ᠰᠢᠩ ᠱᠦᠨ ᠰᠢ ᠪᠠᠯᠭᠠᠰᠤᠨ ᠤ ᠳᠠᠷᠤᠭ᠎ᠠ ᠯᠢᠦᠢ ᠰᠢᠶᠣᠤ ᠹᠧᠩ᠄ ︽ᠳᠥᠷᠪᠡᠨ ᠠᠯᠬᠤᠮ︾ ᠢᠶᠠᠷ ᠪᠠᠯᠭᠠᠰᠤᠨ ᠤ ᠬᠡᠪᠴᠢᠶᠡᠨ ᠤ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠣᠨ᠎ᠠ
ᠨᠡᠶᠢᠲᠡᠯᠡᠭᠰᠡᠨ ᠴᠠᠭ᠄
2024/10/13
    ᠲᠤᠰ ᠬᠤᠭᠤᠴᠠᠭᠠᠨ ᠤ ᠬᠦᠨᠳᠦᠲᠦ ᠵᠣᠴᠢᠳ᠄ ᠯᠢᠦᠢ ᠰᠢᠶᠣᠤ ᠹᠧᠩ    ᠭᠦᠶᠡᠩ ᠰᠢᠶᠠᠨ ᠤ ᠰᠢᠩ ᠱᠦᠨ ᠰᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ 1984 ᠣᠨ ᠳᠤ ᠲᠥᠷᠥᠵᠡᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠃ 2019 ᠣᠨ ᠤ 11 ᠰᠠᠷ᠎ᠠ ᠳᠤ ᠭᠦᠶᠡᠩ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ᠂ 2022 ᠣᠨ ᠤ 1 ᠰᠠᠷ᠎ᠠ ᠳᠤ ᠭᠦᠶᠡᠩ ᠰᠢᠶᠠᠨ ᠤ ᠰᠢᠶᠠ ᠱᠢ ᠬᠤᠤ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ᠂ 2024 ᠣᠨ ᠤ 1 ᠰᠠᠷ᠎ᠠ ᠳᠤ ᠰᠢᠨ᠎ᠡ ᠲᠤᠰᠢᠶᠠᠯ ᠳᠤ ᠭᠠᠷᠪᠠ᠃    ᠬᠥᠲᠥᠯᠥᠭᠴᠢ᠄    ᠮᠠᠨ ᠤ ᠰᠣᠨᠣᠰᠤᠭᠴᠢ ᠨᠢᠭᠡᠨᠲᠡ ᠨᠡᠪᠲᠡᠷᠡᠭᠦᠯᠭᠡ ᠶᠢ ᠳᠠᠭᠠᠵᠤ ᠭᠦᠶᠡᠩ ᠰᠢᠶᠠᠨ ᠤ ᠲᠠᠪᠤᠨ ᠪᠠᠯᠭᠠᠰᠤ ᠶᠢ ᠥᠩᠭᠡᠷᠡᠪᠡ᠂ ᠪᠠᠯᠭᠠᠰᠤᠨ ᠤ ᠨᠡᠷ᠎ᠡ ᠪᠦᠷ ᠢᠷᠡᠵᠦ ᠪᠠᠶᠢᠬᠤ ᠶᠢ ᠣᠯᠵᠤ ᠮᠡᠳᠡᠵᠡᠢ᠂ ᠵᠠᠷᠢᠮ ᠨᠢ ᠶᠠᠭᠤᠮ᠎ᠠ ᠬᠤᠳᠠᠯᠳᠤᠬᠤ ᠠᠴᠠ ᠪᠣᠯᠵᠤ ᠨᠡᠷ᠎ᠡ ᠲᠠᠢ᠂ ᠵᠠᠷᠢᠮ ᠨᠢ ᠡᠷᠲᠡᠨ ᠤ ᠬᠤᠲᠠ ᠠᠴᠠ ᠨᠡᠷ᠎ᠡ ᠣᠯᠵᠠᠢ᠂ ᠵᠠᠷᠢᠮ ᠨᠢ ᠵᠣᠭᠤᠰ ᠬᠠᠳᠠᠭᠠᠯᠠᠬᠤ ᠮᠥᠩᠭᠦᠨ ᠨᠣᠮᠧᠷ ᠢᠶᠠᠷ ᠨᠡᠷ᠎ᠡ ᠣᠯᠳᠠᠭ᠂ ᠰᠢᠩ ᠱᠦᠨ ᠰᠢ ᠨᠡᠷ᠎ᠡ ᠶᠢᠨ ᠢᠷᠡᠯᠲᠡ ᠨᠢ ᠶᠠᠮᠠᠷ ᠤᠴᠢᠷ ᠪᠤᠢ︖    ᠯᠢᠦᠢ ᠰᠢᠶᠣᠤ ᠹᠧᠩ᠄    ᠰᠢᠩ ᠱᠦᠨ ᠰᠢ ᠪᠠᠯᠭᠠᠰᠤ ᠤᠤᠯ ᠤᠨ ᠪᠤᠭᠤᠲᠤ ᠲᠣᠰᠬᠤᠨ ᠲᠠᠢ ᠠᠳᠠᠯᠢ ᠪᠠᠷ ᠨᠢᠭᠡᠨ ᠬᠤᠳᠠᠯᠳᠤᠭᠠᠨ ᠤ ᠶᠠᠪᠤᠳᠠᠯ ᠢᠶᠠᠷ ᠪᠠᠶᠢᠭᠤᠯᠤᠭᠳᠠᠵᠠᠢ᠂ ᠬᠤᠳᠠᠯᠳᠤᠭᠠᠴᠢᠨ ᠢᠶᠠᠷ ᠬᠥᠭᠵᠢᠭᠰᠡᠨ ᠵᠢᠵᠢᠭ ᠪᠠᠯᠭᠠᠰᠤ ᠪᠠᠶᠢᠵᠤ᠂ ᠵᠠᠭᠤᠨ ᠵᠢᠯ ᠤᠨ ᠡᠮᠦᠨ᠎ᠡ᠂ ᠨᠢᠭᠡᠨ ᠸᠠᠩ ᠣᠪᠣᠭᠲᠤ ᠲᠣᠰᠬᠤᠨ ᠤ ᠠᠷᠠᠳ ᠡᠨᠡ ᠭᠠᠵᠠᠷ ᠲᠤ ᠲᠡᠭᠡᠷᠮ᠎ᠡ ᠶᠢᠨ ᠭᠡᠷ ᠢ ᠬᠠᠪᠰᠤᠷᠭᠠᠨ ᠡᠵᠡᠩᠨᠡᠵᠦ ᠪᠠᠶᠢᠭᠰᠠᠨ ᠪᠥᠭᠡᠳ ᠪᠤᠰᠤᠳ ᠠᠮᠤ ᠲᠣᠰᠣ ᠶᠢᠨ ᠠᠷᠠᠯᠵᠢᠶ᠎ᠠ ᠶᠢ ᠬᠠᠪᠰᠤᠷᠭᠠᠨ ᠡᠵᠡᠩᠨᠡᠵᠦ ᠪᠠᠶᠢᠭᠰᠠᠨ ᠢᠶᠠᠨ ᠬᠤᠳᠠᠯᠳᠤᠭ᠎ᠠ ᠨᠢ ︽ᠰᠢᠩ ᠱᠦᠨ ᠰᠢ ᠲᠣᠰᠬᠤᠨ︾ ᠪᠣᠯᠵᠤ᠂ ᠰᠡᠭᠦᠯᠡᠷ ᠨᠢ ᠲᠣᠰᠬᠤᠨ ᠤ ︽ᠰᠢᠩ ᠱᠦᠨ ᠰᠢ ᠲᠣᠰᠬᠤᠨ︾ ᠪᠣᠯᠵᠠᠢ᠃ 1960 ᠣᠨ ᠳᠤ ᠰᠢᠩ ᠱᠦᠨ ᠰᠢ ᠪᠠᠷᠠᠭᠤᠨ ᠲᠣᠰᠬᠤᠨ ᠤ ᠰᠠᠯᠠᠭ᠎ᠠ ᠨᠢ ᠰᠢᠶᠠᠩ ᠢ ᠲᠠᠪᠤᠳᠤᠭᠠᠷ ᠲᠣᠭᠤᠷᠢᠭ ᠪᠣᠯᠭᠠᠨ ᠥᠭᠡᠷᠡᠴᠢᠯᠡᠵᠦ᠂ ᠬᠤᠵᠢᠮ ᠨᠢ ᠰᠢᠩ ᠱᠦᠨ ᠰᠢ ᠨᠢᠭᠡᠳᠦᠯ ᠢ ᠪᠠᠶᠢᠭᠤᠯᠵᠤ᠂ 1984 ᠣᠨ ᠳᠤ ᠰᠢᠩ ᠱᠦᠨ ᠰᠢ ᠪᠠᠷᠠᠭᠤᠨ ᠰᠢᠶᠠᠩ ᠢ ᠪᠠᠶᠢᠭᠤᠯᠵᠤ᠂ 2005 ᠣᠨ ᠤ 10 ᠰᠠᠷ᠎ᠠ ᠳᠤ ᠬᠤᠩ ᠨᠢ ᠵᠢᠩ ᠰᠢᠶᠠᠩ ᠤᠨ ᠪᠦᠦ ᠪᠠᠢ ᠲᠡᠮᠦᠷ ᠵᠠᠮ ᠠᠴᠠ ᠵᠡᠭᠦᠨᠰᠢᠬᠢ ᠳᠥᠷᠪᠡᠳᠦᠭᠡᠷ ᠲᠣᠰᠬᠤᠨ ᠢ ᠨᠡᠶᠢᠯᠡᠭᠦᠯᠦᠭᠡᠳ ᠰᠢᠩ ᠱᠦᠨ ᠰᠢ ᠪᠠᠯᠭᠠᠰᠤ ᠪᠣᠯᠭᠠᠵᠠᠢ᠃    ᠬᠥᠲᠥᠯᠥᠭᠴᠢ᠄     ᠡᠩ ᠤᠨ ᠦᠶ᠎ᠡ ᠳᠤ ᠪᠢᠳᠡ ᠠᠭᠤᠯᠠᠨ ᠣᠷᠣᠢ ᠳᠤ ᠶᠠᠪᠤᠬᠤ ᠳᠤ ᠨᠡᠩ ᠣᠯᠠᠨ ᠰᠣᠩᠭᠤᠯᠲᠠ ᠮᠠᠶᠢᠬᠠᠨ ᠰᠠᠭᠤᠵᠤ ᠮᠡᠳᠡᠨ᠎ᠡ᠂ ᠭᠡᠪᠡᠴᠦ ᠵᠠᠷᠢᠮ ᠦᠶ᠎ᠡ ᠳᠤ ᠨᠠᠰᠤᠲᠠᠨ ᠲᠠᠢ ᠪᠤᠶᠤ ᠬᠡᠦᠬᠡᠳ ᠢᠶᠠᠨ ᠳᠠᠭᠠᠭᠤᠯᠬᠤ ᠨᠢ ᠲᠡᠶᠢᠮᠦ ᠳᠥᠭᠦᠮ ᠪᠢᠰᠢ᠂ ᠡᠶᠢᠮᠦ ᠨᠢᠭᠡᠨ ᠪᠦᠬᠦ ᠦᠵᠡᠮᠵᠢ ᠣᠳᠣᠨ ᠣᠭᠲᠠᠷᠭᠤᠢ ᠶᠢᠨ ᠥᠷᠥᠭᠡ ᠪᠠᠶᠢᠪᠠᠯ ᠡᠬᠡ ᠪᠠᠶᠢᠭᠠᠯᠢ ᠲᠠᠢ ᠣᠶᠢᠷᠠᠲᠤᠬᠤ ᠪᠠᠷ ᠪᠠᠷᠠᠬᠤ ᠦᠭᠡᠢ ᠪᠠᠰᠠ ᠭᠡᠷ ᠤᠨ ᠲᠠᠭᠠᠲᠠᠢ ᠭᠠᠵᠠᠷ ᠪᠠᠶᠢᠵᠤ ᠪᠣᠯᠤᠨ᠎ᠠ᠂ ᠣᠳᠣᠬᠠᠨ ᠳᠤ ᠮᠠᠨ ᠤ ᠦ᠋ ᠶᠢᠨ ᠭᠤᠣᠯ ᠤᠨ ᠣᠭᠲᠠᠷᠭᠤᠢ ᠶᠢᠨ ᠬᠡᠭᠡᠷ᠎ᠡ ᠪᠠᠭᠤᠳᠠᠯᠯᠠᠬᠤ ᠭᠠᠵᠠᠷ ᠤᠨ ᠠᠰᠢᠭ ᠬᠤᠨᠵᠢᠪᠣᠷᠢ ᠨᠢ ᠬᠢᠷᠢ ᠵᠡᠷᠭᠡ᠂ ᠣᠶᠢᠷ᠎ᠠ ᠬᠠᠪᠢ ᠶᠢᠨ ᠲᠣᠰᠬᠤᠨ ᠤ ᠠᠷᠠᠳ ᠣᠷᠣᠯᠭ᠎ᠠ ᠪᠠᠨ ᠨᠡᠮᠡᠭᠳᠡᠭᠦᠯᠵᠦ ᠴᠢᠳᠠᠨ᠎ᠠ ᠤᠤ︖     ᠯᠢᠦᠢ ᠰᠢᠶᠣᠤ ᠹᠧᠩ᠄     ᠡᠨᠡ ᠵᠢᠯ᠂ ᠦ᠋ ᠶᠢᠨ ᠭᠤᠣᠯ ᠤᠨ ᠰᠢᠩ ᠺᠦᠩ ᠬᠤᠸᠠᠷᠠᠨ ᠢ 5 ᠰᠠᠷ᠎ᠠ ᠶᠢᠨ 1 ᠤ ᠡᠳᠦᠷ ᠠᠴᠠ ᠡᠬᠢᠯᠡᠨ ᠴᠡᠴᠡᠷᠯᠢᠭᠵᠢᠭᠦᠯᠵᠦ᠂ ᠡᠵᠡᠩᠨᠡᠯᠲᠡ ᠶᠢᠨ ᠣᠷᠣᠯᠭ᠎ᠠ 40 ᠭᠠᠷᠤᠢ ᠲᠦᠮᠡᠨ ᠲᠥᠭᠦᠷᠢᠭ ᠢ ᠳᠠᠪᠠᠵᠤ᠂ ᠬᠦᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ ᠲᠦᠮᠡᠨ ᠬᠥᠮᠦᠨ ᠤᠳᠠᠭ᠎ᠠ ᠶᠢ ᠳᠠᠪᠠᠵᠤ᠂ ᠣᠶᠢᠷ᠎ᠠ ᠬᠠᠪᠢ ᠶᠢᠨ 23 ᠲᠣᠰᠬᠤᠨ ᠤ ᠠᠷᠠᠳ ᠲᠤ ᠠᠵᠢᠯ ᠣᠯᠭᠤᠬᠤ ᠠᠵᠢᠯ ᠤᠨ ᠪᠠᠶᠢᠷᠢ ᠬᠠᠩᠭᠠᠵᠤ᠂ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ 4000 ᠭᠠᠷᠤᠢ ᠲᠥᠭᠦᠷᠢᠭ ᠨᠡᠮᠡᠭᠳᠡᠪᠡ᠃ ᠳᠠᠷᠠᠭᠠᠴᠢ ᠶᠢᠨ ᠠᠯᠬᠤᠮ ᠳᠤ᠂ ᠪᠢᠳᠡ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠰᠡᠳᠬᠢᠯᠭᠡ ᠶᠢ ᠨᠡᠮᠡᠭᠳᠡᠭᠦᠯᠬᠦ ᠪᠠᠷ ᠬᠦᠴᠦᠯᠡᠬᠦ ᠴᠡᠭ ᠪᠣᠯᠭᠠᠵᠤ᠂ ᠬᠡᠪ ᠵᠠᠭᠪᠤᠷ ᠤᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠨᠡᠩ ᠣᠯᠠᠨ ᠰᠢᠨ᠎ᠡ ᠲᠥᠷᠥᠯ ᠵᠦᠢᠯ᠂ ᠰᠢᠨ᠎ᠡ ᠠᠬᠤᠢ ᠪᠠᠶᠢᠳᠠᠯ᠂ ᠰᠢᠨ᠎ᠡ ᠬᠠᠯᠠᠭᠤᠨ ᠴᠡᠭ ᠢ ᠪᠣᠢ ᠪᠣᠯᠭᠠᠬᠤ ᠪᠠᠷ ᠴᠢᠷᠮᠠᠶᠢᠵᠤ᠂ ᠦ᠋ ᠶᠢᠨ ᠭᠤᠣᠯ ᠢ ᠰᠦᠯᠵᠢᠶᠡᠨ ᠤ ᠤᠯᠠᠭᠠᠨ ᠭᠠᠵᠠᠷ ᠢ ᠴᠣᠬᠢᠬᠤ ᠪᠠᠷ ᠴᠢᠷᠮᠠᠶᠢᠵᠤ᠂ ᠨᠡᠩ ᠴᠤ ᠣᠯᠠᠨ ᠤ ᠬᠤᠪᠢ ᠶᠢᠨ ᠮᠠᠰᠢᠨ ᠲᠡᠷᠭᠡ ᠪᠠᠷ ᠵᠤᠭᠠᠴᠠᠬᠤ ᠶᠢᠨ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷ᠎ᠡ ᠶᠢᠨ ᠵᠤᠭᠠᠴᠠᠯ ᠤᠨ ᠰᠢᠯᠢᠳᠡᠭ ᠭᠠᠵᠠᠷ᠂ ᠠᠮᠠᠷᠠᠯᠲᠠ ᠶᠢᠨ ᠵᠤᠭᠠᠴᠠᠯ ᠤᠨ ᠭᠠᠵᠠᠷ ᠤᠨ ᠵᠠᠶᠢᠯᠠᠰᠢ ᠦᠭᠡᠢ ᠰᠣᠩᠭᠤᠯᠲᠠ ᠶᠢᠨ ᠭᠠᠵᠠᠷ ᠪᠣᠯᠭᠠᠨ᠎ᠠ᠃     ᠬᠥᠲᠥᠯᠥᠭᠴᠢ᠄     ᠡᠨᠡ ᠰᠠᠭᠤᠷᠢᠨ ᠭᠠᠵᠠᠷ ᠲᠤ ᠪᠢᠳᠡ ᠪᠦᠷ ᠵᠠᠷᠢᠮ ᠰᠢᠨ᠎ᠡ ᠲᠥᠷᠥᠯ ᠵᠦᠢᠯ ᠪᠠᠶᠢᠨ᠎ᠠ ᠭᠡᠳᠡᠭ ᠢ ᠢᠲᠡᠭᠡᠵᠦ ᠪᠠᠶᠢᠨ᠎ᠠ     ᠯᠢᠦᠢ ᠰᠢᠶᠣᠤ ᠹᠧᠩ᠄     ᠭᠦᠶᠡᠩ ᠰᠢᠶᠠᠨ ᠤ ᠬᠤᠲᠠ ᠠᠴᠠ ᠦ᠋ ᠶᠢᠨ ᠭᠤᠣᠯ ᠤᠨ ᠦᠵᠡᠮᠵᠢ ᠶᠢᠨ ᠣᠷᠣᠨ ᠬᠦᠷᠲᠡᠯ᠎ᠡ᠂ 20 ᠭᠠᠷᠤᠢ ᠮᠢᠨᠦ᠋ᠲ ᠤᠯᠤᠰ ᠤᠨ ᠵᠠᠮ ᠤᠨ 210 ᠱᠤᠭᠤᠮ ᠤᠨ ᠵᠡᠭᠦᠨ ᠬᠡᠰᠡᠭ ᠬᠦᠷᠲᠡᠯ᠎ᠡ ᠪᠠᠷᠢᠵᠤ ᠳᠠᠭᠤᠰᠬᠠᠭᠠᠳ ᠲᠡᠷᠭᠡ ᠨᠡᠪᠲᠡᠷᠡᠭᠰᠡᠨ ᠤ ᠳᠠᠷᠠᠭ᠎ᠠ᠂ ᠪᠤᠭᠤᠲᠤ ᠠᠴᠠ ᠥᠪᠡᠷ ᠢᠶᠠᠨ ᠲᠡᠷᠭᠡ ᠵᠢᠯᠣᠭᠤᠳᠴᠤ ᠦ᠋ ᠶᠢᠨ ᠭᠤᠣᠯ ᠤᠨ ᠦᠵᠡᠮᠵᠢ ᠶᠢᠨ ᠣᠷᠣᠨ ᠬᠦᠷᠲᠡᠯ᠎ᠡ ᠨᠡᠩ ᠲᠦᠷᠭᠡᠨ ᠬᠡᠷᠡᠭᠯᠡᠵᠦ᠂ 40 ᠮᠢᠨᠦ᠋ᠲ ᠤᠨ ᠳᠣᠲᠣᠷ᠎ᠠ ᠬᠦᠷᠴᠦ ᠪᠣᠯᠤᠨ᠎ᠠ᠃     ᠬᠥᠲᠥᠯᠥᠭᠴᠢ᠄     ᠦ᠋ ᠶᠢᠨ ᠭᠤᠣᠯ ᠠᠯᠢ ᠡᠷᠲᠡ ᠪᠤᠭᠤᠲᠤ ᠶᠢᠨ ᠰᠦᠯᠵᠢᠶᠡᠨ ᠤ ᠤᠯᠠᠭᠠᠨ ᠺᠠᠷᠲ ᠴᠣᠬᠢᠬᠤ ᠭᠠᠵᠠᠷ ᠪᠣᠯᠵᠠᠢ᠂ ᠦᠷᠭᠦᠯᠵᠢ ᠡᠯ᠎ᠡ ᠲᠠᠪᠴᠠᠩ ᠳᠤ ᠬᠠᠮᠢᠶ᠎ᠠ ᠪᠦᠬᠦᠢ ᠬᠠᠷᠠᠭᠠᠨ ᠳᠠᠪᠲᠠᠮᠵᠢ ᠶᠢ ᠰᠡᠨᠳᠡᠵᠦ ᠴᠢᠳᠠᠨ᠎ᠠ᠂ ᠡᠶᠢᠮᠦ ᠰᠠᠶᠢᠬᠠᠨ ᠦᠵᠡᠮᠵᠢ ᠶᠢ ᠦᠵᠡᠪᠡᠯ᠂ ᠪᠦᠷ ᠣᠯᠠᠨ ᠢ ᠰᠠᠨᠠᠭ᠎ᠠ ᠠᠮᠠᠷᠠᠭᠤᠯᠵᠤ᠂ ᠬᠤᠲᠠ ᠶᠢᠨ ᠱᠤᠤᠭᠢᠶᠠᠨ ᠢ ᠮᠠᠷᠲᠠᠵᠤ᠂ ᠣᠶᠤᠨ ᠰᠠᠨᠠᠭᠠᠨ ᠤ ᠪᠠᠶᠠᠷ ᠪᠠᠭ᠋ᠠᠳᠤᠯ ᠢ ᠣᠯᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ᠃ ᠡᠶᠢᠮᠦᠷᠬᠦᠦ ᠵᠢᠭᠤᠯᠴᠢᠯᠠᠯ ᠤᠨ ᠡᠬᠢ ᠪᠠᠶᠠᠯᠢᠭ ᠢᠶᠠᠷ ᠳᠠᠮᠵᠢᠨ᠂ ᠰᠢᠩ ᠱᠦᠨ ᠰᠢ ᠪᠠᠯᠭᠠᠰᠤ ᠨᠢ ᠬᠥᠬᠡᠮᠳᠦᠭ ᠨᠣᠭᠤᠭᠠᠨ ᠠᠭᠤᠯᠠ ᠤᠰᠤ ᠶᠢ ᠠᠯᠲᠠ ᠮᠥᠩᠭᠦᠨ ᠠᠭᠤᠯᠠ ᠪᠣᠯᠭᠠᠭᠰᠠᠨ ᠪᠠᠶᠢᠨ᠎ᠠ᠂ ᠲᠡᠭᠡᠪᠡᠯ ᠯᠢᠦᠢ ᠪᠠᠯᠭᠠᠰᠤᠨ ᠳᠠᠷᠤᠭ᠎ᠠ ᠲᠠ ᠲᠠᠨᠢᠯᠴᠠᠭᠤᠯᠤᠭᠠᠳ ᠥᠭᠭᠦᠨ᠎ᠡ ᠦᠦ︖     ᠯᠢᠦᠢ ᠰᠢᠶᠣᠤ ᠹᠧᠩ᠄     ᠲᠠᠷᠢᠶᠠᠴᠢᠳ ᠢ ︽ᠵᠣᠯ ᠵᠢᠷᠭᠠᠯ︾ ᠲᠠᠢ ᠪᠣᠯᠭᠠᠵᠤ᠂ ᠠᠵᠤ ᠦᠢᠯᠡᠰ ᠢ ︽ᠬᠦᠰᠡᠯ ᠡᠷᠡᠮᠡᠯᠵᠡᠯ︾ ᠲᠠᠢ ᠪᠣᠯᠭᠠᠬᠤ ᠶᠢᠨ ᠲᠥᠯᠥᠭᠡ᠂ ᠣᠶᠢᠷ᠎ᠠ ᠶᠢᠨ ᠵᠢᠯ ᠠᠴᠠ᠂ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠪᠢᠳᠡ ᠭᠤᠣᠯᠳᠠᠭᠤ ᠲᠦᠷᠪᠡᠨ ︽ᠭᠦᠢᠴᠡᠳ ᠦᠢᠯᠡᠴᠢᠯᠡᠬᠦ︾ ᠶᠢᠨ ᠲᠣᠭᠤᠷᠢᠨ ᠳᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠳᠣᠲᠣᠭᠠᠳᠤ ᠬᠥᠳᠡᠯᠭᠡᠬᠦ ᠬᠦᠴᠦᠨ ᠬᠠᠩᠭᠠᠪᠠ᠃    ᠬᠥᠲᠥᠯᠥᠭᠴᠢ᠄     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠠᠭᠤᠰᠤᠭᠰᠠᠨ ᠤ ᠳᠠᠷᠠᠭ᠎ᠠ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠬᠠᠮᠢᠭᠠᠰᠢ ᠶᠠᠪᠤᠬᠤ ᠪᠤᠢ᠂ ᠲᠥᠪ ᠠᠴᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠬᠠᠷᠢᠯᠴᠠᠨ ᠨᠥᠬᠦᠴᠡᠯᠳᠦᠵᠦ᠂ ᠬᠠᠷᠢᠯᠴᠠᠨ ᠠᠬᠢᠭᠤᠯᠤᠭᠰᠠᠨ᠂ ᠡᠨᠡ ᠲᠠᠯ᠎ᠠ ᠪᠠᠷ ᠮᠠᠨ ᠤ ᠰᠢᠩ ᠱᠦᠨ ᠰᠢ ᠪᠠᠯᠭᠠᠰᠤ ᠪᠠᠰᠠ ᠶᠠᠭᠠᠬᠢᠵᠤ ᠬᠢᠭᠰᠡᠨ ᠪᠣᠢ︖     ᠯᠢᠦᠢ ᠰᠢᠶᠣᠤ ᠹᠧᠩ᠄     ᠶᠡᠷᠦᠩᠬᠡᠢ ᠱᠦᠵᠢ ᠰᠢ ᠶᠢᠨ ᠫᠢᠩ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠪᠠᠯᠭᠠᠰᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠭᠤᠷᠪᠠ ᠶᠢ ᠠᠳᠬᠤᠵᠤ ᠭᠤᠷᠪᠠ ᠶᠢ ᠠᠬᠢᠭᠤᠯᠬᠤ︾ ᠪᠠᠷ ᠭᠠᠷᠳᠠᠴᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃     ᠡᠩᠨᠡᠭᠡᠨ ᠤ ᠬᠠᠮᠢᠶᠠᠷᠤᠯᠲᠠ ᠶᠢ ᠠᠳᠬᠤᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠲᠣᠰᠬᠤᠨ ᠳᠤ ᠰᠠᠭᠤᠭ᠎ᠠ ᠠᠵᠢᠯ ᠤᠨ ᠬᠠᠮᠢᠶᠠᠷᠤᠯᠲᠠ ᠶᠢᠨ ᠠᠷᠭ᠎ᠠ ᠶᠢᠨ ᠰᠢᠨ᠎ᠡ ᠶᠢ ᠡᠭᠦᠳᠴᠦ᠂ ᠭᠠᠷᠠᠭ ᠤᠨ ᠵᠤᠷᠰᠢᠮᠠᠯ ᠬᠤᠷᠠᠯ ᠤᠨ ᠠᠵᠢᠯ ᠤᠨ ᠳᠦᠷᠢᠮ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠰᠤᠳᠤᠯᠤᠨ ᠮᠠᠭᠠᠳᠯᠠᠬᠤ ᠵᠤᠷᠰᠢᠯ ᠤᠨ ᠬᠤᠷᠠᠯ ᠬᠤᠷᠠᠯᠳᠤᠭᠤᠯᠬᠤ ᠶᠢᠨ ᠬᠠᠮᠲᠤ ᠱᠠᠲᠤ ᠦᠶ᠎ᠡ ᠶᠢᠨ ᠠᠵᠢᠯ ᠤᠨ ᠡᠭᠦᠷᠭᠡ ᠶᠢ ᠦᠨᠳᠦᠰᠦᠯᠡᠨ ᠠᠵᠢᠯ ᠤᠨ ᠨᠠᠷᠢᠨ ᠳᠠᠩᠰᠠ ᠶᠢ ᠪᠠᠭᠤᠯᠭᠠᠵᠤ᠂ ︽ᠨᠢᠭᠡ ᠰᠠᠷ᠎ᠠ ᠳᠤ ᠬᠤᠶᠠᠷ ᠪᠠᠶᠢᠴᠠᠭᠠᠬᠤ ᠂ ᠨᠢᠭᠡ ᠤᠯᠠᠷᠢᠯ ᠳᠤ ᠨᠢᠭᠡ ᠬᠢᠨᠠᠨ ᠪᠠᠶᠢᠴᠠᠭᠠᠬᠤ᠂ ᠨᠢᠭᠡ ᠵᠢᠯ ᠳᠤ ᠨᠢᠭᠡ ᠦᠨᠡᠯᠡᠬᠦ︾ ᠶᠢ ᠬᠡᠷᠡᠭᠵᠢᠭᠦᠯᠵᠦ᠂ ᠪᠠᠶᠢᠴᠠᠭᠠᠬᠤ ᠶᠢᠨ ᠳᠠᠭᠠᠤ ᠵᠢᠯᠣᠭᠤᠳᠬᠤ ᠪᠠᠷ ᠳᠠᠮᠵᠢᠨ ᠵᠢᠷᠤᠮᠵᠢᠭᠤᠯᠵᠤ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠢ ᠳᠠᠩᠰᠠ ᠡᠪᠬᠡᠮᠡᠯ ᠤᠨ ᠮᠠᠲ᠋ᠧᠷᠢᠶᠠᠯ ᠢ ︽ᠴᠡᠪᠡᠷᠯᠡᠬᠦ︾᠂ ᠲᠣᠰᠬᠤᠨ ᠤ ᠪᠠᠶᠢᠳᠠᠯ ᠠᠷᠠᠳ ᠤᠨ ᠪᠠᠶᠢᠳᠠᠯ ᠢ ︽ᠲᠣᠳᠣᠷᠬᠠᠶᠢᠯᠠᠬᠤ︾᠂ ᠠᠵᠢᠯ ᠤᠨ ᠰᠡᠳᠬᠢᠴᠡ ᠶᠢ ︽ᠲᠣᠳᠣᠷᠬᠠᠶᠢᠯᠠᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠢ᠃     ᠡᠷᠦᠬᠡ ᠳᠤ ᠣᠷᠣᠵᠤ ᠵᠢᠭᠰᠠᠭᠠᠨ ᠪᠠᠶᠢᠴᠠᠭᠠᠬᠤ ᠶᠢ ᠠᠳᠬᠤᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠡᠷᠦᠬᠡ ᠳᠤ ᠬᠦᠷᠴᠦ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ ᠪᠠᠯᠭᠠᠰᠤᠨ ᠤ ᠺᠠᠳ᠋ᠷ ᠨᠠᠷ 5 - 10 ᠡᠷᠦᠬᠡ ᠶᠢ ᠳᠠᠭᠠᠭᠠᠴᠢᠯᠠᠨ ᠬᠤᠯᠪᠣᠭᠠᠯᠠᠵᠤ᠂ ᠡᠷᠦᠬᠡ ᠳᠤ ᠣᠷᠣᠵᠤ ᠲᠠᠷᠢᠶᠠᠴᠢᠨ ᠡᠷᠦᠬᠡ ᠶᠢ ᠬᠠᠪᠰᠤᠷᠤᠨ ︽ᠬᠠᠨᠵᠤᠨ ᠳᠠᠩᠰᠠ︾ ᠶᠢ ᠰᠠᠶᠢᠲᠤᠷ ᠪᠣᠳᠣᠵᠤ᠂ ᠲᠠᠷᠢᠶᠠᠴᠢᠨ ᠡᠷᠦᠬᠡ ᠶᠢᠨ ᠦᠨᠡᠨ ᠪᠣᠳᠠᠲᠠᠢ ᠬᠦᠰᠡᠯ ᠱᠠᠭᠠᠷᠳᠠᠯᠭ᠎ᠠ ᠪᠠ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ ᠣᠨᠣᠪᠴᠢᠲᠠᠢ ᠡᠵᠡᠮᠰᠢᠵᠦ᠂ ᠠᠰᠠᠭᠤᠳᠠᠯ ᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠵᠦ᠂ ᠨᠡᠶᠢᠲᠡ 2403 ᠲᠠᠷᠢᠶᠠᠴᠢᠨ ᠡᠷᠦᠬᠡ ᠶᠢ ᠰᠤᠷᠪᠤᠯᠵᠢᠯᠠᠨ᠂ ᠰᠢᠨ᠎ᠡ ᠪᠠᠷ ᠢᠯᠭᠠᠨ ᠲᠠᠨᠢᠬᠤ ᠬᠢᠨᠠᠨ ᠬᠡᠮᠵᠢᠬᠦ ᠡᠲᠡᠭᠡᠳ 4 ᠡᠷᠦᠬᠡ 8 ᠬᠥᠮᠦᠨ ᠢ ᠨᠢᠭᠡᠨᠲᠡ ᠬᠠᠨᠳᠤᠯᠭᠠᠲᠤ ᠴᠢᠨᠠᠷᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠲᠣᠭᠲᠠᠭᠠᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠭᠰᠠᠨ ᠪᠠᠶᠢᠨ᠎ᠠ᠃     ᠬᠥᠲᠥᠯᠥᠭᠴᠢ᠄     ᠬᠠᠪᠰᠤᠷᠤᠨ ᠲᠡᠳᠬᠦᠬᠦ ᠲᠠᠯ᠎ᠠ ᠪᠠᠷ ᠲᠥᠷᠥ ᠶᠢᠨ ᠪᠣᠳᠣᠯᠭ᠎ᠠ ᠪᠠᠶᠢᠨ᠎ᠠ ᠤᠤ︖     ᠯᠢᠦᠢ ᠰᠢᠶᠣᠤ ᠹᠧᠩ᠄     ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠳᠬᠤᠵᠤ᠂ ᠬᠠᠪᠰᠤᠷᠤᠨ ᠲᠡᠳᠬᠦᠬᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠡᠷᠦᠬᠡ ᠳᠤ ᠬᠦᠷᠦᠭᠰᠡᠨ ᠠᠵᠤ ᠦᠢᠯᠡᠰ ᠢ ᠬᠥᠭᠵᠢᠭᠦᠯᠬᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠬᠤ᠂ ᠪᠠᠭ᠎ᠠ ᠬᠡᠮᠵᠢᠶᠡᠨ ᠤ ᠢᠲᠡᠭᠡᠮᠵᠢᠲᠦ ᠵᠢᠭᠡᠯᠡᠯᠭᠡ ᠵᠡᠷᠭᠡ ᠠᠵᠢᠯ ᠢ ᠦᠷᠭᠦᠯᠵᠢᠯᠡᠨ ᠲᠦᠯᠬᠢᠨ ᠠᠬᠢᠭᠤᠯᠬᠤ ᠪᠠᠷ ᠳᠠᠮᠵᠢᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠬᠢᠨᠠᠨ ᠬᠡᠮᠵᠢᠯᠲᠡ ᠶᠢᠨ ᠡᠲᠡᠭᠡᠳ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢᠶᠠᠨ ᠨᠡᠮᠡᠭᠳᠡᠭᠦᠯᠬᠦ ᠶᠢ ᠵᠢᠯᠣᠭᠤᠳᠬᠤ ᠪᠠ ᠵᠣᠷᠢᠭᠵᠢᠭᠤᠯᠵᠤ ᠪᠠᠶᠢᠭᠠᠳ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ ᠡᠨᠡ ᠵᠢᠯ ᠠᠴᠠ ᠨᠠᠰᠢ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠶᠢᠲᠡ 114 ᠬᠥᠮᠦᠨ ᠲᠣᠬᠢᠷᠠᠭᠤᠯᠵᠤ᠂ ᠡᠷᠦᠬᠡ ᠳᠤ ᠬᠦᠷᠦᠭᠰᠡᠨ ᠠᠵᠤ ᠦᠢᠯᠡᠰ ᠤᠨ ᠨᠥᠬᠦᠪᠥᠷᠢ ᠶᠢ 6.38 ᠲᠦᠮᠡᠨ ᠲᠥᠭᠦᠷᠢᠭ᠂ ᠡᠪᠡᠰᠦ ᠪᠣᠷᠳᠣᠭᠠᠨ ᠤ ᠨᠥᠬᠦᠪᠥᠷᠢ ᠶᠢ 21.89 ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ 195 ᠲᠦᠮᠡᠨ ᠲᠥᠭᠦᠷᠢᠭ ᠲᠠᠷᠬᠠᠭᠠᠵᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ 306 ᠬᠥᠮᠦᠨ ᠤᠳᠠᠭ᠎ᠠ 3.38 ᠲᠦᠮᠡᠨ ᠲᠥᠭᠦᠷᠢᠭ ᠨᠠᠶᠢᠳᠠᠪᠤᠷᠢᠵᠢᠭᠤᠯᠪᠠ᠃ ᠡᠭᠦᠨ ᠤ ᠬᠠᠮᠲᠤ᠂ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠳᠠᠪᠠᠭᠤᠯᠢᠭ ᠲᠠᠢ ᠤᠶᠠᠯᠳᠤᠭᠤᠯᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠢᠳᠡᠪᠬᠢᠲᠡᠢ ᠠᠬᠢᠭᠤᠯᠵᠤ᠂ ︽ᠬᠤᠳᠠᠯᠳᠤᠨ ᠠᠪᠬᠤ ᠪᠠᠷ ᠪᠣᠷᠣᠯᠠᠭᠤᠯᠬᠤ ᠶᠢ ᠣᠷᠣᠯᠠᠭᠤᠯᠬᠤ᠂ ᠬᠠᠮᠵᠢᠯᠴᠠᠨ ᠪᠣᠷᠣᠯᠠᠭᠤᠯᠬᠤ᠂ ᠬᠤᠣᠰᠯᠠᠨ ᠪᠣᠷᠣᠯᠠᠭᠤᠯᠬᠤ ᠶᠢ ᠬᠠᠪᠰᠤᠷᠬᠤ︾ ᠵᠡᠷᠭᠡ ᠪᠣᠷᠣᠯᠠᠭᠤᠯᠭ᠎ᠠ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠡᠨᠡ ᠵᠢᠯ ᠠᠴᠠ ᠨᠠᠰᠢ᠂ ᠦᠬᠡᠷ ᠬᠤᠨᠢᠨ ᠮᠢᠬ᠎ᠠ ᠨᠡᠶᠢᠲᠡ 1450 ᠵᠢᠩ᠂ ᠯᠠᠵᠤᠤ ᠶᠢᠨ ᠵᠢᠶᠠᠩ 290 ᠭᠠᠷᠤᠢ ᠯᠣᠩᠬᠤ᠂ ᠤᠯᠠᠭᠠᠨ ᠠᠷᠠᠰᠤᠨ ᠭᠤᠯᠢᠷ 220 ᠤᠭᠤᠲᠠ ᠪᠣᠷᠣᠯᠠᠭᠤᠯᠬᠤ ᠵᠡᠷᠭᠡ ᠶᠢ ᠪᠣᠷᠣᠯᠠᠭᠤᠯᠵᠤ᠂ ᠨᠡᠶᠢᠲᠡ 30 ᠲᠦᠮᠡ ᠭᠠᠷᠤᠢ ᠲᠥᠭᠦᠷᠢᠭ ᠪᠠᠶᠢᠵᠤ᠂ ᠲᠣᠰᠬᠤᠨ ᠤ ᠬᠠᠮᠲᠤ ᠨᠡᠶᠢᠲᠡ ᠪᠠ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠶᠢ ᠪᠦᠲᠦᠮᠵᠢᠲᠡᠢ ᠠᠬᠢᠭᠤᠯᠪᠠ᠃     ᠬᠥᠲᠥᠯᠥᠭᠴᠢ᠄     ᠮᠠᠨ ᠤ ᠰᠢᠩ ᠱᠦᠨ ᠰᠢ ᠪᠠᠯᠭᠠᠰᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠪᠠ ᠬᠠᠪᠰᠤᠷᠤᠨ ᠲᠡᠳᠬᠦᠬᠦ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠡᠯᠢᠶᠡᠳ ᠢᠯᠡᠷᠬᠡᠢ ᠦᠷ᠎ᠡ ᠪᠦᠲᠦᠮᠵᠢ ᠣᠯᠵᠤ᠂ ᠣᠯᠠᠨ ᠡᠰᠢᠴᠢᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠪᠡ ᠃ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ᠂ ᠠᠵᠤ ᠦᠢᠯᠡᠰ ᠤᠨ ᠨᠥᠬᠦᠪᠥᠷᠢ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠵᠡᠷᠭᠡ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠪᠣᠳᠠᠲᠠᠶᠢᠵᠢᠭᠤᠯᠵᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠰᠢᠨ᠎ᠡ ᠶᠢ ᠡᠭᠦᠳᠬᠦ ᠵᠠᠭᠪᠤᠷ ᠢᠶᠠᠷ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠲᠣᠰᠬᠤᠨ ᠤ ᠬᠠᠮᠲᠤ ᠨᠡᠶᠢᠲᠡ ᠬᠢᠭᠡᠳ ᠲᠠᠷᠢᠶᠠᠴᠢᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠠᠵᠢᠯ ᠤᠨ ᠰᠤᠷᠲᠠᠯ ᠢ ᠢᠯᠡᠷᠡᠭᠦᠯᠪᠡ᠃ ᠰᠢᠩ ᠱᠦᠨ ᠤ ᠪᠠᠷᠠᠭᠤᠨ ᠲᠠᠯ᠎ᠠ ᠶᠢᠨ ᠡᠨᠡᠬᠦ ᠬᠠᠯᠠᠭᠤᠨ ᠬᠥᠷᠥᠰᠥᠨ ᠳᠡᠭᠡᠷ᠎ᠡ ᠪᠠᠰᠠ ᠨᠢᠭᠡ ᠪᠦᠯᠦᠭ ᠭᠠᠷᠮᠠᠭᠠᠢ ᠨᠢᠭᠡᠳᠦᠭᠡᠷ ᠱᠦᠵᠢ ᠶᠢᠨ ᠲᠥᠯᠥᠭᠡᠯᠡᠭᠴᠢ ᠴᠣᠯᠭᠤᠷᠠᠨ ᠭᠠᠷᠪᠠ᠂ ᠵᠢᠱᠢᠶᠡᠯᠡᠪᠡᠯ ᠭᠦᠸᠧ ᠬᠤᠩ ᠴᠤᠤ᠂ ᠯᠢ ᠸᠧᠨ ᠵᠦᠩ ᠨᠡᠷ ᠭᠠᠷᠮᠠᠭᠠᠢ ᠤᠳᠤᠷᠢᠳᠬᠤ ᠬᠦᠴᠦᠨ ᠪᠣᠯᠤᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠪᠠᠷ ᠲᠤᠬᠠᠢ ᠶᠢᠨ ᠭᠠᠵᠠᠷ ᠤᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠤᠰᠢᠭᠤᠴᠢ ᠵᠢᠱᠢᠶᠡᠴᠢ ᠪᠣᠯᠤᠭᠰᠠᠨ ᠪᠠᠶᠢᠨ᠎ᠠ᠃ ᠮᠠᠨ ᠤ ᠦᠨᠳᠦᠰᠦᠨ ᠱᠠᠲᠤᠨ ᠤ ᠡᠩᠨᠡᠭᠡᠨ ᠤ ᠪᠠᠶᠢᠭᠤᠯᠤᠯᠲᠠ ᠳᠡᠭᠡᠷ᠎ᠡ ᠯᠠᠪᠲᠠᠢ ᠨᠡᠯᠢᠶᠡᠳ ᠶᠡᠭᠡ ᠬᠦᠴᠦ ᠣᠷᠣᠭᠤᠯᠤᠭᠰᠠᠨ ᠢ ᠪᠢ ᠢᠲᠡᠭᠡᠵᠦ ᠪᠠᠶᠢᠨ᠎ᠠ᠃ ᠯᠢᠦᠢ ᠪᠠᠯᠭᠠᠰᠤᠨ ᠳᠠᠷᠤᠭ᠎ᠠ ᠢᠷᠡᠵᠦ ᠲᠠᠨᠢᠯᠴᠠᠭᠤᠯᠤᠭᠠᠳ ᠥᠭᠭᠦᠨ᠎ᠡ ᠦᠦ᠃     ᠯᠢᠦᠢ ᠰᠢᠶᠣᠤ ᠹᠧᠩ᠄     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠵᠣᠬᠢᠶᠠᠨ ᠪᠠᠶᠢᠭᠤᠯᠤᠯᠲᠠ ᠪᠣᠯ ᠪᠠᠲᠤᠯᠠᠭ᠎ᠠ ᠮᠥᠨ᠃ ᠮᠠᠨ ᠤ ᠪᠠᠯᠭᠠᠰᠤ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠭᠦᠨᠵᠡᠭᠡᠢ ᠠᠬᠢᠭᠤᠯᠬᠤ ᠲᠠᠯ᠎ᠠ ᠪᠠᠷ᠂ ᠮᠠᠰᠢ ᠣᠯᠠᠨ ᠨᠡᠶᠢᠲᠡᠯᠢᠭ ᠬᠥᠮᠦᠰ ᠴᠣᠯᠭᠤᠷᠠᠨ ᠭᠠᠷᠴᠤ᠂ ᠣᠯᠠᠨ ᠢᠶᠠᠷ ᠢᠶᠠᠨ ᠰᠢᠩ ᠱᠦᠨ ᠰᠢ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠶᠡᠭᠡ ᠬᠡᠮᠵᠢᠶᠡᠨ ᠤ ᠪᠡᠷᠬᠡ ᠬᠠᠲᠠᠭᠤᠵᠢᠯᠲᠠᠢ ᠨᠠᠷᠢᠨ ᠨᠢᠮᠪᠠᠢ ᠦᠷ᠎ᠡ ᠪᠦᠲᠦᠮᠵᠢᠲᠡᠢ ᠠᠵᠢᠯ ᠬᠢᠵᠦ᠂ ᠵᠢᠱᠢᠶᠡᠯᠡᠪᠡᠯ ᠶᠤᠸᠠᠨ ᠰᠢᠩ ᠱᠦᠨ ᠰᠢ ᠲᠣᠰᠬᠤᠨ ᠤ ᠨᠢᠭᠡᠳᠦᠭᠡᠷ ᠱᠦᠵᠢ ᠯᠢ ᠸᠧᠨ ᠵᠦᠩ ᠮᠠᠨ ᠤ ᠪᠠᠯᠭᠠᠰᠤᠨ ᠳᠤ ᠢᠷᠡᠭᠰᠡᠨ ᠤ ᠳᠠᠷᠠᠭ᠎ᠠ ᠂ ᠲᠠᠷᠢᠶᠠᠴᠢᠨ ᠡᠷᠦᠬᠡ ᠶᠢᠨ ᠨᠤᠲᠤᠭ ᠤᠨ ᠣᠨᠴᠠ ᠭᠠᠷᠤᠯᠲᠠ ᠶᠢ ᠪᠣᠷᠣᠯᠠᠭᠤᠯᠬᠤ ᠵᠠᠮ ᠦᠭᠡᠢ ᠪᠠᠶᠢᠬᠤ ᠶᠢ ᠣᠶᠢᠯᠠᠭᠠᠵᠤ᠂ 20 ᠲᠦᠮᠡᠨ ᠲᠥᠭᠦᠷᠢᠭ ᠤᠨ ᠣᠷᠣᠨ ᠨᠤᠲᠤᠭ ᠤᠨ ᠪᠡᠯᠡ ᠮᠥᠩᠭᠦ ᠶᠢ ᠲᠡᠮᠡᠴᠡᠨ ᠣᠯᠵᠤ᠂ 20 ᠲᠦᠮᠡᠨ ᠲᠥᠭᠦᠷᠢᠭ ᠤᠨ ᠪᠡᠯᠡ ᠮᠥᠩᠭᠦ ᠶᠢ ᠲᠡᠮᠡᠴᠡᠨ ᠣᠯᠵᠤ᠂ 46 ᠲᠣᠰᠬᠤᠨ ᠤ ᠠᠷᠠᠳ ᠤᠨ ᠤᠰᠤ ᠢᠳᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠪᠡ︔ ᠶᠤᠸᠠᠨ ᠬᠤᠩ ᠴᠢᠩ ᠳ᠋ᠧ ᠲᠣᠰᠬᠤᠨ ᠤ ᠨᠢᠭᠡᠳᠦᠭᠡᠷ ᠱᠦᠵᠢ ᠶᠠᠩ ᠯᠢ ᠫᠢᠩ᠂ ᠼᠦᠨ ᠸᠠᠨ ᠬᠤᠤ ᠨᠡᠭᠦᠷᠡᠰᠦᠲᠥ᠋ᠷᠥᠭᠴᠢ ᠦᠭᠡᠢ ᠲᠣᠰᠬᠤᠨ ᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ 24 ᠬᠦᠷᠢᠶᠡᠨ ᠳᠤ ᠡᠷᠦᠬᠡ ᠳᠤ ᠬᠡᠷᠡᠭᠯᠡᠬᠦ ᠭᠡᠷᠡᠯ ᠸᠣᠯᠲ ᠤᠭᠰᠠᠷᠠᠵᠤ᠂ ᠣᠳᠣᠬᠢᠴᠢᠯᠠᠭᠰᠠᠨ ︽ᠬᠤᠨᠴᠢᠷ︾ ᠤᠨ ᠲᠡᠵᠢᠭᠡᠨ ᠦᠷᠡᠵᠢᠭᠦᠯᠬᠦ ᠰᠠᠭᠤᠷᠢᠨ ᠢ ᠪᠠᠶᠢᠭᠤᠯᠵᠤ᠂ ᠵᠠᠭᠤ ᠭᠠᠷᠤᠢ ᠡᠷᠦᠬᠡ ᠲᠣᠰᠬᠤᠨ ᠤ ᠠᠷᠠᠳ ᠢ ᠬᠠᠪᠰᠤᠷᠤᠨ ᠠᠰᠢᠭ ᠣᠷᠣᠯᠭ᠎ᠠ ᠶᠢ ᠨᠢ ᠨᠡᠮᠡᠭᠳᠡᠭᠦᠯᠦᠭᠰᠡᠨ ᠪᠥᠭᠡᠳ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠨᠢᠭᠡᠳᠦᠭᠡᠷ ᠱᠦᠵᠢ ᠨᠡᠷ ᠤᠨ ᠳᠠᠭᠠᠭᠤᠯᠭ᠎ᠠ ᠳᠣᠣᠷ᠎ᠠ᠂ ᠮᠠᠨ ᠤ ᠪᠠᠯᠭᠠᠰᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠬᠢᠵᠦ ᠦᠢᠯᠡᠰ ᠴᠣᠭᠴᠠᠯᠠᠬᠤ ᠴᠢᠳᠠᠪᠤᠷᠢ ᠢᠯᠡᠳᠲᠡ ᠴᠢᠩᠭᠠᠷᠠᠵᠤ᠂ ᠳᠠᠶᠢᠴᠢᠨ ᠪᠠᠬᠢᠯᠡᠯᠲᠡ ᠶᠢᠨ ᠦᠢᠯᠡᠳᠦᠯ ᠢ ᠨᠡᠩ ᠢᠯᠡᠷᠬᠡᠢ ᠪᠠᠳᠠᠷᠠᠭᠤᠯᠪᠠ᠃ ᠪᠢ ᠰᠢᠩ ᠱᠦᠨ ᠰᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠰᠢᠩ ᠱᠦᠨ ᠰᠢ ᠪᠠᠯᠭᠠᠰᠤᠨ ᠤ 2.4 ᠲᠦᠮᠡᠨ ᠠᠷᠠᠳ ᠢᠷᠭᠡᠳ ᠤᠨ ᠡᠮᠦᠨ᠎ᠡ ᠠᠴᠠ ᠨᠢᠭᠡ ᠪᠦᠯᠦᠭ ᠨᠢᠭᠡᠳᠦᠭᠡᠷ ᠱᠦᠵᠢ ᠶᠢᠨ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠨᠢᠭᠡᠳᠦᠭᠡᠷ ᠱᠦᠵᠢ ᠨᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠪᠤᠤᠬᠢᠶ᠎ᠠ︾ ᠶᠢ ᠰᠠᠶᠢᠲᠤᠷ ᠵᠠᠯᠭᠠᠵᠤ᠂ ᠰᠢᠩ ᠱᠦᠨ ᠰᠢ ᠪᠠᠯᠭᠠᠰᠤᠨ ᠤ ᠡᠨᠡᠬᠦ ᠬᠠᠯᠠᠭᠤᠨ ᠬᠥᠷᠥᠰᠥᠨ ᠤ ᠭᠡᠷᠡᠯ ᠭᠢᠯᠪᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠡᠮᠦᠨ᠎ᠡ ᠹᠷᠣᠨᠲ ᠲᠤ ᠦᠢᠯᠡᠴᠢᠯᠡᠬᠦ᠂ ᠠᠷᠠᠳ ᠲᠦᠮᠡᠨ ᠳᠤ ᠬᠤᠪᠢ ᠨᠡᠮᠡᠷᠢ ᠦᠵᠡᠭᠦᠯᠬᠦ ᠦᠢᠯᠡᠳᠦᠯᠭᠡ ᠶᠢᠨ ᠳᠤᠮᠳᠠ ᠡᠷᠡᠮᠡᠬᠡᠶᠢᠯᠡᠨ ᠤᠷᠤᠭᠰᠢᠯᠠᠬᠤ ᠶᠢ ᠬᠦᠰᠡᠵᠦ ᠪᠠᠶᠢᠨ᠎ᠠ᠃
 
ᠢᠷᠡᠯᠲᠡ᠄ ᠰᠢᠩ ᠱᠦᠨ ᠰᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号