10 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠪᠤᠭᠤᠲᠤ ᠬᠤᠲᠠ ᠶᠢᠨ ᠭᠦᠶᠡᠩ ᠰᠢᠶᠠᠨ ᠤ | ᠬᠤᠸᠠᠢ ᠱᠦᠸᠧ ᠪᠠᠯᠭᠠᠰᠤᠨ ᠤ ᠬᠤᠸᠠᠢ ᠱᠦᠸᠧ ᠲᠣᠰᠬᠤᠨ ᠤ ᠬᠥᠮᠦᠨ ᠴᠤᠭᠯᠠᠷᠠᠵᠤ᠂ ᠶᠡᠷᠦ ᠪᠤᠰᠤ ᠶᠢᠨ ᠬᠥᠷ | ᠨᠠᠷᠭᠢᠶᠠᠨ ᠲᠠᠢ ᠪᠠᠶᠢᠵᠤ᠂ ᠠᠳᠡ ᠶᠠᠭ ᠰᠠᠶᠢᠬᠠᠨ ᠪᠤᠭᠤᠲᠤ ᠬᠤᠲᠠ ᠶᠢᠨ ᠭᠦᠶᠡᠩ ᠰᠢᠶᠠᠨ ᠤ ︽ᠭᠤᠷᠪᠠ ᠶᠢ | ᠬᠥᠳᠡᠭᠡ ᠳᠤ ᠬᠦᠷᠭᠡᠬᠦ︾ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠵᠢᠴᠢ ᠬᠤᠸᠠᠢ ᠱᠦᠸᠧ ᠪᠠᠯᠭᠠᠰᠤᠨ ᠤ | ︽ᠲᠣᠰᠬᠤᠨ ᠳᠤ ᠬᠦᠷᠴᠦ ᠵᠦᠴᠦᠭᠡ ᠦᠵᠡᠬᠦ︾ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ ᠶᠢ | ᠡᠷᠬᠢᠯᠡᠵᠦ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠶᠢ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠤᠨ | ᠲᠣᠪᠴᠢᠶ᠎ᠠ᠂ ᠪᠤᠭᠤᠲᠤ ᠬᠤᠲᠠ ᠶᠢᠨ ᠤᠷᠠᠯᠢᠭ ᠵᠦᠴᠦᠭᠡ ᠶᠢᠨ ᠬᠦᠷᠢᠶᠡᠯᠡᠩ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠭᠦᠶᠡᠩ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠵᠦ᠂ ᠭᠦᠶᠡᠩ | ᠰᠢᠶᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠭᠦᠶᠡᠩ ᠰᠢᠶᠠᠨ ᠤ ᠬᠤᠸᠠᠢ ᠱᠦᠸᠧ ᠪᠠᠯᠭᠠᠰᠤᠨ ᠤ ᠨᠠᠮ ᠤᠨ ᠬᠤᠷᠢᠶ᠎ᠠ᠂ ᠭᠦᠶᠡᠩ ᠰᠢᠶᠠᠨ ᠤ ᠬᠤᠸᠠᠢ | ᠱᠦᠸᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠪᠡ᠃ ᠠᠵᠢᠯᠯᠠᠭ᠎ᠠ ᠨᠢ ᠪᠠᠶᠠᠯᠢᠭ | ᠰᠠᠶᠢᠬᠠᠨ᠂ ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠵᠢᠷᠤᠭ ᠢ ᠳᠡᠯᠭᠡᠨ ᠦᠵᠡᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠰᠬᠤᠨ ᠤ ᠠᠷᠠᠳ ᠬᠦᠮᠡᠯᠢ ᠲᠠᠢ ᠬᠠᠭᠤᠷᠤᠭᠰᠠᠨ ᠲᠠᠬᠢᠶᠠᠨ | ᠥᠨᠳᠡᠭᠡ᠂ ᠬᠤᠸᠠᠢ ᠱᠦᠸᠧ ᠶᠢᠨ ︽ᠬᠤᠨᠴᠢᠷ︾ ᠢ ᠠᠮᠲᠠᠯᠠᠵᠤ᠂ ᠠᠮᠲᠠᠲᠤ ᠪᠦᠬᠦᠯᠢ ᠲᠠᠬᠢᠶᠠᠨ ᠳᠠᠶᠢᠯᠠᠯᠭ᠎ᠠ ᠶᠢ | ᠡᠳ᠋ᠯᠡᠵᠦ ᠪᠣᠯᠤᠨ᠎ᠠ᠃ ᠪᠡᠯᠡᠳᠬᠡᠯ ᠠᠪᠳᠠᠷ᠎ᠠ ᠶᠢᠨ ᠴᠤᠭᠯᠠᠭ᠎ᠠ ᠮᠠᠶᠢᠮᠠᠢ ᠲᠠᠷᠢᠶᠠᠨ ᠭᠠᠵᠠᠷ ᠲᠤ ᠬᠦᠷᠴᠦ᠂ ᠨᠢᠳᠦ | ᠳᠦᠭᠦᠷᠡᠩ ᠲᠠᠷᠢᠶᠠᠯᠠᠩ ᠤᠨ ᠪᠦᠲᠦᠭᠡᠭᠳᠡᠬᠦᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯᠪᠡᠭ | ᠳᠡᠯᠪᠡᠭ ᠦᠷ᠎ᠡ ᠪᠦᠲᠦᠭᠡᠯ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠭᠦᠶᠡᠩ ᠰᠢᠶᠠᠨ ᠤ ᠤᠮᠠᠷᠠᠲᠤ | ᠥᠷᠭᠡᠷᠢᠭ ᠤᠨ 41 ᠭᠷᠠᠳᠦ᠋ᠰ ᠤᠨ ︽ᠳᠡᠯᠡᠬᠡᠢ ᠶᠢᠨ ᠰᠢᠵᠢᠷ ᠠᠯᠲᠠᠨ ᠥᠷᠭᠡᠷᠢᠭ᠂ ᠳᠤᠮᠳᠠᠳᠤ ᠤᠯᠤᠰ ᠤᠨ ᠭᠦᠶᠡᠩ | ᠰᠠᠶᠢᠨ ᠪᠣᠳᠠᠰ︾ ᠤᠨ ᠨᠡᠷᠡᠲᠦ ᠲᠡᠮᠳᠡᠭᠲᠦ ᠶᠢᠨ ᠷᠢᠳᠢ ᠰᠢᠳᠢ ᠶᠢ ᠲᠣᠪᠤᠶᠢᠯᠭᠠᠭᠰᠠᠨ ᠪᠠᠶᠢᠨ᠎ᠠ᠃ ᠡᠭᠦᠨ ᠤ ᠬᠠᠮᠲᠤ᠂ | ᠪᠥᠬᠦ ᠰᠢᠶᠠᠨ ᠤ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠵᠢᠱᠢᠶ᠎ᠡ | ᠦᠵᠡᠭᠦᠯᠬᠦ ᠡᠩᠨᠡᠭᠡ ᠡᠮᠴᠢᠯᠡᠭᠡᠨ ᠤ ᠡᠷᠡᠭᠦᠯ ᠮᠡᠨᠳᠦ ᠶᠢᠨ ᠯᠠᠪᠯᠠᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠦᠵᠡᠰᠬᠦᠯᠡᠩ᠂ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠦᠨᠳᠦᠰᠦᠨ ᠱᠠᠲᠤᠨ ᠳᠤ | ᠭᠦᠨᠵᠡᠭᠡᠶᠢᠷᠡᠭᠦᠯᠬᠦ᠂ ᠴᠠᠬᠢᠯᠭᠠᠨ ᠬᠤᠯᠪᠣᠭᠠᠨ ᠤ ᠮᠡᠬᠡᠯᠡᠯ ᠢ ᠴᠢᠩᠭ᠎ᠠ ᠰᠡᠷᠭᠡᠶᠢᠯᠡᠬᠦ᠂ ᠮᠡᠳᠡᠭᠡ ᠵᠠᠩᠭᠢ ᠶᠢᠨ ᠠᠮᠤᠷ | ᠲᠦᠪᠰᠢᠨ ᠢ ᠪᠠᠲᠤᠯᠠᠬᠤ᠂ ᠬᠠᠤᠯᠢ ᠶᠢ ᠬᠥᠳᠡᠭᠡ ᠪᠠᠭᠤᠯᠭᠠᠬᠤ ᠶᠢ ᠦᠨᠳᠦᠰᠦᠨ ᠱᠠᠲᠤᠨ ᠳᠤ ᠬᠦᠷᠭᠡᠬᠦ᠂ ︽ | ᠤᠴᠢᠷ ᠲᠠᠢ ᠭᠠᠷ ᠢᠶᠠᠨ ᠬᠤᠯᠪᠣᠬᠤ᠂ ᠲᠠᠷᠢᠶᠠᠯᠠᠩ ᠢ ᠲᠤᠰᠠᠯᠠᠵᠤ ᠨᠠᠮᠤᠷ ᠤᠨ ᠬᠤᠷᠢᠶᠠᠯᠲᠠ ᠶᠢ ᠳᠡᠮᠵᠢᠬᠦ︾ ᠵᠡᠷᠭᠡ | ᠣᠯᠠᠨ ᠶᠠᠩᠵᠤ ᠬᠡᠯᠪᠡᠷᠢ ᠶᠢᠨ᠂ ᠠᠭᠤᠯᠭ᠎ᠠ ᠪᠠᠷ ᠪᠠᠶᠠᠯᠢᠭ ᠭᠤᠣᠯ ᠰᠡᠳᠦᠪᠲᠦ ᠵᠢᠱᠢᠶ᠎ᠡ ᠦᠵᠡᠭᠦᠯᠬᠦ ᠲᠥᠷᠥᠯ ᠵᠦᠢᠯ ᠢ | ᠥᠷᠨᠢᠭᠦᠯᠪᠡ᠃ | ᠣᠶᠢᠷ᠎ᠠ ᠶᠢᠨ ᠵᠢᠯ ᠳᠤ᠂ ᠭᠦᠶᠡᠩ ᠰᠢᠶᠠᠨ ︽ᠭᠤᠷᠪᠠ ᠶᠢ ᠬᠥᠳᠡᠭᠡ ᠪᠠᠭᠤᠯᠭᠠᠬᠤ︾ ᠲᠥᠪᠯᠡᠷᠡᠭᠦᠯᠦᠨ ᠵᠢᠱᠢᠶ᠎ᠡ | ᠦᠵᠡᠭᠦᠯᠬᠦ ᠠᠵᠢᠯᠯᠠᠭ᠎ᠠ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠣᠢ ᠪᠣᠯᠭᠠᠬᠤ ᠲᠠᠢ ᠤᠶᠠᠯᠳᠤᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠲᠠᠰᠤᠷᠠᠯᠲᠠ | ᠥᠬᠡᠶ ᠪᠤᠶᠢᠵᠢᠭᠤᠯᠤᠨ ᠦᠢᠯᠡᠳᠦᠯᠭᠡᠵᠢᠭᠦᠯᠵᠦ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ | ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠭᠤᠷᠪᠠ ᠶᠢ ᠬᠥᠳᠡᠭᠡ ᠪᠠᠭᠤᠯᠭᠠᠬᠤ ᠶᠢᠨ ᠲᠥᠪᠯᠡᠷᠡᠭᠦᠯᠦᠨ ᠵᠢᠱᠢᠶ᠎ᠡ | ᠦᠵᠡᠭᠦᠯᠬᠦ ᠠᠵᠢᠯᠯᠠᠭ᠎ᠠ ᠶᠢ ᠨᠡᠩ ᠵᠢᠷᠤᠮᠵᠢᠭᠤᠯᠵᠤ᠂ ᠠᠭᠤᠯᠭ᠎ᠠ ᠨᠢ ᠡᠳᠦᠷ ᠢᠷᠡᠬᠦᠶ᠎ᠡ ᠪᠠᠶᠠᠯᠢᠭᠵᠢᠵᠤ᠂ ᠠᠷᠭ᠎ᠠ | ᠮᠠᠶ᠋ᠢᠭ ᠨᠢ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ | ᠪᠦᠬᠦ ᠲᠠᠯ᠎ᠠ ᠶᠢᠨ ᠬᠥᠭᠵᠢᠯᠲᠡ ᠶᠢ ᠲᠦᠯᠬᠢᠨ ᠠᠬᠢᠭᠤᠯᠬᠤ᠂ ᠦᠵᠡᠰᠬᠦᠯᠡᠩᠲᠦ ᠰᠠᠶᠢᠬᠠᠨ ᠭᠦᠶᠡᠩ ᠬᠤᠲᠠ ᠶᠢ | ᠪᠦᠲᠦᠭᠡᠨ ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠳᠠᠷᠠᠭᠠᠴᠢ ᠶᠢᠨ ᠠᠯᠬᠤᠮ ᠳᠤ᠂ ᠭᠦᠶᠡᠩ ᠰᠢᠶᠠᠨ | ︽ᠭᠤᠷᠪᠠ ᠶᠢ ᠬᠥᠳᠡᠭᠡ ᠪᠠᠭᠤᠯᠭᠠᠬᠤ︾ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠪᠠᠶᠢᠩᠭᠤ ᠶᠢᠨ | ᠪᠦᠲᠦᠮᠵᠢᠲᠡᠢ ᠠᠬᠢᠭᠤᠯᠵᠤ᠂ ᠪᠣᠳᠠᠲᠠᠢ ᠳᠤ ᠣᠶᠢᠷᠠᠳᠬᠤ᠂ ᠠᠮᠢᠳᠤᠷᠠᠯ ᠳᠤ ᠣᠶᠢᠷᠠᠳᠬᠤ᠂ ᠣᠯᠠᠨ ᠲᠦᠮᠡᠨ ᠲᠠᠢ | ᠣᠶᠢᠷᠠᠲᠤᠭᠤᠯᠬᠤ ᠶᠢ ᠪᠠᠷᠢᠮᠲᠠᠯᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠡᠷᠡᠭᠦᠯ ᠬᠠᠮᠠᠭᠠᠯᠠᠯ ᠢᠶᠠᠷ | ᠠᠷᠠᠳ ᠲᠤ ᠠᠰᠢᠭ ᠬᠦᠷᠲᠡᠭᠡᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠳ ᠢ ᠪᠠᠶᠠᠵᠢᠭᠤᠯᠬᠤ᠂ ᠬᠠᠤᠯᠢ | ᠴᠠᠭᠠᠵᠠ ᠪᠠᠷ ᠠᠷᠠᠳ ᠢ ᠲᠤᠰᠠᠯᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠠᠶᠢᠩᠭᠤ ᠬᠥᠳᠡᠭᠡ ᠪᠠᠭᠤᠵᠤ᠂ | ᠪᠠᠶᠢᠩᠭᠤ ᠰᠢᠶᠠᠩ ᠪᠣᠯᠭᠠᠳᠠᠭ᠃ ᠬᠡᠯᠪᠡᠷᠢ ᠶᠢ ᠲᠠᠰᠤᠷᠠᠯᠲᠠ ᠦᠭᠡᠢ ᠰᠢᠨᠡᠴᠢᠯᠡᠵᠦ᠂ ᠠᠭᠤᠯᠭ᠎ᠠ ᠶᠢ ᠪᠠᠶᠠᠯᠢᠭᠵᠢᠭᠤᠯᠵᠤ᠂ | ᠠᠴᠢᠶᠠᠯᠠᠪᠤᠷᠢ ᠶᠢ ᠲᠡᠭᠦᠯᠳᠡᠷᠵᠢᠭᠦᠯᠵᠦ᠂ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ︽ᠭᠤᠷᠪᠠ ᠶᠢ | ᠬᠥᠳᠡᠭᠡ ᠪᠠᠭᠤᠯᠭᠠᠬᠤ︾ ᠠᠵᠢᠯᠯᠠᠭ᠎ᠠ ᠳᠤ ᠠᠭᠤᠰᠤᠯᠴᠠᠭᠤᠯᠵᠤ᠂ ᠣᠯᠠᠨ ᠲᠦᠮᠡᠨ ᠳᠤ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠬᠠᠶᠢᠷ᠎ᠠ ᠰᠡᠳᠬᠢᠯᠭᠡ ᠶᠢ ᠦᠨᠡᠨᠬᠦ ᠮᠡᠳᠡᠷᠡᠭᠦᠯᠵᠦ᠂ ᠣᠯᠠᠨ ᠲᠦᠮᠡᠨ ᠤ ᠰᠣᠶᠣᠯ ᠤᠨ | ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ᠃ |