9 ᠳ᠋ᠦ᠋ᠭᠡᠷ ᠰᠠᠷ᠎ᠠ ᠶᠢᠨ 26 ᠤ ᠡᠳᠦᠷ᠂ ᠮᠠᠨ ᠤ ᠬᠤᠲᠠ ᠬᠤᠷᠢᠨ ᠵᠢᠷᠭᠤᠳᠤᠭᠠᠷ ᠤᠳᠠᠭᠠᠨ ᠤ ᠤᠯᠤᠰ ᠲᠥᠷᠥ | ᠬᠤᠳᠠᠯᠳᠤᠭᠠᠨ ᠤ ᠴᠢᠩ ᠦᠨᠡᠨᠴᠢ ᠪᠠᠷ ᠶᠠᠷᠢᠯᠴᠠᠬᠤ ᠥᠷᠯᠦᠭᠡ ᠶᠢᠨ ᠬᠤᠭᠤᠯᠠᠨ ᠤ ᠬᠤᠷᠠᠯ ᠬᠤᠷᠠᠯᠳᠤᠭᠤᠯᠵᠤ᠂ 15 | ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠤᠷᠢᠵᠤ ᠬᠠᠮᠲᠤ ᠪᠠᠷ ᠥᠷᠯᠥᠭᠡ ᠶᠢᠨ ᠬᠤᠭᠤᠯᠠᠯᠭ᠎ᠠ ᠳᠤ | ᠣᠷᠣᠯᠴᠠᠭᠤᠯᠵᠤ᠂ ᠣᠯᠠᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ | ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠪᠡ᠃ | ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠢᠩ ᠰᠢᠤ ᠹᠧᠩ ᠳᠥᠭᠦᠮ ᠦᠨᠡᠨᠴᠢ ᠰᠢᠳᠤᠷᠭᠤ ᠪᠠᠷ ᠬᠤᠷᠠᠯ | ᠡᠬᠢᠯᠡᠭᠦᠯᠦᠭᠰᠡᠨ ᠤ ᠳᠠᠷᠠᠭ᠎ᠠ᠂ ᠮᠠᠨ ᠤ ᠬᠤᠲᠠ ᠶᠢᠨ ᠡᠨᠧᠷᠭᠢ ᠬᠠᠳᠠᠭᠠᠯᠠᠬᠤ᠂ ᠬᠤᠪᠣᠷ ᠰᠢᠷᠣᠶ ᠶᠢᠨ ᠰᠢᠨ᠎ᠡ | ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ ᠠᠴᠠ ᠢᠷᠡᠭᠰᠡᠨ ᠠᠵᠤ ᠠᠬᠤᠶᠢᠯᠠᠯᠲᠠᠨ ᠪᠠ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠳᠡᠬᠦ ᠶᠢᠨ ᠳᠠᠭᠠᠤ ᠶᠠᠷᠢᠯᠴᠠᠵᠤ᠂ ᠠᠵᠤ ᠠᠬᠤᠶᠢᠯᠠᠯ ᠤᠨ ᠠᠵᠢᠯᠯᠠᠭᠠᠨ᠂ | ᠠᠵᠢᠯ ᠲᠥᠷᠥᠯ ᠤᠨ ᠬᠥᠭᠵᠢᠯᠲᠡ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠭᠠᠵᠠᠷ ᠬᠡᠷᠡᠭᠯᠡᠬᠦ ᠠᠵᠢᠯᠴᠢᠨ | ᠬᠡᠷᠡᠭᠯᠡᠬᠦ᠂ ᠮᠥᠩᠭᠦᠨ ᠭᠦᠢᠯᠭᠡᠭᠡᠨ ᠤ ᠳᠡᠮᠵᠢᠯᠭᠡ ᠵᠡᠷᠭᠡ ᠲᠠᠯ᠎ᠠ ᠪᠠᠷ ᠲᠤᠯᠭᠠᠷᠠᠭᠰᠠᠨ ᠠᠰᠠᠭᠤᠳᠠᠯ ᠪᠠ ᠬᠠᠮᠢᠶ᠎ᠠ ᠪᠥᠬᠦᠶ | ᠰᠠᠨᠠᠯ ᠰᠠᠨᠠᠭᠤᠯᠭ᠎ᠠ ᠳᠤᠷᠠᠳᠪᠠ᠃ | ᠳ᠋ᠢᠩ ᠰᠢᠤ ᠹᠧᠩ ᠤᠯᠠᠨ ᠤ ᠳᠤᠷᠠᠳᠤᠭᠰᠠᠨ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠴᠦ᠂ | ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠬᠡᠮᠵᠢᠶ᠎ᠡ᠂ ᠬᠠᠷᠢᠭᠤᠴᠠᠯᠭᠠᠲᠤ ᠤᠳᠤᠷᠢᠳᠤᠯᠭ᠎ᠠ ᠪᠣᠯᠤᠨ | ᠰᠢᠢᠳᠪᠦᠷᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠪᠠ᠃ ᠳ᠋ᠢᠩ ᠰᠢᠤ ᠹᠧᠩ᠂ ᠣᠯᠠᠨ ᠤ ᠳᠤᠷᠠᠳᠤᠭᠰᠠᠨ | ᠠᠰᠠᠭᠤᠳᠠᠯ ᠪᠠ ᠰᠠᠨᠠᠭᠤᠯᠭ᠎ᠠ ᠶᠢ ᠪᠢᠳᠡ ᠬᠠᠭᠤᠳᠠᠰᠤ ᠶᠣᠰᠣᠭᠠᠷ ᠪᠦᠬᠦᠨ ᠢ ᠬᠤᠷᠢᠶᠠᠨ ᠠᠪᠴᠤ᠂ ᠬᠤᠲᠠ ᠶᠢᠨ | ᠳᠣᠲᠣᠷ᠎ᠠ ᠰᠢᠢᠳᠪᠦᠷᠢᠯᠡᠵᠦ ᠳᠡᠶᠢᠯᠬᠦ ᠶᠢ ᠨᠢ ᠬᠤᠲᠠ ᠶᠢᠨ ᠲᠠᠰ ᠤᠨ ᠡᠷᠬᠡ ᠮᠡᠳᠡᠯ ᠤᠨ ᠬᠡᠪᠴᠢᠶ᠎ᠡ ᠶᠢ ᠭᠦᠢᠴᠡᠳ | ᠬᠡᠷᠡᠭᠯᠡᠵᠦ᠂ ᠳᠡᠭᠡᠷ᠎ᠡ ᠱᠠᠲᠤᠨ ᠠᠴᠠ ᠲᠡᠮᠡᠴᠡᠬᠦ ᠴᠢᠬᠤᠯᠠᠲᠠᠢ ᠶᠢ ᠨᠢ ᠪᠦᠬᠦ ᠬᠦᠴᠦᠨ ᠢᠶᠠᠷ ᠢᠶᠠᠨ ᠬᠠᠪᠰᠤᠷᠤᠨ | ᠭᠦᠢᠴᠡᠳᠭᠡᠵᠦ᠂ ᠨᠢᠭᠡᠳ ᠨᠢᠭᠡ ᠪᠠᠷ ᠰᠢᠢᠳᠪᠦᠷᠢᠯᠡᠬᠦ ᠶᠢ ᠠᠬᠢᠭᠤᠯᠤᠨ᠎ᠠ᠃ ᠡᠯ᠎ᠡ ᠱᠠᠲᠤᠨ ᠤ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠳᠡᠭᠡᠨ ᠴᠢᠳᠠᠮᠠᠭᠠᠢ ᠪᠠᠶᠢᠵᠤ᠂ | ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠡᠯ᠎ᠡ ᠲᠦᠷᠦᠯ ᠤᠨ ᠡᠯᠧᠮᠧᠨ᠋ᠲ ᠤᠨ ᠪᠠᠲᠤᠯᠠᠭ᠎ᠠ ᠶᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠪᠤᠭᠤᠲᠤ ᠳᠤ ᠰᠠᠭᠤᠷᠢᠯᠠᠵᠤ᠂ ᠪᠦᠬᠦ ᠣᠷᠣᠨ ᠪᠣᠯᠤᠨ ᠪᠦᠬᠦ ᠤᠯᠤᠰ ᠲᠤ | ᠬᠠᠨᠳᠤᠵᠤ᠂ ᠠᠵᠤ ᠠᠬᠤᠶᠢᠯᠠᠯ ᠲᠠᠢ ᠬᠠᠮᠲᠤ ᠪᠠᠷ ᠴᠢᠷᠮᠠᠶᠢᠵᠤ᠂ ᠢᠳᠡᠪᠬᠢᠲᠡᠢ ᠪᠠᠷ ᠵᠠᠬ᠎ᠠ ᠳᠡᠯᠭᠡᠭᠦᠷ ᠢ ᠡᠷᠢᠵᠦ᠂ | ᠵᠠᠬᠢᠶᠠᠯᠠᠭ᠎ᠠ ᠶᠢᠨ ᠬᠠᠭᠤᠳᠠᠰᠤ ᠶᠢ ᠡᠷᠢᠵᠦ᠂ ᠠᠵᠤ ᠠᠬᠤᠶᠢᠯᠠᠯ ᠤᠨ ᠨᠡᠩ ᠰᠠᠶᠢᠨ ᠬᠥᠭᠵᠢᠯᠲᠡ ᠳᠤ ᠬᠦᠴᠦᠨ | ᠨᠡᠮᠡᠷᠢᠯᠡᠬᠦ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠠᠵᠤ ᠠᠬᠤᠶᠢᠯᠠᠯ ᠤᠨ | ᠲᠤᠰᠬᠠᠭᠰᠠᠨ ᠥᠪᠡᠷᠮᠢᠴᠡ ᠴᠢᠨᠠᠷᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠠᠷ ᠪᠠᠷᠠᠬᠤ ᠦᠭᠡᠢ ᠨᠡᠩ ᠴᠤ | ᠨᠡᠶᠢᠲᠡᠯᠢᠭ ᠴᠢᠨᠠᠷᠲᠠᠢ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠨᠢᠭᠡ | ᠠᠰᠠᠭᠤᠳᠠᠯ ᠢ ᠰᠢᠢᠳᠪᠦᠷᠢᠯᠡᠵᠦ ᠪᠠᠶᠢᠭᠰᠠᠨ ᠠᠴᠠ ᠨᠢᠭᠡ ᠲᠦᠷᠦᠯ ᠤᠨ ᠠᠰᠠᠭᠤᠳᠠᠯ ᠢ ᠰᠢᠢᠳᠪᠦᠷᠢᠯᠡᠬᠦ ᠲᠡᠶᠢᠰᠢ | ᠬᠤᠪᠢᠷᠠᠭᠤᠯᠵᠤ᠂ ᠠᠰᠠᠭᠤᠳᠠᠯ ᠢ ᠰᠢᠢᠳᠪᠦᠷᠢᠯᠡᠬᠦ᠂ ᠲᠦᠭᠵᠢᠷᠡᠯ ᠢ ᠨᠡᠪᠲᠡᠷᠡᠭᠦᠯᠬᠦ ᠳᠤᠮᠳᠠ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠪᠠᠳᠠᠷᠠᠭᠤᠯᠬᠤ ᠬᠡᠷᠡᠭᠲᠡᠢ᠃ ᠡᠯ᠎ᠡ ᠠᠵᠤ ᠠᠬᠤᠶᠢᠯᠠᠯ ᠤᠨ ᠬᠢᠨ ᠤᠯᠤᠰ ᠲᠥᠷᠥ | ᠬᠤᠳᠠᠯᠳᠤᠭᠠᠨ ᠤ ᠴᠢᠩ ᠦᠨᠡᠨᠴᠢ ᠪᠠᠷ ᠶᠠᠷᠢᠯᠴᠠᠬᠤ ᠥᠷᠯᠥᠭᠡ ᠶᠢᠨ ᠬᠤᠭᠤᠯᠠᠨ ᠤ ᠬᠤᠷᠠᠯ ᠤᠨ ᠸᠢᠴᠠᠲ ᠤᠨ | ᠬᠤᠯᠪᠤᠭ᠎ᠠ ᠵᠡᠷᠭᠡ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ ᠶᠢᠨ ᠲᠠᠪᠴᠠᠩ ᠢ ᠰᠠᠶᠢᠲᠤᠷ ᠬᠡᠷᠡᠭᠯᠡᠵᠦ᠂ | ᠠᠰᠠᠭᠤᠳᠠᠯ ᠢ ᠳᠤᠷᠠᠳᠬᠤ᠂ ᠶᠠᠰᠤ ᠴᠢᠨᠠᠷ ᠢ ᠳᠡᠭᠡᠭᠰᠢᠯᠡᠭᠦᠯᠬᠦ ᠠᠰᠠᠭᠤᠳᠠᠯ ᠳᠤ ᠴᠢᠳᠠᠮᠠᠭᠠᠶ ᠪᠠᠶᠢᠬᠤ ᠪᠠᠷ ᠪᠠᠷᠠᠬᠤ | ᠥᠬᠡᠶ᠂ ᠨᠠᠩ ᠴᠤ ᠲᠣᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠵᠠᠬ᠎ᠠ ᠳᠡᠯᠭᠡᠭᠦᠷ ᠤᠨ ᠬᠡᠷᠡᠭᠴᠡᠭᠡ ᠳᠤ | ᠨᠡᠶᠢᠴᠡᠬᠦ ᠨᠠᠩ ᠣᠯᠠᠨ ᠦᠢᠯᠡᠳᠬᠦᠨ ᠢ ᠭᠠᠷᠭᠠᠵᠤ᠂ ᠰᠢᠨ᠎ᠡ ᠶᠢ ᠡᠭᠦᠳᠦᠨ ᠬᠥᠭᠵᠢᠭᠦᠯᠬᠦ ᠵᠠᠮ ᠢ ᠣᠨᠣᠪᠴᠢᠲᠠᠶ ᠡᠷᠢᠬᠦ | ᠬᠡᠷᠡᠭᠲᠡᠶ᠃ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠲᠦᠷᠭᠡᠨ ᠦᠢᠯᠡᠳᠪᠦᠷᠢᠯᠡᠯ ᠳᠤ ᠬᠦᠷᠭᠡᠵᠦ᠂ ᠡᠷᠲᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠪᠠᠩᠬᠢ ᠪᠠ ᠠᠵᠤ ᠠᠬᠤᠶᠢᠯᠠᠯ ᠤᠨ ᠨᠡᠪᠲᠡᠷᠡᠯᠴᠡᠨ ᠵᠣᠯᠭᠠᠭᠤᠯᠬᠤ | ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠠᠵᠤ ᠠᠬᠤᠶᠢᠯᠠᠯ ᠣᠨᠴᠠᠭᠠᠶᠢᠯᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ ᠠᠩᠬ᠎ᠠ ᠡᠭᠦᠳᠦᠨ ᠪᠠᠶᠢᠭᠤᠯᠬᠤ | ᠬᠤᠭᠤᠴᠠᠭᠠᠨ ᠳᠠᠬᠢ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠯᠤᠭ᠎ᠠ | ᠬᠠᠮᠲᠤᠪᠠᠷ ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ ᠭᠡᠪᠡ᠃ | ᠬᠤᠳᠠ ᠶᠢᠨ ᠤᠳᠤᠷᠢᠳᠤᠯᠭ᠎ᠠ ᠯᠢᠨ ᠯᠢ᠂ ᠯᠢᠶᠠᠨ ᠳ᠋ᠦᠩ᠂ ᠦ᠋ ᠵᠢᠶᠦ᠋ᠨ ᠵᠢᠶᠦ᠋ᠨ ᠣᠷᠣᠯᠴᠠᠪᠠ᠃ |