᠬᠤ ᠤᠰᠤ ᠬᠡᠷᠡᠭᠯᠡᠬᠦ ᠮᠡᠳᠡᠯᠭᠡ ᠶᠢ ᠬᠥᠳᠡᠭᠡ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ ᠳᠤ ᠲᠦᠭᠡᠮᠡᠯᠵᠢᠭᠦᠯᠵᠦ᠂ ᠤᠰᠤ ᠠᠷᠪᠢᠯᠠᠵᠤ ᠮᠠᠷᠢᠶ᠎ᠠ ᠰᠢᠭᠤᠷᠠᠭᠤᠯᠬᠤ ᠮᠡᠳᠡᠯᠭᠡ ᠪᠣᠯᠤᠨ ᠤᠰᠤ ᠠᠷᠪᠢᠯᠠᠬᠤ ᠳᠥᠭᠦᠮ ᠮᠡᠷᠭᠡᠵᠢᠯ ᠢ ᠲᠦᠭᠡᠮᠡᠯᠵᠢᠭᠦᠯᠬᠦ ᠬᠡᠷᠡᠭᠲᠡᠶ᠃ ᠥᠨᠳᠥᠷ ᠪᠦᠲᠦᠮᠵᠢᠲᠡᠶ ᠤᠰᠤ ᠠᠷᠪᠢᠯᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠬᠠᠭᠤᠷᠠᠶ ᠪᠠᠷ ᠲᠠᠷᠢᠬᠤ ᠰᠢᠨ᠎ᠡ ᠮᠡᠷᠭᠡᠵᠢᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠳᠡᠯᠭᠡᠷᠡᠭᠦᠯᠬᠦ ᠠᠵᠢᠯᠲᠠᠨ ᠤ ᠨᠡᠶᠢᠲᠡᠯᠢᠭ ᠵᠢᠱᠢᠶ᠎ᠡ ᠪᠠ ᠬᠡᠷᠡᠭᠯᠡᠭᠡᠨ ᠤ ᠮᠡᠷᠭᠡᠵᠢᠯ ᠢ ᠶᠡᠬᠡᠪᠡᠷ ᠤᠬᠠᠭᠤᠯᠤᠨ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠶᠢ ᠴᠠᠭ ᠲᠤᠬᠠᠶ ᠳᠤᠨᠢ ᠳ᠋ᠦᠩᠨᠡᠵᠦ᠂ ᠤᠬᠠᠭᠤᠯᠤᠨ ᠲᠠᠨᠢᠯᠴᠠᠭᠤᠯᠬᠤ᠂ ᠰᠣᠯᠢᠯᠴᠠᠵᠤ ᠲᠣᠭᠤᠷᠢᠨ ᠦᠵᠡᠬᠦ ᠵᠡᠷᠭᠡ ᠠᠵᠢᠯᠯᠠᠭ᠎ᠠ ᠶᠢ ᠲᠠᠰᠤᠷᠠᠯᠲᠠ ᠥᠬᠡᠶ ᠴᠢᠩᠭᠠᠳᠬᠠᠨ᠂ ᠪᠥᠬᠦ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠶᠢ ᠬᠥᠲᠥᠯᠥᠨ ᠵᠢᠯᠣᠭᠤᠳᠴᠤ᠂ ᠪᠥᠬᠦ ᠰᠢᠶᠠᠨ ᠤ ᠳᠡᠭᠡᠳᠦ ᠳᠣᠣᠷᠠᠳᠤ ᠱᠠᠲᠤᠨ ᠤ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠤᠢ ᠪᠣᠯᠭᠠᠨ᠎ᠠ᠃ ︵ᠲᠦᠷᠦᠭᠦᠯᠡᠬᠦ ᠨᠢᠭᠡᠴᠡ᠄ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ︶᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号