ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠬᠠᠯᠠᠭᠤᠨ ᠢᠶᠠᠷ | ᠪᠡᠯᠭᠡᠯᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠶᠢᠨ ᠲᠥᠯᠥᠭᠡ ᠶᠤᠮ᠃ 9 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ | ᠰᠢᠶᠠ ᠱᠢ ᠬᠤᠤ ᠪᠠᠯᠭᠠᠰᠤᠨ ᠤ ᠡᠪᠯᠡᠯ ᠤᠨᠬᠤᠷᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠭᠠᠵᠠᠷ ᠤᠨ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ︽ᠠᠭᠤᠯᠠ ᠤᠰᠤ ᠦᠵᠡᠰᠬᠦᠯᠡᠩᠲᠦ | ᠰᠠᠶᠢᠬᠠᠨ ᠪᠠᠶᠢᠵᠤ᠂ ᠪᠠᠳᠠᠷᠠᠨ ᠬᠥᠭᠵᠢᠭᠰᠡᠨ ᠦᠶ᠎ᠡ ᠳᠤ ᠢᠷᠠᠭᠤ ᠬᠠᠭᠤᠳᠠᠰᠤ ᠶᠢ ᠪᠢᠴᠢᠭᠯᠡᠶ᠎ᠡ︾ ᠭᠡᠬᠦ ᠤᠯᠤᠰ ᠤᠨ | ᠪᠠᠶᠠᠷ ᠢ ᠪᠠᠶᠠᠷᠯᠠᠨ ᠤᠭᠲᠤᠬᠤ ᠰᠢᠷᠢᠰ ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠪᠠᠷ ᠢᠶᠠᠨ ᠡᠬᠡ ᠤᠯᠤᠰ ᠢᠶᠠᠨ ᠵᠥᠩᠨᠡᠶ᠎ᠡ | ᠠᠯᠲᠠᠨ ᠨᠠᠮᠤᠷ ᠤᠨ ᠠᠷᠪᠠᠨ ᠰᠠᠷ᠎ᠠ ᠳᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠲᠠᠷᠢᠶᠠᠨ ᠭᠠᠵᠠᠷ ᠲᠤ | ᠶᠡᠷᠦ ᠨᠢ ᠨᠢᠳᠦ ᠭᠢᠯᠠᠰᠤᠮ᠎ᠠ ᠤᠯᠠᠭᠠᠨ᠂ ᠬᠠᠳᠤᠵᠤ ᠬᠤᠷᠢᠶᠠᠬᠤ ᠮᠠᠰᠢᠨ ᠶᠠᠭᠠᠷᠠᠯᠳᠤᠵᠤ᠂ ᠲᠠᠷᠢᠶᠠᠨ ᠭᠠᠵᠠᠷ ᠢ | ᠵᠠᠪᠳᠤᠨ ᠬᠤᠷᠢᠶᠠᠬᠤ᠂ ᠳᠡᠯᠭᠡᠨ ᠦᠵᠡᠭᠦᠯᠬᠦ᠂ ᠤᠭᠤᠲᠠᠨ ᠳᠤ ᠰᠠᠪᠠᠯᠠᠬᠤ᠂ ᠵᠥᠭᠡᠭᠡᠪᠦᠷᠢᠯᠡᠬᠦ᠂ ᠪᠣᠷᠣᠯᠠᠭᠤᠯᠬᠤ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠤᠰ ᠢᠶᠠᠨ ᠬᠠᠶᠢᠷᠠᠯᠠᠬᠤ ᠪᠠᠶᠢᠳᠠᠯ᠂ ᠤᠯᠤᠰ ᠢᠶᠠᠨ ᠬᠦᠴᠦᠷᠬᠡᠭᠵᠢᠭᠦᠯᠬᠦ | ᠵᠣᠷᠢᠭ ᠢ ᠲᠠᠷᠢᠶᠠᠴᠢᠳ ᠢ ᠬᠠᠪᠰᠤᠷᠤᠨ ᠲᠠᠷᠢᠶᠠᠯᠠᠩ ᠢ ᠬᠠᠪᠰᠤᠷᠬᠤ ᠠᠵᠢᠯᠯᠠᠭ᠎ᠠ ᠳᠤᠮᠳᠠ ᠠᠭᠤᠰᠤᠯᠴᠠᠭᠤᠯᠵᠤ᠂ ᠡᠬᠡ | ᠤᠯᠤᠰ ᠤᠨ ᠡᠯᠪᠡᠭ ᠬᠤᠷᠢᠶᠠᠯᠲᠠ ᠶᠢ ᠬᠠᠮᠠᠭᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠵᠠᠯᠠᠭᠤ ᠨᠠᠰᠤᠨ ᠤ | ᠬᠦᠴᠦᠨ ᠴᠢᠳᠠᠯ ᠢᠶᠠᠨ ᠡᠷᠭᠦᠬᠦ ᠶᠢ ᠵᠥᠩᠨᠡᠪᠡ᠃ | ᠡᠬᠡ ᠤᠯᠤᠰ ᠲᠤ ᠪᠠᠨ ᠦᠨᠡᠨ ᠰᠡᠳᠬᠢᠯ ᠢᠶᠠᠨ ᠢᠯᠡᠷᠬᠡᠶᠢᠯᠡᠶ᠎ᠡ | ᠨᠢᠭᠡ ᠵᠦᠢᠯ ᠤᠨ ᠢᠲᠡᠭᠡᠯ ᠪᠢᠰᠢᠷᠡᠯ ᠨᠢ ︽ᠳᠤᠮᠳᠠᠳᠤ ᠤᠯᠤᠰ ᠤᠨ ᠤᠯᠠᠭᠠᠨ︾᠂ ᠨᠢᠭᠡ ᠵᠦᠢᠯ ᠤᠨ ᠣᠮᠣᠭᠰᠢᠯ | ᠪᠣᠯ ︽ᠲᠠᠪᠤᠨ ᠣᠳᠣᠲᠤ ᠤᠯᠠᠭᠠᠨ ᠲᠤᠭ︾᠂ ᠨᠢᠭᠡ ᠵᠦᠢᠯ ᠤᠨ ᠬᠠᠶᠢᠷ᠎ᠠ ᠰᠡᠳᠬᠢᠯᠭᠡ ᠪᠣᠯ ︽ᠳᠤᠮᠳᠠᠳᠤ ᠤᠯᠤᠰ | ᠮᠢᠨᠢ ᠪᠢ ᠴᠢᠮ᠎ᠠ ᠳᠤ ᠬᠠᠶᠢᠷᠠᠲᠠᠢ︾ ᠭᠡᠵᠦ ᠬᠡᠯᠡᠳᠡᠭ᠃ 2024 ᠤᠨ ᠪᠣᠯ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ 75 ᠵᠢᠯ ᠤᠨ ᠣᠢ ᠪᠣᠯᠤᠨ᠎ᠠ᠂ ᠡᠨᠡ ᠬᠦ ᠤᠳᠬ᠎ᠠ ᠠᠭᠤᠯᠭ᠎ᠠ ᠲᠠᠢ ᠡᠳᠦᠷ ᠤᠳ ᠲᠤ᠂ ᠡᠯ᠎ᠡ | ᠠᠵᠢᠯ ᠲᠥᠷᠥᠯ ᠠᠴᠠ ᠢᠷᠡᠭᠰᠡᠨ ᠣᠯᠠᠨ ᠲᠦᠮᠡᠨ ᠴᠢᠩ ᠰᠡᠳᠬᠢᠯ ᠤᠨ ᠵᠥᠩᠨᠡᠯ ᠪᠠ ᠰᠠᠶᠢᠨ ᠰᠠᠶᠢᠬᠠᠨ ᠵᠥᠩᠨᠡᠯ ᠢᠶᠠᠨ | ᠳᠡᠪᠰᠢᠭᠦᠯᠦᠨ᠎ᠡ᠃ | ᠡᠬᠡ ᠤᠯᠤᠰ ᠢᠶᠠᠨ ᠰᠡᠭᠦᠳᠡᠷᠯᠡᠨ ᠳᠠᠭᠤᠯᠠᠶ᠎ᠠ | ᠠᠵᠢᠯᠯᠠᠭ᠎ᠠ ᠶᠢᠨ ᠡᠴᠦᠰ ᠲᠤ᠂ ᠣᠯᠠᠨ ᠢᠶᠠᠷ ᠢᠶᠠᠨ ᠭᠡᠷᠡᠯ ᠵᠢᠷᠤᠭ ᠢᠶᠠᠷ ᠵᠣᠯ ᠵᠢᠷᠭᠠᠯᠲᠤ ᠣᠮᠤᠭ ᠪᠠᠭ᠋ᠠᠳᠤᠯᠲᠤ | ᠭᠱᠠᠨ ᠢ ᠲᠡᠮᠳᠡᠭᠯᠡᠵᠦ᠂ ᠭᠡᠷᠡᠯ ᠵᠢᠷᠤᠭ ᠨᠢᠭᠡᠪᠦᠷᠢ ᠨᠢ ᠴᠥᠮ ᠬᠠᠯᠠᠭᠤᠨ ᠳᠤᠯᠠᠭᠠᠨ ᠪᠠ ᠬᠦᠴᠦᠨ ᠴᠢᠳᠠᠯ | ᠠᠭᠤᠯᠤᠭᠳᠠᠵᠤ᠂ ᠡᠬᠡ ᠤᠯᠤᠰ ᠲᠥᠷᠥ ᠲᠦᠪᠰᠢᠨ ᠲᠦᠮᠡᠨ ᠠᠮᠤᠭᠤᠯᠠᠩ ᠪᠠᠶᠢᠬᠤ ᠰᠠᠶᠢᠨ ᠰᠠᠶᠢᠬᠠᠨ ᠬᠦᠰᠡᠯ | ᠵᠥᠩᠨᠡᠯ ᠢ ᠳᠠᠮᠵᠢᠭᠤᠯᠵᠤ᠂ ᠪᠠᠰᠠ ᠡᠬᠡ ᠤᠯᠤᠰ ᠤᠨ ᠬᠥᠭᠵᠢᠯ ᠴᠡᠴᠡᠭᠯᠡᠯ ᠢ ᠬᠠᠮᠲᠤ ᠪᠠᠷ ᠭᠡᠷᠡᠴᠢᠯᠡᠵᠦ ᠪᠠᠶᠢᠨ᠎ᠠ᠂ | ᠡᠨᠡ ᠬᠦ ᠣᠨᠴᠠᠭᠠᠢ ᠴᠠᠭ ᠮᠥᠴᠡ ᠨᠢ ᠪᠢᠳᠡᠨ ᠤ ᠰᠡᠳᠬᠢᠯ ᠵᠢᠷᠦᠬᠡᠨ ᠤ ᠥᠨᠢᠳᠡ ᠶᠢᠨ ᠳᠤᠷᠠᠰᠤᠮᠵᠢ ᠪᠣᠯᠵᠣ᠂ ᠮᠠᠨ ᠤ | ᠬᠥᠮᠦᠨ ᠨᠢᠭᠡᠪᠦᠷᠢ ᠶᠢᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤᠮᠳᠠᠳᠤ ᠶᠢᠨ | ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠦᠷᠭᠦᠯᠵᠢᠯᠡᠨ ᠴᠥᠬᠦᠷᠡᠰᠢ ᠦᠭᠡᠢ ᠲᠡᠮᠡᠴᠡᠬᠦ ᠶᠢ ᠵᠣᠷᠢᠭᠵᠢᠭᠤᠯᠵᠤ | ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠨᠢ ᠠᠭᠤᠤ ᠶᠡᠭᠡ ᠡᠬᠡ ᠤᠯᠤᠰ ᠤᠨ ᠬᠥᠭᠵᠢᠯᠲᠡ ᠶᠢᠨ ᠥᠩᠭᠡᠷᠡᠯᠲᠡ ᠶᠢᠨ | ᠲᠤᠬᠠᠢ ᠡᠷᠭᠢᠴᠡᠭᠦᠯᠦᠯ ᠪᠣᠯᠬᠤ ᠪᠠᠷ ᠪᠠᠷᠠᠬᠤ ᠦᠭᠡᠢ᠂ ᠨᠡᠩ ᠴᠤ ᠡᠬᠡ ᠤᠯᠤᠰ ᠤᠨ ᠢᠷᠡᠭᠡᠳᠦᠢ ᠶᠢᠨ ᠲᠤᠬᠠᠢ ᠬᠦᠰᠡᠯ | ᠡᠷᠡᠮᠡᠯᠵᠡᠯ ᠮᠥᠨ᠂ ᠰᠢᠶᠠ ᠱᠢ ᠬᠤᠤ ᠪᠠᠯᠭᠠᠰᠤ ᠦᠷᠭᠦᠯᠵᠢᠯᠡᠨ ᠠᠯᠢ ᠣᠯᠠᠨ ᠪᠡᠯᠭᠡᠯᠡᠬᠦ ᠠᠵᠢᠯᠯᠠᠭ᠎ᠠ ᠶᠢ ᠥᠷᠨᠢᠭᠦᠯᠵᠦ | ᠂ ᠬᠠᠷᠢᠶᠠᠲᠤ ᠣᠷᠣᠨ ᠤ ᠣᠯᠠᠨ ᠲᠦᠮᠡᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠲᠠᠰᠤᠷᠠᠯᠲᠠ | ᠥᠬᠡᠶ ᠬᠥᠭᠵᠢᠭᠡᠵᠦ᠂ ᠪᠦᠬᠦ ᠪᠠᠯᠭᠠᠰᠤᠨ ᠤ ᠣᠯᠠᠨ ᠲᠦᠮᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠂ | ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠳᠡᠭᠡᠭᠰᠢᠯᠡᠭᠦᠯᠵᠦ᠂ ᠦᠢᠯᠡ ᠠᠵᠢᠯᠯᠠᠭ᠎ᠠ ᠪᠠᠷ ᠢᠶᠠᠨ ᠲᠠᠶᠢᠯᠪᠤᠷᠢᠯᠠᠵᠤ᠂ | ᠦᠨᠡᠨ ᠰᠡᠳᠬᠢᠯ ᠠᠴᠠ ᠪᠠᠨ ᠮᠡᠳᠡᠭᠳᠡᠵᠦ᠂ ᠭᠡᠷᠡᠯ ᠰᠠᠴᠤᠷᠠᠩᠭᠤᠢ ᠡᠬᠡ ᠤᠯᠤᠰ ᠤᠨ ᠲᠥᠯᠥᠭᠡ ᠬᠠᠮᠲᠤ ᠪᠠᠷ ᠭᠡᠷᠡᠯ | ᠰᠠᠴᠤᠷᠠᠩᠭᠤᠢ ᠮᠠᠭᠲᠠᠨ ᠰᠠᠶᠢᠰᠢᠶᠠᠨ᠎ᠠ᠃ |