ᠡᠨᠡ ᠵᠢᠯ ᠠᠴᠠ ᠨᠠᠰᠢ᠂ ᠰᠢ ᠳ᠋ᠧᠦ ᠫᠦ᠋ ᠪᠠᠯᠭᠠᠰᠤ ᠰᠡᠳᠬᠢᠯ ᠢ ᠳᠤᠯᠠᠭᠠᠴᠠᠭᠤᠯᠬᠤ ᠨᠡᠭᠦᠷᠡᠰᠦᠨ ᠤ ᠠᠵᠢᠯ ᠢ ᠨᠢᠭᠡ | ᠵᠦᠢᠯ ᠤᠨ ᠴᠢᠬᠤᠯᠠ ᠠᠭᠤᠯᠭ᠎ᠠ ᠪᠣᠯᠭᠠᠵᠤ᠂ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠦᠵᠡᠯ | ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠬᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠪᠣᠳᠠᠲᠠᠶᠢᠵᠢᠭᠤᠯᠬᠤ᠂ ᠠᠵᠢᠯ ᠤᠨ ᠬᠠᠶᠢᠷ᠎ᠠ ᠰᠡᠳᠬᠢᠯᠭᠡ ᠪᠠᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃ ᠬᠠᠶᠢᠷ᠎ᠠ | ᠰᠡᠳᠬᠢᠯᠭᠡ ᠲᠠᠢ᠂ ᠬᠠᠷᠢᠭᠤᠴᠠᠯᠭ᠎ᠠ ᠲᠠᠢ ᠪᠠᠷ ᠰᠢ ᠳ᠋ᠧᠦ ᠫᠦ᠋ ᠪᠠᠯᠭᠠᠰᠤᠨ ᠤ ᠰᠡᠳᠬᠢᠯ ᠢ ᠳᠤᠯᠠᠭᠠᠴᠠᠭᠤᠯᠬᠤ ᠨᠡᠭᠦᠷᠡᠰᠦ | ᠲᠠᠷᠬᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠠᠷᠠᠳ ᠲᠦᠮᠡᠨ ᠳᠤ ᠴᠢᠩ ᠰᠡᠳᠬᠢᠯ ᠠᠴᠠ ᠪᠠᠨ ᠦᠢᠯᠡᠴᠢᠯᠡᠬᠦ | ᠠᠭᠠᠷ ᠤᠨ ᠳᠤᠯᠠᠭᠠᠨ ᠪᠠᠭᠤᠷᠠᠬᠤ ᠶᠢ ᠳᠠᠭᠠᠯᠳᠤᠨ᠂ ᠰᠢ ᠳ᠋ᠧᠦ ᠫᠦ᠋ ᠪᠠᠯᠭᠠᠰᠤ ᠡᠪᠦᠯ ᠤᠨ ᠤᠯᠠᠷᠢᠯ ᠤᠨ | ᠳᠤᠯᠠᠭᠠᠯᠠᠭ᠎ᠠ ᠶᠢᠨ ᠪᠠᠲᠤᠯᠠᠭ᠎ᠠ ᠶᠢᠨ ᠠᠵᠢᠯ ᠢ ᠱᠠᠯᠠᠪᠳᠠᠨ ᠥᠷᠨᠢᠭᠦᠯᠵᠦ᠂ ᠣᠯᠠᠨ ᠲᠦᠮᠡᠨ ᠤ ᠪᠠᠴᠢᠮᠳᠠᠵᠤ ᠪᠠᠶᠢᠭ᠎ᠠ | ᠵᠦᠢᠯ ᠳᠤ ᠪᠠᠴᠢᠮᠳᠠᠵᠤ᠂ ᠣᠯᠠᠨ ᠲᠦᠮᠡᠨ ᠤ ᠪᠣᠳᠣᠵᠤ ᠪᠠᠶᠢᠭ᠎ᠠ ᠵᠦᠢᠯ ᠢ ᠪᠣᠳᠣᠵᠤ᠂ ᠨᠢᠭᠡ ᠡᠷᠦᠬᠡ ᠶᠢ ᠴᠦ | ᠣᠷᠬᠢᠭᠳᠠᠭᠤᠯᠬᠤ ᠦᠭᠡᠢ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠵᠤ᠂ ᠬᠠᠯᠠᠭᠤᠨ ᠳᠤᠯᠠᠭᠠᠨ | ᠨᠡᠭᠦᠷᠡᠰᠦᠨ ᠤ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠲᠣᠰᠬᠤᠨ ᠤ ᠠᠷᠠᠳ ᠤᠨ ᠡᠪᠦᠯ ᠤᠨ | ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦ ᠲᠠᠢ ᠪᠠᠶᠢᠵᠤ᠂ ᠬᠤᠳᠠᠯᠳᠤᠨ ᠠᠪᠴᠤ ᠳᠡᠶᠢᠯᠬᠦ᠂ ᠳᠤᠯᠠᠭᠠᠨ ᠡᠪᠦᠯᠵᠢᠬᠦ ᠶᠢ | ᠦᠨᠡᠨ ᠬᠦ ᠪᠠᠲᠤᠯᠠᠪᠠ᠃ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠪᠣᠯ ᠡᠪᠦᠯ ᠤᠨ ᠤᠯᠠᠷᠢᠯ ᠤᠨ ᠠᠷᠠᠳ ᠤᠨ | ᠠᠮᠢᠳᠤᠷᠠᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠂ ᠰᠢ ᠳ᠋ᠧᠦ ᠫᠦ᠋ ᠵᠠᠰᠠᠭ ᠤᠨ ᠣᠷᠳᠣᠨ ︽ | ᠠᠷᠠᠳ ᠲᠦᠮᠡᠨ ᠢᠶᠠᠷ ᠭᠤᠣᠯ ᠪᠣᠯᠭᠠᠬᠤ︾ ᠠᠵᠢᠯ ᠤᠨ ᠣᠨᠣᠯᠵᠢᠬᠤᠨ ᠢ ᠪᠠᠷᠢᠮᠲᠠᠯᠠᠵᠤ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠵᠤ᠂ ᠰᠠᠭᠠᠳ ᠦᠭᠡᠢ ᠨᠡᠪᠲᠡᠷᠡᠭᠦᠯᠵᠦ᠂ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠨᠢᠭᠲᠠ ᠬᠠᠮᠵᠢᠯᠴᠠᠨ᠂ ᠡᠩ ᠤᠨ ᠦᠨ᠎ᠡ ᠶᠢᠨ ᠨᠡᠭᠦᠷᠡᠰᠦ ᠶᠢ ᠴᠠᠭ ᠲᠤᠬᠠᠢ ᠳᠤᠨᠢ ᠮᠠᠯᠴᠢᠨ | ᠲᠠᠷᠢᠶᠠᠴᠢᠨ ᠤ ᠭᠡᠷ ᠲᠤ ᠲᠠᠷᠬᠠᠭᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ | ᠴᠢᠩ ᠰᠡᠳᠬᠢᠯ ᠠᠴᠠ ᠪᠠᠨ ᠵᠣᠬᠢᠶᠠᠨ ᠪᠠᠶᠢᠭᠤᠯᠬᠤ ᠠᠵᠢᠯ ᠢ ᠬᠢᠨ᠎ᠡ | ᠰᠢ ᠳ᠋ᠧᠦ ᠫᠦᠰᠡ ᠨᠢ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠬᠵᠢᠭᠤᠯᠵᠤ᠂ ᠤᠷᠢᠳᠴᠢᠯᠠᠨ ᠲᠥᠯᠥᠪᠯᠡᠵᠦ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ | ᠭᠡᠬᠦ ᠡᠨᠡᠬᠦ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨᠬᠦ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠱᠠᠭᠠᠷᠳᠠᠯᠭ᠎ᠠ ᠶᠣᠰᠣᠭᠠᠷ ᠡᠯ᠎ᠡ ᠲᠣᠰᠬᠤᠨ | ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠲᠤᠰ ᠪᠠᠯᠭᠠᠰᠤᠨ ᠤ | ᠨᠡᠭᠦᠷᠡᠰᠦ ᠬᠠᠩᠭᠠᠬᠤ ᠪᠠᠷᠢᠮᠵᠢᠶ᠎ᠠ ᠳᠤ ᠨᠡᠶᠢᠴᠡᠬᠦ ᠲᠣᠰᠬᠤᠨ ᠤ ᠠᠷᠠᠳ ᠤᠨ ᠡᠷᠦᠬᠡ ᠶᠢᠨ ᠲᠤᠭ᠎ᠠ ᠵᠢᠴᠢ ᠡᠪᠦᠯ ᠤᠨ | ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠣᠳᠠᠲᠠᠢ ᠬᠡᠷᠡᠭᠴᠡᠭᠡ ᠶᠢᠨ ᠬᠡᠮᠵᠢᠶ᠎ᠡ ᠶᠢ ᠪᠦᠬᠦ ᠲᠠᠯ᠎ᠠ ᠪᠠᠷ | ᠲᠣᠳᠣᠷᠬᠠᠢ ᠣᠶᠢᠯᠠᠭᠠᠵᠤ᠂ ᠡᠷᠦᠬᠡ ᠠᠮᠠ ᠶᠢᠨ ᠳᠠᠩᠰᠠ ᠲᠠᠢ ᠬᠥᠮᠦᠨ ᠠᠮᠠ᠂ ᠪᠠᠶᠢᠩᠭᠤ ᠰᠠᠭᠤᠭ᠎ᠠ ᠬᠥᠮᠦᠨ ᠠᠮᠠ᠂ | ᠲᠥᠷᠥ ᠶᠢᠨ ᠪᠣᠳᠣᠯᠭ᠎ᠠ ᠬᠦᠷᠲᠡᠬᠦ ᠬᠡᠪᠴᠢᠶᠡᠨ ᠳᠤ ᠪᠠᠶᠢᠬᠤ ᠦᠭᠡᠢ ᠬᠥᠮᠦᠨ ᠠᠮᠠ ᠶᠢᠨ ᠲᠤᠭ᠎ᠠ ᠬᠡᠮᠵᠢᠶ᠎ᠡ ᠶᠢ ᠨᠠᠷᠢᠯᠢᠭ | ᠣᠨᠣᠴᠠᠲᠠᠢ ᠪᠠᠷ ᠡᠵᠡᠮᠳᠡᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠢ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠢ᠃ ᠲᠤᠭ᠎ᠠ ᠪᠦᠷᠢᠳᠬᠡᠯ ᠤᠨ ᠦᠷ᠎ᠡ ᠲᠦᠩ ᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠢ᠃ | ᠰᠢ ᠳ᠋ᠧᠦ ᠫᠦ᠋ ᠪᠠᠯᠭᠠᠰᠤ ᠨᠡᠭᠦᠷᠡᠰᠦ ᠬᠠᠩᠭᠠᠬᠤ ᠺᠣᠮᠫᠠᠨᠢ ᠶᠢ ᠢᠳᠡᠪᠬᠢᠲᠡᠢ ᠵᠣᠯᠭᠠᠭᠤᠯᠵᠤ᠂ ︽ᠰᠡᠳᠬᠢᠯ ᠢ | ᠳᠤᠯᠠᠭᠠᠴᠠᠭᠤᠯᠬᠤ ᠨᠡᠭᠦᠷᠡᠰᠦ︾ ᠶᠢ ᠲᠤᠬᠢᠷᠠᠭᠤᠯᠬᠤ᠂ ᠵᠥᠭᠡᠭᠡᠪᠦᠷᠢᠯᠡᠬᠦ ᠪᠠ ᠲᠠᠷᠬᠠᠭᠠᠬᠤ ᠵᠡᠷᠭᠡ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠲᠥᠯᠥᠪᠵᠢᠭᠦᠯᠦᠨ᠎ᠡ᠃ 10 ᠰᠠᠷ᠎ᠠ ᠶᠢᠨ 2 ᠤᠨ ᠡᠳᠦᠷ᠂ ᠰᠢ ᠳ᠋ᠧᠦ ᠫᠦ᠋ ᠪᠠᠯᠭᠠᠰᠤ | ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠲᠠᠷᠬᠠᠭᠠᠵᠤ᠂ ᠨᠡᠶᠢᠲᠡ 200 ᠡᠷᠦᠬᠡ ᠲᠣᠰᠬᠤᠨ ᠤ ᠠᠷᠠᠳ ᠲᠤ | ᠬᠤᠯᠪᠣᠭᠳᠠᠵᠤ᠂ ᠨᠡᠶᠢᠲᠡ 326.2 ᠲᠣᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠲᠠᠷᠬᠠᠭᠠᠪᠠ᠃ | ᠲᠣᠰᠬᠤᠨ ᠤ ᠠᠷᠠᠳ ᠨᠢᠭᠡ ᠲᠡᠷᠭᠡ ᠲᠡᠷᠭᠡᠨ ᠳᠤ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠭᠡᠷ ᠲᠡᠭᠡᠨ | ᠠᠪᠴᠢᠷᠠᠵᠤ᠂ ᠬᠠᠷ᠎ᠠ ᠨᠡᠭᠦᠷᠡᠰᠦ ᠨᠢ ᠪᠠᠶᠢᠩᠭᠤ ᠰᠠᠭᠤᠭ᠎ᠠ ᠡᠷᠦᠬᠡ ᠶᠢᠨ ᠭᠡᠷ ᠢ ᠳᠤᠯᠠᠭᠠᠴᠠᠭᠤᠯᠤᠭᠰᠠᠨ ᠢᠶᠠᠷ ᠪᠠᠷᠠᠬᠤ | ᠦᠭᠡᠢ᠂ ᠲᠡᠳᠡᠨ ᠤ ᠰᠡᠳᠬᠢᠯ ᠢ ᠴᠦ ᠳᠤᠯᠠᠭᠠᠴᠠᠭᠤᠯᠪᠠ᠃ | ᠴᠢᠩ ᠰᠡᠳᠬᠢᠯ ᠠᠴᠠ ᠪᠠᠨ ᠲᠣᠰᠬᠤᠨ ᠤ ᠠᠷᠠᠳ ᠢ ᠬᠠᠪᠰᠤᠷᠬᠤ | ᠬᠠᠮᠤᠭ ᠤᠨ ᠴᠢᠨᠠᠷ ᠰᠠᠶᠢᠲᠠᠢ ᠨᠡᠭᠦᠷᠡᠰᠦ ᠶᠢ ᠠᠷᠠᠳ ᠣᠯᠠᠨ ᠤ ᠭᠠᠷ ᠲᠤ ᠲᠦᠭᠡᠭᠡᠬᠦ ᠶᠢ ᠪᠠᠲᠤᠯᠠᠬᠤ ᠶᠢᠨ | ᠲᠥᠯᠥᠭᠡ᠂ ᠣᠯᠠᠨ ᠢ ᠦᠨᠡᠨ ᠬᠦ ᠬᠠᠯᠠᠭᠤᠨ ᠳᠤᠯᠠᠭᠠᠨ ᠨᠡᠭᠦᠷᠡᠰᠦ ᠬᠡᠷᠡᠭᠯᠡᠵᠦ᠂ ᠪᠡᠶ᠎ᠡ ᠰᠡᠳᠬᠢᠯ ᠢ ᠨᠡᠩ | ᠳᠤᠯᠠᠭᠠᠴᠠᠭᠤᠯᠬᠤ ᠪᠣᠯᠭᠠᠨ᠎ᠠ᠃ ᠰᠢ ᠳ᠋ᠧᠦ ᠫᠦ᠋ ᠪᠠᠯᠭᠠᠰᠤ ᠨᠡᠭᠦᠷᠡᠰᠦᠨ ᠤ ᠶᠠᠰᠤ ᠴᠢᠨᠠᠷ ᠤᠨ ᠪᠣᠭᠤᠮᠲᠠ᠂ | ᠲᠡᠭᠡᠭᠡᠪᠦᠷᠢ ᠶᠢᠨ ᠪᠣᠭᠤᠮᠲᠠ ᠶᠢ ᠴᠢᠩᠭ᠎ᠠ ᠠᠳᠬᠤᠵᠤ᠂ ᠴᠢᠩᠭ᠎ᠠ ᠪᠠᠶᠢᠷᠢᠯᠠᠭᠤᠯᠵᠤ᠂ ᠯᠠᠪᠳᠠᠭᠤᠨ ᠢᠶᠠᠷ ᠠᠬᠢᠭᠤᠯᠵᠤ᠂ | ᠨᠠᠷᠢᠨ ᠨᠠᠶᠢᠳᠠᠪᠤᠷᠢᠵᠢᠭᠤᠯᠵᠤ᠂ 2024 ᠣᠨ ᠤ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠲᠠᠷᠬᠠᠭᠠᠬᠤ | ᠠᠵᠢᠯ ᠢ ᠦᠨᠡᠨ ᠬᠦ ᠰᠠᠶᠢᠲᠤᠷ ᠬᠢᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠦᠬᠦ | ᠬᠦᠴᠦᠨ ᠢᠶᠠᠷ ᠢᠶᠠᠨ ᠪᠠᠲᠤᠯᠠᠪᠠ᠃ ᠤᠳᠬᠤᠭᠤᠷ ᠲᠡᠷᠭᠡᠨ ᠤ ᠬᠦᠩᠭᠢᠨᠡᠮ᠎ᠡ ᠳᠠᠭᠤᠨ ᠳᠤᠮᠳᠠ᠂ ᠡᠯ᠎ᠡ ᠲᠣᠰᠬᠤᠨ ᠤ | ᠠᠷᠠᠳ ᠤᠨ ᠵᠥᠪᠯᠡᠯ ᠤᠨ ᠺᠠᠳ᠋ᠷ ᠲᠣᠰᠬᠤᠨ ᠤ ᠠᠷᠠᠳ ᠢ ᠵᠣᠬᠢᠶᠠᠨ ᠪᠠᠶᠢᠭᠤᠯᠵᠤ ᠲᠠᠷᠬᠠᠭᠠᠬᠤ ᠶᠠᠪᠤᠴᠠ ᠶᠢᠨ ᠡᠮᠬᠢ | ᠵᠢᠷᠤᠮ ᠲᠠᠢ ᠳᠠᠩᠰᠠᠯᠠᠬᠤ᠂ ᠨᠡᠭᠦᠷᠡᠰᠦ ᠰᠠᠪᠠᠯᠠᠬᠤ᠂ ᠵᠢᠩᠨᠡᠬᠦ᠂ ᠭᠠᠷ ᠤᠨ ᠦᠰᠦᠭ ᠵᠢᠷᠤᠬᠤ ᠳᠤ᠂ ︽ᠬᠠᠯᠠᠮᠵᠢ ᠶᠢᠨ | ᠨᠡᠭᠦᠷᠡᠰᠦ︾ ᠶᠢ ᠳᠦᠭᠦᠷᠲᠡᠯ᠎ᠡ ᠲᠡᠭᠡᠭᠡᠭᠰᠡᠨ ᠲᠡᠷᠭᠡ ᠨᠦᠭᠦᠳ ᠨᠢ ᠪᠠᠶᠠᠷ ᠪᠠᠶᠠᠰᠬᠤᠯᠠᠩᠲᠤ ᠴᠢᠷᠠᠢ ᠶᠢ ᠳᠦᠭᠦᠷᠭᠡᠵᠦ᠂ | ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠦᠨᠡᠨᠬᠦ ︽ᠳᠤᠯᠠᠭᠠᠴᠠᠭᠤᠯᠬᠤ︾ ᠶᠢ ᠣᠯᠠᠨ ᠲᠦᠮᠡᠨ ᠤ | ᠰᠡᠳᠬᠢᠯ ᠳᠤ ᠬᠠᠳᠠᠩᠰᠢᠭᠤᠯᠪᠠ᠃ | ᠳᠠᠷᠠᠭᠠᠴᠢ ᠶᠢᠨ ᠠᠯᠬᠤᠮ ᠳᠤ᠂ ᠰᠢ ᠳ᠋ᠧᠦ ᠫᠦ᠋ ᠪᠠᠯᠭᠠᠰᠤ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ | ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠥᠷᠭᠡᠨ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ ᠢ ᠨᠡᠩ ᠭᠦᠢᠴᠡᠳ ᠪᠣᠯᠭᠠᠵᠤ᠂ ᠵᠣᠯ ᠵᠢᠷᠭᠠᠯᠲᠤ ᠲᠥᠷᠥᠭᠳᠡᠯ ᠢ ᠨᠡᠩ | ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ ᠪᠣᠯᠭᠠᠨ᠎ᠠ᠃ |