ᠣᠶᠢᠷ᠎ᠠ ᠳᠤ᠂ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ | ᠠᠷᠪᠠᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠪᠠ᠃ ᠰᠢᠶᠠᠨ ᠤ ᠤᠯᠤᠰ | ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠽᠧᠩ ᠬᠤᠩ ᠪᠢᠨ | ᠬᠤᠷᠠᠯ ᠢ ᠡᠷᠬᠢᠯᠡᠪᠡ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠶᠢᠩ ᠰᠢᠦᠢ᠂ ᠰᠢᠶᠠᠨ ᠤ | ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠰᠢᠶᠠᠨ ᠤ ᠤᠯᠤᠰ ᠲᠥᠷᠥ ᠶᠢᠨ | ᠵᠥᠪᠯᠡᠯᠭᠡᠨ ᠤ ᠡᠯ᠎ᠡ ᠲᠤᠰᠬᠠᠢ ᠵᠥᠪᠯᠡᠯ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠳᠠᠶᠢᠯᠠᠯᠭ᠎ᠠ ᠳᠡᠭᠡᠷᠡᠬᠢ ᠴᠢᠬᠤᠯᠠ ᠶᠠᠷᠢᠶ᠎ᠠ᠂ ᠳᠤᠮᠳᠠᠳᠤ | ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ | ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 9 ᠰᠠᠷ᠎ᠠ ᠶᠢᠨ 26 ᠤ ᠡᠳᠦᠷ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ᠂ ᠬᠤᠲᠠ ᠶᠢᠨ ᠨᠠᠮ ᠤᠨ ᠬᠤᠷᠢᠶᠠᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ᠂ ᠰᠢᠶᠠᠨ ᠤ ᠨᠠᠮ ᠤᠨ ᠬᠤᠷᠢᠶᠠᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ | ᠲᠥᠪᠯᠡᠷᠡᠭᠦᠯᠦᠨ ᠰᠤᠷᠤᠯᠴᠠᠪᠠ᠃ | ᠬᠤᠷᠠᠯ ᠠᠴᠠ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ | ᠪᠦᠭᠦᠳᠡ ᠬᠤᠷᠠᠯ ᠠᠴᠠ ᠨᠠᠰᠢᠬᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠠᠵᠢᠯ ᠤᠨ ᠪᠠᠶᠢᠳᠠᠯ ᠢ ᠰᠣᠨᠣᠰᠴᠠᠢ᠃ | ᠬᠤᠷᠠᠯ ᠠᠴᠠ᠂ ᠰᠢᠶᠠᠨ ᠤ ᠵᠠᠰᠠᠭ ᠤᠨ ᠣᠷᠳᠣᠨ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠯᠪᠣᠭᠳᠠᠯ ᠪᠦᠬᠦᠢ ᠰᠠᠨᠠᠯ ᠳᠤᠷᠠᠳᠤᠯᠭ᠎ᠠ ᠶᠢ ᠳᠠᠭᠠᠭᠠᠨ | ᠰᠢᠢᠳᠪᠦᠷᠢᠯᠡᠬᠦ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠠᠵᠢᠯ ᠤᠨ ᠳᠡᠰ ᠳᠠᠷᠠᠭᠠᠯᠠᠯ ᠢ ᠵᠢᠷᠤᠮᠵᠢᠭᠤᠯᠵᠤ᠂ ᠰᠢᠢᠳᠪᠦᠷᠢᠯᠡᠬᠦ ᠶᠠᠰᠤ ᠴᠢᠨᠠᠷ ᠢ ᠴᠢᠬᠤᠯᠠᠴᠢᠯᠠᠵᠤ᠂ ᠰᠠᠨᠠᠯ | ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢᠯᠡᠳᠲᠡ ᠦᠷ᠎ᠡ ᠪᠦᠲᠦᠮᠵᠢ ᠣᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠰᠢᠶᠠᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠳᠠᠭᠠᠭᠠᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠤᠳ ᠭᠡᠰᠢᠭᠦᠳ ᠲᠠᠢ ᠨᠡᠪᠲᠡᠷᠡᠯᠴᠡᠨ ᠵᠣᠯᠭᠠᠭᠤᠯᠬᠤ ᠪᠠᠨ | ᠴᠢᠩᠭᠠᠳᠬᠠᠵᠤ᠂ ᠨᠢᠭᠡᠨᠲᠡ ᠰᠢᠢᠳᠪᠦᠷᠢᠯᠡᠵᠦ ᠳᠠᠭᠤᠰᠬᠠᠭᠰᠠᠨ ᠰᠠᠨᠠᠯ ᠳᠤᠷᠠᠳᠤᠯᠭ᠎ᠠ ᠶᠢ ᠴᠠᠭ ᠲᠤᠬᠠᠢ ᠳᠤᠨᠢ ᠬᠦᠴᠦᠨ | ᠦᠭᠡᠢ ᠪᠣᠯᠭᠠᠵᠤ᠂ ᠶᠠᠭ ᠰᠢᠢᠳᠪᠦᠷᠢᠯᠡᠵᠦ ᠪᠠᠶᠢᠭ᠎ᠠ ᠶᠢ ᠠᠵᠢᠯ ᠤᠨ ᠠᠬᠢᠴᠠ ᠪᠠᠨ ᠲᠦᠷᠭᠡᠳᠬᠡᠵᠦ᠂ ᠲᠦᠷ ᠴᠠᠭ | ᠰᠢᠢᠳᠪᠦᠷᠢᠯᠡᠵᠦ ᠳᠡᠶᠢᠯᠬᠦ ᠦᠭᠡᠢ ᠪᠣᠯ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠪᠠ ᠬᠠᠷᠢᠭᠤᠯᠲᠠ ᠥᠭᠬᠦ | ᠠᠵᠢᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ | ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠪᠥᠬᠦ ᠰᠢᠶᠠᠨ ᠤ ᠭᠤᠣᠯ ᠡᠭᠦᠷᠭᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ | ᠰᠠᠨᠠᠯ ᠳᠤᠷᠠᠳᠤᠯᠭ᠎ᠠ ᠶᠢᠨ ᠵᠥᠪᠯᠡᠯ ᠲᠤᠰᠬᠠᠢ ᠵᠥᠪᠯᠡᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ | ᠠᠷᠠᠳᠴᠢᠯᠠᠭᠰᠠᠨ ᠨᠠᠮ ᠪᠦᠯᠦᠭ ᠤᠨ ᠭᠡᠰᠢᠭᠦᠨ᠂ ᠡᠯ᠎ᠡ ᠣᠷᠣᠯᠴᠠᠭᠰᠠᠨ ᠨᠢᠭᠡᠴᠡ᠂ ᠡᠯ᠎ᠡ ᠲᠤᠰᠬᠠᠢ ᠵᠥᠪᠯᠡᠯ᠂ | ᠡᠲᠡᠭᠡᠳ ᠤᠨ ᠢᠯᠭᠠᠯ ᠤᠨ ᠳᠤᠭᠤᠶᠢᠯᠠᠩ᠂ ᠭᠡᠰᠢᠭᠦᠳ ᠤᠨ ᠳᠤᠭᠤᠶᠢᠯᠠᠩ ᠤᠨ ᠰᠠᠨᠠᠯ ᠳᠤᠷᠠᠳᠤᠯᠭ᠎ᠠ ᠶᠢᠨ ᠠᠵᠢᠯ ᠳᠤ | ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠡᠲᠡᠭᠡᠳ ᠤᠨ ᠢᠯᠭᠠᠯ ᠤᠨ ᠭᠡᠰᠢᠭᠦᠳ ᠤᠨ ᠣᠯᠠᠨ | ᠲᠦᠮᠡᠨ ᠲᠠᠢ ᠬᠠᠷᠢᠯᠴᠠᠬᠤ ᠠᠵᠢᠯ ᠢ ᠦᠨᠡᠨᠬᠦ ᠴᠢᠩᠭᠠᠳᠬᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠢᠯᠡᠭᠦᠬᠡᠨ | ᠰᠣᠨᠣᠰᠴᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠡᠷᠡᠭᠵᠢᠭᠦᠯᠵᠦ ᠪᠣᠯᠬᠤᠶᠢᠴᠠ ᠰᠣᠳᠣᠨ | ᠰᠠᠨᠠᠯ ᠳᠤᠷᠠᠳᠤᠯᠭ᠎ᠠ ᠶᠢ ᠨᠡᠩ ᠣᠯᠠᠨ ᠳᠤᠷᠠᠳᠴᠤ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ | ᠵᠥᠪᠯᠡᠭᠴᠢ ᠬᠠᠪᠰᠤᠷᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠨᠠᠯ ᠳᠤᠷᠠᠳᠤᠯᠭ᠎ᠠ ᠶᠢᠨ ᠠᠵᠢᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | |