ᠰᠢᠪᠲᠤᠯᠤᠯᠲᠠ︕ ᠭᠦᠶᠡᠩ ᠰᠢᠶᠠᠨ ᠤ ᠬᠤᠶᠠᠷ ᠠᠵᠤ ᠠᠬᠤᠶᠢᠯᠠᠯ ︽ᠮᠣᠩᠭᠤᠯ︾ ᠲᠡᠮᠳᠡᠭᠲᠦ ᠭᠡᠷᠡᠴᠢᠯᠡᠯ ᠬᠦᠷᠲᠡᠪᠡ
ᠨᠡᠶᠢᠲᠡᠯᠡᠭᠰᠡᠨ ᠴᠠᠭ᠄
2024/10/20
    ᠣᠶᠢᠷ᠎ᠠ ᠳᠤ ᠭᠦᠶᠡᠩ ᠰᠢᠶᠠᠨ ᠤ ᠪᠤᠭᠤᠲᠤ ᠬᠤᠲᠠ ᠶᠢᠨ ᠯᠦᠩ ᠵᠢᠦᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ  ︽ᠥᠪᠥᠷ ᠮᠣᠩᠭᠤᠯ ᠤᠨ ᠵᠧᠩ ᠪᠧᠢ ᠴᠢ︾ ᠢᠳᠡᠭᠡᠨ ᠤ ᠬᠢᠵᠠᠭᠠᠷᠲᠤ ᠺᠣᠮᠫᠠᠨᠢ ᠬᠤᠶᠠᠷ ᠠᠵᠤ ᠠᠬᠤᠶᠢᠯᠠᠯ ︽ᠮᠣᠩᠭᠤᠯ︾ ᠦᠰᠦᠭ ᠤᠨ ᠲᠡᠮᠳᠡᠭ ᠤᠨ ᠭᠡᠷᠡᠴᠢᠯᠡᠭᠡ ᠪᠠᠷ ᠳᠠᠮᠵᠢᠨ ︽ᠮᠣᠩᠭᠤᠯ︾ ᠦᠰᠦᠭ ᠤᠨ ᠲᠡᠮᠳᠡᠭ ᠤᠨ ᠭᠡᠷᠡᠴᠢᠯᠡᠯ ᠤᠨ ᠦᠨᠡᠮᠯᠡᠯ ᠬᠤᠶᠠᠷ ᠠᠵᠤ ᠠᠬᠤᠶᠢᠯᠠᠯ ᠤᠨ ᠦᠨᠡᠮᠯᠡᠯ ᠢ ᠠᠮᠵᠢᠯᠲᠠ ᠲᠠᠢ ᠣᠯᠵᠤ ᠪᠥᠬᠦ ᠰᠢᠶᠠᠨ ᠤ ︽ᠮᠣᠩᠭᠤᠯ︾ ᠦᠰᠦᠭ ᠤᠨ ᠲᠡᠮᠳᠡᠭ ᠤᠨ ᠭᠡᠷᠡᠴᠢᠯᠡᠯ ᠤᠨ ᠰᠢᠪᠲᠤᠯᠤᠯᠲᠠ ᠶᠢ ᠪᠡᠶᠡᠯᠡᠭᠦᠯᠪᠡ᠃     ᠶᠠᠭᠤ ᠶᠢ ︽ᠮᠣᠩᠭᠤᠯ︾ ᠭᠡᠬᠦ ᠦᠰᠦᠭ ᠤᠨ ᠲᠡᠮᠳᠡᠭ ᠤᠨ ᠭᠡᠷᠡᠴᠢᠯᠡᠯᠲᠡ ᠭᠡᠳᠡᠭ ᠪᠤᠢ︖     ︽ᠮᠣᠩᠭᠤᠯ︾ ᠦᠰᠦᠭᠲᠦ ᠲᠡᠮᠳᠡᠭ ᠤᠨ ᠭᠡᠷᠡᠴᠢᠯᠡᠯ ᠪᠣᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠣᠭᠤᠳᠣᠯᠭ᠎ᠠ ᠪᠠ ᠬᠢᠨᠠᠯᠲᠠ ᠲᠠᠯᠪᠢᠯᠲᠠ ᠳᠣᠣᠷ᠎ᠠ ᠬᠤᠯᠪᠣᠭᠠᠨ ᠤ ᠭᠡᠷᠡᠴᠢᠯᠡᠭᠡ ᠶᠢᠨ ᠬᠡᠯᠪᠡᠷᠢ ᠪᠠᠷ ᠡᠭᠦᠳᠦᠭᠰᠡᠨ ᠦᠢᠯᠡᠳᠬᠦᠨ ᠤ ᠭᠡᠷᠡᠴᠢᠯᠡᠭᠡ ᠶᠢᠨ ᠲᠦᠷᠦᠯ ᠲᠡᠮᠳᠡᠭ ᠪᠠᠶᠢᠵᠤ᠂ ᠦᠢᠯᠡᠳᠬᠦᠨ ᠤ ᠭᠤᠣᠯᠯᠠᠭᠴᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ᠂ ᠥᠪᠥᠷ ᠮᠣᠩᠭᠤᠯ ᠤᠨ ᠲᠠᠯ᠎ᠠ ᠨᠤᠲᠤᠭ ᠤᠨ ᠣᠨᠴᠠᠯᠢᠭᠲᠤ ᠣᠷᠣᠨ ᠪᠦᠰᠡ ᠶᠢᠨ ᠪᠦᠲᠦᠭᠡᠭᠳᠡᠬᠦᠨ ᠤ ᠦᠨ᠎ᠡ ᠥᠷᠲᠡᠭ ᠪᠠ ᠨᠥᠯᠥᠭᠡᠯᠡᠬᠦ ᠬᠦᠴᠦᠨ ᠢ ᠢᠯᠡᠷᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃     ᠭᠦᠶᠡᠩ ᠰᠢᠶᠠᠨ ᠤ ᠬᠤᠨᠴᠢᠷ ᠤᠨ ᠠᠵᠤ ᠦᠢᠯᠡᠰ ᠤᠨ ᠳᠠᠪᠠᠭᠤᠯᠢᠭ ᠲᠠᠢ ᠤᠶᠠᠯᠳᠤᠭᠤᠯᠤᠨ᠂ ᠭᠦᠶᠡᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠮᠣᠩᠭᠤᠯ︾ ᠦᠰᠦᠭ ᠤᠨ ᠲᠡᠮᠳᠡᠭ ᠤᠨ ᠭᠡᠷᠡᠴᠢᠯᠡᠭᠡ ᠶᠢ ᠮᠡᠳᠡᠭᠦᠯᠬᠦ ᠤᠬᠠᠭᠤᠯᠭ᠎ᠠ ᠶᠢᠨ ᠵᠢᠯᠣᠭᠤᠳᠣᠯᠭ᠎ᠠ ᠶᠢ ᠢᠳᠡᠪᠬᠢᠲᠡᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ︽ᠨᠢᠭᠡ ᠳᠤ ᠨᠢᠭᠡ︾ ᠪᠠᠷ ᠲᠥᠷᠥ ᠶᠢᠨ ᠪᠣᠳᠣᠯᠭ᠎ᠠ ᠶᠢ ᠤᠯᠠᠮᠵᠢᠯᠠᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠨ᠂ ᠪᠤᠭᠤᠲᠤ ᠬᠤᠲᠠ ᠶᠢᠨ ᠯᠦᠩ ᠵᠢᠦᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠧᠩ ᠪᠧᠢ ᠴᠢ ᠢᠳᠡᠭᠡᠨ ᠤ ᠬᠢᠵᠠᠭᠠᠷᠲᠤ ᠺᠣᠮᠫᠠᠨᠢ ᠬᠤᠶᠠᠷ ᠠᠵᠤ ᠠᠬᠤᠶᠢᠯᠠᠯ ᠢ ᠬᠠᠪᠰᠤᠷᠤᠨ ︽ᠮᠣᠩᠭᠤᠯ ᠲᠡᠮᠳᠡᠭ︾ ᠤᠨ ᠭᠡᠷᠡᠴᠢᠯᠡᠯ ᠢ ᠭᠤᠶᠤᠴᠢᠯᠠᠨ ᠮᠡᠳᠡᠭᠦᠯᠬᠦ᠂ ᠲᠤᠬᠠᠢ ᠶᠢᠨ ᠲᠠᠯᠠᠪᠠᠢ ᠳᠤ ᠪᠠᠶᠢᠴᠠᠭᠠᠨ ᠰᠢᠯᠭᠠᠬᠤ ᠵᠡᠷᠭᠡ ᠠᠵᠢᠯ ᠢ ᠤᠷᠤᠭᠰᠢᠲᠠᠢ ᠪᠡᠶᠡᠯᠡᠭᠦᠯᠪᠡ᠃     ᠭᠦᠶᠡᠩ ᠬᠤᠨᠴᠢᠷ 60 ᠭᠠᠷᠤᠢ ᠵᠢᠯ ᠤᠨ ᠲᠠᠷᠢᠮᠠᠯ ᠤᠨ ᠲᠡᠦᠬᠡ ᠵᠢᠴᠢ ᠬᠤᠨᠴᠢᠷ ᠵᠢᠩᠬᠢᠨᠢ ᠠᠮᠲᠠ᠂ ᠰᠢᠬᠢᠷᠯᠢᠭ ᠠᠮᠲᠠ᠂ ᠶᠠᠰᠤ ᠴᠢᠨᠠᠷ ᠰᠢᠯᠢᠳᠡᠭ ᠵᠡᠷᠭᠡ ᠣᠨᠴᠠᠯᠢᠭ ᠲᠤ ᠲᠦᠰᠢᠭᠯᠡᠨ᠂ ᠪᠤᠭᠤᠲᠤ ᠬᠤᠲᠠ ᠶᠢᠨ ᠯᠦᠩ ᠵᠢᠦᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠤᠨᠴᠢᠷ ᠲᠠᠷᠢᠬᠤ ᠪᠠ ᠡᠳ᠋ᠰᠢᠭᠦᠯᠬᠦ ᠪᠠᠷ ᠭᠤᠣᠯᠳᠠᠯᠭ᠎ᠠ ᠪᠣᠯᠭᠠᠵᠤ᠂ ᠬᠤᠨᠴᠢᠷ ᠢ ᠦᠢᠯᠡᠳᠦᠨ ᠪᠣᠷᠣᠯᠠᠭᠤᠯᠬᠤ ᠶᠢ ᠲᠤᠪᠤᠶᠢᠯᠭᠠᠵᠦ᠂ ᠥᠪᠥᠷ ᠮᠣᠩᠭᠤᠯ ᠤᠨ ᠵᠧᠩ ᠪᠧᠢ ᠴᠢ ᠢᠳᠡᠭᠡᠨ ᠤ ᠬᠢᠵᠠᠭᠠᠷᠲᠤ ᠺᠣᠮᠫᠠᠨᠢ ᠬᠤᠨᠴᠢᠷ ᠲᠠᠷᠢᠬᠤ ᠬᠡᠪᠴᠢᠶ᠎ᠡ ᠶᠢ ᠲᠤᠪᠤᠶᠢᠯᠭᠠᠵᠦ᠂ ᠨᠢᠭᠡᠳᠦᠯᠲᠡᠢ ᠲᠠᠷᠢᠬᠤ᠂ ᠨᠢᠭᠡᠳᠦᠯᠲᠡᠢ ᠬᠤᠳᠠᠯᠳᠤᠨ ᠠᠪᠬᠤ᠂ ᠨᠢᠭᠡᠳᠦᠯᠲᠡᠢ ᠪᠣᠯᠪᠠᠰᠤᠷᠠᠭᠤᠯᠬᠤ᠂ ᠨᠢᠭᠡᠳᠦᠯᠲᠡᠢ ᠪᠣᠷᠣᠯᠠᠭᠤᠯᠬᠤ ᠪᠠᠷ ᠳᠠᠮᠵᠢᠭᠤᠯᠵᠤ᠂ ᠢᠳᠡᠭᠡᠨ ᠤ ᠠᠮᠤᠷ ᠲᠦᠪᠰᠢᠨ ᠢ ᠮᠥᠷᠳᠡᠵᠦ ᠪᠣᠯᠬᠤ ᠶᠢ ᠪᠡᠶᠡᠯᠡᠭᠦᠯᠪᠡ᠃     ︽ᠮᠣᠩᠭᠤᠯ︾ ᠦᠰᠦᠭ ᠤᠨ ᠲᠡᠮᠳᠡᠭ ᠤᠨ ᠭᠡᠷᠡᠴᠢᠯᠡᠭᠡ ᠨᠢ ︽ᠳᠤᠮᠳᠠᠳᠤ ᠤᠯᠤᠰ ᠤᠨ ᠭᠦᠶᠡᠩ · ᠤᠮᠠᠷᠠᠳᠤ ᠶᠢᠨ ᠬᠤᠨᠴᠢᠷ ᠤᠨ ᠨᠤᠲᠤᠭ︾ ᠤᠨ ᠨᠡᠷᠡᠲᠦ ᠲᠡᠮᠳᠡᠭ ᠤᠨ ᠠᠯᠳᠠᠷᠰᠢᠯ ᠢ ᠲᠠᠰᠤᠷᠠᠯᠲᠠ ᠥᠬᠡᠶ ᠠᠯᠳᠠᠷᠰᠢᠭᠤᠯᠵᠤ᠂ ᠭᠦᠶᠡᠩ ᠤᠨ ᠬᠤᠨᠴᠢᠷ ᠵᠡᠷᠭᠡ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠢ ᠪᠦᠬᠦ ᠤᠯᠤᠰ᠂ ᠳᠡᠯᠡᠬᠡᠢ ᠳ᠋ᠠᠬᠢᠨ ᠳᠤ ᠭᠠᠷᠭᠠᠬᠤ ᠶᠢ ᠠᠬᠢᠭᠤᠯᠵᠤ᠂ ᠭᠦᠶᠡᠩ ᠤᠨ ᠬᠤᠨᠴᠢᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃ ᠵᠠᠯᠭᠠᠭᠠᠳ᠂ ᠭᠦᠶᠡᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠰᠢᠶᠠᠨ ᠤ ᠣᠨᠴᠠᠯᠢᠭᠲᠤ ᠳᠠᠪᠠᠭᠤᠯᠢᠭ ᠠᠵᠤ ᠦᠢᠯᠡᠰ ᠵᠢᠴᠢ ᠦᠢᠯᠡᠳᠬᠦᠨ ᠢ ᠤᠯᠠᠮ ᠨᠢᠭᠡ ᠠᠯᠬᠤᠮ ᠠᠭᠤᠳᠠᠯᠵᠤ᠂ ᠨᠡᠩ ᠣᠯᠠᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ︽ᠥᠪᠥᠷ ᠮᠣᠩᠭᠤᠯ︾ ᠦᠰᠦᠭᠲᠦ ᠠᠯᠲᠠᠨ ᠦᠰᠦᠭᠲᠦ ᠨᠡᠷᠡᠲᠦ ᠳᠡᠮᠳᠡᠭ ᠨᠠᠭᠠᠵᠤ᠂ ᠪᠥᠬᠦ ᠰᠢᠶᠠᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号