ᠣᠶᠢᠷ᠎ᠠ ᠳᠤ᠂ ᠭᠦᠶᠡᠩ ᠰᠢᠶᠠᠨ ᠤ ᠬᠤᠸᠠᠢ ᠱᠦᠸᠧ ᠪᠠᠯᠭᠠᠰᠤᠨ ᠤ ᠬᠤᠤ ᠺᠧᠦ ᠲᠣᠰᠬᠤᠨ ᠳᠤ ᠰᠠᠭᠤᠵᠤ | ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠯᠢᠦ ᠱᠣ᠋ ᠯᠢᠨ ᠤ ᠪᠠᠩᠬᠢ ᠶᠢᠨ ᠺᠠᠷᠲ ᠤᠨ ᠳᠣᠲᠣᠷ᠎ᠠ 500 | ᠲᠥᠭᠦᠷᠢᠭ ᠨᠡᠮᠡᠭᠳᠡᠪᠡ ᠂ ᠡᠨᠡ ᠪᠣᠯ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠠᠴᠠ ᠲᠡᠳᠡᠨ ᠤ ᠲᠣᠰ ᠵᠢᠯ 10 | ᠬᠤᠨᠢ ᠶᠢ ᠬᠤᠳᠠᠯᠳᠤᠨ ᠠᠪᠤᠭᠠᠳ ᠱᠠᠩᠨᠠᠯ ᠣᠯᠭᠤᠭᠰᠠᠨ ᠶᠠᠪᠤᠳᠠᠯ ᠮᠥᠨ᠂ ᠪᠠᠰᠠ ᠴᠤ ᠡᠨᠡ ᠵᠢᠯ ᠲᠡᠳᠡᠨ ᠤ ᠭᠡᠷ ᠨᠢ | ᠶᠠᠳᠠᠭᠤ ᠠᠴᠠ ᠠᠩᠭᠢᠵᠢᠷᠠᠭᠰᠠᠨ ᠡᠷᠦᠬᠡ ᠪᠣᠯᠤᠭᠰᠠᠨ ᠤ ᠬᠤᠶᠠᠳᠤᠭᠠᠷ ᠱᠠᠩᠨᠠᠯ ᠨᠥᠬᠦᠪᠥᠷᠢ ᠶᠢᠨ ᠪᠡᠯᠡ ᠮᠥᠩᠭᠦ ᠮᠥᠨ᠃ | ᠡᠨᠡ ᠵᠣᠭᠤᠰ ᠢ ᠶᠠᠷᠢᠬᠤ ᠳᠤ᠂ ᠯᠢᠦ ᠨᠠᠰᠤᠲᠠᠨ ᠴᠢᠷᠠᠢ ᠳᠦᠭᠦᠷᠡᠩ ᠢᠨᠢᠶᠡᠮᠰᠦᠭᠯᠡᠵᠦ᠂ ᠲᠠᠷᠢᠶᠠᠴᠢᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠭᠡᠵᠦ ᠮᠠᠭᠲᠠᠵᠠᠢ᠃ ᠡᠨᠡ ᠪᠣᠯ ᠬᠤᠤ ᠺᠧᠦ ᠲᠣᠰᠬᠤᠨ ᠤ ᠲᠠᠷᠢᠶᠠᠴᠢᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠨᠢᠭᠡ ᠬᠡᠰᠡᠭ ᠬᠤᠭᠤᠴᠠᠭᠠᠨ ᠤ ᠵᠢᠷᠤᠭᠯᠠᠯ | ᠪᠣᠯᠤᠨ᠎ᠠ᠃ ᠬᠤᠤ ᠺᠧᠦ ᠲᠣᠰᠬᠤᠨ ᠭᠦᠶᠡᠩ ᠰᠢᠶᠠᠨ ᠤ ᠬᠤᠲᠠ ᠠᠴᠠ ᠵᠡᠭᠦᠨ ᠬᠤᠶᠢᠢᠢᠰᠢ 45 ᠺᠢᠯᠣᠮᠧᠲᠷ | ᠵᠠᠢ ᠲᠠᠢ ᠪᠠᠶᠢᠵᠤ᠂ ᠲᠣᠰᠬᠤᠨ ᠤ ᠲᠠᠷᠢᠶᠠᠴᠢᠨ ᠡᠷᠦᠬᠡ ᠶᠢᠨ ᠣᠷᠣᠯᠭ᠎ᠠ ᠨᠢ ᠭᠤᠣᠯᠳᠠᠭᠤ ᠲᠠᠷᠢᠵᠤ ᠲᠡᠵᠢᠭᠡᠬᠦ ᠦᠢᠯᠡᠰ | ᠪᠣᠯᠤᠨ ᠵᠠᠰᠠᠭ ᠤᠨ ᠣᠷᠳᠣᠨ ᠠᠴᠠ ᠢᠷᠡᠭᠰᠡᠨ ᠰᠢᠯᠵᠢᠯᠲᠡ ᠶᠢᠨ ᠴᠢᠨᠠᠷᠲᠠᠢ ᠣᠷᠣᠯᠭ᠎ᠠ ᠪᠣᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠡᠷᠦᠬᠡ ᠪᠠ ᠬᠢᠨᠠᠨ ᠬᠡᠮᠵᠢᠬᠦ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ | ᠠᠵᠢᠯ ᠢ ᠰᠠᠶᠢᠲᠤᠷ ᠬᠢᠵᠦ᠂ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠶᠢᠨ ᠲᠥᠯᠥᠭᠡ᠂ ᠲᠣᠰᠬᠤᠨ ᠤ ︽ᠬᠤᠶᠠᠷ | ᠵᠥᠪᠯᠡᠯ︾ ᠪᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠡᠨᠡ ᠵᠢᠯ ᠤᠨ 9 ᠰᠠᠷ᠎ᠠ ᠠᠴᠠ ᠡᠬᠢᠯᠡᠨ᠂ ᠪᠦᠬᠦ | ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ ᠡᠷᠦᠬᠡ ᠳᠤ ᠬᠠᠨᠳᠤᠭᠤᠯᠤᠨ ᠣᠷᠣᠯᠭ᠎ᠠ ᠶᠢ | ᠲᠥᠰᠦᠭᠡᠯᠡᠨ ᠪᠣᠳᠣᠬᠤ ᠶᠢ ᠡᠷᠦᠬᠡ ᠳᠠᠷᠠᠭᠠᠯᠠᠨ ᠥᠷᠨᠢᠭᠦᠯᠬᠦ ᠶᠢᠨ ᠬᠠᠮᠲᠤ ᠳᠥᠷᠪᠡᠳᠦᠭᠡᠷ ᠤᠯᠠᠷᠢᠯ ᠤᠨ ᠣᠷᠣᠯᠭ᠎ᠠ ᠶᠢ | ᠲᠥᠰᠦᠭᠡᠯᠡᠵᠦ᠂ ᠲᠥᠰᠦᠭᠡᠯᠡᠭᠰᠡᠨ ᠦᠷ᠎ᠡ ᠳ᠋ᠦᠩ ᠢ ᠦᠨᠳᠦᠰᠦᠯᠡᠨ ᠲᠥᠷᠥᠯ ᠵᠦᠢᠯ ᠬᠤᠪᠢᠶᠠᠨ ᠳᠡᠭᠡᠳᠦ ᠱᠠᠲᠤᠨ ᠤ | ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠲᠠᠢ ᠵᠣᠬᠢᠴᠠᠭᠤᠯᠵᠤ᠂ ᠳᠡᠮᠵᠢᠯᠭᠡ ᠶᠢᠨ ᠪᠡᠯᠡ | ᠮᠥᠩᠭᠦ ᠶᠢ ᠲᠡᠮᠡᠴᠡᠨ ᠣᠯᠭᠤᠵᠤ᠂ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠬᠠᠩᠭᠠᠵᠤ᠂ ᠲᠥᠷᠥ ᠶᠢᠨ | ᠪᠣᠳᠣᠯᠭ᠎ᠠ ᠶᠢᠨ ᠠᠮᠵᠢᠯᠲᠠ ᠪᠦᠲᠦᠮᠵᠢ ᠣᠯᠬᠤ ᠶᠢ ᠦᠨᠡᠨᠬᠦ ᠠᠬᠢᠭᠤᠯᠪᠠ᠃ ᠰᠠᠷ᠎ᠠ ᠭᠠᠷᠤᠢ ᠶᠢᠨ ᠲᠤᠷᠰᠢ᠂ | ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠱᠠᠩᠨᠠᠯ᠂ ᠬᠡᠷᠡᠯ ᠴᠡᠨᠡᠭ ᠤᠨ ᠠᠰᠢᠭ ᠣᠷᠣᠯᠭ᠎ᠠ ᠶᠢᠨ | ᠬᠤᠪᠢᠶᠠᠷᠢᠯᠠᠯᠲᠠ᠂ ᠳᠠᠬᠢᠶ᠎ᠠ ᠣᠷᠣᠯᠠᠨ ᠲᠡᠵᠢᠭᠡᠬᠦ ᠵᠡᠷᠭᠡ ᠡᠯ᠎ᠡ ᠱᠠᠲᠤᠨ ᠤ ᠲᠠᠷᠢᠶᠠᠴᠢᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠭᠤᠣᠯᠳᠠᠯᠭ᠎ᠠ ᠲᠠᠢ ᠨᠠᠶᠢᠳᠠᠪᠤᠷᠢᠵᠢᠭᠤᠯᠵᠤ᠂ ᠨᠡᠶᠢᠲᠡ 8 ᠵᠦᠢᠯ ᠤᠨ ᠠᠰᠢᠭ ᠭᠦᠷᠲᠡᠬᠡᠵᠤ᠂ | ᠠᠰᠢᠭ ᠬᠦᠷᠲᠡᠭᠰᠡᠨ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠰᠢᠨᠵᠢᠬᠦ ᠡᠷᠦᠬᠡ ᠨᠡᠶᠢᠲᠡ 83 ᠡᠷᠦᠬᠡ | ᠪᠠᠶᠢᠵᠤ᠂ ᠪᠠᠷᠤᠭ ᠪᠦᠬᠦ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠰᠢᠨᠵᠢᠬᠦ ᠡᠷᠦᠬᠡ ᠶᠢᠨ | ᠶᠡᠷᠦᠩᠬᠡᠢ ᠲᠣᠭᠠᠨ ᠤ ᠭᠤᠷᠪᠠᠨ ᠤ ᠬᠤᠶᠠᠷ ᠢ ᠡᠵᠡᠯᠡᠵᠦ᠂ ᠪᠡᠯᠡ ᠮᠥᠩᠭᠦ ᠨᠡᠶᠢᠲᠡ 20.5 ᠲᠦᠮᠡᠨ ᠲᠥᠭᠦᠷᠢᠭ | ᠣᠯᠪᠠ᠃ 9 ᠰᠠᠷ᠎ᠠ ᠶᠢᠨ ᠰᠡᠭᠦᠯᠴᠢ ᠪᠣᠯᠲᠠᠯ᠎ᠠ 6 ᠵᠦᠢᠯ ᠤᠨ ᠲᠥᠷᠥ ᠶᠢᠨ ᠪᠣᠳᠣᠯᠭ᠎ᠠ ᠶᠢᠨ 20 ᠲᠦᠮᠡᠨ | ᠲᠥᠭᠦᠷᠢᠭ ᠤᠨ ᠪᠡᠯᠡ ᠮᠥᠩᠭᠦ ᠶᠢ ᠰᠠᠯᠭᠠᠨ ᠥᠭᠴᠦ ᠳᠠᠭᠤᠰᠬᠠᠪᠠ᠃ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠪᠦᠬᠦ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ | ᠬᠡᠮᠵᠢᠭᠰᠡᠨ ᠡᠷᠦᠬᠡ ᠶᠢᠨ 2024 ᠣᠨ ᠤ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠪᠦᠬᠦᠨ ᠢᠶᠠᠷ ᠢᠶᠠᠨ ᠡᠶᠡᠷᠭᠦ | ᠨᠡᠮᠡᠭᠳᠡᠯ ᠢ ᠪᠡᠶᠡᠯᠡᠭᠦᠯᠵᠦ ᠪᠣᠯᠤᠨ᠎ᠠ᠂ ᠡᠭᠦᠨ ᠳᠤ 2023 ᠣᠨ ᠤ ᠣᠷᠣᠯᠭ᠎ᠠ ᠪᠠᠭᠤᠷᠠᠭᠰᠠᠨ ᠡᠷᠦᠬᠡ ᠶᠢᠨ ᠬᠥᠮᠦᠨ | ᠳᠤᠮᠳᠠᠴᠢ ᠶᠢᠨ ᠴᠡᠪᠡᠷ ᠣᠷᠣᠯᠭ᠎ᠠ 14.2% ᠢᠶᠠᠷ ᠨᠡᠮᠡᠭᠳᠡᠵᠦ᠂ ᠪᠦᠬᠦ ᠲᠣᠰᠬᠤᠨ ᠤ ᠶᠠᠳᠠᠭᠤ ᠠᠴᠠ | ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠭᠰᠡᠨ ᠡᠷᠦᠬᠡ ᠶᠢᠨ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ 2 | ᠲᠦᠮᠡᠨ ᠲᠥᠭᠦᠷᠢᠭ ᠢ ᠳᠠᠪᠠᠭ᠋ᠤ ᠪᠣᠯᠤᠮᠵᠢ ᠲᠠᠢ ᠪᠠᠶᠢᠨ᠎ᠠ᠃ | ᠠᠵᠢᠯᠲᠠᠳ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠲᠠᠨᠢᠯᠴᠠᠭᠤᠯᠪᠠ ︽ᠬᠤᠤ ᠺᠧᠦ ᠲᠣᠰᠬᠤᠨ ᠳᠤ ᠡᠳᠡᠭᠡᠷ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠵᠣᠬᠢᠬᠤ ᠬᠡᠮᠵᠢᠶ᠎ᠡ ᠪᠠᠷ ᠦᠬᠡᠷ ᠬᠤᠨᠢᠨ ᠤ ᠦᠨ᠎ᠡ ᠬᠠᠩᠰᠢ ᠶᠢᠨ ᠮᠠᠭᠤ ᠠᠴᠠ ᠪᠣᠯᠤᠭᠰᠠᠨ | ᠠᠰᠢᠭ ᠦᠭᠡᠢ ᠨᠥᠯᠥᠭᠡ ᠶᠢ ᠠᠷᠭᠠᠴᠠᠭᠠᠵᠤ᠂ ᠨᠢᠭᠡ ᠪᠦᠯᠦᠭ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ | ᠲᠠᠷᠢᠵᠤ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠥᠷᠭᠡᠳᠬᠡᠬᠦ ᠶᠢ ᠵᠣᠷᠢᠭᠵᠢᠭᠤᠯᠤᠭᠰᠠᠨ ᠪᠥᠭᠡᠳ ᠨᠠᠰᠤᠲᠠᠶᠢᠴᠤᠳ᠂ | ᠵᠡᠮᠳᠡᠭᠴᠦᠳ ᠵᠡᠷᠭᠡ ᠳᠤ ᠭᠤᠣᠯᠳᠠᠯᠭ᠎ᠠ ᠲᠠᠢ ᠠᠩᠬᠠᠷᠬᠤ ᠴᠢᠬᠤᠯᠠᠲᠠᠢ ᠬᠥᠮᠦᠰ ᠤᠨ ᠠᠮᠢᠳᠤᠷᠠᠯ ᠤᠨ ᠪᠠᠲᠤᠯᠠᠭ᠎ᠠ ᠶᠢ | ᠴᠢᠩᠭᠠᠳᠬᠠᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠢ ᠨᠡᠩ ᠣᠯᠠᠨ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ ᠲᠠᠢ ᠪᠣᠯᠭᠠᠵᠠᠢ︾ ᠭᠡᠵᠤ᠂ ᠥᠪᠡᠷᠲᠡᠭᠡᠨ ᠵᠠᠰᠠᠬᠤ ᠣᠷᠣᠨ ᠤ ᠨᠢᠭᠡ ᠴᠤᠭᠴᠠᠵᠢᠭᠰᠠᠨ | ᠴᠢᠳᠠᠪᠤᠷᠢ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠲᠣᠰᠬᠤᠨ ᠳᠤ ᠰᠠᠭᠤᠭ᠎ᠠ ᠺᠠᠳ᠋ᠷ | ᠬᠡᠯᠡᠵᠡᠢ᠃ | |