ᠬᠦᠴᠦᠨ ᠢᠶᠠᠨ ᠲᠥᠪᠯᠡᠷᠡᠭᠦᠯᠦᠨ ᠪᠣᠳᠠᠲᠤ ᠶᠠᠪᠤᠳᠠᠯ ᠬᠢᠵᠦ ᠠᠷᠠᠳ ᠣᠯᠠᠨ ᠤ ᠪᠡᠶ᠎ᠡ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/10/27
    ᠣᠶᠢᠷ᠎ᠠ ᠶᠢᠨ ᠡᠳᠦᠷ ᠤᠳ ᠲᠤ᠂ ᠬᠤᠸᠠᠢ ᠱᠦᠸᠧ ᠪᠠᠯᠭᠠᠰᠤ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠠᠲᠤᠯᠠᠪᠤᠷᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠯᠠᠭᠤᠨ ᠳᠤᠯᠠᠭᠠᠨ ᠢ ᠬᠠᠬᠢᠷ ᠡᠪᠦᠯ ᠠᠴᠠ ᠡᠮᠦᠨ᠎ᠡ ᠴᠠᠭ ᠲᠤᠬᠠᠢ ᠳᠤᠨᠢ ᠳᠤᠯᠠᠭᠠᠴᠠᠭᠤᠯᠬᠤ ᠪᠣᠯᠭᠠᠪᠠ᠃ 10 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠡᠯ᠎ᠡ ᠲᠣᠰᠬᠤᠨ ᠤ ᠨᠠᠮ ᠤᠨ ᠬᠤᠷᠢᠶ᠎ᠠ ᠠᠴᠠ ᠵᠢᠭᠠᠨ ᠲᠣᠭᠲᠠᠭᠠᠭᠰᠠᠨ ᠨᠡᠭᠦᠷᠡᠰᠦ ᠪᠠᠭᠤᠯᠭᠠᠬᠤ ᠴᠡᠭ ᠲᠤ ᠵᠠᠯᠭᠠᠭ᠎ᠠ ᠪᠠᠷ ᠵᠥᠭᠡᠭᠡᠪᠦᠷᠢᠯᠡᠨ ᠬᠦᠷᠭᠡᠪᠡ᠃ ᠬᠤᠸᠠᠢ ᠱᠦᠸᠧ ᠪᠠᠯᠭᠠᠰᠤᠨ ᠤ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠡᠭᠡᠭᠡᠬᠦ ᠲᠤᠬᠠᠢ ᠶᠢᠨ ᠲᠠᠯᠠᠪᠠᠢ ᠳᠤ᠂ ᠲᠣᠰᠬᠤᠨ ᠤ ᠠᠷᠠᠳ ᠲᠠᠷᠢᠶᠠᠯᠠᠩ ᠳᠤ ᠬᠡᠷᠡᠭᠯᠡᠬᠦ ᠲᠡᠷᠭᠡ ᠶᠢ ᠡᠷᠲᠡ ᠵᠢᠯᠣᠭᠤᠳᠴᠤ᠂ ᠡᠮᠬᠢ ᠵᠢᠷᠤᠮ ᠲᠠᠢ ᠪᠠᠷ ᠮᠥᠷᠯᠡᠨ ᠬᠦᠯᠢᠶᠡᠪᠡ᠃ ᠲᠣᠰᠬᠤᠨ ᠤ ᠬᠤᠶᠠᠷ ᠵᠥᠪᠯᠡᠯ ᠤᠨ ᠺᠠᠳ᠋ᠷ ᠨᠢᠭᠡ ᠲᠠᠯ᠎ᠠ ᠪᠠᠷ ᠨᠠᠷᠢᠨ ᠨᠢᠮᠪᠠᠢ ᠬᠠᠷᠭᠤᠭᠤᠯᠤᠨ ᠳᠠᠩᠰᠠᠯᠠᠵᠤ᠂ ᠨᠡᠭᠦᠷᠡᠰᠦ ᠲᠡᠭᠡᠭᠡᠪᠦᠷᠢᠯᠡᠵᠦ᠂ ᠭᠠᠷ ᠤᠨ ᠦᠰᠦᠭ ᠵᠢᠷᠤᠵᠤ ᠠᠪᠴᠤ᠂ ᠨᠢᠭᠡ ᠲᠠᠯ᠎ᠠ ᠪᠠᠷ ᠨᠡᠭᠦᠷᠡᠰᠦᠨ ᠤᠲᠤᠭ᠎ᠠ ᠶᠢ ᠰᠡᠷᠭᠡᠶᠢᠯᠡᠬᠦ ᠵᠡᠷᠭᠡ ᠬᠠᠮᠢᠶ᠎ᠠ ᠪᠦᠬᠦᠢ ᠠᠮᠤᠷ ᠲᠦᠪᠰᠢᠨ ᠤ ᠬᠡᠷᠡᠭᠯᠡᠭᠡᠨ ᠤ ᠮᠡᠳᠡᠯᠭᠡ ᠶᠢ ᠳᠠᠬᠢᠨ ᠳᠠᠪᠲᠠᠨ ᠵᠠᠬᠢᠵᠤ᠂ ᠲᠤᠬᠠᠢ ᠶᠢᠨ ᠲᠠᠯᠠᠪᠠᠢ ᠳᠤ ᠰᠡᠳᠬᠢᠯ ᠳᠤᠯᠠᠭᠠᠬᠠᠨ ᠪᠠᠶᠢᠯ᠎ᠠ᠃ ᠵᠠᠯᠭᠠᠭᠠᠳ᠂ ︽ᠬᠠᠶᠢᠷ᠎ᠠ ᠬᠠᠯᠠᠮᠵᠢ ᠶᠢᠨ ᠨᠡᠭᠦᠷᠡᠰᠦ︾ ᠶᠢ ᠳᠦᠭᠦᠷᠲᠡᠯ᠎ᠡ ᠲᠡᠭᠡᠭᠡᠭᠰᠡᠨ ᠨᠢᠭᠡ ᠲᠡᠷᠭᠡ ᠠᠭᠠᠵᠢᠮ ᠢᠶᠠᠷ ᠶᠠᠪᠤᠵᠤ᠂ ᠡᠨᠡ ᠬᠦ ︽ᠬᠠᠯᠠᠭᠤᠨ ᠳᠤᠯᠠᠭᠠᠨ︾ ᠢ ᠠᠪᠴᠤ ᠪᠤᠴᠠᠬᠤ ᠵᠠᠮ ᠢᠶᠠᠷ ᠵᠠᠮᠨᠠᠪᠠ᠃     ᠣᠳᠣ ᠪᠣᠯᠲᠠᠯ᠎ᠠ᠂ ᠮᠠᠨ ᠤ ᠪᠠᠯᠭᠠᠰᠤ ᠨᠢᠭᠡᠨᠲᠡ ᠪᠦᠬᠦ ᠪᠠᠯᠭᠠᠰᠤᠨ ᠤ 6 ᠲᠣᠰᠬᠤᠨ ᠤ ᠠᠷᠠᠳ ᠤᠨ ᠵᠥᠪᠯᠡᠯ ᠤᠨ 224 ᠡᠷᠦᠬᠡ ᠶᠢᠨ ᠲᠣᠰᠬᠤᠨ ᠤ ᠠᠷᠠᠳ ᠲᠤ 380.5 ᠲᠣᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠠᠷᠬᠠᠭᠠᠪᠠ᠃ ᠳᠠᠷᠠᠭᠠᠴᠢ ᠶᠢᠨ ᠠᠯᠬᠤᠮ ᠳᠤ᠂ ᠬᠤᠸᠠᠢ ᠱᠦᠸᠧ ᠪᠠᠯᠭᠠᠰᠤ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠷᠭᠦᠯᠵᠢᠯᠡᠨ ᠪᠠᠲᠤ ᠰᠠᠬᠢᠵᠤ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠪᠦᠬᠦ ᠪᠠᠯᠭᠠᠰᠤᠨ ᠤ ᠣᠯᠠᠨ ᠲᠦᠮᠡᠨ ᠤ ︽ᠨᠡᠭᠦᠷᠡᠰᠦ ᠲᠠᠢ ᠰᠢᠲᠠᠭᠠᠬᠤ︾᠂ ︽ᠬᠤᠳᠠᠯᠳᠤᠨ ᠠᠪᠴᠤ ᠳᠡᠶᠢᠯᠬᠦ︾ ᠶᠢ ᠦᠨᠡᠨ ᠬᠦ ᠪᠠᠲᠤᠯᠠᠵᠤ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠣᠯᠠᠨ ᠲᠦᠮᠡᠨ ᠤ ᠰᠡᠳᠬᠢᠯ ᠳᠤ ᠦᠨᠡᠨ ᠬᠦ ᠬᠦᠷᠭᠡᠵᠦ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠪᠠᠲᠤᠯᠠᠬᠤ ᠪᠣᠯᠤᠨ᠎ᠠ᠃
 
ᠢᠷᠡᠯᠲᠡ᠄ ᠬᠤᠸᠠᠢ ᠱᠦᠸᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号