ᠭᠦᠶᠡᠩ ᠤᠨ ᠬᠤᠨᠴᠢᠷ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠥᠩᠭᠡ ᠭᠢᠯᠪᠠᠭ᠎ᠠ ᠪᠠᠨ ᠰᠠᠴᠤᠷᠠᠭᠤᠯᠪᠠ
ᠨᠡᠶᠢᠲᠡᠯᠡᠭᠰᠡᠨ ᠴᠠᠭ᠄
2024/10/27
    10 ᠰᠠᠷ᠎ᠠ ᠶᠢᠨ 20 ᠤ ᠡᠳᠦᠷ ᠂ ᠠᠷᠪᠠᠨ ᠵᠢᠷᠭᠤᠳᠤᠭᠠᠷ ᠬᠤᠭᠤᠴᠠᠭᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠤᠷᠠᠯ ᠵᠢᠴᠢ ︽ᠪᠦᠬᠦ ᠤᠯᠤᠰ ᠤᠨ ᠢᠳᠡᠭᠡᠨ ᠪᠠ ᠡᠮ ᠤᠨ ᠵᠦᠢᠯ ᠤᠨ ᠠᠳᠠᠯᠢ ᠢᠷᠡᠯᠲᠡ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠢᠨᠵᠧᠨᠧᠷᠢᠩ ᠤᠨ ᠡᠬᠢᠯᠡᠯᠲᠡ ᠶᠢᠨ ᠶᠡᠭᠡ ᠬᠤᠷᠠᠯ︾ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠪ ᠳᠤ ᠶᠡᠬᠡᠪᠡᠷ ᠡᠬᠢᠯᠡᠪᠡ᠃    ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠳᠠᠷᠤᠭ᠎ᠠ ᠴᠧᠨ ᡁᠢ ᠯᠢ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃     ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠾᠧᠦ ᠶᠥᠩ ᠹᠧᠩ ᠬᠤᠷᠠᠯ ᠳᠤ ᠣᠷᠣᠯᠴᠠᠪᠠ᠃    ᠾᠧᠦ ᠶᠥᠩ ᠹᠧᠩ ︽41 ᠭᠷᠠᠳᠦ᠋ᠰ ᠤᠨ ᠭᠦᠶᠡᠩ ᠰᠢᠶᠠᠨ︾ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠪᠠᠷ ᠭᠤᠣᠯ ᠪᠣᠯᠭᠠᠵᠤ᠂ ︽ᠢᠳᠡᠭᠡᠨ ᠪᠠ ᠡᠮ ᠤᠨ ᠵᠦᠢᠯ ᠤᠨ ᠠᠳᠠᠯᠢ ᠢᠷᠡᠯᠲᠡ︾ ᠶᠢᠨ ᠴᠣ᠋ ᠰᠢᠨ᠎ᠡ ᠬᠠᠷᠠᠭᠠᠰᠤ ᠠᠴᠠ ᠭᠦᠶᠡᠩ ᠤᠨ ᠬᠤᠨᠴᠢᠷ ᠤᠨ ᠶᠠᠰᠤ ᠴᠢᠨᠠᠷ᠂ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠵᠢᠴᠢ ᠨᠡᠷᠡᠲᠦ ᠲᠡᠮᠳᠡᠭᠲᠦ ᠶᠢ ᠡᠭᠦᠳᠦᠭᠰᠡᠨ ᠦᠷ᠎ᠡ ᠪᠦᠲᠦᠮᠵᠢ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠲᠤ ᠭᠦᠶᠡᠩ ᠤᠨ ᠬᠤᠨᠴᠢᠷ ᠵᠢᠴᠢ ᠨᠠᠷᠢᠯᠢᠭ ᠡᠳ᠋ᠰᠢᠭᠦᠯᠬᠦ ᠦᠢᠯᠡᠳᠬᠦᠨ ᠤ ᠥᠪᠡᠷᠮᠢᠴᠡ ᠳᠠᠪᠠᠭᠤᠯᠢᠭ ᠪᠠ ᠥᠷᠭᠡᠨ ᠠᠭᠤᠳᠠᠮ ᠢᠷᠡᠭᠡᠳᠦᠢ ᠶᠢ ᠲᠠᠨᠢᠯᠴᠠᠭᠤᠯᠪᠠ᠃ ᠲᠡᠷᠡ᠂ ᠭᠦᠶᠡᠩ ᠬᠤᠨᠴᠢᠷ ᠨᠢ ᠶᠠᠰᠤ ᠴᠢᠨᠠᠷ ᠰᠠᠶᠢᠨ ᠪᠠᠶᠢᠬᠤ ᠪᠠᠷ ᠪᠠᠷᠠᠬᠤ ᠦᠭᠡᠢ ᠨᠡᠩ ᠴᠤ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ᠴᠢᠬᠤᠯᠠ ᠬᠦᠴᠦᠨ ᠪᠣᠯᠤᠨ᠎ᠠ᠃     ᠲᠤᠰ ᠤᠳᠠᠭᠠᠨ ᠤ ᠬᠤᠷᠠᠯ ᠤᠨ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠬᠢᠯᠡᠭᠰᠡᠨ ᠨᠢᠭᠡᠴᠡ ᠶᠢᠨ ᠬᠤᠪᠢ ᠪᠠᠷ ᠶᠡᠭᠡ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠵᠢᠴᠢ ᠠᠵᠤ ᠠᠬᠤᠶᠢᠯᠠᠯ ᠤᠨ ᠲᠥᠯᠥᠭᠡᠯᠡᠭᠴᠢᠳ ᠲᠤ ᠭᠦᠶᠡᠩ ᠬᠤᠨᠴᠢᠷ ᠤᠨ ᠰᠢᠷᠢᠰ ᠦᠢᠯᠡᠳᠬᠦᠨ ᠢ ᠵᠠᠭᠤ ᠭᠠᠷᠤᠢ ᠳᠡᠯᠭᠡᠨ ᠦᠵᠡᠭᠦᠯᠪᠡ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号