ᠨᠢᠭᠡ ᠳᠤ᠂ ᠠᠭᠤᠯᠠᠨ ᠤ ᠠᠵᠢᠯ ᠢ ᠰᠠᠶᠢᠲᠤᠷ ᠬᠢᠵᠦ᠂ ᠠᠮᠢ ᠠᠬᠤᠢ ᠶᠢᠨ ᠶᠠᠰᠤ ᠴᠢᠨᠠᠷ ᠲᠣᠭᠲᠠᠭᠤᠨ ᠢᠶᠠᠷ | ᠰᠠᠶᠢᠵᠢᠷᠠᠪᠠ᠃ ᠦᠢᠯᠡᠳᠪᠦᠷᠢᠯᠡᠯ ᠤᠨ ᠠᠭᠤᠷᠬᠠᠢ ᠶᠢᠨ ᠲᠠᠯᠠᠪᠠᠢ ᠶᠢ ᠪᠠᠷᠤᠭ 5.64 ᠲᠡᠭᠰᠢ ᠳᠦᠷᠪᠡᠯᠵᠢᠨ ᠺᠢᠯᠤᠮᠧᠳ᠋ᠷ | ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ 5.51 ᠲᠡᠭᠰᠢ ᠳᠦᠷᠪᠡᠯᠵᠢᠨ ᠺᠢᠯᠤᠮᠧᠳ᠋ᠷ ᠵᠠᠰᠠᠵᠤ᠂ | ᠬᠠᠮᠠᠭᠠᠯᠠᠯᠲᠠ ᠶᠢᠨ ᠣᠷᠣᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠮᠡᠳᠡᠭᠳᠡᠮ᠎ᠡ ᠨᠡᠮᠡᠭᠳᠡᠪᠡ᠃ | ᠬᠤᠶᠠᠷ ᠲᠤ᠂ ᠤᠰᠤᠨ ᠤ ᠠᠵᠢᠯ ᠢ ᠰᠠᠶᠢᠲᠤᠷ ᠬᠢᠵᠦ᠂ ᠤᠰᠤᠨ ᠤ ᠣᠷᠴᠢᠨ ᠲᠣᠭᠤᠷᠢᠨ ᠦᠷᠭᠦᠯᠵᠢᠯᠡᠨ | ᠰᠠᠶᠢᠵᠢᠷᠠᠪᠠ᠃ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠶᠢ ᠴᠢᠩᠭᠠᠳᠬᠠᠵᠤ᠂ ᠬᠥᠷᠥᠰᠥ ᠰᠢᠷᠣᠶ ᠶᠢᠨ | ᠢᠳᠡᠭᠳᠡᠯ ᠢ ᠵᠠᠰᠠᠭᠰᠠᠨ ᠲᠠᠯᠠᠪᠠᠢ ᠨᠢ ᠪᠠᠷᠤᠭ 60 ᠲᠡᠭᠰᠢ ᠳᠥᠷᠪᠡᠯᠵᠢᠨ ᠺᠢᠯᠤᠮᠧᠳ᠋ᠷ᠃ ᠤᠰᠤ ᠠᠷᠪᠢᠯᠠᠬᠤ | ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ 7 | ᠲᠦᠮᠡᠨ ᠮᠦ ᠬᠡᠷᠡᠭᠵᠢᠭᠦᠯᠵᠦ᠂ ᠤᠰᠤ ᠠᠷᠪᠢᠯᠠᠬᠤ ᠥᠭᠡᠷᠡᠴᠢᠯᠡᠯᠲᠡ ᠶᠢᠨ 26 ᠲᠥᠷᠥᠯ ᠵᠦᠢᠯ ᠢ ᠨᠢᠭᠡᠨᠲᠡ | ᠳᠠᠭᠤᠰᠬᠠᠵᠤ᠂ ᠡᠯ᠎ᠡ ᠠᠵᠢᠯ ᠲᠥᠷᠥᠯ ᠤᠨ ᠬᠢᠨ 1212 ᠲᠦᠮᠡᠨ ᠪᠣᠰᠤᠭ᠎ᠠ ᠳᠥᠷᠪᠡᠯᠵᠢᠨ ᠮᠧᠳ᠋ᠷ ᠤᠰᠤ ᠠᠷᠪᠢᠯᠠᠪᠠ | ᠃ | ᠭᠤᠷᠪᠠ ᠳᠤ᠂ ᠣᠶ ᠰᠢᠭᠤᠶ ᠶᠢᠨ ᠠᠵᠢᠯ ᠢ ᠰᠠᠶᠢᠲᠤᠷ ᠬᠢᠵᠦ᠂ ᠣᠶ ᠰᠢᠭᠤᠶ ᠶᠢᠨ ᠡᠬᠢ ᠪᠠᠶᠠᠯᠢᠭ ᠤᠨ ᠬᠡᠪᠴᠢᠶ᠎ᠡ | ᠦᠷᠭᠡᠳᠪᠡ᠃ ᠲᠥᠪ ᠤᠨ ᠡᠳ᠋ ᠤᠨ ᠵᠠᠰᠠᠭ ᠤᠨ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ | ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠣᠶ ᠶᠢᠨ ᠪᠥᠲᠥᠭᠡᠨ | ᠪᠠᠶᠢᠭᠤᠯᠤᠯᠲᠠ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠨᠢᠭᠡᠨᠲᠡ 48.55 ᠲᠦᠮᠡᠨ ᠮᠥ ᠣᠶᠢᠵᠢᠭᠤᠯᠬᠤ ᠪᠠ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥᠯ ᠵᠦᠢᠯ ᠤᠨ ᠡᠭᠦᠷᠭᠡ ᠶᠢ ᠪᠡᠶᠡᠯᠡᠭᠦᠯᠵᠦ᠂ ᠣᠶ ᠰᠢᠭᠤᠶ ᠶᠢᠨ | ᠪᠦᠷᠬᠦᠴᠡ ᠶᠢᠨ ᠨᠣᠷᠮ᠎ᠠ 2021 ᠣᠨ ᠤ 18.4% ᠪᠠᠶᠢᠭᠰᠠᠨ ᠠᠴᠠ ᠪᠠᠨ 2023 ᠣᠨ ᠤ 18.8% | ᠪᠣᠯᠲᠠᠯ᠎ᠠ ᠳᠡᠭᠡᠭᠰᠢᠯᠡᠪᠡ᠃ | ᠲᠦᠷᠪᠡ ᠳᠤ᠂ ᠲᠠᠷᠢᠶᠠᠨ ᠭᠠᠵᠠᠷ ᠤᠨ ᠠᠵᠢᠯ ᠢ ᠰᠠᠶᠢᠲᠤᠷ ᠬᠢᠵᠦ᠂ ᠲᠠᠷᠢᠶᠠᠨ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠪᠥᠬᠦ ᠬᠤᠲᠠ ᠶᠢᠨ ᠠᠮᠤ ᠪᠤᠳᠠᠭ᠎ᠠ ᠳᠠᠷᠢᠬᠤ ᠲᠠᠯᠠᠪᠠᠶ | 306 ᠲᠦᠮᠡᠨ ᠮᠥ ᠳᠤ ᠬᠦᠷᠴᠦ᠂ ᠠᠮᠤ ᠪᠤᠳᠠᠭᠠᠨ ᠤ ᠤᠨᠠᠯᠲᠠ 2021 ᠣᠨ ᠤ 23.07 ᠳ᠋ᠦᠩᠰᠢᠭᠤᠷ | ᠵᠢᠩ ᠠᠴᠠ ᠪᠠᠨ 2023 ᠣᠨ ᠤ 24.9 ᠳ᠋ᠦᠩᠰᠢᠭᠤᠷ ᠵᠢᠩ ᠪᠣᠯᠲᠠᠯ᠎ᠠ ᠳᠡᠭᠡᠭᠰᠢᠯᠡᠪᠡ᠃ | ᠲᠠᠪᠤ ᠳᠤ᠂ ᠨᠠᠭᠤᠷ ᠭᠤᠤᠯ ᠤᠨ ᠠᠵᠢᠯ ᠢ ᠰᠠᠶᠢᠲᠤᠷ ᠬᠢᠵᠦ᠂ ᠨᠠᠭᠤᠷ ᠭᠤᠤᠯ ᠤᠨ ᠵᠠᠰᠠᠯᠲᠠ ᠢᠯᠡᠳᠲᠡ ᠦᠷ᠎ᠡ | ᠪᠦᠲᠦᠮᠵᠢ ᠤᠯᠪᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭᠠᠳᠬᠠᠵᠤ᠂ ︽ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠤ ᠳᠠᠷᠤᠭ᠎ᠠ︾ ᠶᠢᠨ | ᠭᠤᠷᠪᠠᠨ ᠳᠠᠷᠤᠭ᠎ᠠ ᠬᠤᠯᠪᠣᠭᠠᠯᠠᠨ ᠬᠠᠮᠵᠢᠯᠴᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠲᠣᠭᠲᠠᠭᠠᠪᠠ᠃ ᠬᠠᠲᠤᠨ ᠭᠤᠤᠯ ᠤᠨ ᠵᠠᠮ ᠳᠣᠲᠤᠷᠠᠬᠢ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠵᠠᠰᠠᠬᠤ | ᠠᠵᠢᠯ ᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠳᠤ ᠬᠠᠲᠤᠨ ᠭᠤᠤᠯ ᠳᠠᠭᠠᠤ ᠶᠢᠨ 4 ᠬᠤᠰᠢᠭᠤ | ᠰᠢᠶᠠᠨ ᠲᠣᠭᠤᠷᠢᠭ ᠤᠨ 31 ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠵᠢᠯ ᠢ ᠤᠷᠢᠳᠠᠪᠠᠷ | ᠪᠡᠶᠡᠯᠡᠭᠦᠯᠪᠡ᠃ | ᠵᠢᠷᠭᠤᠭ᠎ᠠ ᠳᠤ᠂ ᠨᠤᠲᠤᠭ ᠪᠡᠯᠴᠢᠭᠡᠷ ᠤᠨ ᠠᠵᠢᠯ ᠢ ᠰᠠᠶᠢᠲᠤᠷ ᠬᠢᠵᠦ᠂ ᠠᠮᠢ ᠠᠬᠤᠢ ᠶᠢᠨ ᠴᠢᠳᠠᠮᠵᠢ | ᠲᠠᠰᠤᠷᠠᠯᠲᠠ ᠦᠭᠡᠢ ᠳᠡᠭᠡᠭᠰᠢᠯᠡᠪᠡ᠃ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠶᠢ | ᠬᠡᠷᠡᠭᠵᠢᠭᠦᠯᠵᠦ 26. 48 ᠲᠦᠮᠡᠨ ᠮᠥ ᠰᠡᠷᠭᠦᠭᠡᠵᠦ᠂ ᠬᠥᠮᠦᠨ ᠤ ᠬᠦᠴᠦ ᠪᠠᠷ 295. 15 ᠲᠦᠮᠡᠨ ᠮᠥ ᠡᠪᠡᠰᠦ | ᠳᠠᠷᠢᠪᠠ᠃ ᠤᠯᠤᠰ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠶᠢ ᠮᠥ ᠪᠦᠷᠢ ᠳᠤ 7.5 ᠲᠥᠭᠦᠷᠢᠭ | ᠪᠠᠶᠢᠭᠰᠠᠨ ᠢ 10.5 ᠲᠥᠭᠦᠷᠢᠭ ᠪᠣᠯᠭᠠᠨ ᠳᠡᠭᠡᠭᠰᠢᠯᠡᠭᠦᠯᠵᠦ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ | ᠱᠠᠩᠨᠠᠯ ᠢ 2.5 ᠲᠥᠭᠦᠷᠢᠭ / ᠮᠥ ᠪᠠᠶᠢᠭᠰᠠᠨ ᠠᠴᠠ 3.5 ᠲᠥᠭᠦᠷᠢᠭ / ᠮᠥ ᠪᠣᠯᠭᠠᠨ ᠳᠡᠭᠡᠭᠰᠢᠯᠡᠭᠦᠯᠵᠦ᠂ ᠲᠠᠯ᠎ᠠ | ᠨᠤᠲᠤᠭ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢ 2021 ᠣᠨ ᠤ 34.6% ᠠᠴᠠ 2023 | ᠣᠨ ᠤ 35.13% ᠪᠣᠯᠭᠠᠨ ᠳᠡᠭᠡᠭᠰᠢᠯᠡᠭᠦᠯᠪᠡ᠃ | ᠲᠤᠯᠤᠭ᠎ᠠ ᠳᠤ᠂ ᠨᠤᠭᠤ ᠭᠠᠵᠠᠷ ᠤᠨ ᠠᠵᠢᠯ ᠢ ᠰᠠᠶᠢᠲᠤᠷ ᠬᠢᠵᠦ᠂ ᠠᠮᠢ ᠠᠬᠤᠢ ᠶᠢᠨ ᠬᠠᠯᠬᠠᠪᠴᠢ ᠶᠢᠨ | ᠦᠢᠯᠡᠳᠦᠯ ᠲᠤᠪᠤᠶᠢᠮ᠎ᠠ ᠪᠣᠯᠪᠠ᠃ 1 ᠥᠪᠡᠷᠲᠡᠭᠡᠨ ᠵᠠᠰᠠᠬᠤ ᠣᠷᠣᠨ ᠤ ᠲᠠᠰ ᠤᠨ ᠨᠤᠭᠤ ᠭᠠᠵᠠᠷ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠪᠠ 2 ᠤᠯᠤᠰ ᠤᠨ ᠨᠤᠭᠤ ᠭᠠᠵᠠᠷ ᠤᠨ ᠴᠡᠴᠡᠷᠯᠢᠭ ᠢ ᠪᠠᠶᠢᠭᠤᠯᠤᠨ ᠪᠦᠲᠦᠭᠡᠵᠦ᠂ | ᠨᠡᠶᠢᠲᠡ 20 ᠠᠶᠢᠮᠠᠭ ᠬᠤᠲᠠ ᠶᠢᠨ ᠲᠠᠰ ᠤᠨ ᠴᠢᠬᠤᠯᠠ ᠨᠤᠭᠤ ᠭᠠᠵᠠᠷ ᠢ ᠮᠠᠭᠠᠳᠯᠠᠨ ᠲᠣᠭᠲᠠᠭᠠᠵᠤ᠂ ᠨᠤᠭᠤ | ᠭᠠᠵᠠᠷ ᠤᠨ ᠬᠠᠮᠠᠭᠠᠯᠠᠯᠲᠠ ᠶᠢᠨ ᠨᠣᠷᠮ᠎ᠠ 2021 ᠣᠨ ᠤ 12.7% ᠪᠠᠶᠢᠭᠰᠠᠨ ᠠᠴᠠ ᠪᠠᠨ 2023 ᠣᠨ ᠤ 24. | 4% ᠪᠣᠯᠲᠠᠯ᠎ᠠ ᠳᠡᠭᠡᠭᠰᠢᠯᠡᠪᠡ᠃ | |