︽ᠠᠵᠢᠯ ᠣᠯᠭᠤᠯᠲᠠ ᠪᠠᠷ ᠲᠡᠳᠬᠦᠮᠵᠢ ᠶᠢ ᠣᠷᠤᠯᠠᠭᠤᠯᠵᠤ︾ ᠲᠠᠷᠢᠶᠠᠴᠢᠳ ᠢ ᠡᠯᠡᠰᠦ ᠶᠢ ᠵᠠᠰᠠᠬᠤ ︽ᠭᠤᠤᠯ ᠳᠦᠷᠢ︾ ᠪᠣᠯᠭᠠᠶ᠎ᠠ
ᠨᠡᠶᠢᠲᠡᠯᠡᠭᠰᠡᠨ ᠴᠠᠭ᠄
2024/10/20
    ᠶᠡᠷᠦᠩᠬᠡᠢ ᠱᠦᠵᠢ ᠰᠢ ᠶᠢᠨ ᠫᠢᠩ᠂ ︽ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠴᠦ᠂ ᠡᠬᠡ ᠤᠯᠤᠰ ᠤᠨ ᠤᠮᠠᠷᠠᠲᠤ ᠶᠢᠨ ᠡᠨᠡᠬᠦ ᠲᠦᠮᠡᠨ ᠭᠠᠵᠠᠷ ᠤᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠲᠠᠯ᠎ᠠ ᠪᠠᠷ ᠨᠡᠩ ᠶᠡᠭᠡ ᠠᠮᠵᠢᠯᠲᠠ ᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃    2024 ᠣᠨ ᠳᠤ ᠮᠠᠨ ᠤ ᠰᠢᠶᠠᠨ ᠮᠤᠨᠢ ᠠᠭᠤᠯᠠ ᠶᠢᠨ ᠠᠷᠤ ᠬᠤᠷᠮᠣᠶ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠨ ᠤ ᠲᠣᠪᠴᠢᠶ᠎ᠠ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ︽ᠤᠷᠢᠳᠠᠪᠠᠷ ᠣᠯᠠᠨ ᠲᠦᠮᠡᠨ ᠪᠠᠶᠢᠵᠤ᠂ ᠳᠠᠷᠠᠭ᠎ᠠ ᠨᠢ ᠲᠥᠷᠥᠯ ᠵᠦᠢᠯ ᠲᠠᠢ ᠪᠣᠯᠬᠤ︾ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠰᠤᠳᠤᠯᠭᠠᠨ᠂ ᠠᠵᠢᠯ ᠤᠨ ᠵᠢᠷᠤᠭ ᠲᠥᠯᠥᠪᠯᠡᠭᠡ ᠵᠡᠷᠭᠡ ᠡᠮᠦᠨᠡᠬᠢ ᠬᠤᠭᠤᠴᠠᠭᠠᠨ ᠤ ᠠᠵᠢᠯ ᠤᠨ ᠱᠠᠲᠤ ᠦᠶ᠎ᠡ ᠳᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠭᠤᠭᠴᠤᠭ᠎ᠠ ᠪᠠ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠲᠤᠬᠠᠶ ᠶᠢᠨ ᠭᠠᠵᠠᠷ ᠤᠨ ᠲᠠᠷᠢᠶᠠᠴᠢᠳ ᠢ ᠬᠠᠮᠤᠭ ᠤᠨ ᠶᠡᠭᠡ ᠬᠡᠮᠵᠢᠶ᠎ᠡ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠤ᠂ ᠮᠠᠰᠢ ᠣᠯᠠᠨ ᠲᠤᠬᠠᠶ ᠶᠢᠨ ᠭᠠᠵᠠᠷ ᠤᠨ ᠲᠠᠷᠢᠶᠠᠴᠢᠳ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠲᠥᠷᠦ ᠶᠢᠨ ᠪᠣᠳᠤᠯᠭ᠎ᠠ ᠶᠢ ᠶᠢ ᠵᠠᠪᠳᠤᠵᠤ᠂ ᠣᠶᠢᠷ᠎ᠠ ᠬᠠᠪᠢ ᠳᠠᠭᠠᠨ ᠠᠵᠢᠯ ᠣᠯᠵᠤ᠂ ᠬᠠᠷᠮᠠᠨ ᠢᠶᠠᠨ ᠳᠦᠭᠦᠷᠭᠡᠪᠡ᠃    ᠮᠤᠨᠢ ᠠᠭᠤᠯᠠ ᠶᠢᠨ ᠠᠷᠤ ᠬᠤᠷᠮᠣᠶ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 1.14 ᠳ᠋ᠦᠩᠰᠢᠭᠤᠷ ᠲᠥᠭᠦᠷᠢᠭ ᠲᠤ ᠬᠦᠷᠴᠦ᠂ ᠣᠶ ᠰᠢᠭᠤᠶ ᠶᠢᠨ ᠠᠮᠢ ᠠᠬᠤᠶ ᠶᠢᠨ ᠰᠢᠰᠲ᠋ᠧᠮ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠲᠠᠯᠠᠪᠠᠶ 14.2 ᠲᠦᠮᠡᠨ ᠮᠥ ᠳᠤ ᠬᠦᠷᠴᠦ᠂ ᠡᠭᠦᠨ ᠳᠤ ᠬᠥᠮᠦᠨ ᠤ ᠬᠦᠴᠦ ᠪᠠᠷ ᠪᠠᠶᠢᠭᠤᠯᠤᠭᠰᠠᠨ ᠲᠤᠷᠤᠭ ᠮᠣᠳᠣᠨ ᠤ ᠣᠶ 0.2 ᠲᠦᠮᠡᠨ ᠮᠥ᠂ ᠲᠠᠴᠢᠷᠳᠠᠭᠰᠠᠨ ᠣᠶ ᠶᠢ ᠵᠠᠰᠠᠨ ᠰᠡᠷᠭᠦᠭᠡᠭᠰᠡᠨ 14 ᠲᠦᠮᠡᠨ ᠮᠥ ᠪᠤᠢ︔ ᠨᠤᠲᠤᠭ ᠪᠡᠯᠴᠢᠭᠡᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠭᠰᠠᠨ ᠲᠠᠯᠠᠪᠠᠶ 16.7 ᠲᠦᠮᠡᠨ ᠮᠥ᠂ ᠨᠤᠲᠤᠭ ᠪᠡᠯᠴᠢᠭᠡᠷ ᠤᠨ ᠬᠦᠷᠢᠶ᠎ᠡ ᠬᠠᠰᠢᠶ᠎ᠠ ᠶᠢᠨ ᠪᠥᠲᠥᠭᠡᠨ ᠪᠠᠶᠢᠭᠤᠯᠤᠯᠲᠠ 127.5 ᠲᠦᠮᠡᠨ ᠮᠥ᠂ ᠤᠰᠤ ᠬᠠᠮᠠᠭᠠᠯᠠᠬᠤ 3 ᠪᠡᠯᠡᠳᠬᠡᠮᠵᠢ ᠪᠣᠶ᠃ ᠲᠣᠮᠣ ᠬᠡᠯᠪᠡᠷᠢ ᠶᠢᠨ ᠪᠡᠯᠡᠳᠬᠡᠯ ᠲᠥᠬᠦᠭᠡᠷᠦᠮᠵᠢ ᠶᠢ ᠬᠡᠷᠡᠭᠯᠡᠬᠦ ᠠᠴᠠ ᠭᠠᠳᠠᠨ᠎ᠠ᠂ ᠲᠤᠬᠠᠶ ᠶᠢᠨ ᠭᠠᠵᠠᠷ ᠤᠨ 120 ᠭᠠᠷᠤᠶ ᠲᠠᠷᠢᠶᠠᠴᠢᠨ ᠢ ᠬᠥᠯᠥᠰᠥᠯᠡᠵᠦ᠂ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠪᠠᠷᠤᠭ 42 ᠲᠦᠮᠡᠨ ᠲᠥᠭᠦᠷᠢᠭ ᠲᠠᠷᠬᠠᠭᠠᠪᠠ᠃    ︽ᠤᠮᠠᠷᠠᠲᠤ ᠶᠢᠨ ᠭᠤᠷᠪᠠᠨ ᠣᠷᠤᠨ︾ ᠤ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠵᠦ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠨᠢ ᠡᠯ᠎ᠡ ᠭᠠᠵᠠᠷ ᠤᠨ ᠲᠠᠷᠢᠶᠠᠴᠢᠳ ᠲᠤ ᠠᠵᠢᠯ ᠣᠯᠭᠤᠬᠤ ᠲᠣᠬᠢᠶᠠᠯ ᠬᠠᠩᠭᠠᠭᠰᠠᠨ ᠢᠶᠠᠷ ᠪᠠᠷᠠᠬᠤ ᠦᠭᠡᠢ᠂ ᠣᠶᠢᠷ᠎ᠠ ᠬᠠᠪᠢ ᠳᠠᠭᠠᠨ ᠠᠵᠢᠯ ᠣᠯᠬᠤ ᠶᠢ ᠪᠡᠶᠡᠯᠡᠭᠦᠯᠵᠦ᠂ ᠭᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠵᠦ᠂ ᠪᠠᠰᠠ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠪᠠ᠃ ᠵᠢᠱᠢᠶᠡᠯᠡᠪᠡᠯ ᠦᠷ᠎ᠡ ᠴᠢᠬᠢ ᠪᠤᠶᠢᠵᠢᠭᠤᠯᠬᠤ᠂ ᠵᠥᠭᠡᠭᠡᠪᠦᠷᠢᠯᠡᠬᠦ ᠵᠡᠷᠭᠡ︔ ᠣᠯᠠᠨ ᠲᠦᠮᠡᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠵᠦ᠂ ᠬᠤᠶᠢᠰᠢᠳᠠ ᠶᠢᠨ ᠠᠵᠢᠯ ᠣᠯᠭᠤᠯᠲᠠ ᠪᠠ ᠠᠳᠠᠯ ᠦᠢᠯᠡᠰ ᠴᠣᠭᠴᠠᠯᠠᠬᠤ ᠳᠤ ᠰᠠᠭᠤᠷᠢ ᠲᠠᠯᠪᠢᠵᠤ ᠥᠭᠴᠡᠢ︔ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠨᠢ ᠲᠥᠷᠥᠯ ᠵᠦᠢᠯ ᠤᠨ ᠪᠡᠯᠡ ᠮᠥᠩᠭᠦ ᠶᠢᠨ ︽ᠦᠷᠡᠵᠢᠪᠦᠷᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠥᠩᠭᠡᠷᠡᠭᠰᠡᠨ ᠤ ︽ᠵᠠᠰᠠᠭ ᠤᠨ ᠣᠷᠳᠣᠨ ᠬᠢᠵᠦ᠂ ᠣᠯᠠᠨ ᠲᠦᠮᠡᠨ ᠦᠵᠡᠬᠦ︾ ᠠᠷᠭ᠎ᠠ ᠬᠢᠳᠡᠯ ᠢ ᠬᠤᠪᠢᠷᠠᠭᠤᠯᠵᠤ᠂ ᠲᠥᠯᠥᠪᠦᠷᠢ ᠲᠠᠢ ᠬᠥᠳᠡᠯᠮᠦᠷᠢ ᠪᠠᠷ ᠳᠠᠮᠵᠢᠭᠤᠯᠤᠨ ᠲᠠᠷᠢᠶᠠᠴᠢᠳ ᠢ ᠡᠯᠡᠰᠦ ᠶᠢ ᠵᠠᠰᠠᠬᠤ ︽ᠭᠤᠣᠯ ᠳᠦᠷᠢ︾ ᠪᠣᠯᠭᠠᠨ᠂ ᠪᠦᠬᠦ ᠠᠷᠠᠳ ᠢᠶᠠᠷ ᠢᠶᠠᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠪᠠᠶᠢᠷᠢᠰᠢᠯ ᠢ ᠪᠠᠶᠢᠭᠤᠯᠵᠤ᠂ ᠡᠯᠡᠰᠦ ᠶᠢ ᠵᠠᠰᠠᠵᠤ ᠪᠠᠶᠠᠵᠢᠭᠤᠯᠬᠤ ᠬᠤᠣᠰ ᠠᠮᠵᠢᠯᠲᠠ ᠶᠢ ᠪᠡᠶᠡᠯᠡᠭᠦᠯᠪᠡ᠃
 
ᠢᠷᠡᠯᠲᠡ᠄ ᠭᠦᠶᠡᠩ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号