ᠪᠠᠯᠭᠠᠰᠤ ᠶᠢ ᠬᠦᠴᠦᠷᠬᠡᠭᠵᠢᠭᠦᠯᠦᠨ᠂ ᠠᠷᠠᠳ ᠢ ᠪᠠᠶᠠᠵᠢᠭᠤᠯᠵᠤ᠂ ᠰᠢᠶᠠ ᠱᠢ ᠬᠤᠤ ᠪᠠᠯᠭᠠᠰᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ︽ᠬᠠᠮᠲᠦ ᠶᠢᠨ ᠲᠣᠭᠤᠷᠢᠭ︾ ᠲᠠᠢ ᠵᠠᠯᠭᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2024/10/27
    ᠣᠶᠢᠷ᠎ᠡ ᠳᠤ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠭᠦᠶᠡᠩ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠯ᠎ᠡ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠲᠠᠢ ᠬᠠᠮᠲᠤᠷᠠᠨ ᠭᠦᠶᠡᠩ ᠰᠢᠶᠠᠨ ᠤ ᠬᠤᠶᠠᠳᠤᠭᠠᠷ ᠬᠤᠭᠤᠴᠠᠭᠠᠨ ᠤ ︽ᠲᠠᠷᠢᠶᠠᠯᠠᠩ ᠤᠨ ᠪᠦᠲᠦᠭᠡᠭᠳᠡᠬᠦᠨ ᠢ ᠬᠠᠪᠰᠤᠷᠤᠨ ᠪᠣᠷᠣᠯᠠᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠲᠠᠷᠢᠶᠠᠴᠢᠨ ᠠᠵᠤ ᠠᠬᠤᠶᠢᠯᠠᠯ ᠬᠠᠮᠲᠤᠷᠠᠨ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ ᠵᠢᠴᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠨᠴᠠᠯᠢᠭᠲᠤ ᠪᠦᠲᠦᠭᠡᠭᠳᠡᠬᠦᠨ ᠢ ᠲᠠᠨᠢᠯᠴᠠᠭᠤᠯᠬᠤ ᠬᠤᠷᠠᠯ ᠢ ᠡᠷᠬᠢᠯᠡᠵᠦ᠂ ᠮᠠᠨ ᠤ ᠪᠠᠯᠭᠠᠰᠤᠨ ᠤ ᠡᠷᠲᠡᠨ ᠤ ᠬᠠᠶᠢᠯᠠᠰᠤᠨ ᠥᠷᠲᠡᠭᠡ ᠳᠤ ᠠᠮᠵᠢᠯᠲᠠ ᠲᠠᠢ ᠡᠷᠬᠢᠯᠡᠪᠡ᠃     ᠪᠠᠯᠭᠠᠰᠤ ᠣᠷᠣᠨ ᠤ ᠠᠵᠤ ᠠᠬᠤᠢ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠡᠷ᠎ᠡ ᠣᠨᠴᠠ ᠰᠢᠯᠢᠳᠡᠭ ᠰᠢᠨ᠎ᠡ ︾ ᠶᠢ ᠳᠡᠯᠭᠡᠷᠡᠭᠦᠯᠪᠡ     ᠲᠤᠰ ᠤᠳᠠᠭᠠᠨ ᠤ ᠳᠡᠯᠭᠡᠨ ᠪᠣᠷᠣᠯᠠᠭᠤᠯᠬᠤ ᠴᠤᠭᠯᠠᠭᠠᠨ ᠨᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠢᠳᠡᠪᠬᠢᠲᠡᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠪᠣᠢ ᠪᠣᠯᠭᠠᠵᠤ᠂  ᠲᠠᠷᠢᠶᠠᠯᠠᠩ ᠢ ᠳᠡᠮᠵᠢᠵᠦ ᠲᠠᠷᠢᠶᠠᠯᠠᠩ ᠢ ᠲᠡᠳᠬᠦᠬᠦ ᠠᠵᠢᠯᠯᠠᠭ᠎ᠠ ᠶᠢ ᠤᠯᠠᠮ ᠨᠢᠭᠡ ᠠᠯᠬᠤᠮ ᠦᠷᠭᠦᠯᠵᠢᠯᠡᠭᠦᠯᠵᠦ᠂ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠪᠠᠯᠭᠠᠰᠤᠨ ᠤ ᠬᠡᠪᠴᠢᠶᠡᠨ ᠤ ᠬᠥᠲᠥᠴᠢ ᠠᠵᠤ ᠠᠬᠤᠶᠢᠯᠠᠯ ᠤᠨ ᠯᠢᠦᠢ ᠪᠦᠸᠧ ᠬᠤᠢ᠂ ᠲᠢᠶᠧ ᠮᠦ ᠵᠧᠨ ᠵᠢᠴᠢ ᠪᠠᠯᠭᠠᠰᠤᠨ ᠤ ᠬᠡᠪᠴᠢᠶᠡᠨ ᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ 30 ᠭᠠᠷᠤᠢ ᠵᠦᠢᠯ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠪᠣᠷᠣᠯᠠᠭᠤᠯᠵᠤ᠂ ᠵᠠᠰᠠᠭ ᠤᠨ ᠣᠷᠳᠣᠨ ᠤ ᠬᠠᠮᠵᠢᠯᠴᠠᠭ᠎ᠠ ᠪᠠᠷ ᠳᠠᠮᠵᠢᠭᠤᠯᠤᠨ ᠲᠠᠪᠴᠠᠩ ᠪᠠᠶᠢᠭᠤᠯᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠤᠶᠠᠷ ᠲᠠᠯ᠎ᠠ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ︽ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ︾ ᠵᠢᠴᠢ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠬᠤᠣᠰ ᠴᠢᠭᠯᠡᠯ ᠢᠶᠠᠷ ᠤᠷᠤᠭᠰᠢᠯᠠᠬᠤ ᠶᠢ ᠢᠯᠡᠷᠡᠭᠦᠯᠪᠡ᠃     ᠴᠢᠨᠠᠷ ᠰᠠᠶᠢᠲᠠᠢ ᠥᠨᠳᠥᠷ ᠦᠷ᠎ᠡ ᠠᠰᠢᠭ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠣᠰ ᠴᠢᠭᠯᠡᠯ ᠢᠶᠠᠷ ᠰᠢᠯᠵᠢᠬᠦ ᠶᠢ ᠠᠬᠢᠭᠤᠯᠤᠨ᠎ᠠ     ᠳᠡᠯᠭᠡᠨ ᠪᠣᠷᠣᠯᠠᠭᠤᠯᠬᠤ ᠴᠤᠭᠯᠠᠭᠠᠨ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠮᠢᠶᠣᠣ ᠬᠤᠢ ᠲᠤᠬᠠᠢ ᠶᠢᠨ ᠲᠠᠯᠠᠪᠠᠢ ᠳᠤ ᠪᠠᠶᠢᠭ᠎ᠠ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠪᠠᠯᠭᠠᠰᠤᠨ ᠤ ᠬᠡᠪᠴᠢᠶᠡᠨ ᠤ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠭᠰᠡᠨ ᠪᠠᠶᠢᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠤ ᠣᠯᠤᠭᠰᠠᠨ ᠠᠮᠵᠢᠯᠲᠠ ᠵᠢᠴᠢ ᠪᠥᠬᠦ ᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠪᠠᠬᠢᠯᠡᠯᠲᠡ ᠶᠢ ᠴᠢᠷᠮᠠᠶᠢᠨ ᠪᠠᠶᠢᠭᠤᠯᠬᠤ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠨᠠᠷᠢᠨ ᠲᠠᠨᠢᠯᠴᠠᠭᠤᠯᠪᠠ᠃ ᠡᠭᠦᠨ ᠤ ᠬᠠᠮᠲᠤ ︽ᠲᠠᠪᠤᠨ ᠥᠩᠭᠡᠲᠦ ᠰᠢᠶᠠ ᠱᠢ ᠬᠤᠤ ᠶᠢᠨ ᠦᠢᠯᠡᠳᠬᠦᠨ -  ᠪᠣᠬᠢᠷᠲᠤᠯ ᠦᠭᠡᠢ ᠪᠦᠲᠦᠭᠡᠭᠳᠡᠬᠦᠨ᠂ ᠬᠤᠪᠢᠰᠬᠠᠯ ᠤᠨ ᠰᠣᠶᠣᠯ ᠵᠢᠭᠤᠯᠴᠢᠯᠠᠯ᠂ ᠣᠨᠴᠠᠯᠢᠭᠲᠤ ᠬᠤᠨᠴᠢᠷ᠂ ᠠᠯᠲᠠᠨ ᠰᠢᠷᠭᠠᠯ ᠨᠡᠷᠡᠲᠦ ᠲᠡᠮᠳᠡᠭᠲᠦ᠂ ᠬᠠᠷ᠎ᠠ ᠭᠠᠵᠠᠷ ᠰᠢᠷᠣᠢ︾ ᠪᠠᠷ ᠭᠤᠣᠯ ᠰᠡᠳᠦᠪ ᠪᠣᠯᠭᠠᠵᠤ᠂ ᠲᠤᠬᠠᠢ ᠶᠢᠨ ᠲᠠᠯᠠᠪᠠᠢ ᠳᠤ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢ ᠲᠡᠳᠡᠨ ᠠᠪᠴᠢᠷᠠᠵᠤ ᠲᠤᠬᠠᠢ ᠶᠢᠨ ᠲᠠᠯᠠᠪᠠᠢ ᠳᠤ ᠬᠤᠳᠠᠯᠳᠤᠭᠠᠴᠢᠨ ᠵᠣᠯᠭᠠᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠢ ᠲᠤᠷᠰᠢᠨ ᠢᠳᠡᠵᠦ ᠰᠢᠯᠭᠠᠨ ᠯᠠᠪᠯᠠᠬᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠶᠢ ᠵᠣᠷᠢᠭᠵᠢᠭᠤᠯᠬᠤ ᠵᠡᠷᠭᠡ ᠣᠯᠠᠨ ᠲᠠᠯ᠎ᠠ ᠠᠴᠠ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠯᠭᠠᠰᠤᠨ ᠤ ᠬᠡᠪᠴᠢᠶᠡᠨ ᠤ ᠰᠢᠯᠢᠳᠡᠭ ᠲᠥᠷᠥᠯ ᠵᠦᠢᠯ ᠪᠠ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠨᠡᠩ ᠭᠦᠨᠵᠡᠭᠡᠢ ᠣᠶᠢᠯᠠᠭᠠᠵᠤ᠂ ᠪᠠᠯᠭᠠᠰᠤᠨ ᠤ ᠬᠡᠪᠴᠢᠶᠡᠨ ᠤ ᠲᠣᠯᠣᠭᠠᠶᠢᠯᠠᠭᠴᠢ ᠠᠵᠤ ᠠᠬᠤᠶᠢᠯᠠᠯ ᠢ ᠬᠠᠪᠰᠤᠷᠤᠨ ᠪᠣᠷᠣᠯᠠᠭᠤᠯᠭ᠎ᠠ ᠶᠢᠨ ᠵᠠᠮ ᠢ ᠨᠢ ᠥᠷᠭᠡᠳᠬᠡᠵᠦ᠂ ᠨᠡᠷᠡᠲᠦ ᠲᠥᠷᠥᠯ ᠲᠡᠮᠳᠡᠭᠲᠦ ᠶᠢᠨ ᠥᠷᠢᠰᠥᠯᠳᠦᠬᠦ ᠬᠦᠴᠦᠨ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠯᠭᠠᠰᠤ ᠲᠣᠰᠬᠤᠨ ᠠᠵᠤ ᠠᠬᠤᠶᠢᠯᠠᠯ ᠤᠨ ᠬᠠᠮᠲᠤᠷᠠᠨ ᠠᠵᠢᠯᠯᠠᠵᠤ ᠵᠥᠪᠳᠡᠯᠴᠡᠬᠦ ᠵᠦᠢᠯᠡᠰ ᠢ ᠠᠬᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ᠳᠡᠯᠭᠡᠨ ᠪᠣᠷᠣᠯᠠᠭᠤᠯᠬᠤ ᠴᠤᠭᠯᠠᠭᠠᠨ ᠲᠤᠰ ᠡᠳᠦᠷ ᠣᠯᠠᠨ ᠠᠵᠤ ᠠᠬᠤᠶᠢᠯᠠᠯ ᠤᠨ ᠲᠥᠯᠥᠭᠡᠯᠡᠭᠴᠢ ᠲᠠᠢ ᠬᠠᠮᠲᠤᠷᠠᠨ ᠠᠵᠢᠯᠯᠠᠬᠤ ᠰᠠᠨᠠᠮᠵᠢ ᠲᠣᠭᠲᠠᠵᠤ᠂ ᠲᠤᠬᠠᠢ ᠶᠢᠨ ᠲᠠᠯᠠᠪᠠᠢ ᠶᠢᠨ ᠵᠠᠬᠢᠶᠠᠯᠠᠭ᠎ᠠ ᠶᠢᠨ ᠵᠣᠭᠤᠰ ᠤᠨ ᠲᠤᠭ᠎ᠠ 535 ᠲᠦᠮᠡ ᠭᠠᠷᠤᠢ ᠲᠥᠭᠦᠷᠢᠭ ᠲᠤ ᠬᠦᠷᠴᠡᠢ᠃     ᠪᠠᠶᠠᠨ ᠴᠢᠨᠡᠭᠡᠯᠢᠭ ᠪᠠᠶᠠᠨ ᠴᠢᠨᠡᠭᠡᠯᠢᠭ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠬᠥᠳᠡᠭᠡ ᠠᠵᠤ ᠠᠬᠤᠢ ᠪᠠᠷ ᠬᠥᠳᠡᠭᠡ ᠠᠵᠤ ᠠᠬᠤᠢ ᠶᠢ ᠳᠠᠶᠢᠴᠢᠯᠠᠬᠤ ᠶᠢ  ᠰᠦᠪᠡᠭᠴᠢᠯᠡᠨ᠎ᠡ    ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠭᠠᠷᠳᠠᠴᠠ ᠮᠥᠨ᠃ ᠲᠤᠰ ᠤᠳᠠᠭᠠᠨ ᠤ ᠳᠡᠯᠭᠡᠨ ᠪᠣᠷᠣᠯᠠᠭᠤᠯᠬᠤ ᠬᠤᠷᠠᠯ ᠨᠢ ᠮᠠᠨ ᠤ ᠪᠠᠯᠭᠠᠰᠤᠨ ᠤ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠣᠨᠴᠠᠯᠢᠭ ᠢ ᠲᠣᠪᠤᠶᠢᠯᠭᠠᠬᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠥᠷᠥᠯ ᠲᠡᠮᠳᠡᠭᠲᠦ ᠶᠢᠨ ᠥᠷᠲᠡᠭ ᠢ ᠳᠡᠭᠡᠭᠰᠢᠯᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠠᠮᠤ ᠪᠤᠳᠠᠭᠠᠨ ᠤ ᠤᠭᠤᠲᠠ︾᠂ ︽ᠲᠣᠰᠣᠨ ᠯᠣᠩᠬᠤ︾ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠰᠡᠭᠦᠯᠴᠢ ᠶᠢᠨ ᠬᠤᠭᠤᠴᠠᠭᠠᠨ ᠳᠤ ᠲᠠᠷᠢᠶᠠᠯᠠᠩ ᠤᠨ ᠣᠨᠴᠠ ᠭᠠᠷᠤᠯᠲᠠ ᠶᠢᠨ ᠪᠣᠷᠣᠯᠠᠭᠤᠯᠭ᠎ᠠ ᠶᠢᠨ ᠭᠦᠢᠯᠭᠡᠭᠡᠨ ᠤ ᠬᠦᠷᠢᠶᠡᠨ ᠳᠠᠬᠢ ᠡᠯ᠎ᠡ ᠭᠤᠭᠴᠤᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠲᠠᠪᠴᠠᠩ ᠢ ᠪᠠᠶᠢᠭᠤᠯᠤᠨ᠂ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠦᠷᠭᠦᠯᠵᠢᠯᠡᠨ ᠪᠤᠶᠢᠵᠢᠭᠤᠯᠤᠨ ᠬᠥᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡᠨ ᠤ ᠠᠭᠤᠰᠤᠯᠴᠠᠯ ᠢ ᠪᠡᠶᠡᠯᠡᠭᠦᠯᠦᠨ᠂ ᠨᠡᠩ ᠣᠯᠠᠨ ᠠᠷᠭ᠎ᠠ ᠬᠡᠮᠵᠢᠶ᠎ᠡ ᠪᠠᠷ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢᠨ ᠳᠠᠭᠠᠤ ᠠᠷᠠᠳ ᠲᠤ ᠠᠰᠢᠭ ᠬᠦᠷᠲᠡᠭᠡᠬᠦ ᠰᠢᠨ᠎ᠡ ᠳᠡᠭᠲᠡᠷ ᠲᠤ ᠭᠠᠷᠭᠠᠪᠠ᠃     ᠳᠠᠷᠠᠭᠠᠴᠢ ᠶᠢᠨ ᠠᠯᠬᠤᠮ ᠳᠤ᠂ ᠰᠢᠶᠠ ᠱᠢ ᠬᠤᠤ ᠪᠠᠯᠭᠠᠰᠤ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ᠂ ᠵᠣᠬᠢᠶᠠᠨ ᠪᠠᠶᠢᠭᠤᠯᠤᠯᠲᠠ ᠶᠢᠨ ᠠᠬᠢᠭᠤᠯᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠬᠠᠮᠲᠤ ᠶᠢᠨ ᠠᠵᠤ ᠠᠬᠤᠢ ᠶᠢᠨ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃
 
ᠢᠷᠡᠯᠲᠡ᠄ ᠰᠢᠶᠠ ᠱᠢ ᠬᠤᠣ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号