ᠳ᠋ᠢᠩ ᠰᠢᠤ ᠹᠧᠩ ᠪᠥᠬᠦ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/13
    9 ᠳ᠋ᠦ᠋ᠭᠡᠷ ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠳ᠋ᠢᠩ ᠰᠢᠤ ᠹᠧᠩ ᠪᠦᠬᠦ ᠬᠤᠳᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠤᠳᠤᠯᠵᠤ᠂ ᠳᠠᠷᠠᠭᠠᠴᠢ ᠶᠢᠨ ᠱᠠᠲᠤᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠳᠡᠭᠡᠷ᠎ᠡ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠪᠥᠬᠦ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠭᠰᠠᠨ ᠪᠠᠶᠢᠳᠠᠯ ᠢ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠨ ᠬᠤᠲᠠ ᠶᠢᠨ ᠤᠳᠤᠷᠢᠳᠤᠯᠭ᠎ᠠ ᠪᠣᠯᠤᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ᠂ ᠬᠤᠯᠪᠣᠭᠳᠠᠯ ᠪᠥᠬᠦᠶ ᠬᠤᠰᠢᠭᠤ ᠰᠢᠶᠠᠨ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠶᠠᠷᠢᠶ᠎ᠠ ᠲᠠᠯᠪᠢᠪᠠ᠃    ᠳ᠋ᠢᠩ ᠰᠢᠤ ᠹᠧᠩ᠂ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠨᠢᠭᠡᠴᠢ ᠶᠢᠨ ᠬᠢᠨ ᠪᠤᠭᠤᠲᠤ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠤᠮᠤ ᠬᠤᠳᠠ ᠪᠣᠯᠬᠤ ᠢᠲᠡᠭᠡᠯ ᠵᠣᠷᠢᠭ ᠪᠣᠯᠤᠨ ᠢᠳᠡ ᠬᠦᠴᠦ ᠪᠠᠨ ᠪᠠᠲᠤᠳᠬᠠᠵᠤ᠂ ᠪᠦᠬᠦ ᠬᠤᠳᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠦᠷᠭᠡᠳᠬᠡᠨ ᠠᠬᠢᠭᠤᠯᠵᠤ᠂ ᠣᠳᠣᠬᠠᠨ ᠤ ᠪᠠᠰᠠ ᠠᠯᠤᠰ ᠬᠡᠳᠦ ᠳᠤ ᠰᠠᠭᠤᠷᠢᠯᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠢ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠦᠭᠵᠢᠯᠲᠡ ᠶᠢᠨ ᠱᠠᠭᠠᠷᠳᠠᠯᠭ᠎ᠠ ᠶᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠥᠬᠦ ᠶᠠᠪᠤᠴᠠ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠥᠭᠡᠴᠡ ᠶᠢᠨ ᠭᠠᠷᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃ ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠰᠠᠶᠢᠨ ᠪᠠᠶᠢᠳᠠᠯ ᠢ ᠭᠦᠢᠴᠡᠳ ᠰᠠᠶᠢᠲᠤᠷ ᠬᠡᠷᠡᠭᠯᠡᠵᠦ᠂ ᠳᠡᠭᠡᠳᠦ ᠱᠠᠲᠤᠨ ᠤ ᠲᠥᠷᠥᠯ ᠵᠦᠢᠯ ᠪᠠ ᠪᠠᠯᠠ ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠵᠣᠯᠭᠠᠭᠤᠯᠵᠤ᠂ ᠪᠥᠬᠦ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠪᠦᠲᠦᠴᠡ ᠪᠠ ᠣᠷᠣᠨ ᠵᠠᠶ ᠶᠢᠨ ᠲᠠᠷᠬᠠᠯᠲᠠ ᠵᠡᠷᠭᠡ ᠪᠠᠶᠢᠳᠠᠯ ᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠰᠡᠭᠦᠯᠴᠢ ᠶᠢᠨ ᠬᠤᠭᠤᠴᠠᠭᠠᠨ ᠤ ᠨᠡᠭᠡᠭᠡᠨ ᠠᠰᠢᠭᠯᠠᠬᠤ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠶ᠃ ᠨᠡᠭᠡᠭᠡᠯᠲᠡᠲᠦ ᠥᠷᠢᠰᠥᠯᠳᠦᠭᠡᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠲᠦᠷᠭᠡᠨ ᠠᠵᠤ ᠠᠬᠤᠢ ᠶᠢᠨ ᠦᠷ᠎ᠡ ᠠᠰᠢᠭ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠣᠲᠣ ᠶᠢᠨ ᠪᠠᠶᠢᠭ᠎ᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾ ᠪᠠᠷ ᠲᠦᠭᠵᠢᠷᠡᠯ ᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠢ ᠪᠣᠶ ᠪᠣᠯᠭᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠲᠠ ᠶᠢᠨ ᠲᠡᠰ ᠤᠨ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤᠮᠳᠠᠬᠢ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠭᠠᠵᠠᠷ ᠣᠷᠣᠨ ᠰᠠᠯᠠᠭ᠎ᠠ ᠮᠥᠴᠢᠷ ᠨᠢᠭᠡᠴᠢ ᠨᠦᠭᠦᠳ ᠨᠢᠭᠲᠠ ᠨᠡᠪᠲᠡᠷᠡᠯᠴᠡᠨ ᠬᠠᠮᠵᠢᠯᠴᠠᠵᠤ᠂ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠮᠠᠨ ᠤ ᠬᠤᠲᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠴᠢᠨᠠᠷ ᠰᠠᠶᠢᠲᠠᠢ ᠨᠡᠭᠡᠭᠡᠨ ᠠᠰᠢᠭᠯᠠᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠮᠧᠩ ᠹᠠᠨ ᠶᠢᠩ᠂ ᠬᠤᠲᠠ ᠶᠢᠨ ᠤᠳᠤᠷᠢᠳᠤᠯᠭ᠎ᠠ ᠯᠢᠨ ᠯᠢ᠂ ᠯᠢᠶᠠᠨ ᠳ᠋ᠦᠩ᠂ ᠯᠢᠦ ᠶᠦᠩ ᠰᠢᠶᠠᠩ᠂ ᠬᠡᠰᠡᠭ ᠬᠤᠰᠢᠭᠤ ᠰᠢᠶᠠᠨ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃
 
ᠢᠷᠡᠯᠲᠡ᠄ ᠪᠤᠭᠤᠲᠤ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号