ᠰᠢᠶᠠ ᠱᠢ ᠬᠤᠤ ᠪᠠᠯᠭᠠᠰᠤ ︽ᠯᠤᠲᠤ ᠶᠡᠭᠡ ᠬᠤᠪᠢᠷᠠᠯᠲᠠ ᠶᠢ ᠶᠠᠷᠢᠯᠴᠠᠬᠤ᠂ ᠨᠠᠮ ᠤᠨ ᠠᠴᠢ ᠳᠤ ᠲᠠᠯᠠᠷᠬᠠᠬᠤ᠂ ᠬᠤᠶᠠᠷ ᠶᠡᠭᠡ ᠶᠠᠪᠤᠳᠠᠯ ᠢ ᠬᠠᠮᠲᠤ ᠪᠠᠷ ᠠᠬᠢᠭᠤᠯᠬᠤ︾ ᠨᠢᠭᠡᠳᠦᠮᠡᠯ ᠹᠷᠣᠨᠲ ᠤᠨ ᠪᠦᠷᠢᠯᠳᠦᠬᠦᠨ ᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/20
    ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ 40 ᠵᠢᠯ ᠤᠨ ᠣᠢ ᠶᠢ ᠪᠡᠯᠭᠡᠯᠡᠵᠦ᠂ ᠨᠢᠭᠡᠳᠦᠮᠡᠯ ᠹᠷᠣᠨᠲ ᠤᠨ ᠪᠦᠷᠢᠯᠳᠦᠬᠦᠨ ᠢ ᠬᠥᠲᠥᠯᠥᠨ ᠵᠢᠯᠣᠭᠤᠳᠴᠤ ᠪᠠᠶᠢᠭᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠶᠢᠨ ᠲᠥᠯᠥᠭᠡ᠂ 2024 ᠣᠨ ᠤ 10 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠰᠢᠶᠠ ᠱᠢ ᠬᠤᠤ ᠪᠠᠯᠭᠠᠰᠤ ︽ᠯᠤᠲᠤ ᠶᠡᠭᠡ ᠬᠤᠪᠢᠷᠠᠯᠲᠠ ᠶᠢ ᠶᠠᠷᠢᠯᠴᠠᠵᠤ᠂ ᠨᠠᠮ ᠤᠨ ᠠᠴᠢ ᠳᠤ ᠲᠠᠯᠠᠷᠬᠠᠵᠤ᠂ ᠬᠤᠶᠠᠷ ᠶᠡᠭᠡ ᠶᠠᠪᠤᠳᠠᠯ ᠢ ᠬᠠᠮᠲᠤ ᠪᠠᠷ ᠠᠬᠢᠭᠤᠯᠬᠤ︾ ᠨᠢᠭᠡᠳᠦᠮᠡᠯ ᠹᠷᠣᠨᠲ ᠤᠨ ᠪᠦᠷᠢᠯᠳᠦᠬᠦᠨ ᠤ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠬᠤᠷᠠᠯ ᠳᠤ ᠣᠷᠣᠯᠴᠠᠭᠰᠠᠳ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠶᠢᠨ ᠲᠣᠭᠤᠷᠢᠨ ᠳᠤ ︽ᠶᠡᠭᠡ ᠬᠤᠪᠢᠷᠠᠯᠲᠠ ᠶᠢ ᠶᠠᠷᠢᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠠᠴᠢ ᠳᠤ ᠲᠠᠯᠠᠷᠬᠠᠵᠤ᠂ ᠬᠤᠶᠠᠷ ᠶᠡᠭᠡ ᠶᠠᠪᠤᠳᠠᠯ ᠢ ᠬᠠᠮᠲᠤ ᠪᠠᠷ ᠠᠬᠢᠭᠤᠯᠤᠶ᠎ᠠ︾ ᠭᠡᠬᠦ ᠬᠠᠷᠢᠯᠴᠠᠨ ᠰᠣᠯᠢᠯᠴᠠᠵᠤ᠂ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠠᠮᠠ ᠪᠣᠯᠤᠨ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠥᠷᠥᠭᠳᠡᠯ ᠢᠶᠠᠨ ᠶᠠᠷᠢᠵᠤ ᠣᠯᠤᠯᠲᠠ ᠲᠥᠷᠥᠭᠳᠡᠯ ᠢᠶᠠᠨ ᠶᠠᠷᠢᠵᠤ᠂ ᠥᠪᠡᠷ ᠤᠨ ᠪᠡᠶ᠎ᠡ ᠪᠠᠷ ᠢᠶᠠᠨ ᠥᠩᠭᠡᠷᠡᠭᠦᠯᠦᠭᠰᠡᠨ ᠪᠠ ᠳᠡᠷᠭᠡᠳᠡᠬᠢ ᠬᠥᠮᠦᠰ ᠬᠢᠯᠢ ᠶᠢᠨ ᠶᠠᠪᠤᠳᠠᠯ ᠤᠨ ᠲᠣᠭᠤᠷᠢᠨ ᠳᠤ ᠦᠵᠡᠭᠳᠡᠬᠦ ᠲᠥᠷᠥᠭᠳᠡᠯ ᠲᠠᠢ ᠯᠤᠲᠤ ᠶᠡᠭᠡ ᠬᠤᠪᠢᠷᠠᠯᠲᠠ ᠶᠢ ᠶᠠᠷᠢᠵᠤ᠂ ᠨᠠᠮ ᠪᠣᠯᠤᠨ ᠤᠯᠤᠰ ᠲᠤ ᠬᠢᠵᠠᠭᠠᠯᠠᠰᠢ ᠦᠭᠡᠢ ᠠᠴᠢ ᠬᠠᠷᠢᠭᠤᠯᠠᠬᠤ ᠪᠠ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠬᠤ ᠵᠣᠷᠢᠭ ᠢᠶᠠᠨ ᠭᠦᠨ ᠢᠯᠡᠳᠬᠡᠪᠡ᠃     ᠬᠤᠷᠠᠯ ᠠᠴᠠ᠂ ᠨᠢᠭᠡ ᠳᠤ᠂ ᠨᠠᠮ ᠢᠶᠠᠨ ᠡᠭᠦᠷᠢᠳᠡ ᠳᠠᠭᠠᠵᠤ ᠶᠠᠪᠤᠬᠤ ᠤᠭ ᠰᠠᠨᠠᠭ᠎ᠠ ᠪᠣᠯᠤᠨ ᠪᠠᠲᠤ ᠰᠡᠳᠬᠢᠯ ᠢ ᠢᠮᠠᠭᠲᠠ ᠪᠠᠷᠢᠮᠲᠠᠯᠠᠬᠤ ᠬᠡᠷᠡᠭᠲᠡᠢ᠃ ᠪᠦᠬᠦ ᠨᠢᠭᠡᠳᠦᠮᠡᠯ ᠹᠷᠣᠨᠲ ᠤᠨ ᠪᠦᠷᠢᠯᠳᠦᠬᠦᠨ ᠨᠡᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠪᠠᠨ ᠲᠠᠰᠤᠷᠠᠯᠳᠡ ᠦᠭᠡᠢ ᠪᠠᠬᠢᠵᠢᠭᠦᠯᠵᠦ᠂ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ ᠬᠤᠶᠠᠷ ᠲᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠢᠲᠡᠭᠡᠯ ᠵᠣᠷᠢᠭ ᠢ ᠢᠮᠠᠭᠲᠠ ᠬᠠᠮᠲᠤ ᠪᠠᠷ ᠠᠬᠢᠭᠤᠯᠬᠤ ᠬᠡᠷᠡᠭᠲᠡᠢ᠃ ᠪᠠᠯᠭᠠᠰᠤᠨ ᠤ ᠨᠠᠮ ᠤᠨ ᠬᠤᠷᠢᠶᠠᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠪᠠᠬᠢ ᠪᠣᠢ ᠪᠣᠯᠭᠠᠵᠤ᠂ ᠲᠤᠰ ᠪᠡᠶ᠎ᠡ ᠶᠢᠨ ᠳᠠᠪᠠᠭᠤᠯᠢᠭ ᠪᠠ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠢ᠂ ᠤᠯᠤᠰ ᠲᠥᠷᠥ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠪᠣᠯᠤᠨ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠳᠤ ᠢᠳᠡᠪᠬᠢᠲᠡᠢ ᠣᠷᠣᠯᠴᠠᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠢᠳᠡᠪᠬᠢᠲᠡᠢ ᠦᠢᠯᠡᠳᠦᠯᠭᠡᠵᠢᠭᠦᠯᠵᠦ᠂ ︽ᠭᠤᠷᠪᠠᠨ ᠰᠤᠷᠪᠤᠯᠵᠢᠯᠠᠭ᠎ᠠ ᠭᠤᠷᠪᠠᠨ ᠭᠡᠰᠢᠭᠦᠨ ᠭᠤᠷᠪᠠᠨ ᠬᠡᠯᠪᠡᠷᠢ︾ ᠶᠢᠨ ᠠᠵᠢᠯ ᠤᠨ ᠲᠣᠭᠲᠠᠴᠠ ᠶᠢ ᠨᠢᠭᠲᠠᠷᠠᠭᠤᠯᠵᠤ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠪᠣᠳᠠᠲᠠᠢ ᠰᠣᠨᠣᠰᠴᠤ᠂ ᠪᠣᠳᠠᠲᠠᠢ ᠠᠰᠠᠭᠤᠳᠠᠯ ᠪᠠ ᠬᠦᠴᠢᠷᠳᠡᠯ ᠢ ᠦᠨᠡᠨ ᠪᠣᠳᠠᠲᠠᠢ ᠰᠢᠢᠳᠪᠦᠷᠢᠯᠡᠵᠦ᠂ ᠨᠢᠭᠡᠳᠦᠮᠡᠯ ᠹᠷᠣᠨᠲ ᠤᠨ ᠪᠦᠷᠢᠯᠳᠦᠬᠦᠨ ᠤ ᠴᠢᠳᠠᠪᠤᠷᠢ ᠬᠡᠪ ᠴᠢᠨᠠᠷ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃ ᠭᠤᠷᠪᠠ ᠳᠤ᠂ ᠨᠢᠭᠡᠳᠦᠮᠡᠯ ᠹᠷᠣᠨᠲ ᠤᠨ ᠲᠣᠭᠤᠷᠢᠭ ᠤᠨ ᠲᠥᠪ ᠪᠠ ᠤᠯᠠᠭᠠᠨ ᠰᠡᠳᠬᠢᠯ ᠢ ᠢᠮᠠᠭᠲᠠ ᠪᠠᠲᠤ ᠰᠠᠬᠢᠬᠤ ᠬᠡᠷᠡᠭᠲᠡᠢ᠃ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠳᠠᠪᠠᠭᠤᠯᠢᠭ ᠲᠠᠢ ᠤᠶᠠᠯᠳᠤᠭᠤᠯᠵᠤ᠂ ᠨᠢᠭᠡᠳᠦᠮᠡᠯ ᠹᠷᠣᠨᠲ ᠤᠨ ᠡᠷᠳᠡᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠶᠡᠭᠡ ᠠᠩᠭ᠍ᠯᠢ ᠶᠢᠨ ᠵᠢᠷᠤᠭ ᠤᠨ ᠦᠵᠡᠰᠬᠦᠯᠡᠩ ᠤᠨ ᠣᠷᠳᠣᠨ ᠢ ᠪᠠᠲᠤ ᠴᠣᠭᠴᠠᠯᠠᠬᠤ ᠪᠠᠷ ᠳᠠᠮᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠢᠳᠡᠪᠬᠢᠲᠡᠢ ᠪᠠᠳᠠᠷᠠᠭᠤᠯᠵᠤ᠂ ᠬᠤᠪᠢᠰᠬᠠᠯ ᠤᠨ ᠰᠣᠶᠣᠯ ᠢ ᠦᠷᠭᠦᠯᠵᠢᠯᠡᠨ ᠤᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠵᠦ᠂ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠡᠶ᠎ᠡ ᠵᠣᠬᠢᠴᠠᠩᠭᠤᠢ ᠂ ᠨᠡᠶᠢᠭᠡᠮ ᠤᠨ ᠡᠶ᠎ᠡ ᠵᠣᠬᠢᠴᠠᠩᠭᠤᠢ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠬᠠᠮᠠᠭᠠᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠥᠷᠥᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ  ᠴᠢᠬᠤᠯᠴᠢᠯᠠᠵᠠᠢ᠃
 
ᠢᠷᠡᠯᠲᠡ᠄ ᠰᠢᠶᠠ ᠱᠢ ᠬᠤᠣ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号