10 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠰᠢᠩ ᠱᠦᠨ ᠰᠢ ᠪᠠᠯᠭᠠᠰᠤ ︽ᠯᠤᠲᠤ ᠶᠡᠭᠡ | ᠬᠤᠪᠢᠷᠠᠯᠲᠠ ᠶᠢ ᠶᠠᠷᠢᠯᠴᠠᠬᠤ᠂ ᠨᠠᠮ ᠤᠨ ᠠᠴᠢ ᠳᠤ ᠲᠠᠯᠠᠷᠬᠠᠬᠤ᠂ ᠬᠤᠶᠠᠷ ᠶᠡᠭᠡ ᠶᠠᠪᠤᠳᠠᠯ ᠢ ᠬᠠᠮᠲᠤ ᠪᠠᠷ | ᠠᠬᠢᠭᠤᠯᠬᠤ︾ ᠨᠢᠭᠡᠳᠦᠮᠡᠯ ᠹᠷᠣᠨᠲ ᠤᠨ ᠪᠦᠷᠢᠯᠳᠦᠬᠦᠨ ᠤ ᠴᠢᠩ ᠰᠡᠳᠬᠢᠯ ᠤᠨ ᠶᠠᠷᠢᠯᠴᠠᠭᠠᠨ ᠤ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠪᠠᠯᠭᠠᠰᠤᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠲᠤᠷᠰᠢᠬᠢ ᠠᠵᠤ ᠠᠬᠤᠢ ᠪᠠ ᠨᠡᠶᠢᠭᠡᠮ ᠤᠨ ᠯᠤᠲᠤ ᠶᠡᠭᠡ ᠬᠤᠪᠢᠷᠠᠯᠲᠠ ᠵᠢᠴᠢ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠡᠷᠭᠢᠴᠡᠭᠦᠯᠵᠦ᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ | ᠶᠢ ᠲᠣᠭᠲᠠᠭᠠᠭᠰᠠᠨ ᠥᠩᠭᠡᠷᠡᠯᠲᠡ᠂ ᠨᠡᠶᠢᠲᠡᠯᠡᠬᠦ ᠪᠠ ᠬᠡᠷᠡᠭᠵᠢᠭᠦᠯᠬᠦ ᠶᠠᠪᠤᠴᠠ ᠪᠠ ᠭᠤᠣᠯ ᠠᠭᠤᠯᠭ᠎ᠠ ᠶᠢ | ᠪᠠᠬᠢᠵᠢᠭᠦᠯᠪᠡ᠃ ᠬᠤᠷᠠᠯ ᠳᠤ ᠣᠷᠣᠯᠴᠠᠭᠰᠠᠳ ︽ᠯᠤᠲᠤ ᠶᠡᠭᠡ ᠬᠤᠪᠢᠷᠠᠯᠲᠠ ᠶᠢ ᠶᠠᠷᠢᠯᠴᠠᠬᠤ︾ ᠪᠠ ︽ᠨᠠᠮ ᠤᠨ | ᠠᠴᠢ ᠶᠢ ᠮᠡᠳᠡᠷᠡᠬᠦ︾ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠬᠠᠷᠢᠯᠴᠠᠨ ᠰᠣᠯᠢᠯᠴᠠᠵᠤ᠂ ᠲᠥᠷᠥᠭᠳᠡᠯ ᠢᠶᠠᠨ | ᠶᠠᠷᠢᠵᠤ ᠣᠯᠤᠯᠲᠠ ᠪᠠᠨ ᠶᠠᠷᠢᠵᠤ᠂ ᠥᠪᠡᠷ ᠤᠨ ᠪᠡᠶ᠎ᠡ ᠪᠠᠷ ᠢᠶᠠᠨ ᠤᠯᠤᠰ ᠤᠨ ᠬᠤᠪᠢᠷᠠᠯᠲᠠ᠂ ᠳᠡᠷᠭᠡᠳᠡᠬᠢ | ᠬᠤᠪᠢᠷᠠᠯᠲᠠ ᠪᠠ ᠲᠤᠰ ᠪᠡᠶ᠎ᠡ ᠶᠢᠨ ᠬᠤᠪᠢᠷᠠᠯᠲᠠ ᠶᠢ ᠶᠠᠷᠢᠵᠤ᠂ ᠨᠠᠮ ᠪᠠ ᠤᠯᠤᠰ ᠲᠤ ᠬᠢᠵᠠᠭᠠᠯᠠᠰᠢ ᠦᠭᠡᠢ ᠠᠴᠢ | ᠬᠠᠷᠢᠭᠤᠯᠠᠬᠤ ᠪᠠ ᠢᠷᠡᠭᠡᠳᠦᠢ ᠶᠢᠨ ᠬᠥᠭᠵᠢᠯᠲᠡ ᠶᠢᠨ ᠲᠤᠬᠠᠢ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠭᠦᠨ | ᠢᠯᠡᠳᠬᠡᠪᠡ᠃ | ᠬᠤᠷᠠᠯ ᠠᠴᠠ᠂ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ | ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠲᠠᠷᠢᠬᠢ ᠲᠣᠯᠣᠭᠠᠢ ᠪᠠᠨ ᠦᠷᠭᠦᠯᠵᠢᠯᠡᠨ ᠵᠡᠪᠰᠡᠭᠯᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | ᠨᠠᠮ ᠤᠨ ᠰᠢᠨ᠎ᠡ ᠶᠢ ᠡᠭᠦᠳᠬᠦ ᠣᠨᠣᠯ ᠤᠨ ᠳᠤᠮᠳᠠ ᠠᠭᠤᠯᠤᠭᠳᠠᠵᠤ ᠪᠠᠶᠢᠭ᠎ᠠ ᠦᠨᠡᠨ ᠶᠣᠰᠣᠨ ᠤ ᠬᠦᠴᠦᠨ ᠪᠠ | ᠦᠢᠯᠡᠳᠦᠯᠭᠡ ᠶᠢᠨ ᠠᠤᠭ᠎ᠠ ᠬᠦᠴᠦᠨ ᠢ ᠭᠦᠨᠵᠡᠭᠡᠢ ᠣᠶᠢᠯᠠᠭᠠᠵᠤ᠂ ᠨᠠᠮ ᠤᠨ ᠣᠨᠣᠯ ᠲᠥᠷᠥ ᠶᠢᠨ ᠪᠣᠳᠣᠯᠭ᠎ᠠ ᠶᠢᠨ | ᠲᠤᠬᠠᠢ ᠤᠯᠤᠰ ᠲᠥᠷᠥ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠣᠨᠣᠯ ᠤᠨ ᠮᠡᠳᠡᠷᠡᠮᠵᠢ᠂ ᠬᠠᠶᠢᠷ᠎ᠠ | ᠰᠡᠳᠬᠢᠯᠭᠡ ᠶᠢᠨ ᠮᠡᠳᠡᠷᠡᠮᠵᠢ ᠶᠢ ᠴᠢᠨᠠᠭᠰᠢᠳᠠ ᠴᠢᠩᠭᠠᠳᠬᠠᠵᠤ᠂ ᠨᠢᠭᠡᠳᠦᠮᠡᠯ ᠹᠷᠣᠨᠲ ᠤᠨ ᠠᠵᠢᠯ ᠤᠨ ᠲᠤᠬᠠᠢ | ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠨᠢᠭᠡᠳᠦᠮᠡᠯ ᠹᠷᠣᠨᠲ ᠤᠨ ᠬᠦᠴᠦᠨ ᠢ ᠲᠠᠰᠤᠷᠠᠯᠲᠠ ᠦᠭᠡᠢ | ᠨᠢᠭᠲᠠᠷᠠᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠨᠢᠭᠡᠳᠦᠮᠡᠯ ᠹᠷᠣᠨᠲ ᠤᠨ ᠠᠵᠢᠯᠲᠠᠳ ᠬᠤᠷᠠᠯ ᠠᠴᠠ ᠡᠮᠦᠨ᠎ᠡ ᠣᠯᠠᠨ ᠢ ᠳᠠᠭᠠᠭᠤᠯᠤᠨ ᠤᠯᠠᠭᠠᠨ ᠠᠨᠠᠷ ᠤᠨ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠰᠣᠶᠣᠯ ᠤᠨ ᠬᠡᠷᠡᠮ ᠢ | ᠲᠣᠭᠤᠷᠢᠨ ᠦᠵᠡᠵᠦ᠂ ᠰᠣᠶᠣᠯ ᠤᠨ ᠬᠡᠷᠡᠮ ᠳᠡᠭᠡᠷ᠎ᠡ ᠠᠮᠢᠳᠤᠯᠢᠭ ᠵᠢᠷᠤᠭ ᠪᠣᠯᠤᠨ ᠭᠤᠶᠢᠳᠠ ᠰᠠᠶᠢᠬᠠᠨ ᠦᠰᠦᠭ | ᠪᠢᠴᠢᠭ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠪᠣᠯᠤᠨ ᠲᠥᠪ ᠤᠨ ᠦᠨᠳᠦᠰᠦᠲᠡᠨ ᠤ | ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠦᠭᠰᠡᠨ ᠲᠤᠷᠰᠢᠯᠭ᠎ᠠ᠂ | ᠰᠢᠩ ᠱᠦᠨ ᠰᠢ ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠬᠥᠭᠵᠢᠯᠲᠡ ᠶᠢᠨ ᠦᠯᠢᠭᠡᠷ ᠵᠡᠷᠭᠡ ᠠᠭᠤᠯᠭ᠎ᠠ ᠶᠢ | ᠳᠡᠯᠭᠡᠨ ᠦᠵᠡᠭᠦᠯᠵᠡᠢ᠃ ᠨᠢᠭᠡᠳᠦᠮᠡᠯ ᠹᠷᠣᠨᠲ ᠤᠨ ᠠᠵᠢᠯᠲᠠᠳ ᠤᠨ ᠲᠠᠶᠢᠯᠤᠮᠵᠢ ᠪᠠ ᠵᠢᠯᠣᠭᠤᠳᠣᠯᠭ᠎ᠠ ᠳᠣᠣᠷ᠎ᠠ᠂ | ᠣᠯᠠᠨ ᠢᠶᠠᠷ ᠢᠶᠠᠨ ᠵᠣᠭᠰᠣᠨ᠂ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠬᠠᠮᠲᠤ ᠪᠠᠷ ᠰᠠᠨᠠᠯ ᠢᠶᠠᠨ | ᠰᠣᠯᠢᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ | ᠤᠯᠤᠰ ᠤᠨ ᠨᠢᠭᠡᠳᠦᠯ ᠤᠨ ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠣᠶᠤᠨ ᠰᠠᠨᠠᠭᠠᠨ ᠤ | ᠬᠦᠴᠦᠨ ᠤ ᠰᠦᠭ ᠰᠦᠨᠡᠰᠦ ᠮᠥᠨ ᠭᠡᠳᠡᠭ ᠢ ᠭᠦᠨᠵᠡᠭᠡᠢ ᠣᠶᠢᠯᠠᠭᠠᠪᠠ᠃ | |