ᠳᠤᠯᠠᠭᠠᠯᠠᠭ᠎ᠠ ᠬᠠᠩᠭᠠᠬᠤ ᠦᠢᠯᠡᠰ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ᠂ ᠠᠷᠠᠳ ᠤᠨ | ᠰᠡᠳᠬᠢᠯ ᠤᠨ ᠢᠨᠵᠧᠨᠧᠷᠢᠩ ᠮᠥᠨ᠂ ᠲᠦᠭ ᠲᠦᠮᠡᠨ ᠠᠶᠢᠯ ᠡᠷᠦᠬᠡ ᠶᠢᠨ ᠠᠮᠤᠷ ᠲᠠᠶᠢᠪᠤᠩ ᠠᠵᠤ ᠲᠦᠷᠦᠭᠦ ᠲᠠᠢ | ᠬᠤᠯᠪᠣᠭᠳᠠᠵᠤ ᠪᠠᠶᠢᠳᠠᠭ᠂ ᠡᠨᠡ ᠵᠢᠯ ᠠᠴᠠ ᠨᠠᠭᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ | ᠳᠤᠯᠠᠭᠠᠯᠠᠭ᠎ᠠ ᠶᠢᠨ ᠢᠨᠵᠧᠨᠧᠷᠢᠩ︾ ᠢ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ | ᠲᠠᠩᠰᠠ ᠳᠤ ᠣᠷᠣᠭᠤᠯᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠪᠥᠬᠦ ᠬᠤᠲᠠ ᠶᠢᠨ ᠢᠯᠴᠢ ᠬᠠᠩᠭᠠᠬᠤ | ᠬᠦᠷᠢᠶᠡᠨ ᠳᠠᠬᠢ ᠲᠦᠭᠵᠢᠷᠡᠯ᠂ ᠬᠦᠴᠢᠷ ᠠᠰᠠᠭᠤᠳᠠᠯ ᠢ ᠰᠢᠢᠳᠪᠦᠷᠢᠯᠡᠪᠡ᠃ | ︽ᠳᠤᠯᠠᠭᠠᠯᠠᠭ᠎ᠠ ᠶᠢᠨ ᠢᠨᠵᠧᠨᠧᠷᠢᠩ︾ ᠢ ᠡᠬᠢᠯᠡᠭᠦᠯᠦᠭᠰᠡᠨ ᠠᠴᠠ ᠨᠠᠭᠠᠰᠢ᠂ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ︽ᠳᠤᠯᠠᠭᠠᠯᠠᠭ᠎ᠠ ᠶᠢᠨ ᠢᠨᠵᠧᠨᠧᠷᠢᠩ︾ ᠤᠨ ᠪᠥᠲᠥᠭᠡᠨ ᠪᠠᠶᠢᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠲᠠᠢ | ᠤᠶᠠᠯᠳᠤᠭᠤᠯᠤᠨ᠂ ᠰᠢᠲᠠᠮᠠᠬᠠᠶ ᠬᠡᠶ᠂ ᠢᠯᠴᠢ ᠬᠠᠩᠭᠠᠬᠤ ᠬᠤᠭᠤᠯᠠᠶ ᠶᠢᠨ ᠲᠣᠤᠷ ᠵᠡᠷᠭᠡ ᠰᠠᠭᠤᠷᠢ ᠪᠡᠯᠡᠳᠬᠡᠮᠵᠢ ᠶᠢᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ ᠲᠥᠷᠥᠯ ᠵᠦᠢᠯ ᠤᠨ ᠪᠠᠯᠠ | ᠮᠥᠩᠭᠦ ᠶᠢ ᠲᠡᠮᠡᠴᠡᠨ ᠤᠯᠬᠤ ᠲᠠᠯ᠎ᠠ ᠪᠠᠷ ᠡᠷᠲᠡ ᠠᠴᠠ ᠠᠷᠭ᠎ᠠ ᠰᠦᠪᠡᠭᠴᠢᠯᠡᠵᠦ᠂ ᠢᠳᠡᠪᠬᠢᠲᠡᠶ ᠪᠠᠷ ᠴᠢᠷᠮᠠᠶᠢᠨ | ᠣᠯᠵᠤ᠂ ᠪᠥᠬᠦ ᠬᠤᠲᠠ ᠶᠢᠨ ᠳᠤᠯᠠᠭᠠᠯᠠᠭ᠎ᠠ ᠶᠢᠨ ᠢᠨᠵᠧᠨᠧᠷᠢᠩ ᠤᠨ ᠲᠥᠷᠥᠯ ᠵᠦᠢᠯ ᠤᠨ ᠤᠷᠤᠭᠰᠢᠲᠠᠶ | ᠬᠡᠷᠡᠭᠵᠢᠭᠦᠯᠦᠭᠳᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠣᠳᠣᠬᠠᠨ ᠪᠣᠯᠲᠠᠯ᠎ᠠ᠂ ᠢᠯᠴᠢ ᠬᠠᠩᠭᠠᠬᠤ | ᠬᠤᠭᠤᠯᠠᠶ ᠶᠢᠨ ᠲᠣᠣᠷ ᠢ ᠰᠢᠨᠡᠳᠬᠡᠨ ᠥᠭᠡᠷᠡᠴᠢᠯᠡᠬᠦ ᠪᠡᠯᠡ ᠮᠥᠩᠭᠦ ᠶᠢ ᠨᠡᠶᠢᠲᠡ 4.97 ᠳ᠋ᠦᠩᠰᠢᠭᠤᠷ ᠲᠥᠭᠦᠷᠢᠭ | ᠴᠢᠷᠮᠠᠶᠢᠨ ᠣᠯᠵᠤ᠂ ᠡᠭᠦᠨ ᠳᠤ ᠬᠤᠲᠠ ᠶᠢᠨ ᠭᠠᠵᠠᠷ ᠳᠣᠣᠷᠠᠬᠢ ᠬᠤᠭᠤᠯᠠᠶ ᠶᠢᠨ ᠲᠣᠤᠷ ᠤᠨ ᠲᠥᠪ ᠤᠨ | ᠲᠥᠰᠦᠪ ᠤᠨ ᠳᠣᠲᠣᠷᠠᠬᠢ ᠪᠠᠯᠠ ᠮᠥᠩᠭᠦ 0.63 ᠳ᠋ᠦᠩᠰᠢᠭᠤᠷ ᠲᠥᠭᠦᠷᠢᠭ ᠪᠠᠭᠲᠠᠵᠤ᠂ ᠲᠤᠰ ᠲᠤᠰ ᠴᠢᠩᠱᠠᠨ | ᠲᠣᠭᠤᠷᠢᠭ ᠪᠠ ᠰᠢᠭᠤᠶᠢᠲᠤ ᠲᠣᠭᠤᠷᠢᠭ ᠤᠨ 2 ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ᠂ | ᠨᠡᠶᠢᠲᠡ ᠬᠤᠲᠠ ᠶᠢᠨ ᠬᠦᠷᠢᠶᠡᠨ ᠤ ᠢᠯᠴᠢ ᠬᠠᠩᠭᠠᠬᠤ ᠬᠤᠭᠤᠯᠠᠶ ᠶᠢᠨ 26.67 ᠺᠢᠯᠣᠮᠧᠲᠷ᠂ | ᠠᠰᠠᠷ ᠤᠨ ᠳᠣᠲᠣᠷᠠᠬᠢ ᠣᠯᠠᠨ ᠨᠡᠶᠢᠲᠡ ᠶᠢᠨ ᠬᠤᠭᠤᠯᠠᠶ ᠶᠢᠨ ᠲᠣᠤᠷ ᠤᠨ 150.19 | ᠺᠢᠯᠣᠮᠧᠲᠷ᠂ ᠢᠯᠴᠢ ᠰᠣᠯᠢᠯᠴᠠᠬᠤ ᠥᠷᠲᠡᠭᠡ ᠶᠢ 6 ᠥᠭᠡᠷᠡᠴᠢᠯᠡᠨ ᠪᠠᠶᠢᠭᠤᠯᠵᠤ᠂ ᠪᠠᠷᠤᠭ 1. | 27 ᠲᠦᠮᠡᠨ ᠡᠷᠦᠬᠡ ᠰᠠᠭᠤᠭᠠᠯᠢ ᠠᠷᠠᠳ ᠳᠤ ᠠᠰᠢᠭ ᠬᠦᠷᠲᠡᠭᠡᠪᠡ︔ ᠬᠤᠲᠠ ᠪᠠᠯᠭᠠᠰᠤᠨ ᠤ ᠬᠠᠭᠤᠴᠢᠨ ᠵᠢᠵᠢᠭ | ᠲᠣᠭᠤᠷᠢᠭ ᠲᠤ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ 2.04 ᠳ᠋ᠦᠩᠰᠢᠭᠤᠷ ᠲᠥᠭᠦᠷᠢᠭ ᠲᠤ | ᠬᠦᠷᠴᠦ᠂ 13 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠪᠦᠲᠦᠭᠡᠨ | ᠪᠠᠶᠢᠭᠤᠯᠤᠯᠤᠲᠠ ᠶᠢ ᠳᠡᠮᠵᠢᠵᠦ᠂ ᠨᠡᠶᠢᠲᠡ 91 ᠬᠠᠭᠤᠴᠢᠨ ᠰᠠᠭᠤᠭᠠᠯᠢ ᠲᠣᠭᠤᠷᠢᠭ ᠲᠤ 86.65 | ᠺᠢᠯᠣᠮᠧᠲᠷ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠨ ᠥᠭᠴᠦ᠂ ᠪᠠᠷᠤᠭ 1. | 82 ᠲᠦᠮᠡᠨ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ︔ ᠬᠤᠲᠠ ᠶᠢᠨ ᠢᠯᠴᠢ ᠬᠠᠩᠭᠠᠬᠤ | ᠬᠠᠭᠤᠴᠢᠷᠠᠭᠰᠠᠨ ᠬᠤᠭᠤᠯᠠᠶ ᠭᠤᠣᠷᠰᠤ ᠵᠢᠴᠢ ᠪᠡᠯᠡᠳᠬᠡᠮᠵᠢ ᠶᠢ ᠰᠢᠨᠡᠳᠬᠡᠨ ᠥᠭᠡᠷᠡᠴᠢᠯᠡᠭᠰᠡᠨ ᠨᠢ ᠣᠷᠳᠣ | ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠪᠠᠯᠠ ᠮᠥᠩᠭᠦ 2.3 ᠳ᠋ᠦᠩᠰᠢᠭᠤᠷ ᠲᠥᠭᠦᠷᠢᠭ ᠪᠣᠯᠵᠣ᠂ | ᠬᠥᠨᠳᠡᠯᠡᠨ ᠲᠣᠭᠤᠷᠢᠭ᠂ ᠴᠢᠩᠱᠠᠨ ᠲᠣᠭᠤᠷᠢᠭ᠂ ᠳ᠋ᠦᠩ ᠾᠧ ᠵᠡᠷᠭᠡ 8 ᠬᠤᠰᠢᠭᠤ ᠰᠢᠶᠠᠨ ᠲᠣᠭᠤᠷᠢᠭ ᠤᠨ 9 | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠢᠯᠴᠢ ᠬᠠᠩᠭᠠᠬᠤ ᠬᠤᠭᠤᠯᠠᠶ ᠶᠢᠨ ᠲᠣᠤᠷ ᠢ | ᠨᠡᠶᠢᠲᠡ 345 ᠺᠢᠯᠣᠮᠧᠲᠷ᠂ ᠢᠯᠴᠢ ᠰᠣᠯᠢᠯᠴᠠᠬᠤ ᠥᠷᠲᠡᠭᠡ 1 ᠰᠠᠭᠤᠷᠢ᠂ ᠢᠯᠴᠢ ᠬᠠᠩᠭᠠᠬᠤ | ᠬᠤᠳᠳᠤᠭ 75 ᠰᠠᠭᠤᠷᠢ ᠪᠠᠶᠢᠵᠤ᠂ ᠪᠠᠷᠤᠭ 4.5 ᠲᠦᠮᠡᠨ ᠡᠷᠦᠬᠡ ᠰᠠᠭᠤᠭᠠᠯᠢ ᠠᠷᠠᠳ ᠳᠤ ᠠᠰᠢᠭ ᠬᠦᠷᠲᠡᠭᠡᠪᠡ᠃ | | ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ ᠲᠠᠢ ᠨᠢᠭᠲᠠ ᠬᠠᠮᠲᠤᠷᠠᠯᠴᠠᠵᠤ᠂ | ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ︽ᠬᠤᠲᠠ ᠶᠢᠨ ᠭᠠᠵᠠᠷ ᠳᠣᠤᠷᠠᠬᠢ ᠬᠤᠭᠤᠯᠠᠶ ᠶᠢᠨ ᠲᠣᠤᠷ ᠪᠠ | ᠭᠠᠵᠠᠷ ᠳᠣᠤᠷᠠᠬᠢ ᠶᠡᠷᠦᠩᠬᠡᠶᠢᠯᠡᠭᠰᠡᠨ ᠬᠤᠭᠤᠯᠠᠶ ᠶᠢᠨ ᠬᠤᠩᠭᠢᠯ ᠢ ᠪᠥᠲᠥᠭᠡᠨ ᠪᠠᠶᠢᠭᠤᠯᠵᠤ ᠥᠭᠡᠷᠡᠴᠢᠯᠡᠬᠦ | ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠬᠤ ᠠᠵᠢᠯ ᠢ ᠬᠠᠮᠲᠤ ᠪᠠᠷ ᠰᠠᠶᠢᠲᠤᠷ ᠬᠢᠵᠦ᠂ ᠨᠥᠬᠦᠴᠡᠯ ᠳᠤ | ᠨᠡᠶᠢᠴᠡᠬᠦ ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ᠂ ᠬᠡᠶ ᠬᠠᠩᠭᠠᠬᠤ ᠵᠡᠷᠭᠡ ᠬᠤᠲᠠ ᠶᠢᠨ ᠭᠠᠵᠠᠷ | ᠳᠣᠤᠷᠠᠬᠢ ᠬᠤᠭᠤᠯᠠᠶ ᠶᠢᠨ ᠲᠣᠤᠷ ᠢ ᠥᠭᠡᠷᠡᠴᠢᠯᠡᠬᠦ ᠲᠥᠷᠥᠯ ᠵᠦᠢᠯ ᠤᠨ ᠲᠤᠰᠢᠶᠠᠪᠠᠰᠤ ᠵᠣᠬᠢᠬᠤ ᠶᠢ ᠨᠢ ᠴᠥᠮ | ᠬᠡᠷᠡᠭᠵᠢᠭᠦᠯᠬᠦ ᠲᠥᠰᠦᠯ ᠳᠤ ᠣᠷᠣᠭᠤᠯᠬᠤ ᠪᠠᠷ ᠴᠢᠷᠮᠠᠶᠢᠨ᠎ᠠ᠃ ᠡᠭᠦᠨ ᠤ ᠬᠠᠮᠲᠤ᠂ ᠬᠤᠲᠠ ᠶᠢᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢᠨ ᠬᠠᠨᠳᠤᠰᠢ ᠶᠢ ᠦᠷᠭᠦᠯᠵᠢᠯᠡᠨ ᠴᠢᠩᠭ᠎ᠠ ᠠᠩᠬᠠᠷᠴᠤ᠂ ᠳᠡᠭᠡᠳᠦ ᠱᠠᠲᠤᠨ ᠤ ᠰᠠᠯᠠᠭ᠎ᠠ | ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠪᠠᠯᠠ ᠮᠥᠩᠭᠦ ᠤᠯᠬᠤ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠬᠤᠲᠠ ᠶᠢᠨ ᠪᠥᠲᠥᠭᠡᠨ ᠪᠠᠶᠢᠭᠤᠯᠤᠯᠲᠠ ᠬᠢᠭᠡᠳ ᠣᠯᠠᠨ ᠨᠡᠶᠢᠲᠡ ᠶᠢᠨ | ᠦᠢᠯᠡᠴᠢᠯᠡᠭᠡᠨ ᠤ ᠪᠡᠯᠡᠳᠭᠡᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠶᠢ ᠠᠬᠢᠭᠤᠯᠵᠤ᠂ ᠮᠠᠨ ᠤ ᠬᠤᠲᠠ ᠶᠢᠨ | ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠪᠠᠲᠤ ᠪᠠᠬᠢ ᠪᠠᠲᠤᠯᠠᠭ᠎ᠠ ᠬᠠᠩᠭᠠᠨ᠎ᠠ᠃ | |