ᠪᠦᠬᠦ ᠬᠤᠳᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠤᠨᠤᠯ ᠤᠨ ᠡᠲᠡᠭᠡᠳ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠨᠤᠯ ᠤᠨ ᠬᠤᠪᠢᠶᠠᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/13
    9 ᠳ᠋ᠦ᠋ᠭᠡᠷ ᠰᠠᠷ᠎ᠠ ᠶᠢᠨ 27 ᠤ ᠡᠳᠦᠷ᠂ ᠪᠦᠬᠦ ᠬᠤᠳᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠤᠨᠤᠯ ᠤᠨ ᠡᠲᠡᠭᠡᠳ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠨᠤᠯ ᠤᠨ ᠬᠤᠪᠢᠶᠠᠯᠴᠠᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠯᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠪᠢᠶᠠᠯᠴᠠᠬᠤ ᠬᠤᠷᠠᠯ ᠳᠡᠭᠡᠷ᠎ᠡ᠂ ᠨᠡᠶᠢᠭᠡᠮ ᠤᠨ ᠰᠢᠨᠵᠢᠯᠡᠬᠦ ᠤᠬᠠᠭᠠᠨ ᠤ ᠤᠨᠤᠯ ᠤᠨ ᠡᠲᠡᠭᠡᠳ ᠤᠨ 8 ᠲᠤᠰᠬᠠᠶ ᠮᠡᠷᠭᠡᠵᠢᠯᠲᠡᠨ ᠤ ᠲᠥᠯᠥᠭᠡᠯᠡᠭᠴᠢ ᠲᠣᠰ ᠲᠣᠰ ᠤᠨ ᠠᠵᠢᠯ ᠤᠨ ᠪᠠᠶᠢᠷᠢ ᠪᠠ ᠲᠤᠰᠬᠠᠶ ᠮᠡᠷᠭᠡᠵᠢᠯ ᠤᠨ ᠬᠦᠷᠢᠶ᠎ᠡ ᠲᠠᠢ ᠪᠠᠨ ᠤᠶᠠᠯᠳᠤᠭᠤᠯᠤᠨ ᠶᠠᠷᠢᠶ᠎ᠠ ᠲᠠᠯᠪᠢᠪᠠ᠃    ᠬᠤᠷᠠᠯ ᠠᠴᠠ᠂ ᠪᠦᠬᠦ ᠬᠤᠳᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠤᠨᠤᠯ ᠤᠨ ᠡᠲᠡᠭᠡᠳ ᠤᠨ ᠬᠢᠨ ᠨᠡᠩ ᠴᠢᠩᠭ᠎ᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠭᠢᠯᠭᠡ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠨᠡᠩ ᠯᠠᠪᠳᠠᠭᠤᠨ ᠪᠠᠲᠤᠲᠠᠢ ᠰᠤᠷᠤᠯᠴᠠᠨ ᠣᠶᠢᠯᠠᠭᠠᠬᠤ᠂ ᠨᠡᠩ ᠭᠦᠨᠵᠡᠭᠡᠢ ᠣᠨᠣᠪᠴᠢᠲᠠᠢ ᠰᠤᠳᠤᠯᠤᠨ ᠲᠠᠶᠢᠯᠪᠤᠷᠢᠯᠠᠬᠤ ᠪᠠ ᠨᠡᠩ ᠥᠨᠳᠥᠷ ᠪᠦᠲᠦᠮᠵᠢᠲᠡᠢ ᠪᠣᠳᠠᠲᠠᠢ ᠶᠢ ᠡᠷᠬᠢᠮᠯᠡᠭᠰᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠪᠤᠭᠤᠲᠤ ᠶᠢᠨ ᠬᠠᠷᠢᠭᠤᠯᠲᠠ ᠶᠢᠨ ᠬᠠᠭᠤᠳᠠᠰᠤ︾ ᠶᠢ ᠰᠠᠶᠢᠲᠤᠷ ᠪᠢᠴᠢᠭᠯᠡᠬᠦ ᠳᠤ ᠨᠡᠩ ᠤᠯᠠᠨ ᠤᠶᠤᠨ ᠤ ᠳᠡᠮᠵᠢᠯᠭᠡ ᠬᠠᠩᠭᠠᠬᠤ ᠬᠡᠷᠡᠭᠲᠡᠢ᠃ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠰᠤᠳᠤᠯᠤᠨ ᠲᠠᠶᠢᠯᠪᠤᠷᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠤᠬᠠᠭᠤᠯᠤᠨ ᠲᠦᠭᠡᠮᠡᠯᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠨᠠᠩ ᠣᠯᠠᠨ ᠤᠤᠭᠠᠯ ᠡᠭᠦᠳᠦᠯᠲᠡ ᠶᠢᠨ ᠴᠢᠨᠠᠷᠲᠠᠶ᠂ ᠰᠢᠪᠲᠤᠯᠤᠯᠲᠠ ᠶᠢᠨ ᠴᠢᠨᠠᠷᠲᠠᠶ᠂ ᠪᠡᠯᠭᠡ ᠲᠡᠮᠳᠡᠭ ᠤᠨ ᠴᠢᠨᠠᠷᠲᠠᠶ ᠰᠤᠳᠤᠯᠭᠠᠨ ᠤ ᠦᠷ᠎ᠡ ᠪᠦᠲᠦᠭᠡᠯ ᠢᠶᠠᠷ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠤᠭᠤᠲᠤ ᠶᠢᠨ ᠠᠵᠢᠯ ᠤᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠳᠤᠮᠳᠠ ︽ᠨᠡᠶᠢᠭᠡᠮ ᠤᠨ ᠰᠢᠨᠵᠢᠯᠡᠬᠦ ᠤᠬᠠᠭᠠᠨ ᠤ ᠣᠶᠤᠨᠲᠤ︾ ᠬᠤᠪᠢ ᠨᠡᠮᠡᠷᠢ ᠶᠢ ᠦᠵᠡᠭᠦᠯᠬᠦ ᠬᠡᠷᠡᠭᠲᠡᠶ᠃ ︽ᠦᠵᠡᠯ ᠰᠠᠨᠠᠭᠠᠨ ᠤ ᠬᠥᠮᠥᠷᠭᠡ︾᠂ ︽ᠤᠬᠠᠭᠠᠨᠳᠠᠨ ᠤ ᠪᠦᠯᠬᠦᠮ︾ ᠢ ᠪᠠᠶᠢᠭᠤᠯᠤᠨ ᠬᠦᠴᠦᠷᠬᠡᠭᠵᠢᠭᠦᠯᠵᠦ᠂ ᠰᠢᠢᠳᠪᠦᠷᠢᠲᠦ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠭᠤᠣᠯ ᠬᠦᠴᠦᠨ ᠢ ᠪᠤᠢ ᠪᠣᠯᠭᠠᠵᠤ᠂ ᠴᠢᠳᠠᠪᠤᠷᠢᠲᠠᠨ ᠤ ᠰᠢᠨ᠎ᠡ ᠶᠢ ᠡᠭᠦᠳᠬᠦ ᠢᠳᠡᠪᠬᠢᠵᠢᠯ ᠢ ᠬᠠᠮᠤᠭ ᠤᠨ ᠶᠡᠭᠡ ᠬᠡᠮᠵᠢᠶ᠎ᠡ ᠪᠠᠷ ᠲᠠᠶᠢᠴᠢᠯᠠᠵᠤ᠂ ᠴᠢᠳᠠᠪᠤᠷᠢᠲᠠᠨ ᠢ ᠰᠣᠩᠭᠤᠬᠤ᠂ ᠴᠢᠳᠠᠪᠤᠷᠢᠲᠠᠨ ᠢ ᠲᠠᠲᠠᠬᠤ᠂ ᠴᠢᠳᠠᠪᠤᠷᠢᠲᠠᠨ ᠢ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠪᠠᠴᠢᠮ ᠬᠡᠷᠡᠭᠴᠡᠭᠡ ᠲᠠᠢ᠂ ᠢᠯᠡ ᠲᠣᠳᠣ ᠣᠨᠴᠠᠯᠢᠭ ᠲᠠᠢ᠂ ᠲᠦᠷᠢᠮ ᠤᠨ ᠰᠢᠨ᠎ᠡ ᠡᠭᠦᠳᠦᠯᠲᠡ᠂ ᠬᠥᠭᠵᠢᠯᠲᠡ ᠶᠢ ᠬᠦᠳᠦᠯᠦᠨ ᠳᠠᠭᠠᠭᠤᠯᠬᠤ ᠰᠢᠨ᠎ᠡ ᠬᠡᠯᠪᠡᠷᠢ ᠶᠢᠨ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠪᠤᠭᠤᠲᠤ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号