ᠣᠳᠣᠬᠠᠨ ᠳᠤ ᠶᠠᠭ ᠨᠠᠮᠤᠷ ᠤᠨ ᠬᠤᠷᠢᠶᠠᠯᠲᠠ ᠶᠢᠨ ᠲᠠᠰᠢᠷᠠᠮ ᠳᠤ ᠪᠠᠶᠢᠵᠤ᠂ ᠬᠥᠳᠡᠯᠮᠦᠷᠢ ᠬᠦᠴᠦ ᠳᠤᠲᠠᠭᠳᠠᠬᠤ | ᠪᠠ ᠴᠠᠭ ᠠᠭᠤᠷ ᠤᠨ ᠬᠤᠪᠢᠷᠠᠯᠲᠠ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠰᠠᠭᠠᠭ᠂ ᠨᠠᠷᠠᠨ ᠬᠤᠸᠠᠷ | ᠂ ᠡᠷᠳᠡᠨᠢ ᠰᠢᠰᠢ ᠵᠡᠷᠭᠡ ᠲᠠᠷᠢᠮᠠᠯ ᠤᠨ ᠵᠦᠢᠯ ᠢ ᠵᠠᠪᠳᠤᠨ ᠬᠤᠷᠢᠶᠠᠬᠤ ᠶᠠᠪᠤᠳᠠᠯ ᠬᠦᠨᠳᠦ ᠨᠣᠴᠢᠲᠠᠢ ᠰᠦᠷᠳᠡᠭᠦᠯᠦᠯ ᠳᠤ | ᠲᠤᠯᠭᠠᠷᠠᠵᠤ ᠪᠠᠶᠢᠨ᠎ᠠ᠃ ᠲᠠᠷᠢᠶᠠᠴᠢᠳ ᠤᠨ ᠬᠤᠬᠢᠷᠠᠯ ᠢ ᠪᠠᠭᠠᠰᠬᠠᠵᠤ᠂ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ | ᠪᠠᠶᠢᠯᠭᠠᠬᠤ ᠶᠢᠨ ᠲᠥᠯᠥᠭᠡ᠂ ᠵᠢᠨᠱᠠᠨ ᠪᠠᠯᠭᠠᠰᠤ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ | ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠪᠦᠬᠦ ᠪᠠᠯᠭᠠᠰᠤᠨ ᠤ ᠬᠦᠴᠦᠨ ᠢ ᠲᠥᠪᠯᠡᠷᠡᠭᠦᠯᠦᠨ ︽ | ᠤᠴᠢᠷ ᠲᠠᠢ ᠪᠣᠯ ᠭᠠᠷ ᠲᠦᠷᠦᠭᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠠᠷᠢᠶᠠᠴᠢᠨ | ᠲᠦᠮᠡᠨ ᠳᠤ ᠬᠠᠪᠰᠤᠷᠤᠨ ᠨᠠᠮᠤᠷ ᠤᠨ ᠬᠤᠷᠢᠶᠠᠯᠲᠠ ᠶᠢ ᠵᠠᠪᠳᠤᠨ ᠬᠤᠷᠢᠶᠠᠬᠤ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ ᠥᠭᠪᠡ᠃ | ᠡᠯ᠎ᠡ ᠲᠣᠰᠬᠤᠨ ᠤ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠡᠷᠦᠬᠡ ᠳᠤ ᠬᠦᠷᠴᠦ | ᠰᠤᠷᠪᠤᠯᠵᠢᠯᠠᠬᠤ ᠪᠠᠷ ᠳᠠᠮᠵᠢᠭᠤᠯᠤᠨ᠂ ᠬᠥᠳᠡᠯᠮᠦᠷᠢ ᠬᠦᠴᠦ ᠳᠤᠲᠠᠭᠳᠠᠭᠰᠠᠨ᠂ ᠨᠠᠰᠤ ᠠᠬᠠᠰᠢᠷᠠᠭᠰᠠᠨ ᠪᠡᠶ᠎ᠡ ᠪᠠᠭᠤᠷᠠᠢ | ᠵᠡᠷᠭᠡ ᠭᠡᠷ ᠪᠦᠯᠢ ᠳᠤ ᠭᠤᠣᠯᠳᠠᠯᠭ᠎ᠠ ᠲᠠᠢ ᠨᠠᠮᠤᠷ ᠤᠨ ᠬᠤᠷᠢᠶᠠᠯᠲᠠ ᠶᠢᠨ ᠬᠥᠳᠡᠯᠮᠦᠷᠢ ᠪᠠᠷ ᠬᠠᠪᠰᠤᠷᠤᠨ ᠲᠡᠳᠬᠦᠵᠦ᠂ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠦᠴᠢᠷᠳᠡᠯ ᠲᠠᠢ᠂ ᠬᠥᠳᠡᠯᠮᠦᠷᠢ ᠬᠦᠴᠦ ᠳᠤᠲᠠᠭᠳᠠᠵᠤ ᠪᠠᠶᠢᠭ᠎ᠠ | ᠡᠷᠦᠬᠡ ᠶᠢᠨ ᠭᠡᠷ ᠲᠤ ᠨᠠᠮᠤᠷ ᠤᠨ ᠬᠤᠷᠢᠶᠠᠯᠲᠠ ᠶᠢ ᠵᠠᠪᠳᠤᠨ ᠬᠤᠷᠢᠶᠠᠬᠤ ᠠᠵᠢᠯ ᠢ ᠥᠷᠨᠢᠭᠦᠯᠵᠦ᠂ ᠨᠠᠮᠤᠷ ᠤᠨ | ᠲᠠᠷᠢᠮᠠᠯ ᠢ ᠬᠠᠮᠤᠭ ᠤᠨ ᠰᠠᠶᠢᠨ ᠠᠷᠭ᠎ᠠ ᠮᠠᠶ᠋ᠢᠭ ᠢᠶᠠᠷ ᠬᠤᠷᠢᠶᠠᠬᠤ ᠶᠢ ᠦᠨᠡᠨ ᠬᠦ ᠪᠠᠲᠤᠯᠠᠵᠤ᠂ ᠬᠤᠬᠢᠷᠠᠯ ᠢ | ᠪᠠᠭᠠᠰᠬᠠᠬᠤ ᠶᠢᠨ ᠬᠠᠮᠲᠤ ᠲᠣᠰᠬᠤᠨ ᠤ ᠠᠷᠠᠳ ᠲᠠᠢ ᠳᠠᠷᠠᠭᠠᠴᠢ ᠶᠢᠨ ᠳᠡᠯᠭᠡᠨ ᠪᠣᠷᠣᠯᠠᠭᠤᠯᠬᠤ ᠪᠠ ᠪᠣᠷᠣᠯᠠᠭᠤᠯᠵᠤ | ᠪᠠᠶᠢᠨ᠎ᠠ᠃ ᠡᠨᠡ ᠬᠦ ︽ᠤᠯᠠᠭᠠᠨ ᠬᠤᠪᠴᠠᠰᠤ︾ ᠶᠢᠨ ᠡᠩᠨᠡᠭᠡ ᠨᠢ ᠨᠠᠮᠤᠷ ᠤᠨ ᠬᠤᠷᠢᠶᠠᠯᠲᠠ ᠳᠤ ᠦᠵᠡᠰᠬᠦᠯᠡᠩᠲᠦ | ᠰᠠᠶᠢᠬᠠᠨ ᠦᠵᠡᠮᠵᠢ ᠶᠢᠨ ᠣᠷᠣᠨ ᠢ ᠨᠡᠮᠡᠷᠢᠯᠡᠭᠰᠡᠨ ᠪᠠᠶᠢᠨ᠎ᠠ᠃ ᠲᠣᠰᠬᠤᠨ ᠤ ᠠᠷᠠᠳ ᠪᠣᠯᠪᠠᠰᠤᠨ ᠤ | ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠶᠢᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠶᠢ ᠳᠡᠭᠡᠳᠦ | ᠬᠡᠮᠵᠢᠶ᠎ᠡ ᠪᠠᠷ ᠮᠡᠳᠡᠷᠡᠵᠦ ᠪᠠᠶᠢᠬᠤ ᠪᠠ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂ | ᠦᠢᠯᠡᠳᠦᠯᠭᠡ ᠶᠢᠨ ᠠᠩᠬᠢ ᠲᠠᠷᠢᠶᠠᠨ ᠠᠵᠢᠯ ᠤᠨ ᠶᠠᠭᠠᠷᠠᠯᠲᠠᠢ ᠴᠠᠭ ᠲᠤ ᠬᠠᠮᠤᠭ ᠤᠨ ᠬᠥᠮᠦᠨ ᠬᠡᠷᠡᠭᠰᠡᠬᠦ ᠦᠶ᠎ᠡ ᠳᠤ | ᠵᠣᠭᠰᠣᠵᠤ᠂ ᠲᠡᠳᠡᠨ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠲᠡᠭᠡᠨ᠎ᠡ ᠭᠡᠵᠦ ᠢᠯᠡᠳᠬᠡᠵᠡᠭᠡᠪᠡ᠃ | ᠲᠠᠷᠢᠶᠠᠯᠠᠩ ᠢ ᠲᠤᠰᠠᠯᠠᠵᠤ ᠨᠠᠮᠤᠷ ᠤᠨ ᠬᠤᠷᠢᠶᠠᠯᠲᠠ ᠶᠢᠨ ᠬᠤᠭᠤᠴᠠᠭᠠᠨ ᠳᠤ᠂ ᠪᠣᠯᠪᠠᠰᠤᠨ ᠤ ᠦᠢᠯᠡᠳᠦᠯᠭᠡ ᠶᠢᠨ | ᠦᠢᠯᠡᠴᠢᠯᠡᠭᠡᠨ ᠤ ᠠᠩᠭᠢ ᠶᠢᠨ ᠭᠡᠰᠢᠭᠦᠳ ᠰᠤᠯᠠ ᠰᠡᠯᠡᠭᠦᠦ ᠴᠠᠭ ᠢᠶᠠᠨ ᠠᠰᠢᠭᠯᠠᠨ᠂ ᠣᠯᠠᠨ ᠲᠦᠮᠡᠨ ᠤ ᠠᠩᠬᠠᠷᠴᠤ | ᠪᠠᠶᠢᠭ᠎ᠠ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ ᠵᠡᠷᠭᠡ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠣᠯᠠᠨ ᠲᠦᠮᠡᠨ ᠲᠠᠢ ᠣᠶᠢᠷᠠᠲᠤᠵᠤ ᠨᠠᠷᠢᠨ ᠲᠠᠶᠢᠯᠤᠮᠵᠢ ᠬᠢᠵᠦ᠂ ᠣᠯᠠᠨ | ᠲᠦᠮᠡᠨ ᠢ ᠬᠠᠪᠰᠤᠷᠤᠨ ᠨᠠᠮ ᠤᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠨᠠᠮ ᠤᠨ ᠬᠠᠯᠠᠮᠵᠢᠯᠠᠯ ᠢ | ᠤᠯᠠᠮᠵᠢᠯᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠭᠦᠯᠵᠦ᠂ ᠲᠤᠰ ᠪᠡᠶ᠎ᠡ ᠶᠢᠨ ᠴᠢᠷᠮᠠᠶᠢᠯᠭ᠎ᠠ ᠪᠠᠷ ᠳᠠᠮᠵᠢᠭᠤᠯᠤᠨ ᠠᠵᠢᠯᠴᠢ | ᠬᠥᠳᠡᠯᠮᠦᠷᠢᠴᠢ ᠪᠠᠷ ᠪᠠᠶᠠᠵᠢᠵᠤ᠂ ᠨᠡᠩ ᠰᠠᠶᠢᠨ ᠰᠠᠶᠢᠬᠠᠨ ᠵᠣᠯ ᠵᠢᠷᠭᠠᠯᠲᠤ ᠠᠮᠢᠳᠤᠷᠠᠯ ᠲᠡᠶᠢᠰᠢ ᠤᠷᠤᠭᠰᠢᠯᠠᠭᠤᠯᠪᠠ᠃ | ᠳᠠᠷᠠᠭᠠᠴᠢ ᠶᠢᠨ ᠠᠯᠬᠤᠮ ᠳᠤ᠂ ᠵᠢᠨᠱᠠᠨ ᠪᠠᠯᠭᠠᠰᠤ ᠦᠷᠭᠦᠯᠵᠢᠯᠡᠨ ᠣᠯᠠᠨ ᠲᠦᠮᠡᠨ ᠤ ᠪᠣᠳᠠᠲᠠᠢ ᠬᠡᠷᠡᠭᠴᠡᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ︽ᠭᠠᠷ ᠢᠶᠠᠨ ᠬᠤᠯᠪᠣᠯᠳᠤᠭᠤᠯᠬᠤ︾ ᠪᠣᠯᠪᠠᠰᠤᠨ ᠤ ᠦᠢᠯᠡᠳᠦᠯᠭᠡ ᠶᠢᠨ | ᠦᠢᠯᠡᠴᠢᠯᠡᠭᠡᠨ ᠤ ᠠᠵᠢᠯᠯᠠᠭ᠎ᠠ ᠶᠢᠨ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠣᠯᠠᠨ ᠲᠦᠮᠡᠨ ᠤ | ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠦᠷᠭᠦᠯᠵᠢᠯᠡᠨ ᠠᠩᠬᠠᠷᠤᠯ ᠢᠶᠠᠨ | ᠲᠥᠪᠯᠡᠷᠡᠭᠦᠯᠵᠦ᠂ ᠪᠠᠭᠤᠷᠠᠢ ᠲᠠᠯ᠎ᠠ ᠪᠠᠷ ᠲᠡᠳᠬᠦᠬᠦ ᠲᠠᠢ ᠪᠠᠶᠢᠬᠤ᠂ ᠬᠦᠴᠢᠷᠳᠡᠯ ᠲᠠᠢ ᠪᠣᠯ ᠲᠤᠰᠠᠯᠠᠮᠵᠢ ᠲᠠᠢ ᠪᠠᠶᠢᠬᠤ᠂ | ᠬᠦᠴᠢᠷᠳᠡᠯ ᠲᠠᠢ ᠪᠣᠯ ᠲᠤᠰᠠᠯᠠᠮᠵᠢ ᠲᠠᠢ ᠪᠠᠶᠢᠬᠤ᠂ ᠲᠤᠰᠠᠯᠠᠪᠠᠰᠤ ᠵᠣᠬᠢᠬᠤ ᠶᠢ ᠨᠢ ᠪᠦᠬᠦᠨ ᠢ ᠲᠤᠰᠠᠯᠠᠬᠤ ᠶᠢ | ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ | ᠦᠨᠳᠦᠰᠦᠨ ᠱᠠᠲᠤᠨ ᠤ ᠣᠯᠠᠨ ᠲᠦᠮᠡᠨ ᠤ ︽ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ | ᠨᠠᠮ ᠢᠶᠠᠨ ᠳᠠᠭᠠᠬᠤ︾ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢ ᠴᠢᠩᠭᠠᠳᠬᠠᠨ᠎ᠠ᠃ |