ᠲᠥᠷᠥ ᠶᠢᠨ ᠶᠠᠪᠤᠳᠠᠯ ᠤᠨ ᠬᠤᠷᠢᠶᠠᠨ ᠤ ︽ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ | ᠠᠵᠢᠯᠯᠠᠭᠠᠨ ᠤ ᠲᠥᠯᠥᠪᠯᠡᠭᠡ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠤᠨ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠢᠯ ᠤᠨ ᠭᠤᠤᠯ ᠰᠢᠵᠢᠮ ᠢ ᠪᠠᠲᠤ ᠡᠵᠡᠮᠳᠡᠵᠦ᠂ ᠬᠥᠬᠡ ᠣᠭᠲᠠᠷᠭᠤᠶ ᠶᠢ ᠬᠠᠮᠠᠭᠠᠯᠠᠬᠤ | ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠵᠦ᠂ ᠠᠭᠠᠷ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠬᠤ ᠪᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ | ᠲᠥᠯᠥᠭᠡ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ ︽ᠪᠤᠭᠤᠲᠤ ᠬᠤᠲᠠ ᠶᠢᠨ ᠠᠭᠠᠷ ᠤᠨ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︵ᠳᠣᠷᠣᠭᠰᠢ ︽ | ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠵᠤ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢ | ᠳᠣᠤᠷᠠᠬᠢ ᠮᠡᠲᠦ ᠲᠠᠶᠢᠯᠪᠤᠷᠢᠯᠠᠶ᠎ᠠ᠃ | ᠨᠢᠭᠡ᠂ ᠲᠣᠭᠲᠠᠭᠠᠭᠰᠠᠨ ᠠᠬᠤᠶ ᠪᠠᠶᠢᠳᠠᠯ | ᠤᠶᠢᠷ᠎ᠠ ᠶᠢᠨ ᠵᠢᠯ ᠳᠤ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠭᠠᠷ ᠮᠠᠨᠳᠠᠯ ᠤᠨ | ᠪᠣᠬᠢᠷᠲᠤᠯ ᠢ ᠰᠡᠷᠭᠡᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠦᠢᠯᠡᠰ ᠤᠨ ᠪᠦᠲᠦᠴᠡ | ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢ ᠲᠣᠬᠢᠷᠠᠭᠤᠯᠤᠨ | ᠰᠢᠯᠢᠳᠡᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ | ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠳᠪᠦᠷᠢ᠂ ᠲᠦᠯᠡᠰᠢᠨ ᠨᠡᠭᠦᠷᠡᠰᠦ᠂ ᠮᠠᠰᠢᠨ | ᠲᠡᠷᠭᠡ᠂ ᠣᠯᠠᠨ ᠡᠬᠢᠲᠦ ᠪᠣᠬᠢᠷᠲᠤᠯ ᠵᠡᠷᠭᠡ ᠪᠣᠬᠢᠷᠲᠤᠯ ᠢ ᠶᠡᠷᠦᠩᠬᠡᠢᠯᠡᠨ ᠵᠠᠰᠠᠬᠤ ᠶᠢ ᠭᠦᠨᠵᠡᠭᠡᠢ ᠲᠦᠯᠬᠢᠨ | ᠠᠬᠢᠭᠤᠯᠵᠤ᠂ ᠠᠭᠠᠷ ᠮᠠᠨᠳᠠᠯ ᠤᠨ ᠪᠣᠬᠢᠷᠲᠤᠯ ᠤᠨ ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠪᠥᠬᠦ | ᠬᠤᠲᠠ ᠶᠢᠨ ᠴᠢᠷᠮᠠᠶᠢᠯᠭ᠎ᠠ ᠪᠠᠷ ᠳᠡᠮᠵᠢᠨ ᠠᠭᠠᠷ ᠤᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠤᠭᠰᠠᠨ ᠪᠣᠯᠪᠠᠴᠤ | ᠨᠡᠯᠢᠶᠡᠳ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠠᠷᠠᠯᠲᠠ ᠠᠴᠠ ᠪᠠᠰᠠ ᠨᠡᠯᠢᠶᠡᠳ ᠶᠡᠭᠡ ᠵᠥᠷᠢᠶ᠎ᠡ ᠲᠠᠢ | ᠪᠠᠶᠢᠵᠤ᠂ ᠮᠠᠨ ᠤ ᠬᠤᠲᠠ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠤ ᠪᠠᠶᠢᠳᠠᠯ ᠮᠥᠨ ᠬᠦ ᠬᠦᠨᠳᠦ ᠨᠣᠴᠢᠲᠠᠶ | ᠪᠠᠶᠢᠵᠤ᠂ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠶᠢᠨ ᠣᠷᠳᠣ ᠬᠤᠭᠤᠴᠠᠭᠠᠲᠤ ᠴᠢᠨᠠᠷ᠂ ᠪᠤᠳᠤᠯᠢᠶᠠᠨᠲᠤ ᠴᠢᠨᠠᠷ ᠪᠠ | ᠪᠡᠷᠬᠡ ᠬᠠᠲᠠᠭᠤᠵᠢᠯᠲᠤ ᠴᠢᠨᠠᠷ ᠮᠥᠨ ᠬᠦ ᠣᠷᠣᠰᠢᠭᠰᠠᠭᠠᠷ ᠪᠠᠶᠢᠨ᠎ᠠ᠃ ︽ᠬᠡᠷᠡᠭᠵᠢᠭᠦᠯᠬᠦ ᠲᠥᠰᠦᠯ︾ ᠢ | ᠲᠣᠭᠲᠠᠭᠠᠭᠰᠠᠨ ᠨᠢ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠨ ᠤ ᠶᠡᠷᠦᠩᠬᠡᠶ ᠰᠡᠳᠬᠢᠴᠡ᠂ ᠰᠠᠶᠢᠵᠢᠷᠠᠭᠤᠯᠬᠤ | ᠬᠠᠷᠠᠯᠲᠠ᠂ ᠡᠭᠦᠷᠭᠡ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠵᠤ᠂ ᠪᠣᠬᠢᠷᠲᠤᠯ ᠢ ᠨᠠᠷᠢᠯᠢᠭ ᠣᠨᠤᠪᠴᠢᠲᠠᠢ ᠪᠠᠷ | ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠬᠠᠤᠯᠢ ᠶᠣᠰᠣᠭᠠᠷ ᠵᠠᠰᠠᠬᠤ ᠶᠢ ᠳᠣᠪᠤᠶᠢᠯᠭᠠᠵᠤ᠂ ᠪᠤᠭᠤᠲᠤ | ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠠᠬᠢᠭᠤᠯᠬᠤ ᠬᠦᠴᠦᠲᠡᠶ ᠭᠠᠷᠳᠠᠴᠠ ᠪᠠ | ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠪᠦᠲᠦᠮᠵᠢᠲᠡᠶ ᠪᠠᠲᠤᠯᠠᠭ᠎ᠠ ᠪᠣᠯᠬᠤ ᠪᠣᠯᠤᠨ᠎ᠠ᠃ | ᠬᠤᠶᠠᠷ᠂ ᠭᠤᠣᠯ ᠬᠠᠷᠠᠯᠲᠠ | ︽ᠬᠡᠷᠡᠭᠵᠢᠭᠦᠯᠬᠦ ᠲᠥᠰᠦᠯ︾ ᠳᠤ ᠳᠤᠷᠠᠳᠤᠭᠰᠠᠨ ᠭᠤᠤᠯ ᠬᠠᠷᠠᠯᠲᠠ ᠪᠣᠯ 2025 ᠣᠨ ᠪᠣᠯᠬᠤ ᠳᠤ᠂ ᠪᠥᠬᠦ | ᠬᠤᠲᠠ ᠶᠢᠨ ᠨᠠᠷᠢᠨ ᠮᠥᠬᠦᠯᠢᠭᠲᠦ ᠪᠣᠳᠠᠰ ︵PM2.5︶ ᠤᠨ ᠥᠳᠬᠡᠴᠡ ᠶᠢ 35 ᠮᠢᠺᠷᠥᠭᠷᠠᠮ / ᠺᠦᠪ | ᠮᠧᠳ᠋ᠷ ᠠᠴᠠ ᠳᠣᠭᠤᠭᠰᠢ ᠬᠦᠷᠦᠭᠦᠯᠵᠦ᠂ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ ᠢ 84.8% ᠠᠴᠠ | ᠳᠡᠭᠡᠭᠰᠢ ᠳᠤ ᠬᠦᠷᠦᠭᠦᠯᠵᠦ᠂ ᠬᠦᠨᠳᠦ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠭᠰᠠᠨ ᠡᠳᠦᠷ ᠤᠨ ᠲᠤᠭ᠎ᠠ ᠶᠢᠨ | ᠬᠠᠷᠢᠴᠠᠯ ᠢ 0.9% ᠶᠢᠨ ᠳᠣᠲᠣᠷ᠎ᠠ ᠬᠢᠵᠠᠭᠠᠷᠯᠠᠨ᠎ᠠ︔ ᠠᠽᠣᠲ ᠤᠨ ᠢᠰᠦᠯ᠂ ᠳᠡᠭᠳᠡᠮᠡᠬᠡᠶ ᠴᠢᠨᠠᠷᠲᠠᠶ ᠣᠷᠭᠠᠨᠢᠭ | ᠪᠣᠳᠠᠰ ︵VOCs︶ ᠤᠨ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ 2020 ᠣᠨ ᠤ ᠬᠢ ᠠᠴᠠ ᠲᠣᠰ ᠲᠣᠰ | 10% ᠠᠴᠠ ᠳᠡᠭᠡᠭᠰᠢ ᠪᠠᠭᠤᠷᠠᠭᠤᠯᠤᠨ᠎ᠠ᠃ | ᠭᠤᠷᠪᠠ᠂ ᠭᠤᠣᠯ ᠠᠭᠤᠯᠭ᠎ᠠ | ︽ᠬᠡᠷᠡᠭᠵᠢᠭᠦᠯᠬᠦ ᠲᠥᠰᠦᠯ︾ ᠨᠡᠶᠢᠲᠡ ᠠᠷᠪᠠᠨ ᠬᠡᠰᠡᠭ᠂ 33 ᠵᠦᠢᠯ ᠤᠨ ᠠᠭᠤᠯᠭ᠎ᠠ ᠪᠠᠭᠲᠠᠨ᠎ᠠ᠂ | ᠭᠤᠤᠯ ᠠᠭᠤᠯᠭ᠎ᠠ ᠄ | 1. ᠶᠡᠷᠦᠩᠬᠡᠶ ᠱᠠᠭᠠᠷᠳᠠᠯᠭ᠎ᠠ᠄ ᠭᠤᠤᠯᠳᠠᠯᠭ᠎ᠠ ᠲᠠᠢ ᠣᠷᠣᠨ ᠪᠦᠰᠡ ᠪᠣᠯᠤᠨ ᠭᠤᠤᠯ ᠬᠠᠷᠠᠯᠲᠠ ᠶᠢ ᠲᠣᠭᠲᠠᠭᠠᠨ᠎ᠠ | ᠃ | 2. ᠠᠵᠤ ᠦᠢᠯᠡᠰ ᠤᠨ ᠪᠦᠲᠦᠴᠡ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠄ ︽ᠬᠤᠶᠠᠷ ᠥᠨᠳᠦᠷ | ᠨᠢᠭᠡ ᠳᠣᠣᠷ᠎ᠠ︾ ᠲᠦᠷᠦᠯ ᠵᠦᠢᠯ ᠢ ᠰᠣᠬᠤᠷ ᠪᠠᠯᠠᠢ ᠪᠠᠷ ᠬᠦᠭᠵᠢᠭᠦᠯᠬᠦ ᠶᠢ ᠡᠷᠡᠰ ᠬᠤᠷᠢᠭᠯᠠᠵᠤ᠂ ᠬᠤᠴᠤᠷᠤᠩᠭᠤᠢ | ᠦᠢᠯᠡᠳᠪᠦᠷᠢᠯᠡᠯ ᠤᠨ ᠴᠢᠳᠠᠪᠤᠷᠢ ᠶᠢ ᠪᠤᠴᠠᠭᠠᠵᠤ᠂ ᠠᠵᠤ ᠦᠢᠯᠡᠰ ᠤᠨ ᠪᠦᠯᠦᠭᠯᠡᠯ ᠢ ᠳᠡᠰ ᠳᠡᠪᠰᠢᠭᠦᠯᠦᠨ | ᠦᠭᠡᠷᠡᠴᠢᠯᠡᠬᠦ ᠶᠢ ᠲᠦᠯᠬᠢᠨ ᠠᠬᠢᠭᠤᠯᠵᠤ᠂ VOCs ᠶᠢᠨ ᠠᠭᠤᠯᠤᠭᠳᠠᠴᠠ ᠳᠣᠣᠷ᠎ᠠ ︵ᠦᠭᠡᠢ︶ ᠲᠦᠭᠦᠬᠡᠶ | ᠮᠠᠲ᠋ᠧᠷᠢᠶᠠᠯ ᠤᠨ ᠣᠷᠤᠯᠠᠯᠲᠠ ᠶᠢ ᠬᠡᠷᠡᠭᠵᠢᠭᠦᠯᠦᠨ᠎ᠡ᠃ | 3. ᠡᠨᠧᠷᠭᠢ ᠶᠢᠨ ᠴᠡᠪᠡᠷ ᠳᠣᠤᠷ᠎ᠠ ᠨᠡᠭᠦᠷᠡᠰᠦᠲᠥ᠋ᠷᠥᠭᠴᠢᠲᠦ ᠥᠨᠳᠥᠷ ᠪᠦᠲᠦᠮᠵᠢᠲᠡᠶ ᠬᠥᠭᠵᠢᠯᠲᠡ ᠶᠢ | ᠲᠦᠷᠭᠡᠳᠬᠡᠨ᠎ᠡ᠄ ᠡᠨᠧᠷᠭᠢ ᠶᠢᠨ ᠪᠦᠲᠦᠴᠡ ᠶᠢ ᠲᠦᠷᠭᠡᠳᠬᠡᠨ ᠲᠣᠬᠢᠷᠠᠭᠤᠯᠵᠤ᠂ ᠰᠢᠲᠠᠭᠠᠯᠭ᠎ᠠ ᠶᠢᠨ ᠨᠡᠭᠦᠷᠡᠰᠦᠨ ᠤ | ᠵᠤᠤᠬ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠵᠤᠤᠬ᠎ᠠ ᠶᠢ ᠴᠡᠪᠡᠷ | ᠡᠨᠧᠷᠭᠢ ᠪᠠᠷ ᠣᠷᠣᠯᠠᠭᠤᠯᠵᠤ᠂ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠬᠤᠲᠠ ᠶᠢᠨ ᠪᠥᠲᠥᠭᠡᠨ | ᠪᠠᠶᠢᠭᠤᠯᠤᠯᠲᠠ ᠶᠢ ᠴᠢᠨᠠᠷ ᠰᠠᠶᠢᠲᠠᠶ ᠪᠡᠶᠡᠯᠡᠭᠦᠯᠦᠨ᠎ᠡ᠃ | 4. ᠵᠠᠮ ᠬᠠᠷᠢᠯᠴᠠᠭᠠᠨ ᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ | ᠬᠤᠪᠢᠷᠠᠭᠤᠯᠤᠯᠲᠠ ᠶᠢ ᠠᠬᠢᠭᠤᠯᠤᠨ᠎ᠠ᠄ ᠪᠠᠷᠠᠭᠠᠨ ᠤ ᠲᠡᠭᠡᠭᠡᠪᠦᠷᠢ ᠶᠢᠨ ᠪᠦᠲᠦᠴᠡ ᠶᠢ ᠦᠷᠭᠦᠯᠵᠢᠯᠡᠨ | ᠰᠢᠯᠢᠳᠡᠭᠵᠢᠭᠦᠯᠦᠨ ᠳᠣᠭᠢᠷᠠᠭᠤᠯᠵᠤ᠂ ᠮᠠᠰᠢᠨᠲᠤ ᠲᠡᠷᠭᠡᠨ ᠤ ᠴᠡᠪᠡᠷᠵᠢᠯᠲᠡ ᠶᠢᠨ ᠬᠢᠷᠢ ᠲᠦᠪᠰᠢᠨ ᠢ ᠲᠦᠷᠭᠡᠳᠬᠡᠨ | ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠡᠬᠢ ᠰᠤᠷᠪᠤᠯᠵᠢ ᠶᠢᠨ ᠵᠠᠰᠠᠯᠲᠠ ᠶᠢ ᠴᠢᠩᠭᠠᠷᠠᠭᠤᠯᠤᠨ᠂ | ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ | 5. ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠄ ᠲᠣᠭᠤᠰᠣ | ᠰᠢᠷᠣᠶ ᠶᠢᠨ ᠪᠣᠬᠢᠷᠲᠤᠯ ᠢ ᠵᠠᠰᠠᠬᠤ ᠶᠢ ᠭᠦᠨᠵᠡᠭᠡᠶᠢᠷᠡᠭᠦᠯᠵᠦ᠂ ᠠᠭᠤᠷᠬᠠᠶ ᠶᠢᠨ ᠠᠮᠢ ᠠᠬᠤᠶ ᠶᠢᠨ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠢᠲᠠᠭᠠᠬᠤ ᠶᠢ | ᠴᠠᠭᠠᠵᠠᠯᠠᠬᠤ ᠠᠵᠢᠯ ᠢ ᠴᠢᠩᠭᠠᠳᠬᠠᠨ᠎ᠠ᠃ | 6. ᠣᠯᠠᠨ ᠪᠣᠬᠢᠷᠲᠤᠯ ᠪᠣᠳᠠᠰ ᠢ ᠬᠠᠮᠵᠢᠯᠴᠠᠨ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ | ᠴᠢᠩᠭᠠᠷᠠᠭᠤᠯᠤᠨ᠎ᠠ᠄ VOCs ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠠᠵᠢᠯ | ᠲᠥᠷᠥᠯ ᠤᠨ ᠪᠣᠬᠢᠷᠲᠤᠯ ᠢ ᠭᠦᠨᠵᠡᠭᠡᠶ ᠵᠠᠰᠠᠬᠤ ᠶᠢ ᠠᠬᠢᠭᠤᠯᠵᠤ᠂ ᠢᠳᠡᠭᠡᠨ ᠤᠮᠳᠠᠭᠠᠨ ᠤ ᠲᠣᠰᠣᠨ ᠣᠲᠤᠭ᠎ᠠ᠂ | ᠦᠮᠡᠬᠡᠢ ᠦᠨᠦᠷ᠂ ᠰᠢᠪᠲᠦᠷ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠨ᠎ᠡ᠃ | 7. ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠄ | ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠦᠯᠬᠦ ᠬᠠᠮᠢᠶᠠᠷᠤᠯᠲᠠ ᠶᠢ ᠬᠡᠷᠡᠭᠵᠢᠭᠦᠯᠵᠦ᠂ ᠬᠠᠮᠲᠤᠷᠠᠨ | ᠰᠡᠷᠭᠡᠶᠢᠯᠡᠵᠦ ᠡᠵᠡᠮᠳᠡᠬᠦ ᠪᠠ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠶᠢ ᠴᠢᠩᠭᠠᠷᠠᠭᠤᠯᠤᠨ᠎ᠠ᠃ | 8. ᠬᠢᠨᠠᠨ ᠬᠠᠮᠢᠶᠠᠷᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠄ ᠬᠢᠨᠠᠨ ᠬᠡᠮᠵᠢᠬᠦ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠭᠠᠷ ᠮᠠᠨᠳᠠᠯ ᠤᠨ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ | 9. ᠬᠠᠤᠯᠢ ᠲᠣᠭᠲᠠᠭᠠᠯ ᠤᠨ ᠪᠠᠷᠢᠮᠵᠢᠶ᠎ᠠ ᠪᠠ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠄ ᠬᠠᠤᠯᠢ ᠲᠣᠭᠲᠠᠭᠠᠯ ᠪᠠ ᠪᠠᠷᠢᠮᠵᠢᠶ᠎ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠠᠬᠢᠭᠤᠯᠵᠤ᠂ ᠦᠨ᠎ᠡ ᠬᠠᠩᠰᠢ ᠶᠢᠨ ᠭᠠᠶᠢᠯᠢ ᠰᠦᠢᠳᠬᠡᠯ ᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ | 10. ᠡᠯ᠎ᠡ ᠲᠠᠯ᠎ᠠ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠄ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠶᠢ | ᠴᠢᠩᠭᠠᠳᠬᠠᠵᠤ᠂ ᠮᠡᠳᠡᠭᠡ ᠵᠠᠩᠭᠢ ᠶᠢ ᠢᠯᠡ ᠪᠣᠯᠭᠠᠬᠤ᠂ ᠤᠬᠠᠭᠤᠯᠵᠤ ᠬᠥᠲᠥᠯᠥᠨ ᠵᠢᠯᠣᠭᠤᠳᠬᠤ ᠪᠠ ᠪᠦᠬᠦ | ᠠᠷᠠᠳ ᠤᠨ ᠠᠵᠢᠯᠯᠠᠭ᠎ᠠ ᠶᠢ ᠠᠬᠢᠭᠤᠯᠤᠨ᠎ᠠ᠃ | ᠳᠥᠷᠪᠡ᠂ ᠭᠤᠣᠯ ᠣᠨᠴᠠᠯᠢᠭ | ︽ᠬᠡᠷᠡᠭᠵᠢᠭᠦᠯᠬᠦ ᠲᠥᠰᠦᠯ︾ ᠤᠨ ᠭᠤᠤᠯ ᠣᠨᠴᠠᠯᠢᠭ ᠲᠤ ᠳᠣᠣᠷᠠᠬᠢ ᠵᠦᠢᠯᠡᠰ ᠪᠠᠭᠲᠠᠨ᠎ᠠ᠄ | 1. ᠭᠤᠣᠯᠳᠠᠯᠭ᠎ᠠ ᠲᠠᠢ ᠣᠷᠣᠨ ᠪᠦᠰᠡ ᠶᠢ ᠳᠣᠪᠤᠶᠢᠯᠭᠠᠨ᠎ᠠ᠄ ᠪᠤᠭᠤᠲᠤ ᠬᠤᠲᠠ ᠶᠢᠨ ᠱᠠᠨ ᠨᠠᠨ ᠭᠠᠵᠠᠷ | ᠣᠷᠣᠨ ᠤ ᠭᠤᠤᠯᠳᠠᠯᠭ᠎ᠠ ᠲᠠᠢ ᠣᠷᠣᠨ ᠪᠦᠰᠡ ᠶᠢ ᠲᠣᠳᠣᠷᠬᠠᠶᠢᠯᠠᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠡᠵᠡᠮᠳᠡᠬᠦ ᠡᠷᠴᠢᠮ ᠢ ᠴᠢᠩᠭᠠᠳᠬᠠᠨ᠎ᠠ᠃ | 2. ᠰᠢᠰᠲ᠋ᠧᠮᠵᠢᠭᠦᠯᠦᠨ ᠵᠠᠰᠠᠬᠤ ᠶᠢ ᠲᠤᠪᠤᠶᠢᠯᠭᠠᠨ᠎ᠠ᠄ ᠠᠵᠤ ᠦᠢᠯᠡᠰ᠂ ᠡᠨᠧᠷᠭᠢ᠂ ᠵᠠᠮ ᠬᠠᠷᠢᠯᠴᠠᠭ᠎ᠠ ᠵᠡᠷᠭᠡ | ᠭᠤᠷᠪᠠᠨ ᠶᠡᠭᠡ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠪᠠᠷᠢᠮᠲᠠᠯᠠᠵᠤ᠂ ᠨᠡᠭᠦᠷᠡᠰᠦ ᠶᠢ ᠪᠠᠭᠠᠰᠬᠠᠬᠤ᠂ | ᠲᠡᠷᠭᠡ ᠬᠥᠰᠬᠡ ᠶᠢ ᠬᠢᠵᠠᠭᠠᠷᠯᠠᠬᠤ᠂ ᠪᠣᠬᠢᠷᠲᠤᠯ ᠢ ᠵᠠᠰᠠᠬᠤ᠂ ᠲᠣᠭᠤᠰᠣ ᠶᠢ ᠬᠤᠷᠢᠭᠯᠠᠬᠤ ᠵᠡᠷᠭᠡ ᠠᠷᠭ᠎ᠠ ᠬᠡᠮᠵᠢᠶ᠎ᠡ ᠶᠢ | ᠦᠷᠭᠦᠯᠵᠢᠯᠡᠨ ᠠᠬᠢᠭᠤᠯᠤᠨ᠎ᠠ᠃ | 3. ᠪᠣᠬᠢᠷᠲᠤᠯ ᠢ ᠬᠠᠮᠵᠢᠯᠴᠠᠨ ᠪᠠᠭᠠᠰᠬᠠᠬᠤ ᠶᠢ ᠳᠣᠪᠤᠶᠢᠯᠭᠠᠨ᠎ᠠ᠄ ᠭᠤᠤᠯᠳᠠᠯᠭ᠎ᠠ ᠲᠠᠢ ᠠᠵᠢᠯ ᠲᠥᠷᠥᠯ ᠤᠨ | ᠪᠣᠬᠢᠷᠲᠤᠯ ᠢ ᠭᠦᠨᠵᠡᠭᠡᠶ ᠵᠠᠰᠠᠬᠤ ᠪᠠ VOCs ᠪᠥᠬᠦ ᠶᠠᠪᠤᠴᠠ ᠶᠢᠨ ᠪᠥᠬᠦ ᠭᠤᠭᠴᠤᠭ᠎ᠠ ᠶᠢᠨ ᠶᠡᠷᠦᠩᠬᠡᠶᠢᠯᠡᠨ | ᠵᠠᠰᠠᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠠᠽᠣᠲ ᠤᠨ ᠢᠰᠦᠯ ᠤᠨ ᠪᠣᠳᠠᠰ᠂ VOCs ᠵᠡᠷᠭᠡ ᠣᠯᠠᠨ | ᠪᠣᠬᠢᠷᠲᠤᠯ ᠪᠣᠳᠠᠰ ᠢ ᠬᠠᠮᠵᠢᠯᠴᠠᠨ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠳᠣᠪᠤᠶᠢᠯᠭᠠᠨ᠎ᠠ᠃ | 4᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠲᠤᠪᠤᠶᠢᠯᠭᠠᠨ᠎ᠠ᠄ ᠬᠥᠷᠰᠢ ᠵᠡᠷᠭᠡᠯᠡᠳᠡᠭᠡ ᠠᠶᠢᠮᠠᠭ | ᠬᠤᠳᠠ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ | ᠵᠠᠰᠠᠬᠤ ᠶᠢ ᠳᠤᠷᠠᠳᠴᠤ᠂ ᠬᠠᠮᠵᠢᠯᠴᠠᠨ ᠬᠠᠮᠲᠤᠷᠠᠯᠴᠠᠬᠤ᠂ ᠬᠠᠮᠵᠢᠯᠴᠠᠨ ᠬᠢᠨᠠᠨ ᠬᠠᠮᠢᠶᠠᠷᠬᠤ᠂ ᠬᠠᠮᠵᠢᠯᠴᠠᠨ | ᠨᠡᠪᠲᠡᠷᠡᠯᠴᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ | |