ᠪᠤᠭᠤᠲᠤ ᠬᠤᠲᠠ ᠶᠢᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠤᠷᠠᠨ ᠳᠠᠷᠬᠠᠨ ᠤ ᠪᠣᠯᠪᠠᠰᠤᠷᠠᠯ ᠤᠨ ᠰᠠᠭᠤᠷᠢᠨ ᠭᠠᠵᠠᠷ ᠵᠢᠩᠬᠢᠨᠢ ᠪᠠᠷ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2024/10/13
    ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠤᠷᠠᠨ ᠲᠠᠷᠬᠠᠨ ᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠤᠷᠠᠨ ᠲᠠᠷᠬᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠤᠨ ᠳᠡᠭᠡᠭᠰᠢᠯᠡᠯᠲᠡ ᠶᠢ ᠳᠠᠶᠢᠴᠢᠯᠠᠬᠤ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 25 ᠤ ᠡᠳᠦᠷ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠲᠥᠪ ᠠᠴᠠ ︽ᠪᠤᠭᠤᠲᠤ ᠬᠤᠲᠠ ᠶᠢᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠤᠷᠠᠨ ᠳᠠᠷᠬᠠᠨ ᠤ ᠪᠣᠯᠪᠠᠰᠤᠷᠠᠯ ᠤᠨ ᠰᠠᠭᠤᠷᠢᠨ ᠭᠠᠵᠠᠷ︾ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠶᠠᠨ ᠰᠢᠶᠦ᠋ᠩ ᠵᠢᠴᠢ ᠲᠣᠪᠴᠢᠶ᠎ᠠ ᠶᠢᠨ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ᠂ ᠪᠠᠷᠢᠮᠵᠢᠶ᠎ᠠ ᠶᠢᠨ ᠨᠣᠷᠮ᠎ᠠ ᠪᠠ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃    ︽ᠪᠤᠭᠤᠲᠤ ᠬᠤᠲᠠ ᠶᠢᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠤᠷᠠᠨ ᠳᠠᠷᠬᠠᠨ ᠤ ᠪᠣᠯᠪᠠᠰᠤᠷᠠᠯ ᠤᠨ ᠰᠠᠭᠤᠷᠢᠨ ᠭᠠᠵᠠᠷ ︾ ᠪᠠᠶᠢᠭᠤᠯᠤᠭᠳᠠᠭᠰᠠᠨ ᠨᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠶᠡᠷᠦᠩᠬᠡᠶ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠬᠦᠴᠦᠲᠡᠶ ᠠᠷᠭ᠎ᠠ ᠬᠡᠮᠵᠢᠶ᠎ᠡ ᠮᠥᠨ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠤᠷᠠᠨ ᠲᠠᠷᠬᠠᠨ ᠢ ᠪᠤᠶᠢᠵᠢᠭᠤᠯᠬᠤ ᠢᠨᠵᠧᠨᠧᠷᠢᠩ ᠢ ᠰᠦᠪᠡᠭᠴᠢᠯᠡᠨ ᠥᠷᠨᠢᠭᠦᠯᠬᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠤᠷᠠᠨ ᠲᠠᠷᠬᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ ᠬᠦᠴᠦᠲᠡᠶ ᠭᠠᠷᠳᠠᠴᠠ ᠮᠥᠨ᠃ ᠲᠤᠰᠬᠠᠶ ᠮᠡᠷᠭᠡᠵᠢᠯ ᠤᠨ ᠤᠷᠠᠨ ᠲᠠᠷᠬᠠᠨ ᠤ ᠳᠤᠲᠠᠭᠳᠠᠯ ᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ᠲᠠᠷᠠᠭᠠᠴᠢ ᠶᠢᠨ ᠠᠯᠬᠤᠮ ᠳᠤ᠂ ᠲᠥᠪ ᠠᠴᠠ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠣᠯᠪᠠᠰᠤᠷᠠᠯ ᠤᠨ ᠬᠡᠯᠪᠡᠷᠢ ᠶᠢ ᠪᠠᠶᠠᠯᠢᠭᠵᠢᠭᠤᠯᠵᠤ᠂ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠤᠷᠠᠨ ᠳᠠᠷᠬᠠᠨ ᠳᠤ ᠴᠢᠨᠠᠷ ᠰᠠᠶᠢᠲᠠᠶ ᠪᠣᠯᠪᠠᠰᠤᠷᠠᠯ ᠤᠨ ᠦᠢᠯᠡᠴᠢᠯᠡᠭᠡ ᠬᠠᠩᠭᠠᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠨᠡᠭᠡᠭᠡᠨ᠎ᠡ᠃   
 
ᠢᠷᠡᠯᠲᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号