10 ᠳ᠋ᠤᠭᠠᠷ ᠰᠠᠷ᠎ᠠ ᠶᠢᠨ 10 ᠤ ᠡᠳᠦᠷ᠂ ᠪᠥᠬᠦ ᠬᠤᠲᠠ ᠶᠢᠨ ᠰᠤᠮᠤ ᠰᠢᠶᠠᠩ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ︽ᠵᠡᠪᠰᠡᠭ ᠤᠨ ᠡᠷᠳᠡᠮ ᠤᠨ ᠮᠥᠷᠦ᠋ᠢᠴᠡᠭᠡᠨ︾ ᠤ ᠠᠵᠢᠯᠯᠠᠭ᠎ᠠ ᠪᠤᠭᠤᠲᠤ ᠬᠤᠲᠠ ᠶᠢᠨ | ᠲᠣᠮᠣ ᠵᠦᠴᠦᠭᠡ ᠶᠢᠨ ᠬᠦᠷᠢᠶᠡᠯᠡᠩ ᠳᠤ ᠶᠠᠪᠤᠭᠳᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠨ ᠶᠤᠸᠠᠢ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠧᠨ ᠲᠢᠶᠧ ᠶᠢᠩ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠢᠤᠸᠠᠢ ᠰᠥᠩ ᠠᠵᠢᠯᠯᠠᠭ᠎ᠠ ᠳᠤ | ᠣᠷᠤᠯᠴᠠᠪᠠ᠃ | ᠠᠵᠢᠯᠯᠠᠭ᠎ᠠ ᠶᠢᠨ ᠳᠤᠮᠳᠠ᠂ 12 ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ︽PPT | ᠦᠵᠡᠭᠦᠯᠭᠡ + ᠲᠤᠰᠢᠶᠠᠯ ᠤᠨ ᠮᠡᠳᠡᠭᠦᠯᠦᠯᠲᠡ ᠶᠢᠨ ᠶᠠᠷᠢᠶ᠎ᠠ ᠲᠠᠯᠪᠢᠬᠤ︾ ᠬᠡᠯᠪᠡᠷᠢ ᠪᠠᠷ᠂ ᠠᠵᠤ ᠦᠢᠯᠡᠰ ᠤᠨ | ᠬᠦᠭᠵᠢᠯᠲᠡ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠨᠤᠲᠤᠭ ᠤᠨ ᠰᠤᠷᠲᠠᠯ ᠪᠣᠯᠪᠠᠰᠤᠨ᠂ | ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠭᠤᠶᠢᠳᠠ ᠰᠠᠶᠢᠬᠠᠨ ᠶᠠᠷᠢᠶ᠎ᠠ ᠢᠯᠡᠳᠬᠡᠯ᠂ ᠠᠮᠢᠳᠤ ᠰᠣᠷᠭᠤᠭ ᠬᠡᠷᠡᠭ ᠤᠨ ᠵᠢᠱᠢᠶ᠎ᠡ ᠪᠠᠷ ᠲᠣᠰ ᠲᠣᠰ ᠤᠨ ᠢᠶᠠᠨ | ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ | ᠡᠷᠳᠡᠨᠢ︾ ᠪᠠᠨ ᠢᠯᠡᠷᠡᠭᠦᠯᠵᠦ᠂ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠪᠠ ᠳᠠᠪᠠᠵᠤ ᠭᠠᠷᠬᠤ᠂ | ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠭᠦᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠪᠠ | ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠬᠠᠮᠤᠭ ᠡᠴᠦᠰ ᠲᠤ ᠨᠢᠭᠡᠳᠦᠭᠡᠷ ᠳᠡᠰ ᠤᠨ ᠱᠠᠩᠨᠠᠯ 2 | ᠨᠡᠷᠡᠰ᠂ ᠬᠤᠶᠠᠳᠤᠭᠠᠷ ᠳᠡᠰ ᠤᠨ ᠱᠠᠩᠨᠠᠯ 4 ᠨᠡᠷᠡᠰ᠂ ᠭᠤᠷᠪᠠᠳᠤᠭᠠᠷ ᠳᠡᠰ ᠤᠨ ᠱᠠᠩᠨᠠᠯ 6 ᠨᠡᠷᠡᠰ ᠢ ᠰᠢᠯᠭᠠᠷᠠᠭᠤᠯᠪᠠ | ᠃ | ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠠ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠲᠠᠷᠢᠶᠠᠯᠠᠩ ᠳᠤ | ᠬᠤᠯᠪᠣᠭᠳᠠᠬᠤ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ | ᠬᠠᠮᠢᠶ᠎ᠠ ᠪᠦᠬᠦᠢ ᠬᠠᠷᠢᠭᠤᠴᠠᠯᠭᠠᠲᠠᠨ᠂ ᠪᠥᠬᠦ ᠬᠤᠲᠠ ᠶᠢᠨ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ | ᠱᠦᠵᠢ᠂ ᠪᠠᠯᠭᠠᠰᠤᠨ ᠤ ᠳᠠᠷᠤᠭ᠎ᠠ ᠵᠡᠷᠭᠡ 400 ᠭᠠᠷᠤᠶ ᠬᠥᠮᠦᠨ ᠠᠵᠢᠯᠯᠠᠭ᠎ᠠ ᠳᠤ ᠣᠷᠣᠯᠴᠠᠪᠠ᠃ |