ᠰᠢᠷᠭᠠᠭᠤ ᠬᠥᠳᠡᠯᠮᠦᠷᠢ ᠶᠢᠨ ᠦᠷ᠎ᠡ ᠳ᠋ᠦᠩ ᠳᠤ᠂ ᠡᠷᠳᠡᠨᠢ ᠰᠢᠰᠢ ᠠᠯᠲᠠᠨ ᠮᠧᠳᠠᠯ ᠮᠡᠲᠦ ᠨᠠᠮᠤᠷ ᠤᠨ ᠰᠠᠯᠬᠢ ᠶᠢ | ᠬᠦᠯᠢᠶᠡᠨ᠎ᠡ᠃ ᠠᠯᠲᠠᠨ ᠨᠠᠮᠤᠷ ᠤᠨ ᠠᠷᠪᠠᠳᠤᠭᠠᠷ ᠰᠠᠷ᠎ᠠ ᠶᠢᠨ ᠭᠦᠶᠡᠩ ᠰᠢᠶᠠᠨ ᠤ ᠡᠬᠡ ᠭᠠᠵᠠᠷ ᠶᠠᠭᠠᠷᠠᠯᠲᠠᠢ ᠪᠠᠶᠢᠯ᠎ᠠ᠃ | ᠲᠠᠷᠢᠶᠠᠯᠠᠩ ᠤᠨ ᠶᠠᠭᠠᠷᠠᠤ ᠴᠠᠭ ᠲᠤ ᠬᠥᠳᠡᠯᠮᠦᠷᠢ ᠬᠦᠴᠦ ᠳᠤᠲᠠᠭᠳᠠᠬᠤ ᠪᠠ ᠴᠠᠭ ᠠᠭᠤᠷ ᠤᠨ ᠬᠤᠪᠢᠷᠠᠯᠲᠠ ᠵᠡᠷᠭᠡ | ᠬᠦᠴᠦᠨ ᠵᠦᠢᠯ ᠠᠴᠠ ᠪᠣᠯᠵᠤ ᠲᠠᠷᠢᠮᠠᠯ ᠤᠨ ᠬᠤᠷᠢᠶᠠᠯᠲᠠ ᠶᠢ ᠤᠳᠠᠭᠠᠰᠢᠷᠠᠭᠤᠯᠬᠤ ᠠᠰᠠᠭᠤᠳᠠᠯ ᠢ ᠦᠨᠡᠨ ᠬᠦ | ᠰᠢᠢᠳᠪᠦᠷᠢᠯᠡᠬᠦ ᠶᠢᠨ ᠲᠥᠯᠥᠭᠡ᠂ ︽ᠤᠴᠢᠷ ᠲᠠᠢ ᠪᠣᠯ ᠬᠠᠪᠰᠤᠷᠬᠤ︾ ᠪᠣᠯᠪᠠᠰᠤᠨ ᠦᠢᠯᠡᠳᠦᠯᠭᠡ ᠶᠢᠨ | ᠦᠢᠯᠡᠴᠢᠯᠡᠭᠡᠨ ᠤ ᠡᠩᠨᠡᠭᠡ ᠨᠢ ᠲᠠᠷᠢᠶᠠᠨ ᠭᠠᠵᠠᠷ ᠲᠤ ᠬᠥᠭᠵᠢᠶᠡᠨᠲᠡᠢ ᠪᠣᠯᠪᠠ᠃ | ᠨᠠᠮᠤᠷ ᠤᠨ ᠬᠤᠷᠢᠶᠠᠯᠲᠠ ᠠᠴᠠ ᠨᠠᠰᠢ᠂ ᠭᠦᠶᠡᠩ ᠰᠢᠶᠠᠨ ᠤ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ | ᠭᠡᠰᠢᠭᠦᠳ ᠣᠳᠣᠬᠠᠨ ᠤ ᠨᠠᠮᠤᠷ ᠤᠨ ᠬᠤᠷᠢᠶᠠᠯᠲᠠ ᠶᠢᠨ ᠠᠵᠢᠯ ᠤᠨ ᠳᠤᠮᠳᠠᠬᠢ ᠣᠯᠠᠨ ᠲᠦᠮᠡᠨ ᠤ ᠬᠡᠷᠡᠭᠴᠡᠭᠡ ᠶᠢ | ᠣᠨᠣᠪᠴᠢᠲᠠᠢ ᠣᠶᠢᠯᠠᠭᠠᠵᠤ᠂ ᠠᠳᠠᠯᠢ ᠪᠤᠰᠤ ᠨᠠᠮᠤᠷ ᠤᠨ ᠬᠤᠷᠢᠶᠠᠯᠲᠠ ᠶᠢᠨ ᠱᠠᠲᠤᠨ ᠤ ᠬᠡᠷᠡᠭᠴᠡᠭᠡ ᠶᠢ ᠦᠨᠳᠦᠰᠦᠯᠡᠨ | ᠂ ︽ᠤᠴᠢᠷ ᠲᠠᠢ ᠪᠣᠯ ᠬᠠᠪᠰᠤᠷᠬᠤ︾ ᠲᠠᠷᠢᠶᠠᠯᠠᠩ ᠢ ᠲᠤᠰᠠᠯᠠᠵᠤ ᠨᠠᠮᠤᠷ ᠤᠨ ᠬᠤᠷᠢᠶᠠᠯᠲᠠ ᠶᠢᠨ ᠠᠵᠢᠯᠯᠠᠭ᠎ᠠ ᠶᠢ | ᠢᠳᠡᠪᠬᠢᠲᠡᠢ ᠥᠷᠨᠢᠭᠦᠯᠵᠦ᠂ ᠬᠤᠷᠢᠶᠠᠬᠤ᠂ ᠵᠥᠭᠡᠭᠡᠪᠦᠷᠢᠯᠡᠬᠦ᠂ ᠳᠡᠯᠭᠡᠬᠦ᠂ ᠬᠠᠳᠠᠭᠠᠯᠠᠬᠤ᠂ ᠪᠣᠷᠣᠯᠠᠭᠤᠯᠬᠤ ᠵᠡᠷᠭᠡ | ᠨᠠᠮᠤᠷ ᠤᠨ ᠬᠤᠷᠢᠶᠠᠯᠲᠠ ᠶᠢᠨ ᠭᠤᠭᠴᠤᠭ᠎ᠠ ᠳᠤ ᠣᠯᠠᠨ ᠲᠦᠮᠡᠨ ᠤ ᠬᠡᠷᠡᠭᠴᠡᠭᠡ ᠶᠢᠨ ᠲᠣᠭᠤᠷᠢᠨ ᠳᠤ᠂ | ᠬᠠᠷᠠᠭᠠᠯᠵᠠᠭᠰᠠᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠠᠵᠢᠯ ᠢ ᠢᠳᠡᠪᠬᠢᠲᠡᠢ ᠥᠷᠨᠢᠭᠦᠯᠵᠦ᠂ ᠣᠯᠠᠨ | ᠲᠦᠮᠡᠨ ᠤ ᠨᠠᠮᠤᠷ ᠤᠨ ᠬᠤᠷᠢᠶᠠᠯᠲᠠ ᠶᠢᠨ ᠳᠤᠮᠳᠠ ᠬᠦᠴᠢᠷᠳᠡᠯ ᠢ ᠰᠢᠢᠳᠪᠦᠷᠢᠯᠡᠬᠦ ᠶᠢᠨ ᠬᠠᠮᠲᠤ ᠠᠷᠠᠳ ᠤᠨ | ᠰᠡᠳᠬᠢᠯ ᠢ ᠳᠤᠯᠠᠭᠠᠴᠠᠭᠤᠯᠪᠠ᠃ ︽ᠮᠠᠨ ᠤ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡ ᠪᠣᠯ ᠳᠠᠷᠤᠢ ᠣᠯᠠᠨ | ᠲᠦᠮᠡᠨ ᠤ ᠬᠦᠴᠢᠷᠳᠡᠯ ᠢ ᠰᠢᠢᠳᠪᠦᠷᠢᠯᠡᠬᠦ ᠶᠢᠨ ᠲᠣᠭᠤᠷᠢᠨ ᠳᠤ ᠥᠷᠨᠢᠭᠦᠯᠦᠭᠰᠡᠨ ᠶᠤᠮ᠂ ᠣᠯᠠᠨ ᠲᠦᠮᠡᠨ ᠬᠠᠮᠢᠭ᠎ᠠ | ᠦᠢᠯᠡᠴᠢᠯᠡᠬᠦ ᠶᠢ ᠪᠣᠯ ᠲᠡᠨᠳᠡ ᠬᠦᠷᠭᠡᠵᠦ᠂ ᠬᠠᠮᠢᠭ᠎ᠠ ᠬᠡᠷᠡᠭᠴᠡᠭᠡ ᠲᠠᠢ ᠪᠣᠯ ᠪᠢᠳᠡ ᠲᠡᠨᠳᠡ ᠬᠦᠷᠴᠦ᠂ ᠦᠨᠳᠦᠰᠦᠨ | ᠱᠠᠲᠤᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠬᠡᠷᠡᠭᠰᠡᠬᠦ ᠬᠦᠰᠡᠯ ᠢ ᠰᠢᠢᠳᠪᠦᠷᠢᠯᠡᠬᠦ ᠶᠢᠨ | ᠬᠠᠮᠲᠤ᠂ ᠨᠠᠮ ᠤᠨ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠮᠠᠨ ᠤ | ᠠᠵᠢᠯᠯᠠᠭ᠎ᠠ ᠪᠠᠷ ᠢᠶᠠᠨ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ︾᠂ | ᠭᠦᠶᠡᠩ ᠰᠢᠶᠠᠨ ᠤ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠨ ᠯᠢ ᠺᠠᠩ ᠮᠢᠩ | ᠬᠡᠯᠡᠪᠡ᠃ | ᠣᠶᠢᠯᠠᠭᠠᠭᠰᠠᠨ ᠢᠶᠠᠷ᠂ ︽ᠤᠴᠢᠷ ᠲᠠᠢ ᠪᠣᠯ ᠬᠠᠪᠰᠤᠷᠬᠤ︾ ᠲᠠᠷᠢᠶᠠᠯᠠᠩ ᠢ ᠲᠤᠰᠠᠯᠠᠬᠤ ᠨᠠᠮᠤᠷ ᠤᠨ | ᠬᠤᠷᠢᠶᠠᠯᠲᠠ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠥᠬᠦ ᠰᠢᠶᠠᠨ ᠳᠤ ᠨᠡᠶᠢᠲᠡ 20 ᠭᠠᠷᠤᠢ | ᠡᠩᠨᠡᠭᠡ ᠶᠢ ᠵᠣᠬᠢᠶᠠᠨ ᠪᠠᠶᠢᠭᠤᠯᠵᠤ᠂ 120 ᠭᠠᠷᠤᠢ ᠲᠠᠷᠢᠶᠠᠴᠢᠨ ᠡᠷᠦᠬᠡ ᠳᠤ ᠲᠠᠷᠢᠶᠠᠯᠠᠩ ᠢ ᠲᠤᠰᠠᠯᠠᠵᠤ ᠨᠠᠮᠤᠷ ᠤᠨ | ᠬᠤᠷᠢᠶᠠᠯᠲᠠ ᠶᠢ ᠬᠠᠪᠰᠤᠷᠤᠨ ᠲᠡᠳᠬᠦᠬᠦ ᠪᠠᠷ ᠬᠦᠷᠭᠡᠪᠡ᠃ ᠵᠠᠯᠭᠠᠭᠠᠳ᠂ ᠭᠦᠶᠡᠩ ᠰᠢᠶᠠᠨ ᠦᠷᠭᠦᠯᠵᠢᠯᠡᠨ ᠣᠯᠠᠨ | ᠲᠦᠮᠡᠨ ᠤ ᠪᠣᠳᠠᠲᠠᠢ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠯᠪᠠᠰᠤᠨ ᠤ ᠦᠢᠯᠡᠳᠦᠯᠭᠡ ᠶᠢᠨ | ᠦᠢᠯᠡᠴᠢᠯᠡᠭᠡᠨ ᠤ ᠠᠭᠤᠯᠭ᠎ᠠ ᠶᠢ ᠲᠠᠰᠤᠷᠠᠯᠲᠠ ᠥᠬᠡᠶ ᠰᠦᠪᠡᠭᠴᠢᠯᠡᠨ ᠨᠡᠭᠡᠭᠡᠵᠦ᠂ ᠣᠯᠠᠨ ᠲᠦᠮᠡᠨ ᠤ ᠪᠠᠴᠢᠮ ᠪᠡᠷᠬᠡ | ᠵᠣᠪᠠᠨᠢᠯ ᠤᠨ ᠠᠰᠠᠭᠤᠳᠠᠯ ᠢ ᠰᠢᠢᠳᠪᠦᠷᠢᠯᠡᠵᠦ᠂ ᠦᠨᠳᠦᠰᠦᠨ ᠱᠠᠲᠤᠨ ᠤ ᠣᠯᠠᠨ ᠲᠦᠮᠡᠨ ᠤ ︽ᠨᠠᠮ ᠤᠨ ᠦᠭᠡ ᠶᠢ | ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ︾ ᠦᠵᠡᠯ ᠰᠠᠨᠠᠭᠠᠨ ᠤ ᠤᠬᠠᠮᠰᠠᠷ ᠪᠠ ᠦᠢᠯᠡ | ᠠᠵᠢᠯᠯᠠᠭ᠎ᠠ ᠶᠢᠨ ᠤᠬᠠᠮᠰᠠᠷ ᠢ ᠴᠢᠩᠭᠠᠷᠠᠭᠤᠯᠤᠨ᠎ᠠ᠃ |